ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠤ ᠠᠵᠤ ᠦᠢᠯᠡᠳᠪᠦᠷᠢ ᠪᠠᠷᠤᠭ ᠶᠠᠳᠠᠭᠤ | ᠬᠤᠭᠤᠰᠤᠨ ᠪᠠᠶᠢᠭᠰᠠᠨ ᠰᠠᠭᠤᠷᠢᠨ ᠳᠡᠭᠡᠷ᠎ᠡ᠂ ᠲᠦᠷᠦᠯ ᠵᠦᠢᠯ ᠨᠢ ᠪᠦᠷᠢᠨ ᠭᠦᠢᠴᠡᠳ᠂ ᠳᠠᠪᠠᠭᠤᠯᠢᠭ ᠣᠨᠴᠠᠯᠢᠭ ᠨᠢ | ᠢᠯᠡ ᠲᠣᠳᠣ᠂ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠭᠰᠡᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ | ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠪᠦᠬᠦ ᠣᠷᠣᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠴᠦᠯᠡᠨ ᠠᠬᠢᠭᠤᠯᠵᠤ᠂ | ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠢ ᠲᠠᠰᠤᠷᠠᠯᠲᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ | ᠤᠯᠤᠰ ᠤᠨ ᠴᠢᠬᠤᠯᠠ ᠡᠨᠧᠷᠭᠢ ᠶᠢᠨ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠴᠢᠷᠮᠠᠶᠢᠨ ᠪᠦᠳᠦᠭᠡᠨ ᠪᠠᠶᠢᠭᠤᠯᠵᠤ᠂ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ | ᠬᠠᠩᠭᠠᠯᠭ᠎ᠠ ᠶᠢᠨ ᠪᠠᠲᠤᠯᠠᠬᠤ ᠴᠢᠳᠠᠪᠤᠷᠢ ᠪᠦᠲᠦᠮᠵᠢᠲᠡᠢ ᠳᠡᠭᠡᠭᠰᠢᠯᠡᠵᠦ᠂ ᠦᠪᠦᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ | ᠨᠢᠭᠡ᠂ ᠬᠡᠪᠴᠢᠶᠡᠵᠢᠯ ᠤᠨ ᠶᠡᠷᠦᠩᠬᠡᠶ ᠬᠡᠮᠵᠢᠶ᠎ᠡ ᠡᠳᠦᠷ ᠢᠷᠡᠬᠦᠶ᠎ᠡ ᠪᠤᠵᠠᠭᠠᠶᠢᠷᠠᠵᠤ᠂ ᠠᠵᠤ ᠦᠢᠯᠡᠳᠪᠦᠷᠢ ᠶᠢᠨ | ᠪᠣᠳᠠᠲᠤ ᠬᠦᠴᠦᠨ ᠢᠯᠡᠳᠲᠡ ᠴᠢᠩᠭᠠᠷᠠᠪᠠ | ︵ᠨᠢᠭᠡ︶ ᠣᠯᠠᠨ ᠲᠥᠷᠥᠯ ᠤᠨ ᠠᠵᠤ ᠠᠬᠤᠢ ᠶᠢᠨ ᠬᠡᠯᠪᠡᠷᠢ ᠥᠷᠨᠢᠨ ᠬᠥᠭᠵᠢᠵᠦ᠂ ᠡᠵᠡᠩᠨᠡᠯᠲᠡ ᠶᠢᠨ ᠭᠤᠣᠯ | ᠴᠣᠭᠴᠠ ᠲᠠᠰᠤᠷᠠᠯᠲᠠ ᠦᠭᠡᠢ ᠪᠤᠵᠠᠭᠠᠶᠢᠷᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ | ᠣᠨᠴᠠᠭᠠᠶᠢᠯᠠᠨ ᠥᠭᠡᠷᠡᠴᠢᠯᠡᠯᠲᠡ ᠨᠡᠭᠡᠭᠡᠯᠲᠡ ᠶᠢᠨ ᠲᠠᠰᠤᠷᠠᠯᠲᠠ ᠤᠢᠭᠡᠢ ᠭᠦᠨᠵᠡᠭᠡᠶᠢᠷᠡᠬᠦ ᠶᠢ ᠳᠠᠭᠠᠯᠳᠤᠨ᠂ ᠪᠦᠬᠦ | ᠣᠷᠣᠨ ᠳᠤ ᠥᠭᠡᠷᠡᠴᠢᠯᠡᠯᠲᠡ ᠨᠡᠭᠡᠭᠡᠯᠲᠡ ᠶᠢᠨ ᠡᠬᠢᠨ ᠤ ᠦᠶ᠎ᠡ ᠶᠢᠨ ᠤᠯᠤᠰ ᠤᠨ ᠥᠮᠴᠢᠯᠡᠯᠲᠦ ᠪᠠ ᠬᠠᠮᠲᠤ ᠨᠡᠶᠢᠲᠡ | ᠬᠤᠶᠠᠷ ᠵᠦᠢᠯ ᠤᠨ ᠠᠵᠤ ᠠᠬᠤᠶ ᠶᠢᠨ ᠬᠡᠯᠪᠡᠷᠢ ᠪᠠᠶᠢᠭᠰᠠᠨ ᠠᠴᠠ ᠨᠡᠶᠢᠲᠡ ᠶᠢᠨ ᠥᠮᠴᠢᠯᠡᠯᠲᠦ ᠠᠵᠤ | ᠦᠢᠯᠡᠳᠪᠦᠷᠢ ᠪᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠥᠮᠴᠢᠯᠡᠯᠲᠦ᠂ ᠬᠠᠮᠲᠤ ᠨᠡᠶᠢᠲᠡ᠂ ᠬᠤᠪᠢ ᠶᠢᠨ | ᠡᠵᠡᠩᠨᠡᠯᠲᠡ ᠵᠡᠷᠭᠡ ᠠᠵᠤ ᠠᠬᠤᠶ ᠶᠢᠨ ᠬᠡᠯᠪᠡᠷᠢ ᠵᠡᠷᠭᠡᠴᠡᠨ ᠣᠷᠣᠰᠢᠭᠰᠠᠨ ᠥᠮᠴᠢᠯᠡᠯ ᠤᠨ ᠳᠦᠷᠢᠮ ᠤᠨ ᠪᠦᠲᠦᠴᠡ | ᠪᠣᠯᠵᠤ ᠬᠦᠭᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠠᠵᠤ | ᠦᠢᠯᠡᠳᠪᠦᠷᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ | ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠪᠠ᠃ 2023 ᠣᠨ ᠤ ᠡᠴᠦᠰ ᠢᠶᠠᠷ ᠪᠥᠬᠦ | ᠣᠷᠣᠨ ᠤ ᠡᠯ᠎ᠡ ᠲᠥᠷᠥᠯ ᠤᠨ ᠠᠵᠤ ᠠᠬᠤᠶ ᠶᠢᠨ ᠪᠦᠷᠢᠯᠳᠦᠬᠦᠨ ᠲᠠᠢ ᠠᠵᠤ ᠦᠢᠯᠡᠳᠪᠦᠷᠢ ᠶᠢᠨ ᠬᠠᠤᠯᠢ ᠶᠢᠨ | ᠬᠦᠮᠦᠨ ᠤ ᠶᠡᠷᠦᠩᠬᠡᠶ ᠲᠤᠭ᠎ᠠ 45018 ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠲᠤᠭ᠎ᠠ 3779 ᠪᠣᠯᠪᠠ᠃ ᠡᠭᠦᠨ ᠤ ᠳᠣᠲᠣᠷ᠎ᠠ ᠦᠢᠯᠡᠳᠬᠦᠨ ᠤ ᠥᠷᠲᠡᠭ ᠨᠢ ︽ᠵᠠᠭᠤᠨ | ᠳ᠋ᠦᠩᠰᠢᠭᠤᠷ︾ ᠠᠴᠠ ᠳᠡᠭᠡᠭᠰᠢᠬᠢ ᠠᠵᠤ ᠠᠬᠤᠶᠢᠯᠠᠯ 34 ᠡᠷᠦᠬᠡ ᠪᠠᠶᠢᠵᠤ᠂ ᠦᠢᠯᠡᠳᠬᠦᠨ ᠤ ᠥᠷᠲᠡᠭ ᠨᠢ ︽ | ᠠᠷᠪᠠᠨ ᠳ᠋ᠦᠩᠰᠢᠭᠤᠷ︾ ᠠᠴᠠ ᠳᠡᠭᠡᠭᠰᠢᠬᠢ ᠠᠵᠤ ᠠᠬᠤᠶᠢᠯᠠᠯ 513 ᠡᠷᠦᠬᠡ ᠪᠣᠯᠤᠭᠰᠠᠨ ᠪᠠᠶᠢᠨ᠎ᠠ᠃ | ︵ᠬᠤᠶᠠᠷ︶ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠳᠲᠡᠷ ᠲᠦᠷᠭᠡᠨ ᠬᠥᠭᠵᠢᠵᠦ᠂ ᠶᠡᠷᠦᠩᠬᠡᠢ | ᠬᠡᠮᠵᠢᠶᠡᠨ ᠤ ᠬᠡᠪᠴᠢᠶᠡᠵᠢᠯ ᠦᠷᠭᠦᠯᠵᠢᠯᠡᠨ ᠳᠡᠭᠡᠭᠰᠢᠯᠡᠪᠡ᠃ 1949 ᠣᠨ ᠳᠤ ᠪᠥᠬᠦ ᠣᠷᠣᠨ ᠤ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠵᠥᠪᠬᠡᠨ 0.5 ᠳ᠋ᠦᠩᠰᠢᠭᠤᠷ ᠲᠥᠭᠦᠷᠢᠭ ᠪᠠᠶᠢᠪᠠ᠃ ᠥᠭᠡᠷᠡᠴᠢᠯᠡᠯᠲᠡ | ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠤ ᠠᠵᠤ ᠦᠢᠯᠡᠳᠪᠦᠷᠢ ᠯᠤᠲᠤ ᠶᠡᠭᠡ ᠠᠮᠢᠯᠠᠯ ᠤᠨ ᠪᠠ | ᠠᠮᠢᠵᠢᠷᠠᠯ ᠤᠨ ᠬᠦᠴᠦᠨ ᠢᠶᠠᠷ ᠪᠠᠳᠠᠷᠠᠵᠤ᠂ ᠠᠵᠤ ᠠᠬᠤᠶ ᠶᠢᠨ ᠬᠡᠪᠴᠢᠶᠡᠵᠢᠯ ᠦᠳᠲᠡᠷ ᠲᠦᠷᠭᠡᠨ ᠪᠤᠵᠠᠭᠠᠶᠢᠷᠠᠪᠠ᠃ | 1992 ᠣᠨ ᠳᠤ ᠪᠦᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 100 ᠳ᠋ᠦᠩᠰᠢᠭᠤᠷ | ᠲᠥᠭᠦᠷᠢᠭ ᠤᠨ ᠪᠣᠭᠤᠮᠲᠠ ᠶᠢ ᠰᠢᠪᠲᠤᠯᠵᠤ᠂ 2005 ᠣᠨ ᠳᠤ 1000 ᠳ᠋ᠦᠩᠰᠢᠭᠤᠷ ᠲᠥᠭᠦᠷᠢᠭ ᠤᠨ | ᠪᠣᠭᠤᠮᠲᠠ ᠶᠢ ᠰᠢᠪᠲᠤᠯᠵᠤ᠂ 2018 ᠣᠨ ᠳᠤ 5000 ᠳ᠋ᠦᠩᠰᠢᠭᠤᠷ ᠲᠥᠭᠦᠷᠢᠭ ᠤᠨ ᠪᠣᠭᠤᠮᠲᠠ ᠶᠢ | ᠰᠢᠪᠲᠤᠯᠵᠤ᠂ 2023 ᠣᠨ ᠪᠣᠯᠬᠤ ᠳᠤ ᠨᠡᠮᠡᠭᠳᠡᠭᠡᠳ ᠪᠠᠷᠤᠭ ᠳ᠋ᠦᠩᠰᠢᠭᠤᠷ ᠲᠥᠭᠦᠷᠢᠭ ᠪᠣᠯᠪᠠ᠃ ᠣᠨᠴᠠᠭᠠᠶᠢᠯᠠᠨ | 21 ᠳ᠋ᠦ᠋ᠭᠡᠷ ᠵᠠᠭᠤᠨ ᠪᠣᠯᠬᠤ ᠳᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠬᠤᠷᠳᠤᠴᠠ ᠪᠠᠨ | ᠲᠦᠷᠭᠡᠳᠬᠡᠪᠡ᠃ 2002 ᠣᠨ ᠠᠴᠠ 2009 ᠣᠨ ᠪᠣᠯᠲᠠᠯ᠎ᠠ᠂ 2002 ᠣᠨ ᠪᠠ 2007 ᠣᠨ ᠢ ᠭᠠᠷᠭᠠᠪᠠᠯ | ᠪᠦᠬᠦ ᠣᠷᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠪᠦᠬᠦ | ᠤᠯᠤᠰ ᠤᠨ 31 ᠮᠤᠵᠢ ᠣᠷᠣᠨ ᠬᠤᠲᠠ ᠶᠢᠨ ᠬᠡᠪᠴᠢᠶᠡᠨ ᠳᠠᠬᠢ ᠨᠡᠮᠡᠭᠳᠡᠯ ᠤᠨ ᠬᠤᠷᠳᠤᠴᠠ ᠨᠢ 2 ᠳ᠋ᠤᠭᠠᠷ ᠲᠤ | ᠵᠢᠭᠰᠠᠭᠠᠭᠳᠠᠭᠰᠠᠨ ᠠᠴᠠ ᠭᠠᠳᠠᠨ᠎ᠠ᠂ ᠪᠤᠰᠤᠳ 6 ᠵᠢᠯ ᠤᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠤᠯᠤᠰ ᠤᠨ | ᠲᠡᠷᠢᠭᠦᠨ ᠪᠠᠶᠢᠷᠢᠨ ᠳᠤ ᠣᠷᠣᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ | ᠠᠵᠤ ᠦᠢᠯᠡᠳᠪᠦᠷᠢᠵᠢᠯᠲᠡ ᠶᠢᠨ ᠠᠬᠢᠴᠠ ᠲᠣᠭᠲᠠᠭᠤᠨ ᠢᠶᠠᠷ ᠭᠦᠨᠵᠡᠭᠡᠶᠢᠷᠡᠨ ᠬᠥᠭᠵᠢᠵᠦ᠂ ᠬᠤᠪᠢᠷᠠᠯᠲᠠ ᠦᠭᠡᠢ | ᠦᠨ᠎ᠡ ᠪᠠᠷ ᠪᠤᠳᠤᠪᠠᠯ᠂ 2023 ᠣᠨ ᠤ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2012 | ᠣᠨ ᠤ ᠬᠢ ᠠᠴᠠ 2.8 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 9.7% ᠨᠡᠮᠡᠭᠳᠡᠪᠡ᠂ ᠤᠯᠤᠰ | ᠠᠷᠠᠳ ᠤᠨ ᠠᠵᠤ ᠠᠬᠤᠶ ᠳᠤ ᠡᠵᠡᠯᠡᠬᠦ ᠬᠤᠪᠢ ᠶᠢᠨ ᠵᠢᠩ ᠨᠢ ᠠᠷᠪᠠᠨ ᠵᠢᠯ ᠳᠠᠷᠠᠭᠠᠯᠠᠨ 30% ᠠᠴᠠ ᠳᠡᠭᠡᠭᠰᠢ | ᠪᠠᠶᠢᠬᠤ ᠶᠢ ᠪᠠᠲᠤᠯᠠᠵᠤ᠂ 2022 ᠣᠨ ᠠᠴᠠ ᠡᠬᠢᠯᠡᠨ ᠡᠵᠡᠯᠡᠬᠦ ᠬᠤᠪᠢ ᠶᠢᠨ ᠵᠢᠩ ᠨᠢ ᠳᠡᠭᠡᠭᠰᠢᠯᠡᠭᠡᠳ | 40% ᠠᠴᠠ ᠳᠡᠭᠡᠭᠰᠢ ᠪᠠᠶᠢᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ︵ᠭᠤᠷᠪᠠ︶ ᠦᠢᠯᠡᠳᠪᠦᠷᠢᠯᠡᠬᠦ ᠴᠢᠳᠠᠪᠤᠷᠢ ᠥᠳᠲᠡᠷ ᠲᠦᠷᠭᠡᠨ ᠨᠡᠮᠡᠭᠳᠡᠵᠦ᠂ ᠡᠨᠧᠷᠭᠢ ᠶᠢᠨ ᠦᠢᠯᠡᠳᠭᠦᠨ ᠤ | ᠭᠠᠷᠤᠯᠲᠠ ᠪᠦᠬᠦ ᠣᠯᠣᠰ ᠤᠨ ᠲᠡᠷᠢᠭᠦᠨ ᠤ ᠡᠩᠨᠡᠭᠡᠨ ᠳᠤ ᠣᠷᠣᠪᠠ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠬᠤ ᠠᠴᠠ ᠡᠮᠦᠨ᠎ᠡ᠂ ᠮᠠᠨ ᠤ ᠣᠷᠣᠨ ᠤ ᠠᠵᠤ ᠦᠢᠯᠡᠳᠪᠦᠷᠢ ᠬᠠᠷᠢᠴᠠᠩᠭᠤᠶ ᠬᠤᠴᠣᠷᠤᠩᠭᠤᠶ ᠪᠠᠶᠢᠵᠤ᠂ | ᠦᠢᠯᠡᠳᠪᠦᠷᠢᠯᠡᠯ ᠤᠨ ᠬᠡᠪᠴᠢᠶᠡᠵᠢᠯ ᠪᠠ ᠴᠢᠳᠠᠪᠤᠷᠢ ᠨᠡᠯᠢᠶᠡᠳ ᠳᠣᠤᠷ᠎ᠠ ᠪᠠᠶᠢᠪᠠ᠃ 75 ᠵᠢᠯ ᠢ ᠦᠩᠭᠡᠷᠡᠭᠡᠭᠡᠳ | ᠣᠨᠴᠠᠭᠠᠶᠢᠯᠠᠨ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢᠬᠢ ᠲᠦᠷᠭᠡᠨ ᠬᠥᠭᠵᠢᠯᠲᠡ ᠶᠢ ᠳᠠᠮᠵᠢᠭᠠᠳ᠂ | ᠮᠠᠨ ᠤ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠦᠳᠲᠡᠷ ᠲᠦᠷᠭᠡᠨ ᠨᠡᠮᠡᠭᠳᠡᠵᠦ᠂ | ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ | ᠣᠷᠣᠪᠠ᠃ ᠡᠭᠦᠨ ᠳᠤ᠂ ᠲᠦᠭᠦᠬᠡᠶ ᠨᠡᠭᠦᠷᠡᠰᠦ᠂ ᠴᠠᠬᠢᠯᠭᠠᠨ ᠭᠠᠷᠭᠠᠭᠰᠠᠨ ᠬᠡᠮᠵᠢᠶ᠎ᠡ᠂ ᠬᠡᠦᠷᠡᠰᠦ᠂ ᠪᠠᠶᠢᠭᠠᠯᠢ ᠶᠢᠨ | ᠰᠢᠲᠠᠮᠠᠬᠠᠶ ᠬᠡᠢ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠲᠣᠰ ᠲᠣᠰ ᠪᠥᠬᠦ ᠤᠯᠤᠰ ᠤᠨ ᠬᠤᠶᠠᠳᠤᠭᠠᠷ᠂ | ᠨᠢᠭᠡᠳᠦᠭᠡᠷ᠂ ᠬᠤᠶᠠᠳᠤᠭᠠᠷ᠂ ᠳᠥᠷᠪᠡᠳᠦᠭᠡᠷ ᠪᠠ ᠨᠢᠭᠡᠳᠦᠭᠡᠷ ᠲᠤ ᠵᠢᠭᠰᠠᠭᠠᠭᠳᠠᠪᠠ᠃ 2023 ᠣᠨ ᠳᠤ ᠪᠥᠬᠦ | ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ 12.34 ᠳ᠋ᠦᠩᠰᠢᠭᠤᠷ ᠲᠣᠨ ᠳᠤ ᠬᠦᠷᠴᠦ᠂ 1949 ᠣᠨ ᠤ | 2681.9 ᠳᠠᠬᠢᠨ ᠪᠠᠶᠢᠵᠤ᠂ ᠵᠢᠯ ᠪᠦᠷᠢ ᠳᠤᠮᠳᠠᠴᠢ ᠪᠠᠷ 11.3% ᠨᠡᠮᠡᠭᠳᠡᠨ᠂ ᠣᠨᠴᠠᠭᠠᠶᠢᠯᠠᠨ 2002 | ᠣᠨ ᠳᠤ ᠭᠠᠷᠤᠯᠲᠠ ᠶᠢᠨ ᠬᠡᠮᠵᠢᠶ᠎ᠡ ᠨᠢ ᠳ᠋ᠦᠩᠰᠢᠭᠤᠷ ᠲᠣᠨ ᠢ ᠳᠠᠪᠠᠭᠰᠠᠨ ᠠᠴᠠ ᠰᠡᠭᠦᠯᠡᠷ᠂ ᠲᠦᠭᠦᠬᠡᠶ ᠨᠡᠭᠦᠷᠡᠰᠦᠨ ᠤ | ᠭᠠᠷᠤᠯᠲᠠ ᠶᠢᠨ ᠨᠡᠮᠡᠭᠳᠡᠯ ᠤᠨ ᠠᠯᠬᠤᠴᠠ ᠲᠦᠷᠭᠡᠳᠴᠦ᠂ ᠪᠥᠬᠦ ᠤᠯᠤᠰ ᠤᠨ ᠭᠠᠷᠤᠯᠲᠠ ᠶᠢᠨ ᠬᠡᠮᠵᠢᠶ᠎ᠡ ᠳᠠᠬᠢ | ᠡᠵᠡᠯᠡᠬᠦ ᠬᠤᠪᠢ ᠶᠢᠨ ᠵᠢᠩ ᠨᠢ 2002 ᠣᠨ ᠳᠤ 7.4% ᠪᠠᠶᠢᠭᠰᠠᠨ ᠠᠴᠠ 2023 ᠣᠨ ᠳᠤ 26.2% | ᠪᠣᠯᠵᠤ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠴᠠᠬᠢᠯᠭᠠᠨ ᠬᠦᠴᠦᠨ ᠤ | ᠬᠥᠭᠵᠢᠯᠲᠡ ᠶᠢᠨ ᠬᠠᠨᠳᠤᠰᠢ ᠮᠠᠰᠢ ᠲᠦᠷᠭᠡᠨ ᠪᠠᠶᠢᠪᠠ᠃ 2023 ᠣᠨ ᠳᠤ᠂ ᠶᠡᠷᠦᠩᠬᠡᠢ ᠴᠠᠬᠢᠯᠭᠠᠨ ᠭᠠᠷᠭᠠᠭᠰᠠᠨ | ᠬᠡᠮᠵᠢᠶ᠎ᠡ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ᠂ ᠰᠢᠨ᠎ᠡ ᠡᠨᠧᠷᠭᠢ ᠪᠠᠷ ᠴᠠᠬᠢᠯᠭᠠᠨ | ᠭᠠᠷᠭᠠᠭᠰᠠᠨ ᠬᠡᠮᠵᠢᠶ᠎ᠡ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ᠂ ᠴᠠᠬᠢᠯᠭᠠᠨ ᠬᠦᠴᠦᠨ ᠤ | ᠶᠡᠷᠦᠩᠬᠡᠢ ᠮᠠᠰᠢᠨ ᠴᠣᠭᠴᠠᠯᠠᠪᠤᠷᠢ᠂ ᠢᠯᠴᠢ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠭᠠᠳᠠᠭᠰᠢ | ᠬᠦᠷᠭᠡᠭᠰᠡᠨ ᠴᠠᠬᠢᠯᠭᠠᠨ ᠤ ᠬᠡᠮᠵᠢᠶ᠎ᠡ ᠵᠡᠷᠭᠡ ᠣᠯᠠᠨ ᠵᠦᠢᠯ ᠤᠨ ᠭᠦᠢᠴᠡᠳᠬᠡᠯ ᠲᠤᠭ᠎ᠠ ᠨᠢ ᠴᠥᠮ ᠪᠥᠬᠦ ᠤᠯᠤᠰ ᠤᠨ | ᠲᠡᠷᠢᠭᠦᠨ ᠳᠤ ᠵᠢᠭᠰᠠᠭᠠᠭᠳᠠᠪᠠ᠃ 2023 ᠣᠨ ᠳᠤ᠂ ᠮᠠᠨ ᠤ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ | 7629.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 1949 ᠣᠨ ᠤ 6.4 ᠲᠦᠮᠡᠨ ᠳᠠᠬᠢᠨ ᠪᠠᠶᠢᠵᠣ᠂ ᠵᠢᠯ | ᠪᠦᠷᠢ ᠳᠤᠮᠳᠠᠴᠢ ᠪᠠᠷ 16.1% ᠨᠡᠮᠡᠭᠳᠡᠪᠡ᠃ | ᠬᠤᠶᠠᠷ᠂ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠪᠠᠲᠤ ᠪᠠᠬᠢ ᠪᠠᠶᠢᠵᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠦᠭᠰᠡᠨ ᠦᠷ᠎ᠡ ᠪᠦᠲᠦᠮᠵᠢ ᠢᠯᠡᠳᠲᠡ ᠪᠣᠯᠪᠠ | ︵ᠨᠢᠭᠡ︶ ᠠᠵᠤ ᠦᠢᠯᠡᠳᠪᠦᠷᠢ ᠶᠢᠨ ᠲᠣᠭᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠵᠦ᠂ ᠬᠥᠭᠵᠢᠯᠲᠡ ᠶᠢᠨ | ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ | ᠣᠷᠣᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠠᠵᠤ ᠦᠢᠯᠡᠳᠪᠦᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠨ ᠠᠬᠢᠭᠤᠯᠵᠤ᠂ ᠨᠡᠭᠦᠷᠡᠰᠦ᠂ | ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠪᠣᠯᠣᠳ ᠲᠡᠮᠦᠷ᠂ ᠴᠢᠯᠠᠭᠤᠨ | ᠲᠣᠰᠣ ᠪᠣᠯᠪᠠᠰᠤᠷᠠᠭᠤᠯᠬᠤ᠂ ᠢᠳᠡᠭᠡᠨ ᠤ ᠵᠦᠢᠯ᠂ ᠡᠮ ᠡᠮᠨᠡᠯᠭᠡ᠂ ᠮᠠᠰᠢᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ | ᠠᠵᠢᠯ ᠲᠥᠷᠥᠯ ᠤᠳ ᠲᠠᠰᠤᠷᠠᠯᠲᠠ ᠤᠢᠭᠡᠢ ᠬᠥᠭᠵᠢᠨ ᠪᠤᠵᠠᠭᠠᠶᠢᠷᠠᠵᠤ᠂ ᠴᠠᠬᠢᠯᠭᠠᠨ ᠬᠡᠷᠡᠭᠰᠡᠯ ᠤᠨ ᠮᠧᠬᠠᠨᠢᠭ ᠪᠠ | ᠪᠠᠭᠠᠵᠢ ᠬᠡᠷᠡᠭᠰᠡᠯ ᠦᠢᠯᠡᠳᠬᠦ ᠦᠢᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ | ᠲᠥᠬᠦᠭᠡᠷᠦᠮᠵᠢ ᠦᠢᠯᠡᠳᠬᠦ ᠦᠢᠯᠡᠰ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠠᠵᠢᠯ ᠲᠥᠷᠥᠯ ᠪᠠᠶᠢᠬᠤ ᠦᠭᠡᠶ | ᠪᠠᠶᠢᠭᠰᠠᠨ ᠠᠴᠠ ᠪᠠᠨ ᠪᠠᠶᠢᠬᠤ ᠪᠣᠯᠵᠤ ᠦᠳᠲᠡᠷ ᠲᠦᠷᠭᠡᠨ ᠬᠥᠭᠵᠢᠨ ᠴᠡᠴᠡᠭᠯᠡᠪᠡ᠃ ᠣᠳᠣᠬᠠᠨ ᠳᠤ ᠪᠦᠬᠦ | ᠣᠷᠣᠨ ᠳᠤ ᠨᠢᠭᠡᠨᠲᠡ 37 ᠠᠵᠤ ᠦᠢᠯᠡᠳᠪᠦᠷᠢ ᠶᠢᠨ ᠶᠡᠭᠡ ᠲᠥᠷᠥᠯ᠂ 141 ᠳᠤᠮᠳᠠ ᠲᠥᠷᠥᠯ᠂ 292 ᠪᠠᠭ᠎ᠠ | ᠲᠥᠷᠥᠯ ᠲᠠᠢ ᠪᠣᠯᠵᠤ᠂ ᠨᠢᠭᠡ ᠠᠵᠢᠯ ᠲᠥᠷᠥᠯ ᠳᠤ ᠠᠪᠴᠤ ᠬᠡᠯᠡᠪᠡᠯ ᠨᠡᠯᠢᠶᠡᠳ ᠪᠦᠷᠢᠨ ᠭᠦᠢᠴᠡᠳ᠂ ᠮᠡᠷᠭᠡᠵᠢᠯ ᠤᠨ | ᠬᠢᠷᠢ ᠬᠡᠮᠵᠢᠶ᠎ᠡ ᠪᠠᠷ ᠨᠡᠯᠢᠶᠡᠳ ᠰᠠᠶᠢᠨ ᠪᠠᠶᠢᠬᠤ ᠣᠳᠣ ᠦᠶ᠎ᠡ ᠶᠢᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠠᠭ | ᠲᠦᠷᠭᠡᠨ ᠪᠤᠶ ᠪᠣᠯᠵᠤ ᠪᠠᠶᠢᠨ᠎ᠠ᠃ | ︵ᠬᠤᠶᠠᠷ︶ ᠤᠯᠠᠮᠵᠢᠯᠠᠯᠲᠤ ᠠᠵᠤ ᠦᠢᠯᠡᠰ ᠠᠮᠢᠵᠢᠷᠠᠯ ᠤᠨ ᠬᠦᠴᠦᠨ ᠢᠶᠠᠨ ᠬᠦᠭᠵᠢᠭᠡᠵᠦ᠂ ᠬᠡᠯᠪᠡᠷᠢ ᠪᠠᠨ | ᠬᠤᠪᠢᠷᠠᠭᠤᠯᠬᠤ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠭᠦᠨᠵᠡᠭᠡᠶᠢᠷᠡᠨ ᠠᠬᠢᠬᠤ ᠶᠢ | ᠲᠠᠭᠠᠯᠳᠤᠨ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠪᠠ ᠴᠢᠨᠠᠷ ᠰᠠᠶᠢᠲᠠᠢ | ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ︽ᠬᠤᠣᠰ ᠠᠷᠭ᠎ᠠ ᠶᠢ ᠵᠡᠷᠭᠡ ᠪᠠᠷ ᠬᠡᠷᠡᠭᠯᠡᠨ︾᠂ ᠠᠵᠤ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ | ᠪᠥᠬᠦ ᠣᠷᠣᠨ ᠤ ᠥᠩᠭᠡᠲᠦ ᠲᠡᠮᠦᠷᠯᠢᠭ ᠪᠣᠯᠪᠠᠰᠤᠷᠠᠭᠤᠯᠬᠤ ᠬᠡᠯᠬᠢᠶ᠎ᠡ ᠶᠢ ᠬᠥᠩᠭᠡᠨᠴᠠᠭᠠᠨ ᠢᠯᠲᠠᠰᠤ᠂ ᠴᠠᠶᠢᠷ ᠤᠨ | ᠬᠠᠪᠲᠠᠰᠤ ᠵᠡᠷᠭᠡ ᠦᠵᠦᠭᠦᠷ ᠤᠨ ᠦᠢᠯᠡᠳᠬᠦᠨ ᠬᠦᠷᠲᠡᠯ᠎ᠡ ᠤᠷᠲᠤᠳᠬᠠᠵᠤ᠂ ᠮᠡᠷᠭᠡᠵᠢᠯ ᠤᠨ ᠳᠠᠪᠰᠢᠯᠲᠠ ᠶᠢ | ᠦᠷᠭᠦᠯᠵᠢᠯᠡᠨ ᠠᠬᠢᠭᠤᠯᠪᠠ︔ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠨᠢ ᠨᠢᠭᠡᠨᠲᠡ ᠮᠧᠬᠠᠨᠢᠭ᠂ | ᠠᠭᠤᠷᠬᠠᠶ ᠶᠢᠨ ᠮᠠᠰᠢᠨ ᠮᠧᠬᠠᠨᠢᠭ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠬᠦᠭᠡᠷᠦᠮᠵᠢ᠂ ᠬᠦᠨᠳᠦ | ᠬᠡᠯᠪᠡᠷᠢ ᠶᠢᠨ ᠪᠠᠷᠠᠭᠠᠨ ᠤ ᠲᠡᠷᠭᠡ ᠦᠢᠯᠡᠳᠬᠦ ᠣᠯᠠᠨ ᠡᠰᠢᠴᠢᠯᠡᠭᠰᠡᠨ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠪᠡ︔ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠢᠯ ᠲᠥᠷᠥᠯ ᠤᠨ ᠬᠢᠨ ᠰᠦᠨ | ᠲᠠᠯᠬ᠎ᠠ᠂ ᠤᠰᠤ ᠥᠬᠡᠶᠢᠳᠡᠭᠦᠯᠦᠭᠰᠡᠨ ᠨᠣᠭᠤᠭ᠎ᠠ᠂ ᠦᠬᠡᠷ ᠤᠨ ᠪᠣᠷᠴᠠ ᠵᠡᠷᠭᠡ ᠣᠨᠴᠠᠯᠢᠭᠲᠤ ᠪᠦᠲᠦᠭᠡᠭᠳᠡᠬᠦᠨ ᠢᠶᠠᠨ | ᠳᠡᠯᠡᠬᠡᠶ ᠳ᠋ᠠᠬᠢᠨ ᠳᠤ ᠲᠠᠨᠢᠭᠤᠯᠵᠤ᠂ ᠢ ᠯᠢ ᠪᠦᠯᠦᠭᠯᠡᠯ ᠨᠢ ︽ᠪᠥᠬᠦ ᠪᠥᠮᠪᠥᠷᠴᠡᠭ ᠤᠨ ᠰᠦᠨ ᠤ ᠦᠢᠯᠡᠰ ᠤᠨ ᠠᠷᠪᠠᠨ | ᠬᠦᠴᠦᠷᠬᠡᠭ︾ ᠤᠨ ᠡᠩᠨᠡᠭᠡᠨ ᠳᠤ ᠵᠢᠭᠰᠠᠭᠠᠭᠳᠠᠪᠠ︔ ᠨᠡᠭᠦᠷᠡᠰᠦ ᠪᠣᠯᠪᠠᠰᠤᠷᠠᠭᠤᠯᠤᠯᠲᠠ ᠳᠤ ᠳᠥᠭᠦᠮᠬᠡᠨ ᠢᠶᠠᠷ | ᠨᠡᠭᠦᠷᠡᠰᠦ ᠬᠡᠦᠷᠰᠢᠭᠦᠯᠵᠦ ᠪᠠᠶᠢᠭᠰᠠᠨ ᠠᠴᠠ ᠨᠡᠭᠦᠷᠡᠰᠦ ᠪᠠᠷ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠬᠡᠢ | ᠪᠣᠯᠪᠠᠰᠤᠷᠠᠭᠤᠯᠬᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠪᠣᠯᠪᠠᠰᠤᠷᠠᠭᠤᠯᠬᠤ ᠪᠠ ᠨᠡᠭᠦᠷᠡᠰᠦ ᠪᠠᠷ ᠠᠯᠺᠧᠨ | ᠪᠣᠯᠪᠠᠰᠤᠷᠠᠭᠤᠯᠬᠤ ᠵᠡᠷᠭᠡ ᠪᠠᠷ ᠲᠥᠯᠥᠭᠡᠯᠡᠭᠦᠯᠦᠭᠰᠡᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠲᠡᠶᠢᠰᠢ ᠤᠷᠲᠤᠳᠬᠠᠨ᠂ 2023 ᠣᠨ ᠤ ᠪᠥᠬᠦ ᠣᠷᠣᠨ ᠤ ᠨᠡᠭᠦᠷᠡᠰᠦ ᠪᠠᠷ | ᠠᠯᠺᠧᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ 350 ᠲᠦᠮᠡᠨ ᠲᠣᠨ ᠢ ᠳᠠᠪᠠᠪᠠ︔ ᠭᠡᠷᠡᠯᠴᠢ | ᠴᠡᠨᠡᠭ ᠤᠨ ᠦᠢᠯᠡᠳᠪᠦᠷᠢᠯᠡᠬᠦ ᠴᠢᠳᠠᠪᠤᠷᠢ ᠨᠢ ᠰᠢᠨ᠎ᠡ ᠬᠡᠯᠪᠡᠷᠢ ᠶᠢᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ | ᠵᠡᠷᠭᠡ ᠢᠵᠢ ᠪᠥᠷᠢᠳᠦᠭᠰᠡᠨ ᠠᠵᠤ ᠦᠢᠯᠡᠰ ᠤᠨ ᠪᠦᠯᠦᠭᠯᠡᠨ ᠬᠥᠭᠵᠢᠬᠦ ᠲᠡᠶᠢᠰᠢ ᠤᠷᠤᠭᠰᠢᠯᠠᠵᠤ᠂ ᠲᠠᠩ ᠲᠠᠯᠠᠰᠲᠤ | ᠴᠠᠬᠢᠭᠤᠷ᠂ ᠣᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠬᠦ ᠴᠢᠳᠠᠪᠤᠷᠢ ᠴᠥᠮ ᠪᠥᠬᠦ ᠤᠯᠤᠰ ᠤᠨ | ᠦᠢᠯᠡᠳᠪᠦᠷᠢᠯᠡᠬᠦ ᠴᠢᠳᠠᠪᠤᠷᠢ ᠶᠢᠨ 40% ᠠᠴᠠ ᠳᠡᠭᠡᠭᠰᠢᠬᠢ ᠶᠢ ᠡᠵᠡᠯᠡᠪᠡ᠃ | ︵ᠭᠤᠷᠪᠠ︶ ᠡᠨᠧᠷᠭᠢ ᠶᠢᠨ ᠦᠢᠯᠡᠳᠪᠦᠷᠢᠯᠡᠯ ᠰᠢᠨ᠎ᠡ ᠪᠠ ᠪᠣᠬᠢᠷᠳᠣᠯ ᠦᠭᠡᠢ ᠲᠡᠶᠢᠰᠢ ᠤᠷᠤᠭᠰᠢᠯᠠᠵᠤ᠂ ᠰᠢᠨ᠎ᠡ | ᠡᠨᠧᠷᠭᠢ ᠶᠢᠨ ᠠᠵᠤ ᠦᠢᠯᠡᠰ ︽ᠲᠦᠷᠭᠡᠨ ᠬᠥᠭᠵᠢᠯᠲᠡ︾ ᠶᠢ ᠪᠡᠶᠡᠯᠡᠭᠦᠯᠪᠡ᠃ 75 ᠵᠢᠯ ᠤᠨ ᠲᠤᠷᠰᠢ᠂ ᠮᠠᠨ ᠤ | ᠣᠷᠣᠨ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠪᠴᠢᠯᠡᠨ ᠰᠢᠯᠢᠳᠡᠭᠵᠢᠭᠦᠯᠵᠦ᠂ | ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ | ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ᠂ ᠴᠢᠨᠠᠷ ᠰᠠᠶᠢᠲᠠᠶ ᠠᠰᠢᠭᠯᠠᠬᠤ᠂ ᠵᠢᠷᠤᠮᠵᠢᠭᠤᠯᠤᠨ | ᠬᠠᠮᠢᠶᠠᠷᠬᠤ ᠶᠢ ᠴᠢᠩᠭᠠᠳᠬᠠᠵᠤ᠂ ᠡᠨᠧᠷᠭᠢ ᠶᠢᠨ ᠦᠢᠯᠡᠳᠪᠦᠷᠢᠯᠡᠯ ᠤᠨ ᠪᠦᠲᠦᠴᠡ ᠶᠢ ᠢᠯᠡᠳᠲᠡ ᠰᠠᠶᠢᠵᠢᠷᠠᠭᠤᠯᠪᠠ᠃ | 2023 ᠣᠨ ᠳᠤ᠂ ᠠᠩᠬᠠᠨ ᠤ ᠡᠨᠧᠷᠭᠢ ᠶᠢᠨ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠳᠠᠬᠢ ᠲᠥᠭᠦᠬᠡᠢ | ᠨᠡᠭᠦᠷᠡᠰᠦᠨ ᠤ ᠡᠵᠡᠯᠡᠬᠦ ᠬᠤᠪᠢ ᠶᠢᠨ ᠵᠢᠩ ᠨᠢ 88.3% ᠪᠠᠶᠢᠵᠤ᠂ 1978 ᠣᠨ ᠤ ᠬᠢ ᠠᠴᠠ 11.5 ᠵᠠᠭᠤᠨ ᠤ | ᠴᠡᠭ ᠢᠶᠠᠷ ᠪᠠᠭᠤᠷᠠᠪᠠ︔ ᠪᠠᠶᠢᠭᠠᠯᠢ ᠶᠢᠨ ᠰᠢᠲᠠᠮᠠᠬᠠᠶ ᠬᠡᠢ ᠶᠢᠨ ᠡᠵᠡᠯᠡᠬᠦ ᠬᠠᠷᠢᠴᠠᠯ ᠨᠢ 4.8% ᠪᠠᠶᠢᠵᠤ᠂ 2001 | ᠣᠨ ᠤ ᠬᠢ ᠠᠴᠠ 3.4 ᠵᠠᠭᠤᠨ ᠤ ᠴᠡᠭ ᠢᠶᠠᠷ ᠳᠡᠭᠡᠭᠰᠢᠯᠡᠪᠡ︔ ᠠᠩᠬᠠᠨ ᠤ ᠡᠨᠧᠷᠭᠢ ᠶᠢᠨ ᠦᠢᠯᠡᠳᠪᠦᠷᠢᠯᠡᠯ ᠤᠨ | ᠶᠡᠷᠦᠩᠬᠡᠢ ᠬᠡᠮᠵᠢᠶ᠎ᠡ ᠳᠠᠬᠢ ᠰᠠᠯᠬᠢ ᠭᠡᠷᠡᠯᠴᠢ ᠵᠡᠷᠭᠡ ᠴᠠᠬᠢᠯᠭᠠᠨ ᠬᠦᠴᠦᠨ ᠤ ᠡᠵᠡᠯᠡᠬᠦ ᠬᠠᠷᠢᠴᠠᠯ ᠨᠢ 6.5% ᠪᠠᠶᠢᠵᠤ᠂ | 2005 ᠣᠨ ᠤ ᠬᠢ ᠠᠴᠠ 6.2 ᠵᠠᠭᠤᠨ ᠤ ᠴᠡᠭ ᠢᠶᠠᠷ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠮᠠᠨ ᠤ ᠣᠷᠣᠨ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ | ᠴᠠᠬᠢᠯᠭᠠᠨ ᠬᠦᠴᠦᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ | ᠬᠡᠪᠴᠢᠶᠡᠵᠢᠯ᠂ ᠴᠠᠬᠢᠯᠭᠠᠨ ᠭᠠᠷᠭᠠᠭᠰᠠᠨ ᠬᠡᠮᠵᠢᠶ᠎ᠡ ᠶᠢ ᠲᠠᠰᠤᠷᠠᠯᠳᠠ ᠦᠭᠡᠢ ᠥᠷᠭᠡᠳᠬᠡᠪᠡ᠃ ᠮᠠᠰᠢᠨ | ᠴᠣᠭᠴᠠᠯᠠᠪᠤᠷᠢ ᠶᠢᠨ ᠬᠡᠪᠴᠢᠶᠡᠵᠢᠯ ᠠᠴᠠ ᠦᠵᠡᠪᠡᠯ᠂ 2023 ᠣᠨ ᠤ ᠡᠴᠦᠰ ᠲᠤ᠂ ᠮᠠᠨ ᠤ ᠣᠷᠣᠨ ᠤ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 9322.6 ᠲᠦᠮᠡᠨ ᠺᠢᠯᠣᠸᠠᠲ ᠲᠤ ᠬᠦᠷᠴᠦ᠂ ᠪᠥᠬᠦ | ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 43.2% ᠢ ᠡᠵᠡᠯᠡᠵᠦ᠂ 2012 ᠣᠨ ᠤ | ᠰᠡᠭᠦᠯᠴᠢ ᠶᠢᠨ ᠬᠢ ᠠᠴᠠ 21.4 ᠵᠠᠭᠤᠨ ᠤ ᠴᠡᠭ ᠢᠶᠠᠷ ᠳᠡᠭᠡᠭᠰᠢᠯᠡᠪᠡ︔ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 2012 ᠣᠨ ᠤ ᠰᠡᠭᠦᠯᠴᠢ ᠶᠢᠨ ᠬᠢ ᠠᠴᠠ ᠪᠠᠨ 4.5 ᠳᠠᠬᠢᠨ ᠨᠡᠮᠡᠭᠳᠡᠵᠦ᠂ | ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 3.1 ᠳᠠᠬᠢᠨ ᠨᠡᠮᠡᠭᠳᠡᠵᠦ᠂ | ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 130 ᠳᠠᠬᠢᠨ | ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ 2023 ᠣᠨ ᠳᠤ ᠮᠠᠨ ᠤ ᠣᠷᠣᠨ ᠤ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1665.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ | ᠴᠠᠬᠢᠯᠭᠠᠨ ᠭᠠᠷᠭᠠᠭᠰᠠᠨ ᠬᠡᠮᠵᠢᠶᠡᠨ ᠤ 21.8% ᠶᠢ ᠡᠵᠡᠯᠡᠵᠦ᠂ 2012 ᠣᠨ ᠤ ᠬᠢ ᠠᠴᠠ 12.4 ᠵᠠᠭᠤᠨ ᠤ | ᠴᠡᠭ ᠢᠶᠠᠷ ᠳᠡᠭᠡᠭᠰᠢᠯᠡᠪᠡ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 4.7 ᠳᠠᠬᠢᠨ ᠨᠡᠮᠡᠭᠳᠡᠵᠦ᠂ ᠵᠢᠯ | ᠪᠦᠷᠢ ᠶᠢᠨ ᠳᠤᠮᠳᠠᠴᠢ ᠨᠡᠮᠡᠭᠳᠡᠯ ᠨᠢ 17.1% ᠳᠤ ᠬᠦᠷᠪᠡ᠂ ᠡᠭᠦᠨ ᠳᠤ ᠰᠠᠯᠬᠢᠨ ᠬᠦᠴᠦᠨ ᠤ ᠴᠠᠬᠢᠯᠭᠠᠨ | ᠭᠠᠷᠭᠠᠭᠰᠠᠨ ᠬᠡᠮᠵᠢᠶ᠎ᠡ 1354.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 3.8 ᠳᠠᠬᠢᠨ ᠨᠡᠮᠡᠭᠳᠡᠨ᠂ | ᠵᠢᠯ ᠳᠤ ᠳᠤᠮᠳᠠᠴᠢ ᠪᠠᠷ 15.2% ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 290. | 5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 191.7 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 61.3% | ᠨᠡᠮᠡᠭᠳᠡᠪᠡ᠃ | ︵ᠲᠦᠷᠪᠡ︶ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠪᠦᠷᠢᠯᠳᠦᠨ ᠬᠥᠭᠵᠢᠵᠦ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠲᠦᠷᠭᠡᠨ ᠪᠤᠶᠢᠵᠢᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ | ᠬᠤᠭᠤᠴᠠᠭᠠᠨ ᠳᠤ᠂ ᠮᠠᠨ ᠤ ᠣᠷᠣᠨ ᠤ ᠠᠵᠤ ᠦᠢᠯᠡᠳᠪᠦᠷᠢ ᠨᠢ ᠭᠤᠤᠯᠳᠠᠭᠤ ᠦᠨᠳᠦᠰᠦᠲᠡᠨ ᠤ ᠭᠠᠷ | ᠦᠢᠯᠡᠳᠪᠦᠷᠢ ᠪᠠᠷ ᠭᠤᠤᠯ ᠪᠣᠯᠭᠠᠵᠤ ᠪᠠᠶᠢᠪᠠ᠃ 21 ᠳ᠋ᠦ᠋ᠭᠡᠷ ᠵᠠᠭᠤᠨ ᠪᠣᠯᠬᠤ ᠳᠤ᠂ ᠣᠨᠴᠠᠭᠠᠶᠢᠯᠠᠨ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠬᠥᠭᠵᠢᠯᠲᠡ ᠶᠢᠨ ᠣᠨᠤᠯᠵᠢᠬᠤᠨ ᠤ ᠳᠠᠭᠠᠭᠤᠯᠭ᠎ᠠ | ᠳᠣᠣᠷ᠎ᠠ᠂ ᠮᠠᠨ ᠤ ᠣᠷᠣᠨ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠤᠨ ᠬᠥᠭᠵᠢᠯᠲᠡ ᠶᠢ ᠱᠠᠯᠠᠪᠳᠠᠨ | ᠪᠠᠶᠢᠷᠢᠰᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠪᠣᠯᠤᠨ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠵᠡᠷᠭᠡ ᠰᠢᠨ᠎ᠡ ᠬᠥᠳᠡᠯᠭᠡᠭᠴᠢ | ᠬᠦᠴᠦᠨ ᠢ ᠲᠦᠷᠭᠡᠨ ᠪᠤᠶᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢ | ᠬᠦᠳᠦᠯᠦᠨ ᠳᠠᠭᠠᠭᠤᠯᠵᠤ ︽ᠰᠢᠨ᠎ᠡ ᠤᠷᠤᠯᠳᠤᠭᠠᠨ ᠤ ᠵᠠᠮ︾ ᠳᠤ ᠣᠷᠤᠭᠤᠯᠪᠠ᠃ 2023 ᠣᠨ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ᠂ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ ᠳᠡᠭᠡᠷ᠎ᠡ ᠵᠢᠯ ᠤᠨ ᠬᠢ ᠠᠴᠠ 11.4% | ᠪᠠ 9.6% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠠᠴᠠ ᠵᠠᠭᠤᠨ ᠤ ᠴᠡᠭ ᠢᠶᠠᠷ 4 ᠪᠠ 2.2 ᠲᠦᠷᠭᠡᠰᠴᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 2.1% ᠪᠠ 1.9% | ᠪᠣᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 13.5% ᠪᠠᠷ | ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ | 6.1 ᠵᠠᠭᠤᠨ ᠤ ᠴᠡᠭ ᠥᠨᠳᠦᠷᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 7.5% ᠪᠣᠯᠪᠠ᠃ ᠭᠤᠤᠯ ᠲᠥᠯᠥᠭᠡᠯᠡᠬᠦ ᠴᠢᠨᠠᠷᠲᠠᠢ ᠦᠢᠯᠡᠳᠬᠦᠨ ᠤ | ᠨᠡᠮᠡᠭᠳᠡᠯ ᠨᠢ ᠬᠦᠴᠦᠲᠡᠢ ᠪᠠᠶᠢᠨ᠎ᠠ᠃ 2023 ᠣᠨ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠠᠩ ᠲᠠᠯᠠᠰᠲᠤ ᠴᠠᠬᠢᠭᠤᠷ ᠤᠨ ᠭᠠᠷᠤᠯᠲᠠ 58.9 ᠲᠦᠮᠡᠨ ᠲᠣᠨ ᠳᠤ | ᠬᠦᠷᠴᠦ᠂ ᠳᠡᠭᠡᠷ᠎ᠡ ᠵᠢᠯ ᠤᠨ ᠬᠢ ᠠᠴᠠ 42.3% ᠪᠠᠷ ᠨᠡᠮᠡᠭᠳᠡᠪᠡ︔ ᠣᠯᠠᠨ ᠲᠠᠯᠠᠰᠲᠤ ᠴᠠᠬᠢᠭᠤᠷ ᠤᠨ ᠭᠠᠷᠤᠯᠲᠠ | 43 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 2.1 ᠳᠠᠬᠢᠨ ᠨᠡᠮᠡᠭᠳᠡᠪᠡ︔ ᠬᠤᠪᠣᠷ ᠰᠢᠷᠣᠶ ᠶᠢᠨ | ᠰᠣᠷᠢᠨᠵᠢᠨ ᠮᠠᠲ᠋ᠧᠷᠢᠶᠠᠯ 2.3 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 18.7% ᠪᠠᠷ | ᠨᠡᠮᠡᠭᠳᠡᠪᠡ︔ ᠰᠠᠯᠬᠢᠨ ᠬᠦᠴᠦ ᠪᠠᠷ ᠴᠠᠬᠢᠯᠭᠠᠨ ᠭᠠᠷᠭᠠᠭᠰᠠᠨ ᠮᠠᠰᠢᠨ ᠴᠣᠭᠴᠠᠯᠠᠪᠤᠷᠢ 322.3 ᠲᠦᠮᠡᠨ | ᠺᠢᠯᠣᠸᠠᠲ ᠲᠤ ᠬᠦᠷᠴᠦ᠂ ᠳᠡᠭᠡᠷ᠎ᠡ ᠵᠢᠯ ᠤᠨ ᠬᠢ ᠠᠴᠠ 67.6% ᠪᠠᠷ ᠨᠡᠮᠡᠭᠳᠡᠪᠡ᠃ | ᠭᠤᠷᠪᠠ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠶᠢ ᠡᠭᠦᠳᠦᠨ ᠬᠥᠭᠵᠢᠭᠦᠯᠵᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ ᠵᠡᠷᠭᠡ ᠪᠠᠷ ᠤᠷᠤᠭᠰᠢᠯᠠᠪᠠ | ︵ᠨᠢᠭᠡ︶ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠳᠡᠭᠡᠭᠰᠢᠯᠡᠵᠦ᠂ ᠵᠣᠬᠢᠴᠠᠯᠳᠤᠨ ᠬᠤᠯᠪᠣᠭᠠᠯᠠᠨ | ᠬᠥᠳᠡᠯᠦᠯᠴᠡᠵᠦ ᠬᠥᠭᠵᠢᠯᠲᠡ ᠲᠡᠩᠴᠡᠭᠦᠷᠢᠲᠡᠶ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠮᠠᠨ ᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠬᠠᠷᠢᠯᠴᠠᠨ ᠠᠬᠢᠭᠤᠯᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠵᠣᠬᠢᠴᠠᠩᠭᠤᠶ ᠪᠠᠷ ᠬᠦᠭᠵᠢᠭᠰᠡᠨ ᠰᠢᠨ᠎ᠡ ᠪᠠᠶᠢᠳᠠᠯ ᠲᠦᠷᠭᠡᠳᠴᠦ | ᠪᠦᠷᠢᠯᠳᠦᠪᠡ᠃ ᠳᠤᠮᠳᠠ ᠬᠡᠰᠡᠭ ᠤᠨ ᠭᠠᠵᠠᠷ ᠣᠷᠣᠨ ᠠᠵᠤ ᠦᠢᠯᠡᠳᠪᠦᠷᠢ ᠶᠢᠨ ᠠᠵᠤ ᠠᠬᠤᠶ ᠶᠢᠨ ︽ᠴᠢᠭᠳᠠᠭ᠎ᠠ︾ | ᠪᠠ ︽ᠵᠦᠭᠯᠡᠭᠦᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ 2023 ᠣᠨ ᠳᠤ ᠮᠠᠨ ᠤ ᠣᠷᠣᠨ ᠤ | ᠳᠤᠮᠳᠠ ᠬᠡᠰᠡᠭ ᠤᠨ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠳᠡᠭᠡᠷ᠎ᠡ ᠵᠢᠯ ᠤᠨ ᠬᠢ ᠠᠴᠠ 10.2% ᠢᠶᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠴᠠ 2.8 ᠵᠠᠭᠤᠨ ᠤ ᠴᠡᠭ ᠥᠨᠳᠦᠷᠵᠢᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ | 2012 ᠣᠨ ᠳᠤ 54.1% ᠪᠠᠶᠢᠭᠰᠠᠨ ᠠᠴᠠ ᠳᠡᠭᠡᠭᠰᠢᠯᠡᠭᠡᠳ 69.6% ᠪᠣᠯᠪᠠ᠃ ᠪᠠᠷᠠᠭᠤᠨ ᠬᠡᠰᠡᠭ ᠤᠨ | ᠭᠠᠵᠠᠷ ᠣᠷᠣᠨ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢ ᠭᠤᠤᠯᠳᠠᠯᠭ᠎ᠠ ᠲᠠᠢ ᠴᠣᠭᠴᠠᠯᠠᠵᠤ᠂ | ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ︽ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ︾ ᠳᠤ ᠢᠳᠡᠪᠬᠢᠲᠡᠶ ᠠᠭᠤᠰᠤᠯᠴᠠᠵᠤ᠂ ᠵᠡᠭᠦᠨ ᠪᠠᠷᠠᠭᠤᠨ ᠬᠡᠰᠡᠭ ᠲᠣᠰ ᠲᠣᠰ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠬᠤᠶᠠᠷ ᠣᠷᠣᠨ ᠪᠦᠰᠡ ᠶᠢᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 2012 ᠣᠨ ᠳᠤ 35.2% ᠪᠠ | 10.8% ᠪᠠᠶᠢᠭᠰᠠᠨ ᠠᠴᠠ 2023 ᠣᠨ ᠳᠤ 20.8% ᠪᠠ 9.6% ᠪᠣᠯᠭᠠᠨ ᠲᠣᠬᠢᠷᠠᠭᠤᠯᠵᠤ᠂ ᠵᠡᠭᠦᠨ | ᠪᠠᠷᠠᠭᠤᠨ ᠬᠡᠰᠡᠭ ᠤᠨ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠪᠠ᠃ | ︵ᠬᠤᠶᠠᠷ︶ ᠪᠣᠬᠢᠷᠳᠣᠯ ᠦᠭᠡᠢ ᠲᠡᠶᠢᠰᠢ ᠵᠠᠮᠨᠠᠨ ᠰᠢᠨ᠎ᠡ ᠡᠨᠧᠷᠭᠢ ᠲᠡᠶᠢᠰᠢ ᠤᠷᠤᠭᠰᠢᠯᠠᠵᠤ᠂ ᠪᠣᠬᠢᠷᠲᠤᠯ | ᠥᠬᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠮᠢᠳᠤᠯᠢᠭ ᠢᠶᠠᠷ ᠦᠢᠯᠡᠳᠦᠯᠭᠡᠵᠢᠭᠦᠯᠪᠡ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠡᠬᠢ ᠪᠠᠶᠠᠯᠢᠭ ᠤᠨ ᠨᠥᠬᠡᠴᠡ ᠬᠦᠴᠦᠨ ᠤ | ᠳᠠᠪᠠᠭᠤᠯᠢᠭ ᠲᠤ ᠪᠠᠨ ᠰᠠᠭᠤᠷᠢᠯᠠᠵᠤ᠂ ᠪᠦᠬᠦ ᠠᠵᠤ ᠦᠢᠯᠡᠰ ᠤᠨ ᠬᠡᠯᠬᠢᠶᠡᠨ ᠤ ᠰᠡᠳᠬᠢᠬᠦᠢ ᠶᠢ ᠪᠠᠷᠢᠮᠲᠠᠯᠠᠵᠤ᠂ ᠰᠢᠨ᠎ᠡ | ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾ ᠤᠨ ᠬᠠᠷᠠᠯᠲᠠ ᠶᠢ ᠲᠠᠬᠢᠨ | ᠴᠣᠭᠴᠠᠯᠠᠵᠤ᠂ ᠰᠢᠨ᠎ᠡ ᠡᠨᠧᠷᠭᠢ ᠶᠢᠨ ᠬᠦᠳᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠤᠨ᠂ ᠬᠤᠪᠣᠷ ᠰᠢᠷᠣᠢ᠂ ᠰᠢᠨ᠎ᠡ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠦᠬᠦ ᠤᠯᠤᠰ ᠲᠠᠬᠢ ᠬᠠᠮᠤᠭ ᠤᠨ ᠶᠡᠭᠡ ︽ᠬᠤᠪᠣᠷ ᠰᠢᠷᠣᠢ + | ᠰᠢᠨ᠎ᠡ ᠮᠠᠲ᠋ᠧᠷᠢᠶᠠᠯ︾᠂ ᠨᠡᠷᠡᠨ ᠤ ᠡᠨᠧᠷᠭᠢ ᠶᠢᠨ ᠲᠠᠯᠠᠰᠲᠤ ᠴᠠᠬᠢᠭᠤᠷ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠵᠢᠴᠢ ᠪᠦᠬᠦ ᠤᠯᠤᠰ ᠲᠠᠬᠢ ᠨᠡᠭᠦᠷᠡᠰᠦ ᠶᠢ ᠲᠦᠯᠡᠰᠢ ᠪᠠᠷ ᠬᠡᠷᠡᠭᠯᠡᠵᠦ ᠪᠠᠶᠢᠭᠰᠠᠨ ᠠᠴᠠ ᠬᠢᠮᠢ ᠶᠢᠨ | ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠨ ᠬᠤᠪᠢᠷᠠᠭᠤᠯᠬᠤ ᠠᠷᠢᠭᠤᠨ ᠴᠡᠪᠡᠷ ᠥᠨᠳᠥᠷ ᠪᠦᠲᠦᠮᠵᠢᠲᠡᠢ | ᠠᠰᠢᠭᠯᠠᠬᠤ ᠴᠢᠬᠤᠯᠠ ᠵᠢᠱᠢᠶ᠎ᠡ ᠦᠵᠡᠭᠦᠯᠬᠦ ᠣᠷᠣᠨ ᠢ ᠪᠦᠷᠢᠯᠳᠦᠭᠦᠯᠪᠡ᠃ 2023 ᠣᠨ ᠳᠤ᠂ ᠮᠠᠨ ᠤ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ | ᠵᠢᠯ ᠤᠨ ᠬᠢ ᠠᠴᠠ 21% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 2.1% ᠪᠣᠯᠪᠠ᠃ ᠰᠢᠨ᠎ᠡ ᠡᠨᠧᠷᠭᠢ | ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 16.1% ᠪᠠᠷ | ᠨᠡᠮᠡᠭᠳᠡᠵᠦ᠂ ᠲᠡᠭᠦᠨ ᠤ ᠭᠤᠤᠯ ᠪᠣᠯᠬᠤ ᠦᠢᠯᠡᠳᠬᠦᠨ ᠨᠡᠷᠡᠨ ᠤ ᠡᠨᠧᠷᠭᠢ ᠶᠢᠨ ᠴᠡᠨᠡᠭ ᠤᠨ ᠦᠢᠯᠡᠳᠬᠦᠨ ᠤ | ᠭᠠᠷᠤᠯᠲᠠ ᠨᠢ 352.7 ᠲᠦᠮᠡᠨ ᠺᠢᠯᠣᠸᠠᠲ ᠲᠤ ᠬᠦᠷᠴᠦ᠂ 21.2 ᠳᠠᠬᠢᠨ ᠨᠡᠮᠡᠭᠳᠡᠪᠡ︔ ᠯᠢᠲ᠋ᠢ ᠢᠶᠣᠨᠲᠤ | ᠴᠡᠨᠡᠭ ᠤᠨ ᠭᠠᠷᠤᠯᠲᠠ ᠨᠢ 2161.4 ᠲᠦᠮᠡ ᠳᠤ ᠬᠦᠷᠴᠦ᠂ 1.7 ᠳᠠᠬᠢᠨ ᠨᠡᠮᠡᠭᠳᠡᠪᠡ᠃ ᠣᠳᠣ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ | ᠵᠢᠯ ᠤᠨ ᠬᠢ ᠠᠴᠠ 15.4% ᠪᠠᠷ ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠠᠬᠢ ᠡᠵᠡᠯᠡᠬᠦ ᠬᠤᠪᠢ ᠶᠢᠨ ᠵᠢᠩ ᠨᠢ 65% ᠳᠤ ᠬᠦᠷᠴᠦ᠂ | ᠲᠡᠭᠦᠨ ᠤ ᠭᠤᠤᠯ ᠪᠣᠯᠬᠤ ᠦᠢᠯᠡᠳᠬᠦᠨ ᠨᠡᠭᠦᠷᠡᠰᠦ ᠪᠠᠷ ᠠᠯᠺᠧᠨ ᠪᠣᠯᠪᠠᠰᠤᠷᠠᠭᠤᠯᠬᠤ ᠦᠢᠯᠡᠳᠬᠦᠨ ᠤ ᠭᠠᠷᠤᠯᠲᠠ ᠨᠢ | 388.2 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 11.5% ᠪᠠᠷ ᠨᠡᠮᠡᠭᠳᠡᠪᠡ᠃ | ︵ᠭᠤᠷᠪᠠ︶ ᠡᠷᠴᠢᠮᠵᠢᠭᠦᠯᠵᠦ ᠲᠦᠪᠯᠡᠷᠡᠭᠦᠯᠬᠦ ᠬᠢᠷᠢ ᠲᠦᠪᠰᠢᠨ ᠳᠡᠭᠡᠭᠰᠢᠯᠡᠵᠦ᠂ ᠣᠷᠣᠨ ᠪᠦᠰᠡ ᠶᠢᠨ ᠠᠵᠤ | ᠠᠬᠤᠶ ᠶᠢᠨ ᠬᠥᠭᠵᠢᠯᠲᠡ ᠲᠦᠷᠭᠡᠳᠪᠡ᠃ 20 ᠳ᠋ᠤᠭᠠᠷ ᠵᠠᠭᠤᠨ ᠤ ᠶᠡᠷᠡᠭᠡᠳ ᠣᠨ ᠤ ᠡᠬᠢ ᠪᠠᠷ᠂ ᠮᠠᠨ ᠤ ᠣᠷᠣᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠰᠢᠭᠡ ᠶᠢ ᠰᠡᠬᠦᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠳᠠᠭᠠᠭᠠᠬᠤ ᠴᠢᠳᠠᠮᠵᠢ ᠪᠠ ᠲᠥᠪᠯᠡᠷᠡᠯ ᠤᠨ ᠦᠢᠯᠡᠳᠦᠯ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠡᠬᠢ | ᠪᠠᠶᠠᠯᠢᠭ᠂ ᠴᠢᠳᠠᠪᠤᠷᠢᠲᠠᠨ᠂ ᠮᠡᠳᠡᠭᠡ ᠵᠠᠩᠭᠢ᠂ ᠮᠡᠷᠭᠡᠵᠢᠯ ᠪᠠ ᠠᠵᠤ ᠦᠢᠯᠡᠰ ᠤᠨ ᠲᠥᠪᠯᠡᠷᠡᠯ ᠢ ᠪᠡᠶᠡᠯᠡᠭᠦᠯᠵᠦ᠂ | ᠠᠵᠤ ᠦᠢᠯᠡᠳᠪᠦᠷᠢ ᠶᠢᠨ ᠰᠢᠨ᠎ᠡ ᠡᠭᠦᠳᠦᠯᠲᠡ᠂ ᠵᠣᠬᠢᠴᠠᠭᠤᠯᠭ᠎ᠠ᠂ ᠪᠣᠬᠢᠷᠲᠤᠯ ᠦᠭᠡᠶ᠂ ᠨᠡᠬᠡᠬᠡᠯᠲᠡᠲᠦ | ᠬᠥᠭᠵᠢᠯᠲᠡ ᠶᠢ ᠳᠠᠶᠢᠴᠢᠯᠠᠵᠤ᠂ ᠣᠷᠣᠨ ᠪᠦᠰᠡ ᠶᠢᠨ ᠠᠵᠤ ᠠᠬᠤᠶ ᠶᠢᠨ ᠦᠷᠭᠦᠯᠵᠢᠯᠡᠬᠦ᠋ᠢᠴᠡ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠪᠡ᠃ 2023 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 2053 ᠪᠠᠶᠢᠵᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠢᠭᠡᠴᠢ | ᠲᠤᠭ᠎ᠠ ᠶᠢᠨ 54.3% ᠶᠢ ᠡᠵᠡᠯᠡᠵᠦ᠂ ᠦᠢᠯᠡᠳᠬᠦᠨ ᠤ ᠥᠷᠲᠡᠭ ᠨᠢ 68.1% ᠶᠢ ᠡᠵᠡᠯᠡᠵᠦ᠂ ᠡᠵᠡᠩᠨᠡᠯᠲᠡ ᠶᠢᠨ | ᠣᠷᠣᠯᠭ᠎ᠠ ᠨᠢ 67.6% ᠶᠢ ᠡᠵᠡᠯᠡᠵᠦ᠂ ᠠᠰᠢᠭ ᠬᠤᠨᠵᠢᠪᠣᠷᠢ ᠨᠢ 46.8% ᠶᠢ ᠡᠵᠡᠯᠡᠪᠡ᠃ ᠪᠦᠬᠦ ᠣᠷᠣᠨ ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠠᠭᠠᠰ ᠢᠯᠡᠭᠦᠦ ᠠᠵᠤ ᠠᠬᠤᠶᠢᠯᠠᠯ ᠢ ᠲᠥᠪᠯᠡᠷᠡᠭᠦᠯᠵᠦ᠂ | ᠵᠢᠷᠭᠤᠭᠠᠨ ᠬᠤᠪᠢ ᠢᠯᠡᠭᠦᠦ ᠶᠢᠨ ᠦᠢᠯᠡᠳᠬᠦᠨ ᠤ ᠥᠷᠲᠡᠭ ᠪᠠ ᠡᠵᠡᠩᠨᠡᠯᠲᠡ ᠶᠢᠨ ᠣᠷᠣᠯᠭ᠎ᠠ ᠶᠢ ᠡᠭᠦᠳᠪᠡ᠃ ᠪᠥᠬᠦ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠶ ᠥᠷᠲᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ ᠬᠦᠷᠢᠶᠡᠯᠡᠩ ᠲᠣᠭᠤᠷᠢᠭ 5 ᠪᠠᠶᠢᠵᠤ᠂ ᠲᠣᠰ | ᠲᠣᠰ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ | ᠪᠤᠭᠤᠲᠤ ᠶᠢᠨ ᠬᠥᠨᠳᠡᠯᠡᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠣᠷᠳᠣᠰ ᠤᠨ ᠵᠡᠭᠦᠨᠭᠠᠷ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ᠂ ᠲᠦᠩᠯᠢᠶᠣᠤ ᠶᠢᠨ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠠ ᠣᠷᠳᠣᠰ ᠤᠨ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠪᠣᠯᠤᠨ᠎ᠠ︔ 1000 ᠳ᠋ᠦᠩᠰᠢᠭᠤᠷ ᠲᠥᠭᠦᠷᠢᠭ ᠢ ᠳᠠᠪᠠᠭᠰᠠᠨ ᠬᠦᠷᠢᠶᠡᠯᠡᠩ ᠲᠣᠭᠤᠷᠢᠭ 3 ᠪᠠᠶᠢᠵᠤ᠂ | ᠲᠣᠰ ᠲᠣᠰ ᠪᠤᠭᠤᠲᠤ ᠶᠢᠨ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ᠂ ᠣᠷᠳᠣᠰ ᠤᠨ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠣᠯᠤᠨ ᠤᠯᠠᠭᠠᠨᠬᠠᠳᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠤᠨ᠎ᠠ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠲᠦᠷᠭᠡᠨ | ᠳᠠᠪᠰᠢᠯᠲᠠ ᠲᠠᠢ ᠪᠣᠯᠵᠣ᠂ ᠠᠵᠤ ᠦᠢᠯᠡᠰ ᠤᠨ ᠰᠠᠭᠤᠷᠢ ᠲᠠᠰᠤᠷᠠᠯᠲᠠ ᠥᠬᠡᠶ ᠪᠠᠬᠢᠵᠢᠵᠦ᠂ ᠠᠵᠤ ᠦᠢᠯᠡᠰ ᠤᠨ | ᠪᠦᠲᠦᠴᠡ ᠦᠷᠭᠦᠯᠵᠢᠯᠡᠨ ᠰᠢᠯᠢᠳᠡᠭᠵᠢᠭᠰᠡᠨ ᠪᠣᠯᠪᠠᠴᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ | ᠪᠠᠰᠠ ᠮᠠᠰᠢ ᠣᠯᠠᠨ ᠬᠦᠴᠢᠷ ᠢ ᠲᠤᠭᠤᠯᠬᠤ ᠴᠢᠬᠤᠯᠠᠲᠠᠢ ᠮᠥᠷᠲᠡᠭᠡᠨ ᠪᠠᠰᠠ ᠮᠠᠰᠢ ᠣᠯᠠᠨ ᠵᠠᠮ ᠢᠶᠠᠷ ᠵᠠᠮᠨᠠᠬᠤ | ᠴᠢᠬᠤᠯᠠᠲᠠᠢ ᠶᠤᠮ ᠪᠠᠶᠢᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ | ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ | ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠢ ᠨᠠᠩ ᠰᠠᠶᠢᠲᠤᠷ ᠪᠠᠲᠤᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠣᠲᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ | ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ | ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠭᠤᠭᠴᠤᠭ᠎ᠠ ᠶᠢ ᠰᠢᠯᠢᠳᠡᠭᠵᠢᠭᠦᠯᠦᠨ ᠨᠥᠬᠦᠪᠥᠷᠢᠯᠡᠵᠦ᠂ | ᠣᠷᠣᠨ ᠪᠦᠰᠡ ᠶᠢᠨ ᠳᠠᠪᠠᠭᠤᠯᠢᠭ ᠲᠠᠢ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠬᠤᠴᠤᠷᠤᠩᠭᠤᠢ ᠪᠠᠶᠢᠳᠠᠯ ᠢ ᠡᠪᠳᠡᠨ | ᠰᠢᠪᠲᠤᠯᠤᠯᠲᠠ ᠭᠠᠷᠭᠠᠵᠤ᠂ ᠣᠷᠣᠨ ᠪᠠᠶᠢᠷᠢ ᠶᠢ ᠨᠢ ᠤᠷᠤᠭᠰᠢᠯᠠᠭᠤᠯᠤᠨ ᠳᠡᠰ ᠳᠡᠪᠰᠢᠭᠦᠯᠬᠦ ᠶᠢ ᠬᠦᠴᠦᠯᠡᠨ | ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠪᠣᠯᠭᠠᠨ᠎ᠠ᠃ |