1-8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ 5344.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.4% ᠪᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢ | ᠦᠷᠭᠦᠯᠵᠢᠯᠡᠨ ᠪᠠᠲᠤᠯᠠᠵᠤ᠂ 8 ᠳ᠋ᠤᠭᠠᠷ ᠰᠠᠷ᠎ᠠ ᠳᠤ ᠴᠠᠬᠢᠯᠭᠠᠨ ᠭᠠᠷᠭᠠᠭᠰᠠᠨ ᠬᠡᠮᠵᠢᠶ᠎ᠡ 702.2 ᠳ᠋ᠦᠩᠰᠢᠭᠤᠷ | ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠪᠡ᠃ | ᠡᠯ᠎ᠡ ᠴᠠᠬᠢᠯᠭᠠᠨ ᠭᠠᠷᠭᠠᠬᠤ ᠲᠥᠷᠥᠯ ᠵᠦᠢᠯ ᠤᠨ ᠨᠡᠮᠡᠭᠳᠡᠯ ᠤᠨ ᠬᠠᠨᠳᠤᠰᠢ ᠨᠢ ᠰᠠᠶᠢᠨ᠃ 1-8 ᠰᠠᠷ᠎ᠠ ᠳᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠴᠠᠬᠢᠯᠭᠠᠨ ᠤ ᠬᠡᠮᠵᠢᠶ᠎ᠡ 4127.9 | ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ︔ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 9800.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ | 18.5% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 205.0 | ᠳ᠋ᠦᠩᠰᠢᠭᠤᠷ ᠺᠢᠯᠤᠸᠠᠲ ᠴᠠᠭ ᠲᠤ ᠬᠦᠷᠴᠦ᠂ 43.0% ᠢᠶᠠᠷ ᠨᠡᠮᠡᠭᠳᠡᠪᠡ︔ ᠤᠰᠤᠨ ᠬᠦᠴᠦᠨ ᠤ ᠴᠠᠬᠢᠯᠭᠠᠨ | ᠭᠠᠷᠭᠠᠭᠰᠠᠨ ᠬᠡᠮᠵᠢᠶ᠎ᠡ 31.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 28.1% ᠪᠠᠷ ᠨᠡᠮᠡᠭᠳᠡᠪᠡ᠃ | ᠠᠶᠢᠮᠠᠭ ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ︽ᠶᠢᠰᠦ ᠨᠢ ᠳᠡᠭᠡᠭᠰᠢᠯᠡᠵᠦ ᠭᠤᠷᠪᠠ ᠨᠢ ᠪᠠᠭᠤᠷᠠᠪᠠ︾᠃ | 9 ᠠᠶᠢᠮᠠᠭ ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ᠨᠡᠮᠡᠭᠳᠡᠬᠦ ᠶᠢ ᠪᠡᠶᠡᠯᠡᠭᠦᠯᠵᠦ᠂ ᠡᠭᠦᠨ ᠳᠤ 7 ᠠᠶᠢᠮᠠᠭ | ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠪᠠ᠃ 1-8 | ᠳ᠋ᠤᠭᠠᠷ ᠰᠠᠷ᠎ᠠ ᠳᠤ᠂ ᠣᠷᠳᠣᠰ ᠬᠤᠲᠠ ᠪᠣᠯᠤᠨ ᠰᠢᠯᠢ ᠶᠢᠨ ᠭᠤᠤᠯ ᠠᠶᠢᠮᠠᠭ ᠤᠨ ᠴᠠᠬᠢᠯᠭᠠᠨ ᠭᠠᠷᠭᠠᠭᠰᠠᠨ | ᠬᠡᠮᠵᠢᠶ᠎ᠡ ᠨᠢ ᠲᠣᠰ ᠲᠣᠰ 1371.7 ᠳ᠋ᠦᠩᠰᠢᠭᠤᠷ ᠺᠢᠯᠤᠸᠠᠲ ᠴᠠᠭ᠂ 734.8 ᠳ᠋ᠦᠩᠰᠢᠭᠤᠷ ᠺᠢᠯᠤᠸᠠᠲ ᠴᠠᠭ | ᠪᠠᠶᠢᠵᠤ᠂ ᠪᠥᠬᠦ ᠣᠷᠣᠨ ᠤ ᠡᠮᠦᠨ᠎ᠡ ᠬᠤᠶᠠᠷ ᠲᠤ ᠣᠷᠣᠵᠤ᠂ ᠪᠥᠬᠦ ᠣᠷᠣᠨ ᠤ ᠴᠠᠬᠢᠯᠭᠠᠨ ᠭᠠᠷᠭᠠᠭᠰᠠᠨ | ᠬᠡᠮᠵᠢᠶ᠎ᠡ ᠶᠢᠨ 40% ᠰᠢᠬᠠᠮ ᠢ ᠡᠵᠡᠯᠡᠪᠡ︔ ᠠᠯᠠᠱᠠ ᠠᠶᠢᠮᠠᠭ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ | ᠲᠦᠷᠭᠡᠨ ᠨᠡᠮᠡᠭᠳᠡᠯ ᠤᠨ ᠳᠠᠶᠢᠴᠢᠯᠠᠯᠲᠠ ᠳᠤᠤᠷ᠎ᠠ᠂ ᠴᠠᠬᠢᠯᠭᠠᠨ ᠭᠠᠷᠭᠠᠭᠰᠠᠨ ᠬᠡᠮᠵᠢᠶ᠎ᠡ 138.8 ᠳ᠋ᠦᠩᠰᠢᠭᠤᠷ | ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.6% ᠪᠠᠷ ᠨᠡᠮᠡᠭᠳᠡᠪᠡ᠃ | |