ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠠᠵᠤ ᠠᠬᠤᠶ ᠶᠢᠨ ᠪᠣᠳᠠᠲᠤ ᠬᠦᠴᠦᠨ | ᠢᠯᠡᠳᠲᠡ ᠴᠢᠩᠭᠠᠷᠠᠬᠤ ᠶᠢ ᠳᠠᠭᠠᠯᠳᠤᠨ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ | ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠰᠢᠨ᠎ᠡ ᠠᠵᠤ ᠠᠬᠤᠶ ᠰᠢᠨ᠎ᠡ ᠬᠥᠳᠡᠯᠭᠡᠬᠦ ᠬᠦᠴᠦᠨ | ᠲᠠᠰᠤᠷᠠᠯᠲᠠ ᠥᠬᠡᠶ ᠢᠯᠡᠷᠡᠵᠦ᠂ ᠠᠵᠤ ᠠᠬᠤᠶ ᠶᠢᠨ ᠨᠡᠮᠡᠭᠳᠡᠯ ᠢ ᠠᠬᠢᠭᠤᠯᠬᠤ᠂ ᠠᠵᠢᠯ ᠣᠯᠭᠤᠬᠤ᠂ ᠦᠢᠯᠡᠴᠢᠯᠡᠬᠦ | ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ | ᠨᠢᠭᠡ᠂ ᠬᠡᠪᠴᠢᠶᠡᠵᠢᠯ ᠦᠷᠭᠦᠯᠵᠢᠯᠡᠨ ᠪᠤᠵᠠᠭᠠᠶᠢᠷᠠᠵᠤ᠂ ᠬᠤᠪᠢ ᠨᠡᠮᠡᠷᠢ ᠦᠵᠡᠭᠦᠯᠬᠦ ᠦᠢᠯᠡᠳᠦᠯ ᠢᠯᠡᠳᠲᠡ | ᠳᠡᠭᠡᠭᠰᠢᠯᠡᠪᠡ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠣᠷᠣᠨ ᠤ ᠦᠢᠯᠡᠴᠢᠯᠡᠭᠡᠨ ᠤ | ᠦᠢᠯᠡᠰ ᠬᠤᠴᠣᠷᠤᠩᠭᠤᠶ ᠪᠠᠶᠢᠭᠰᠠᠨ ᠠᠴᠠ ᠪᠠᠨ ᠥᠷᠨᠢᠨ ᠬᠥᠭᠵᠢᠬᠦ ᠶᠢᠨ ᠴᠢᠬᠤᠯᠠ ᠶᠡᠭᠡ ᠳᠠᠪᠠᠯᠲᠠ ᠶᠢ | ᠪᠡᠶᠡᠯᠡᠭᠦᠯᠪᠡ᠃ 1952 — 2023 ᠣᠨ ᠪᠣᠯᠬᠤ ᠳᠤ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ | ᠨᠡᠮᠡᠭᠳᠡᠯ ᠥᠷᠲᠡᠭ 2.2 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 10186 ᠳ᠋ᠦᠩᠰᠢᠭᠤᠷ | ᠲᠥᠭᠦᠷᠢᠭ ᠪᠣᠯᠪᠠ︔ ᠬᠤᠪᠢᠷᠠᠬᠤ ᠦᠭᠡᠢ ᠦᠨ᠎ᠡ ᠪᠠᠷ ᠪᠤᠳᠤᠪᠠᠯ᠂ ᠵᠢᠯ ᠪᠦᠷᠢ ᠳᠤᠮᠳᠠᠴᠢ ᠪᠠᠷ 10.4% | ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠵᠢᠯ ᠤᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ 1.6 ᠵᠠᠭᠤᠨ ᠤ ᠴᠡᠭ ᠥᠨᠳᠥᠷ ᠪᠠᠶᠢᠪᠠ︔ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠬᠤᠪᠢ ᠶᠢᠨ ᠵᠢᠩ ᠨᠢ 17.6% ᠪᠠᠶᠢᠭᠰᠠᠨ ᠠᠴᠠ ᠪᠠᠨ ᠳᠡᠭᠡᠭᠰᠢᠯᠡᠭᠡᠳ 41.4% ᠪᠣᠯᠵᠤ᠂ 23. | 8 ᠵᠠᠭᠤᠨ ᠤ ᠴᠡᠭ ᠳᠡᠭᠡᠭᠰᠢᠯᠡᠪᠡ︔ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ ᠨᠢ 1990 ᠣᠨ ᠤ 13.3% ᠪᠠᠶᠢᠭᠰᠠᠨ ᠠᠴᠠ ᠪᠠᠨ ᠳᠡᠭᠡᠭᠰᠢᠯᠡᠭᠡᠳ 2023 ᠣᠨ ᠳᠤ 45.6% | ᠪᠣᠯᠵᠤ᠂ 32.3 ᠵᠠᠭᠤᠨ ᠤ ᠴᠡᠭ ᠳᠡᠭᠡᠭᠰᠢᠯᠡᠪᠡ᠃ | ︵ᠨᠢᠭᠡ︶ ᠦᠭᠡᠷᠡᠴᠢᠯᠡᠯᠳᠡ ᠨᠡᠭᠡᠭᠡᠯᠳᠡ ᠡᠬᠢᠯᠡᠬᠦ ᠠᠴᠠ ᠡᠮᠦᠨᠡᠬᠢ ᠶᠢ ᠪᠣᠳᠣᠪᠠᠯ ᠥᠷᠭᠡᠳᠴᠦ ᠨᠡᠮᠡᠭᠳᠡᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠪᠦᠬᠦ ᠣᠷᠣᠨ ᠤ ᠦᠢᠯᠡᠴᠢᠯᠡᠭᠡᠨ ᠤ | ᠦᠢᠯᠡᠰ ᠨᠢ ᠭᠤᠣᠯᠳᠠᠭᠤ ᠠᠮᠢᠳᠤᠷᠠᠯ ᠤᠨ ᠬᠡᠷᠡᠭᠴᠡᠭᠡᠨ ᠤ ᠴᠢᠨᠠᠷᠲᠠᠢ ᠦᠢᠯᠡᠴᠢᠯᠡᠭᠡᠨ ᠤ ᠦᠢᠯᠡᠰ ᠪᠠᠶᠢᠵᠤ᠂ ᠠᠵᠤ | ᠠᠬᠤᠢ ᠶᠢᠨ ᠶᠡᠷᠦᠩᠬᠡᠢ ᠬᠡᠮᠵᠢᠶᠡᠨ ᠳᠠᠬᠢ ᠡᠵᠡᠯᠡᠬᠦ ᠬᠤᠪᠢ ᠶᠢᠨ ᠵᠢᠩ ᠨᠢ ᠪᠠᠭ᠎ᠠ᠂ ᠬᠥᠭᠵᠢᠯᠲᠡ ᠶᠢᠨ ᠬᠢᠷᠢ | ᠲᠦᠪᠰᠢᠨ ᠨᠢ ᠬᠤᠴᠣᠷᠤᠩᠭᠤᠢ ᠪᠠᠶᠢᠪᠠ᠃ 1952 ᠣᠨ ᠳᠤ ᠮᠠᠨ ᠤ ᠣᠷᠣᠨ ᠤ ᠭᠤᠷᠪᠠᠨ ᠠᠵᠤ ᠦᠢᠯᠡᠰ ᠤᠨ | ᠪᠦᠲᠦᠴᠡ ᠨᠢ 71.1᠄ 11.3᠄ 17.6 ᠪᠠᠶᠢᠵᠤ᠂ ᠠᠵᠤ ᠠᠬᠤᠶ ᠶᠢᠨ ᠬᠥᠭᠵᠢᠯᠲᠡ ᠨᠢ ᠲᠠᠷᠢᠶᠠᠯᠠᠩ ᠢᠶᠠᠷ ᠭᠤᠣᠯ | ᠪᠣᠯᠭᠠᠵᠤ᠂ ᠦᠢᠯᠡᠴᠢᠯᠡᠭᠡᠨ ᠤ ᠦᠢᠯᠡᠰ ᠤᠨ ᠬᠡᠪᠴᠢᠶᠡᠵᠢᠯ ᠪᠠᠭ᠎ᠠ᠂ ᠬᠥᠭᠵᠢᠯᠲᠡ ᠤᠳᠠᠭᠠᠨ ᠪᠠᠶᠢᠵᠠᠢ᠃ | 1952 — 1978 ᠣᠨ ᠪᠣᠯᠬᠤ ᠳᠤ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ | 2.2 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 12.7 ᠳ᠋ᠦᠩᠰᠢᠭᠤᠷ ᠲᠥᠭᠦᠷᠢᠭ ᠪᠣᠯᠵᠤ᠂ ᠵᠢᠯ | ᠪᠦᠷᠢ ᠳᠤᠮᠳᠠᠴᠢ ᠪᠠᠷ 6.7% ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ | ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.7 ᠵᠠᠭᠤᠨ ᠤ ᠴᠡᠭ ᠲᠥᠷᠭᠡᠳᠪᠡ᠃ 1978 ᠣᠨ ᠳᠤ | ᠮᠠᠨ ᠤ ᠣᠷᠣᠨ ᠤ ᠭᠤᠷᠪᠠᠨ ᠠᠵᠤ ᠦᠢᠯᠡᠰ ᠤᠨ ᠪᠦᠲᠦᠴᠡ 32.7᠄ 45.4᠄ 21.9 ᠪᠠᠶᠢᠵᠤ᠂ ᠬᠤᠶᠠᠳᠤᠭᠠᠷ | ᠠᠵᠤ ᠦᠢᠯᠡᠰ ᠨᠢ ᠲᠤᠯᠭᠠᠭᠤᠷᠢ ᠠᠵᠤ ᠦᠢᠯᠡᠰ ᠪᠣᠯᠣᠨ ᠳᠡᠭᠡᠭᠰᠢᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠲᠠᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠤᠪᠢ ᠶᠢᠨ ᠵᠢᠩ ᠨᠢ | ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠠᠴᠠ ᠲᠤᠰ ᠲᠤᠰ 10.8 ᠪᠣᠯᠣᠨ 23.5 ᠵᠠᠭᠤᠨ ᠤ | ᠴᠡᠭ ᠳᠣᠣᠷ᠎ᠠ ᠪᠠᠶᠢᠵᠤ᠂ 1952 ᠣᠨ ᠤ ᠬᠢ ᠬᠤᠪᠢ ᠶᠢᠨ ᠵᠢᠩ ᠠᠴᠠ ᠵᠥᠪᠬᠡᠨ 4.3% ᠳᠡᠭᠡᠭᠰᠢᠯᠡᠵᠦ᠂ ᠪᠦᠬᠦ | ᠣᠷᠣᠨ ᠤ ᠠᠵᠤ ᠠᠬᠤᠢ ᠳᠤ ᠦᠢᠯᠡᠴᠢᠯᠡᠭᠡᠨ ᠤ ᠦᠢᠯᠡᠰ ᠤᠨ ᠦᠵᠡᠭᠦᠯᠬᠦ ᠲᠤᠯᠭᠠᠭᠤᠷᠢᠯᠠᠬᠤ ᠦᠢᠯᠡᠳᠦᠯ | ᠬᠢᠵᠠᠭᠠᠷ ᠲᠠᠢ ᠪᠠᠶᠢᠪᠠ᠃ | ︵ᠬᠤᠶᠠᠷ︶ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ ᠲᠦᠷᠭᠡᠨ ᠬᠥᠭᠵᠢᠪᠡ᠃ ᠥᠭᠡᠷᠡᠴᠢᠯᠡᠯᠲᠡ | ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠮᠬᠢ | ᠵᠢᠷᠤᠮ ᠲᠠᠢ ᠪᠠᠷ ᠠᠬᠢᠬᠤ ᠶᠢ ᠳᠠᠭᠠᠯᠳᠤᠨ᠂ ᠠᠵᠤ ᠠᠬᠤᠶ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ | ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠦᠢᠯᠡᠳᠪᠦᠷᠢᠯᠡᠯ ᠤᠨ ᠴᠢᠨᠠᠷᠲᠠᠶ ᠪᠠ ᠠᠮᠢᠳᠤᠷᠠᠯ ᠤᠨ | ᠬᠡᠷᠡᠭᠴᠡᠭᠡᠨ ᠤ ᠴᠢᠨᠠᠷᠲᠠᠶ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠪᠠᠷ ᠨᠡᠮᠡᠭᠳᠡᠵᠦ᠂ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ | ᠥᠷᠲᠡᠭ ᠲᠤᠰ ᠲᠤᠰ 1989 ᠣᠨ᠂ 2003 ᠣᠨ᠂ 2014 ᠣᠨ ᠳᠤ 100 ᠳ᠋ᠦᠩᠰᠢᠭᠤᠷ᠂ 1000 | ᠳ᠋ᠦᠩᠰᠢᠭᠤᠷ᠂ 5000 ᠳ᠋ᠦᠩᠰᠢᠭᠤᠷ ᠲᠥᠭᠦᠷᠢᠭ ᠤᠨ ᠲᠣᠮᠣ ᠪᠣᠭᠤᠮᠲᠠ ᠶᠢ ᠵᠠᠯᠭᠠᠭ᠎ᠠ ᠪᠠᠷ ᠰᠢᠪᠲᠤᠯᠵᠤ᠂ | GDP ᠳᠠᠬᠢ ᠡᠵᠡᠯᠡᠬᠦ ᠬᠤᠪᠢ ᠶᠢᠨ ᠵᠢᠩ ᠨᠢ ᠲᠤᠰ ᠪᠦᠷᠢ 1985 ᠣᠨ᠂ 2001 ᠣᠨ ᠳᠤ 30% ᠪᠠ | 40% ᠪᠠᠷ ᠳᠠᠪᠠᠪᠠ᠃ 1978 — 2012 ᠣᠨ ᠪᠣᠯᠬᠤ ᠳᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ | ᠥᠷᠲᠡᠭ ᠵᠢᠯ ᠪᠦᠷᠢ ᠳᠤᠮᠳᠠᠴᠢ ᠪᠠᠷ 14.6% ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠤᠨ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.8 ᠵᠠᠭᠤᠨ ᠤ ᠴᠡᠭ ᠥᠨᠳᠥᠷ ᠪᠠᠶᠢᠵᠤ᠂ | ᠬᠤᠶᠠᠳᠤᠭᠠᠷ ᠠᠵᠤ ᠦᠢᠯᠡᠰ ᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.7 ᠵᠠᠭᠤᠨ ᠤ ᠴᠡᠭ | ᠲᠥᠷᠭᠡᠳᠪᠡ᠃ ᠢᠯᠠᠩᠭᠤᠶ᠎ᠠ 1992 — 2012 ᠣᠨ ᠤ ᠬᠤᠭᠤᠴᠠᠭᠠᠨ ᠳᠤ᠂ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 21 ᠵᠢᠯ ᠳᠠᠷᠠᠭᠠᠯᠠᠨ ᠬᠤᠶᠠᠷ ᠣᠷᠣᠨᠲᠤ | ᠲᠤᠭ᠎ᠠ ᠪᠠᠷ ᠨᠡᠮᠡᠭᠳᠡᠪᠡ᠃ | ︵ᠭᠤᠷᠪᠠ︶ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠴᠢᠨᠠᠷ ᠰᠠᠶᠢᠲᠠᠢ ᠬᠥᠭᠵᠢᠯᠲᠡ | ᠲᠡᠶᠢᠰᠢ ᠠᠬᠢᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠦᠢᠯᠡᠴᠢᠯᠡᠭᠡᠨ ᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠡᠦᠬᠡᠨ ᠠᠵᠠ ᠲᠣᠬᠢᠶᠠᠯ ᠤᠨ ᠬᠤᠭᠤᠴᠠᠭ᠎ᠠ ᠪᠣᠯᠤᠨ | ᠪᠠᠶᠢᠯᠳᠤᠬᠤ ᠪᠤᠳᠤᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠡᠵᠡᠮᠳᠡᠵᠦ᠂ ᠦᠢᠯᠡᠴᠢᠯᠡᠭᠡᠨ ᠤ ᠦᠢᠯᠡᠰ ᠤᠨ | ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠮᠠᠨ ᠤ | ᠣᠷᠣᠨ ᠤ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ ᠬᠥᠭᠵᠢᠯᠲᠡ ᠶᠢᠨ ᠲᠦᠷᠭᠡᠨ ᠵᠠᠮ ᠳᠤ ᠣᠷᠣᠭᠤᠯᠪᠠ᠃ | 2023 ᠣᠨ ᠳᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠦᠷᠢᠭ ᠤᠨ | ᠰᠢᠨ᠎ᠡ ᠳᠡᠭᠲᠡᠷ ᠲᠤ ᠭᠠᠷᠴᠤ᠂ 10186 ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ 2.3 ᠳᠠᠬᠢᠨ | ᠪᠣᠯᠵᠣ᠂ ᠵᠢᠯ ᠪᠦᠷᠢ ᠳᠤᠮᠳᠠᠴᠢ ᠪᠠᠷ 6.4% ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠴᠡᠭ ᠲᠥᠷᠭᠡᠳᠴᠦ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 41. | 9% ᠪᠠᠶᠢᠭᠰᠠᠨ ᠠᠴᠠ ᠪᠠᠨ ᠳᠡᠭᠡᠭᠰᠢᠯᠡᠭᠡᠳ 45.6% ᠪᠣᠯᠵᠣ᠂ ᠬᠡᠮᠵᠢᠶᠡᠨ ᠤ ᠬᠤᠷᠠᠮᠳᠤᠭᠤᠯᠤᠯ ᠪᠠ ᠴᠢᠨᠠᠷ ᠤᠨ | ᠳᠠᠪᠠᠯᠲᠠ ᠶᠢ ᠪᠡᠶᠡᠯᠡᠭᠦᠯᠪᠡ᠃ 2023 ᠣᠨ ᠳᠤ᠂ ᠮᠠᠨ ᠤ ᠣᠷᠣᠨ ᠤ ᠭᠤᠷᠪᠠᠨ ᠠᠵᠤ ᠦᠢᠯᠡᠰ ᠤᠨ ᠪᠦᠲᠦᠴᠡ | 11.1᠄ 47.5᠄ 41.4 ᠪᠠᠶᠢᠵᠤ᠂ ᠦᠢᠯᠡᠴᠢᠯᠡᠭᠡᠨ ᠤ ᠦᠢᠯᠡᠰ ᠠᠯᠬᠤᠮ ᠠᠯᠬᠤᠮ ᠢᠶᠠᠷ ᠠᠵᠤ ᠠᠬᠤᠢ ᠶᠢᠨ | ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠠᠵᠤ ᠦᠢᠯᠡᠰ ᠪᠣᠯᠪᠠ᠃ | ᠬᠤᠶᠠᠷ᠂ ᠪᠦᠲᠦᠴᠡ ᠦᠷᠭᠦᠯᠵᠢᠯᠡᠨ ᠰᠢᠯᠢᠳᠡᠭᠵᠢᠵᠦ᠂ ᠰᠢᠨ᠎ᠡ ᠬᠦᠳᠡᠯᠭᠡᠬᠦ ᠬᠦᠴᠦᠨ ᠢᠶᠠᠷ ᠰᠢᠨ᠎ᠡ | ᠠᠮᠢᠵᠢᠷᠠᠯ ᠤᠨ ᠬᠦᠴᠦᠨ ᠢ ᠬᠦᠭᠵᠢᠭᠡᠪᠡ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠣᠷᠣᠨ ᠤ ᠠᠵᠤ | ᠦᠢᠯᠡᠰ ᠤᠨ ᠪᠦᠲᠦᠴᠡ ᠨᠢ ᠲᠠᠷᠢᠶᠠᠯᠠᠩ ᠪᠠ ᠠᠵᠤ ᠦᠢᠯᠡᠳᠪᠦᠷᠢ ᠶᠢᠨ ᠭᠠᠭᠴᠠ ᠲᠦᠢᠯᠰᠢᠷᠠᠯ ᠤᠨ ᠲᠤᠯᠭᠠᠭᠤᠷᠢᠯᠠᠬᠤ | ᠪᠦᠲᠦᠴᠡ ᠠᠴᠠ ᠭᠤᠷᠪᠠᠨ ᠠᠵᠤ ᠦᠢᠯᠡᠰ ᠤᠨ ᠬᠠᠮᠵᠢᠯᠴᠠᠨ ᠬᠠᠮᠲᠤ ᠪᠠᠷ ᠤᠷᠤᠭᠰᠢᠯᠠᠬᠤ ᠣᠯᠠᠨ ᠲᠦᠢᠯᠰᠢᠷᠠᠯ ᠤᠨ | ᠲᠤᠯᠭᠠᠭᠤᠷᠢᠯᠠᠬᠤ ᠪᠦᠲᠦᠴᠡ ᠪᠣᠯᠵᠤ ᠠᠯᠬᠤᠮ ᠠᠯᠬᠤᠮ ᠢᠶᠠᠷ ᠰᠢᠯᠢᠳᠡᠭᠵᠢᠪᠡ᠃ ᠡᠨᠡ ᠬᠦ ᠠᠬᠢᠴᠠ ᠳᠤ | ᠦᠢᠯᠡᠴᠢᠯᠡᠭᠡᠨ ᠤ ᠦᠢᠯᠡᠰ ᠴᠢᠬᠤᠯᠠ ᠦᠢᠯᠡᠳᠦᠯ ᠦᠵᠡᠭᠦᠯᠪᠡ᠃ | ︵ᠨᠢᠭᠡ︶ ᠳᠣᠲᠣᠭᠠᠳᠤ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠪᠦᠬᠦ ᠣᠷᠣᠨ ᠤ ᠦᠢᠯᠡᠴᠢᠯᠡᠭᠡᠨ ᠤ ᠦᠢᠯᠡᠰ ᠨᠢ | ᠭᠤᠣᠯᠳᠠᠭᠤ ᠡᠩ ᠤᠨ ᠠᠮᠢᠳᠤᠷᠠᠯ ᠤᠨ ᠬᠡᠷᠡᠭᠴᠡᠭᠡᠨ ᠤ ᠦᠢᠯᠡᠴᠢᠯᠡᠭᠡᠨ ᠤ ᠦᠢᠯᠡᠰ ᠢᠶᠠᠷ ᠭᠤᠣᠯ ᠪᠣᠯᠭᠠᠵᠤ᠂ | ᠪᠠᠭᠲᠠᠭᠠᠮᠵᠢ ᠪᠠᠷ ᠪᠠᠭ᠎ᠠ᠂ ᠪᠦᠲᠦᠴᠡ ᠨᠢ ᠳᠠᠩ ᠴᠤᠯᠭᠤᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ | ᠨᠠᠭᠠᠰᠢ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠵᠦ᠂ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ ᠲᠠᠬᠢ ᠵᠠᠮ ᠬᠠᠷᠢᠯᠴᠠᠭ᠎ᠠ ᠲᠡᠭᠡᠭᠡᠪᠦᠷᠢ ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ | ᠦᠢᠯᠡᠰ᠂ ᠪᠥᠭᠡᠮ ᠢᠶᠠᠷ ᠪᠠ ᠵᠢᠵᠢᠭᠯᠡᠨ ᠬᠤᠳᠠᠯᠳᠤᠬᠤ ᠬᠢᠭᠡᠳ ᠬᠤᠨᠤᠭ ᠪᠠᠭᠤᠳᠠᠯ ᠢᠳᠡᠭᠡᠨ ᠤᠮᠳᠠᠭᠠᠨ ᠤ | ᠦᠢᠯᠡᠰ ᠤᠨ ᠡᠵᠡᠯᠡᠬᠦ ᠬᠤᠪᠢ ᠶᠢᠨ ᠵᠢᠩ ᠨᠢ 2002 ᠣᠨ ᠳᠤ ᠣᠷᠭᠢᠯ ᠳᠤ ᠪᠠᠨ ᠬᠦᠷᠴᠦ᠂ ᠬᠤᠪᠢ ᠶᠢᠨ ᠵᠢᠩ ᠨᠢ | 62.9% ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠭᠦᠯᠡᠨ ᠪᠤᠳᠤᠯᠳᠠ᠂ ᠲᠤᠮᠤ | ᠳ᠋ᠠᠶᠢᠲ᠋ᠠ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠲᠥᠯᠥᠪ ᠤᠨ ᠦᠳᠲᠡᠷ ᠲᠦᠷᠭᠡᠨ ᠬᠥᠭᠵᠢᠬᠦ ᠶᠢ ᠳᠠᠭᠠᠯᠳᠤᠨ᠂ | ᠮᠥᠩᠭᠦᠨ ᠭᠦᠢᠯᠭᠡᠭᠡ ᠳᠠᠭᠠᠳᠬᠠᠯ᠂ ᠭᠡᠷ ᠪᠠᠶᠢᠰᠢᠩ ᠭᠠᠵᠠᠷ ᠬᠦᠷᠦᠩᠭᠡ᠂ ᠵᠢᠭᠤᠯᠴᠢᠯᠠᠯ᠂ ᠨᠡᠶᠢᠭᠡᠮ ᠤᠨ ᠦᠢᠯᠡᠴᠢᠯᠡᠭᠡ | ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠠᠯᠬᠤᠮ ᠠᠯᠬᠤᠮ ᠢᠶᠠᠷ ᠥᠷᠨᠢᠨ ᠬᠥᠭᠵᠢᠪᠡ᠃ 2023 | ᠣᠨ ᠳᠤ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠨᠢ 510.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠠᠬᠢ ᠬᠤᠪᠢ ᠶᠢᠨ ᠵᠢᠩ ᠨᠢ 5% ᠳᠤ ᠬᠦᠷᠴᠦ᠂ ᠮᠥᠩᠭᠦᠨ | ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠨᠢ 1081 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠩᠬ᠎ᠠ | ᠤᠳᠠᠭ᠎ᠠ 1000 ᠳ᠋ᠦᠩᠰᠢᠭᠤᠷ ᠲᠥᠭᠦᠷᠢᠭ ᠢ ᠳᠠᠪᠠᠵᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠠᠬᠢ | ᠡᠵᠡᠯᠡᠬᠦ ᠬᠤᠪᠢ ᠶᠢᠨ ᠵᠢᠩ ᠨᠢ 10.6% ᠳᠤ ᠬᠥᠷᠪᠡ᠃ | ︵ᠬᠤᠶᠠᠷ︶ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠮᠠᠰᠢ ᠲᠦᠷᠭᠡᠨ ᠪᠣᠯᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠰᠤᠷᠠᠯᠲᠠ ᠤᠢᠭᠡᠢ ᠳᠠᠪᠰᠢᠬᠤ ᠪᠠ ᠵᠠᠬ᠎ᠠ ᠳᠡᠯᠭᠡᠭᠦᠷ ᠤᠯᠠᠮ ᠨᠢᠭᠡ | ᠠᠯᠬᠤᠮ ᠴᠢᠯᠦᠭᠡᠲᠠᠢ ᠪᠣᠯᠬᠤ ᠶᠢ ᠳᠠᠭᠠᠯᠳᠤᠨ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠰᠠᠶᠢᠨ | ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠠᠮᠢ ᠠᠬᠤᠶ ᠶᠢᠨ ᠬᠠᠮᠠᠭᠠᠯᠠᠯᠲᠠ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ᠂ ᠢᠨᠲ᠋ᠧᠷ | ᠰᠦᠯᠵᠢᠶᠡᠨ ᠤ ᠬᠠᠮᠢᠶ᠎ᠠ ᠪᠥᠬᠦᠶ ᠦᠢᠯᠡᠴᠢᠯᠡᠭᠡ ᠪᠠ ᠵᠥᠭᠡᠯᠡᠨ ᠬᠡᠷᠡᠭᠰᠡᠯ ᠤᠨ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠲᠤᠭ᠎ᠠ ᠲᠣᠰ ᠲᠣᠰ 294 ᠡᠷᠦᠬᠡ᠂ 231 ᠡᠷᠦᠬᠡ᠂ 32 | ᠡᠷᠦᠬᠡ ᠪᠠ 41 ᠡᠷᠦᠬᠡ ᠪᠣᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠡᠵᠡᠯᠡᠬᠦ ᠬᠤᠪᠢ ᠶᠢᠨ ᠵᠢᠩ ᠨᠢ ᠨᠡᠶᠢᠲᠡ 35.4% ᠪᠠᠶᠢᠵᠦ᠂ 2013 | ᠣᠨ ᠤ ᠬᠢ ᠠᠴᠠ 9.6 ᠵᠠᠭᠤᠨ ᠤ ᠴᠡᠭ ᠳᠡᠭᠡᠭᠰᠢᠯᠡᠪᠡ᠃ | ︵ᠭᠤᠷᠪᠠ︶ ︽ᠢᠨᠲ᠋ᠧᠷ ᠰᠦᠯᠵᠢᠶ᠎ᠡ +︾ ᠪᠠᠷ ᠰᠢᠨ᠎ᠡ ᠬᠥᠳᠡᠯᠭᠡᠬᠦ ᠬᠦᠴᠦᠨ ᠢ ᠬᠦᠭᠵᠢᠭᠡᠪᠡ᠃ | ᠬᠡᠷᠡᠭᠴᠡᠭᠡ ᠶᠢᠨ ᠲᠠᠯ᠎ᠠ ᠠᠴᠠ᠂ ᠦᠢᠯᠡᠴᠢᠯᠡᠭᠡᠨ ᠤ ᠦᠢᠯᠡᠰ ᠤᠨ ᠡᠯ᠎ᠡ ᠬᠦᠷᠢᠶᠡᠨ ᠳᠤ ᠶᠠᠭ ᠲᠤᠭᠠᠴᠢᠯᠠᠭᠰᠠᠨ | ᠬᠡᠯᠪᠡᠷᠢ ᠶᠢᠨ ᠬᠤᠪᠢᠷᠠᠭᠤᠯᠤᠯᠲᠠ ᠶᠢ ᠬᠢᠵᠦ ᠪᠠᠶᠢᠨ᠎ᠠ︔ ᠬᠠᠩᠭᠠᠯᠭ᠎ᠠ ᠶᠢᠨ ᠲᠠᠯ᠎ᠠ ᠠᠴᠠ᠂ ᠢᠨᠲ᠋ᠧᠷ ᠰᠦᠯᠵᠢᠶᠡᠨ ᠤ | ᠮᠡᠷᠭᠡᠵᠢᠯ ᠤᠨ ᠲᠠᠰᠤᠷᠠᠯᠲᠠ ᠥᠬᠡᠶ ᠬᠥᠭᠵᠢᠵᠦ᠂ ᠲᠤᠭᠠᠴᠢᠯᠠᠭᠰᠠᠨ ᠠᠵᠤ ᠠᠬᠤᠶ ᠳᠤ ᠬᠦᠴᠦᠷᠬᠡᠭ ᠶᠡᠭᠡ | ᠲᠤᠯᠭᠠᠭᠤᠷᠢᠯᠠᠯ ᠪᠠ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ 2023 ᠣᠨ ᠤ ᠡᠴᠦᠰ ᠲᠤ᠂ ᠪᠥᠬᠦ | ᠣᠷᠣᠨ ᠤ ᠰᠢᠯᠵᠢᠮᠡᠯ ᠢᠨᠲ᠋ᠧᠷ ᠰᠦᠯᠵᠢᠶᠡᠨ ᠤ ᠵᠠᠯᠭᠠᠭᠤᠯᠤᠭᠰᠠᠨ ᠤᠷᠤᠰᠴᠠ 45.63 ᠳ᠋ᠦᠩᠰᠢᠭᠤᠷ GB ᠳᠤ | ᠬᠦᠷᠴᠦ᠂ 2016 ᠣᠨ ᠤ 35.5 ᠳᠠᠬᠢᠨ ᠪᠣᠯᠤᠨ᠎ᠠ︔ ᠪᠠᠶᠢᠭᠤᠯᠵᠤ ᠳᠠᠭᠤᠰᠬᠠᠭᠠᠳ 5G ᠤᠨ ᠰᠠᠭᠤᠷᠢ | ᠥᠷᠲᠡᠭᠡ ᠶᠢ 6.7 ᠲᠦᠮᠡ ᠨᠡᠪᠲᠡᠷᠡᠭᠦᠯᠵᠦ᠂ ᠪᠥᠬᠦ ᠤᠯᠤᠰ ᠤᠨ 5G ᠤᠨ ᠰᠠᠭᠤᠷᠢ ᠥᠷᠲᠡᠭᠡ ᠶᠢᠨ ᠶᠡᠷᠦᠩᠬᠡᠶ | ᠬᠡᠮᠵᠢᠶᠡᠨ ᠤ 2% ᠢ ᠡᠵᠡᠯᠡᠪᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠲᠦᠷᠭᠡᠨ ᠬᠥᠭᠵᠢᠯᠲᠡ ᠶᠢᠨ | ᠬᠤᠭᠤᠴᠠᠭᠠᠨ ᠳᠤ ᠣᠷᠣᠪᠠ᠃ 2023 ᠣᠨ ᠳᠤ ᠪᠥᠬᠦ ᠣᠷᠣᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠠᠷᠠᠯᠵᠢᠶᠠᠯᠠᠭᠰᠠᠨ ᠲᠤᠭ᠎ᠠ 7330.4 ᠳ᠋ᠦᠩᠰᠢᠭᠤᠷ ᠲᠥᠭᠦᠷᠢᠭ ᠲᠤ ᠬᠦᠷᠴᠦ᠂ 2015 ᠣᠨ ᠤ 3.3 ᠳᠠᠬᠢᠨ | ᠪᠣᠯᠪᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠳᠠᠭᠠᠭᠤᠯᠭ᠎ᠠ ᠪᠠᠷ ᠰᠦᠯᠵᠢᠶᠡᠨ ᠤ ᠵᠢᠵᠢᠭᠯᠡᠨ ᠬᠤᠳᠠᠯᠳᠤᠬᠤ | ᠠᠵᠢᠯᠯᠠᠭ᠎ᠠ ᠲᠦᠷᠭᠡᠨ ᠬᠥᠭᠵᠢᠵᠦ᠂ ᠲᠦᠷᠭᠡᠨ ᠬᠦᠷᠭᠡᠬᠦ ᠦᠢᠯᠡᠰ ᠲᠦᠷᠭᠡᠨ ᠪᠤᠶᠢᠵᠢᠪᠠ᠃ 2023 ᠣᠨ ᠳᠤ ᠪᠥᠬᠦ | ᠣᠷᠣᠨ ᠤ ᠪᠣᠳᠠᠲᠤ ᠪᠣᠳᠠᠰ ᠤᠨ ᠲᠠᠸᠠᠷ ᠤᠨ ᠰᠦᠯᠵᠢᠶᠡᠨ ᠳᠡᠭᠡᠷᠡᠬᠢ ᠵᠢᠵᠢᠭᠯᠡᠨ ᠬᠤᠳᠠᠯᠳᠤᠭᠰᠠᠨ ᠲᠤᠭ᠎ᠠ 449 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 22.1% ᠪᠠᠷ ᠨᠡᠮᠡᠭᠳᠡᠨ᠂ ᠨᠡᠶᠢᠭᠡᠮ ᠤᠨ | ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠳᠠᠬᠢ ᠬᠤᠪᠢ ᠶᠢᠨ ᠵᠢᠩ ᠨᠢ 8.4% ᠳᠤ | ᠬᠦᠷᠪᠡ᠃ ᠪᠣᠷᠣᠯᠠᠭᠤᠯᠭ᠎ᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠤᠭᠠᠳ ᠲᠦᠷᠭᠡᠨ ᠬᠦᠷᠭᠡᠬᠦ ᠲᠤᠬᠠᠶᠢᠯᠠᠭᠰᠠᠨ | ᠠᠵᠢᠯ ᠢ ᠰᠢᠷᠦᠭᠦᠨ ᠬᠥᠭᠵᠢᠭᠦᠯᠵᠦ᠂ 2023 ᠣᠨ ᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ | 36570.5 ᠲᠦᠮᠡ ᠪᠣᠯᠵᠣ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠣᠷᠣᠯᠭ᠎ᠠ 63.4 ᠳ᠋ᠦᠩᠰᠢᠭᠤᠷ | ᠲᠥᠭᠦᠷᠢᠭ ᠲᠤ ᠬᠥᠷᠪᠡ᠃ | ︵ᠲᠦᠷᠪᠡ︶ ᠮᠡᠷᠭᠡᠵᠢᠯ ᠤᠨ ᠰᠢᠨ᠎ᠡ ᠶᠢ ᠡᠭᠦᠳᠦᠯᠲᠡ ᠪᠠᠷ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠪᠤᠢ | ᠪᠣᠯᠭᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠭᠰᠠᠨ ᠤ | ᠬᠤᠪᠢ ᠳᠤ᠂ ᠶᠠᠭ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ | ᠲᠠᠯ᠎ᠠ ᠪᠠᠷ ᠬᠥᠲᠥᠯᠥᠨ ᠳᠠᠭᠠᠭᠤᠯᠵᠤ ᠪᠠᠶᠢᠬᠤ ᠶᠢᠨ ᠬᠠᠮᠲᠤ ᠲᠡᠭᠦᠨ ᠳᠤ ᠥᠷᠭᠡᠨ ᠠᠭᠤᠳᠠᠮ ᠬᠥᠭᠵᠢᠯᠲᠡ ᠶᠢᠨ | ᠣᠷᠣᠨ ᠵᠠᠶ ᠪᠠ ᠰᠢᠨ᠎ᠡ ᠶᠢ ᠡᠭᠦᠳᠬᠦ ᠠᠵᠠ ᠲᠣᠬᠢᠶᠠᠯ ᠢ ᠣᠯᠭᠤᠵᠦ ᠪᠠᠶᠢᠨ᠎ᠠ᠃ 2023 ᠣᠨ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ | 384 ᠡᠷᠦᠬᠡ ᠪᠠᠶᠢᠵᠤ᠂ 2019 ᠣᠨ ᠤ ᠬᠢ ᠠᠴᠠ 82 ᠡᠷᠦᠬᠡ ᠨᠡᠮᠡᠭᠳᠡᠵᠦ᠂ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠨᠢ 9.4% ᠪᠠᠷ ᠨᠡᠮᠡᠭᠳᠡᠵᠦ᠂ 2019 ᠣᠨ ᠤ ᠬᠢ ᠠᠴᠠ 10.8 ᠵᠠᠭᠤᠨ ᠤ ᠴᠡᠭ | ᠳᠡᠭᠡᠭᠰᠢᠯᠡᠵᠦ᠂ ᠣᠶᠢᠷ᠎ᠠ ᠶᠢᠨ 5 ᠵᠢᠯ ᠳᠤ ᠵᠢᠯ ᠪᠦᠷᠢ ᠳᠤᠮᠳᠠᠴᠢ ᠪᠠᠷ 4.9% ᠨᠡᠮᠡᠭᠳᠡᠪᠡ︔ 2023 ᠣᠨ ᠳᠤ᠂ | ᠬᠡᠪᠴᠢᠶᠡᠵᠢᠯ ᠠᠴᠠ ᠳᠡᠭᠡᠭᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ 266 ᠡᠷᠦᠬᠡ ᠳᠤ ᠬᠦᠷᠴᠦ᠂ ᠡᠵᠡᠩᠨᠡᠯᠲᠡ ᠶᠢᠨ ᠣᠷᠣᠯᠭ᠎ᠠ ᠨᠢ 14.3% ᠪᠠᠷ | ᠨᠡᠮᠡᠭᠳᠡᠵᠦ᠂ ᠤᠶᠢᠷ᠎ᠠ ᠶᠢᠨ 5 ᠵᠢᠯ ᠳᠤ ᠵᠢᠯ ᠪᠦᠷᠢ ᠳᠤᠮᠳᠠᠴᠢ ᠪᠠᠷ 5% ᠨᠡᠮᠡᠭᠳᠡᠪᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 297 ᠡᠷᠦᠬᠡ ᠳᠤ ᠬᠦᠷᠴᠦ᠂ | ᠡᠵᠡᠩᠨᠡᠯᠲᠡ ᠶᠢᠨ ᠣᠷᠣᠯᠭ᠎ᠠ ᠨᠢ 15.7% ᠪᠠᠷ ᠨᠡᠮᠡᠭᠳᠡᠵᠦ᠂ ᠣᠶᠢᠷ᠎ᠠ ᠶᠢᠨ 5 ᠵᠢᠯ ᠳᠤ ᠵᠢᠯ ᠪᠦᠷᠢ ᠳᠤᠮᠳᠠᠴᠢ ᠪᠠᠷ | 8.3% ᠨᠡᠮᠡᠭᠳᠡᠪᠡ᠃ | ᠭᠤᠷᠪᠠ᠂ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠵᠣᠯ ᠵᠢᠷᠭᠠᠯᠠᠩᠲᠤ ᠠᠵᠤ | ᠦᠢᠯᠡᠰ ᠢ ᠪᠤᠵᠠᠭᠠᠶᠢᠷᠠᠭᠤᠯᠤᠨ ᠳᠡᠰ ᠳᠡᠪᠰᠢᠭᠦᠯᠪᠡ | ︵ᠨᠢᠭᠡ︶ ᠠᠵᠤ ᠠᠬᠤᠶᠢᠯᠠᠯ ᠤᠨ ᠦᠷ᠎ᠡ ᠠᠰᠢᠭ ᠢᠯᠡᠳᠲᠡ ᠰᠠᠶᠢᠵᠢᠷᠠᠵᠤ᠂ ᠠᠵᠢᠯ ᠣᠯᠭᠤᠯᠲᠠ ᠶᠢᠨ | ᠴᠢᠳᠠᠪᠤᠷᠢ ᠢᠯᠡᠳᠲᠡ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠵᠤ ᠠᠬᠤᠶ ᠶᠢᠨ | ᠦᠷ᠎ᠡ ᠠᠰᠢᠭ ᠲᠠᠰᠤᠷᠠᠯᠲᠠ ᠥᠬᠡᠶ ᠳᠡᠭᠡᠭᠰᠢᠯᠡᠪᠡ᠃ 2023 ᠣᠨ ᠳᠤ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ ᠳᠡᠭᠡᠷ᠎ᠡ ᠵᠢᠯ ᠤᠨ ᠬᠢ ᠠᠴᠠ 7. | 7% ᠪᠠᠷ ᠨᠡᠮᠡᠭᠳᠡᠪᠡ︔ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠥᠪᠡᠷ ᠤᠨ | ᠥᠷᠲᠡᠭ ᠨᠢ 83 ᠲᠥᠭᠦᠷᠢᠭ ᠪᠠᠶᠢᠵᠤ᠂ 2018 ᠣᠨ ᠤ ᠬᠢ ᠠᠴᠠ 2.8 ᠲᠥᠭᠦᠷᠢᠭ ᠪᠠᠭᠠᠰᠪᠠ︔ ᠵᠠᠭᠤᠨ | ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠵᠠᠷᠤᠳᠠᠯ ᠨᠢ 15.4 ᠲᠥᠭᠦᠷᠢᠭ ᠪᠠᠶᠢᠵᠤ᠂ 2018 | ᠣᠨ ᠤ ᠬᠢ ᠠᠴᠠ 4.1 ᠲᠥᠭᠦᠷᠢᠭ ᠪᠠᠭᠠᠰᠪᠠ᠃ ᠠᠵᠤ ᠠᠬᠤᠶᠢᠯᠠᠯ ᠤᠨ ᠦᠷ᠎ᠡ ᠠᠰᠢᠭ ᠤᠨ ᠲᠠᠰᠤᠷᠠᠯᠲᠠ ᠥᠬᠡᠶ | ᠳᠡᠭᠡᠭᠰᠢᠯᠡᠬᠦ ᠶᠢ ᠳᠠᠭᠠᠯᠳᠤᠨ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠵᠢᠯ | ᠤᠯᠬᠤ ᠴᠢᠳᠠᠪᠤᠷᠢ ᠳᠡᠭᠡᠭᠰᠢᠯᠡᠵᠦ᠂ 2023 ᠣᠨ ᠤ ᠪᠥᠬᠦ ᠠᠵᠢᠯ ᠣᠯᠤᠭᠰᠠᠳ ᠲᠠᠬᠢ ᠦᠢᠯᠡᠴᠢᠯᠡᠭᠡᠨ ᠤ | ᠦᠢᠯᠡᠰ ᠤᠨ ᠠᠵᠢᠯ ᠣᠯᠤᠭᠰᠠᠳ ᠤᠨ ᠡᠵᠡᠯᠡᠬᠦ ᠬᠤᠪᠢ ᠶᠢᠨ ᠵᠢᠩ ᠨᠢ 48% ᠬᠦᠷᠪᠡ᠃ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠢᠨᠲ᠋ᠧᠷ ᠰᠦᠯᠵᠢᠶ᠎ᠡ ᠪᠣᠯᠤᠨ ᠬᠠᠮᠢᠶ᠎ᠠ ᠪᠦᠬᠦᠢ | ᠦᠢᠯᠡᠴᠢᠯᠡᠭᠡᠨ ᠤ ᠬᠦᠷᠢᠶᠡᠨ ᠳᠤ ᠠᠵᠢᠯᠯᠠᠵᠤ ᠪᠠᠶᠢᠭ᠎ᠠ ᠬᠥᠮᠦᠨ ᠤ ᠲᠤᠭ᠎ᠠ ᠨᠢ 2013 ᠣᠨ ᠳᠤ 3549 ᠬᠥᠮᠦᠨ | ᠪᠠᠶᠢᠭᠰᠠᠨ ᠠᠴᠠ ᠨᠡᠮᠡᠭᠳᠡᠭᠡᠳ 2018 ᠣᠨ ᠳᠤ 5481 ᠬᠥᠮᠦᠨ ᠪᠣᠯᠪᠠ︔ ᠵᠥᠭᠡᠯᠡᠨ ᠬᠡᠷᠡᠭᠰᠡᠯ ᠪᠣᠯᠤᠨ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠤ ᠨᠡᠩ ᠴᠤ ᠳᠠᠯᠠᠯᠲᠠ ᠶᠢᠨ ᠬᠡᠯᠪᠡᠷᠢ ᠪᠠᠷ ᠨᠡᠮᠡᠭᠳᠡᠵᠦ᠂ | ᠠᠵᠢᠯᠯᠠᠵᠤ ᠪᠠᠶᠢᠭ᠎ᠠ ᠬᠥᠮᠦᠨ ᠤ ᠲᠤᠭ᠎ᠠ ᠨᠢ 2013 ᠣᠨ ᠳᠤ 11973 ᠬᠥᠮᠦᠨ ᠪᠠᠶᠢᠭᠰᠠᠨ ᠠᠴᠠ | ᠳᠡᠭᠡᠭᠰᠢᠯᠡᠭᠡᠳ 2018 ᠣᠨ ᠳᠤ 26892 ᠬᠥᠮᠦᠨ ᠪᠣᠯᠪᠠ︔ ᠬᠤᠳᠠᠯᠳᠤᠭᠠᠨ ᠤ ᠦᠢᠯᠡᠴᠢᠯᠡᠭᠡᠨ ᠤ ᠦᠢᠯᠡᠰ | ᠴᠦ ᠲᠤᠭᠲᠠᠭᠤᠨ ᠢᠶᠠᠷ ᠳᠠᠪᠰᠢᠵᠤ᠂ ᠠᠵᠢᠯᠯᠠᠵᠤ ᠪᠠᠶᠢᠭ᠎ᠠ ᠬᠥᠮᠦᠨ ᠤ ᠲᠤᠭ᠎ᠠ ᠨᠢ 2013 ᠣᠨ ᠳᠤ 185685 | ᠬᠦᠮᠦᠨ ᠪᠠᠶᠢᠭᠰᠠᠨ ᠠᠴᠠ ᠨᠡᠮᠡᠭᠳᠡᠭᠡᠳ 2018 ᠣᠨ ᠳᠤ 209092 ᠬᠦᠮᠦᠨ ᠪᠤᠯᠪᠠ᠃ | ︵ᠬᠤᠶᠠᠷ︶ ᠵᠣᠯ ᠵᠢᠷᠭᠠᠯᠠᠩᠲᠤ ᠠᠵᠤ ᠦᠢᠯᠡᠰ ᠲᠦᠷᠭᠡᠨ ᠬᠥᠭᠵᠢᠵᠦ᠂ ᠠᠷᠠᠳ ᠤᠨ ᠠᠮᠢᠳᠤᠷᠠᠯ ᠭᠤᠶᠢᠳᠠ | ᠰᠠᠶᠢᠬᠠᠨ ᠪᠣᠯᠪᠠ᠃ ᠣᠶᠢᠷ᠎ᠠ ᠶᠢᠨ ᠵᠢᠯ ᠤᠳ ᠲᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠢᠲᠡᠭᠡᠯ ᠪᠠᠲᠤᠵᠢᠬᠤ ᠪᠠ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠴᠢᠩᠭᠠᠷᠠᠬᠤ ᠶᠢ ᠳᠠᠭᠠᠯᠳᠤᠨ᠂ ᠮᠠᠨ ᠤ ᠣᠷᠣᠨ ᠤ ᠵᠣᠯ ᠵᠢᠷᠭᠠᠯᠠᠩᠲᠤ ᠠᠵᠤ | ᠦᠢᠯᠡᠰ ᠲᠦᠷᠭᠡᠨ ᠬᠥᠭᠵᠢᠵᠦ᠂ ᠵᠢᠭᠤᠯᠴᠢᠯᠠᠯ᠂ ᠰᠣᠶᠣᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠰᠤᠷᠭᠠᠨ | ᠬᠥᠮᠦᠵᠢᠯ ᠵᠡᠷᠭᠡ ᠣᠯᠠᠨ ᠬᠦᠷᠢᠶᠡᠨ ᠤ ᠬᠥᠭᠵᠢᠯᠲᠡ ᠶᠢᠨ ᠪᠠᠶᠢᠳᠠᠯ ᠰᠠᠶᠢᠨ ᠪᠤᠯᠪᠠ᠃ 2023 ᠣᠨ ᠳᠤ᠂ ᠪᠥᠬᠦ | ᠣᠷᠣᠨ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 23045 ᠲᠦᠮᠡᠨ ᠬᠥᠮᠦᠨ ᠤᠳᠠᠭ᠎ᠠ ᠭᠥᠯᠢᠶᠡᠨ | ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 3354.7 ᠳ᠋ᠦᠩᠰᠢᠭᠤᠷ ᠲᠥᠭᠦᠷᠢᠭ | ᠪᠡᠶᠡᠯᠡᠭᠦᠯᠪᠡ᠃ 2023 ᠣᠨ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠣᠶᠣᠯ᠂ ᠪᠡᠶ᠎ᠡ ᠶᠢᠨ ᠲᠠᠮᠢᠷ᠂ | ᠵᠤᠭ᠎ᠠ ᠴᠡᠩᠭᠡᠯ ᠤᠨ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ ᠳᠡᠭᠡᠷ᠎ᠡ | ᠵᠢᠯ ᠤᠨ ᠬᠢ ᠠᠴᠠ 38.7% ᠪᠠᠷ ᠨᠡᠮᠡᠭᠳᠡᠪᠡ᠃ ᠰᠠᠭᠤᠭᠠᠯᠢ ᠠᠷᠠᠳ ᠤᠨ ᠨᠠᠰᠤᠵᠢᠯ ᠯᠤᠭ᠎ᠠ ᠨᠢᠭᠲᠠ | ᠬᠤᠯᠪᠣᠭ᠎ᠠ ᠲᠠᠢ ᠨᠡᠶᠢᠭᠡᠮ ᠤᠨ ᠠᠵᠢᠯ ᠤᠨ ᠲᠠᠯ᠎ᠠ ᠪᠠᠷ ᠬᠢ ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠤ᠂ 2017 — 2023 ᠣᠨ ᠪᠣᠯᠬᠤ ᠳᠤ ᠲᠣᠰ | ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠵᠢᠯ ᠤᠨ ᠳᠤᠮᠳᠠᠴᠢ ᠪᠠᠷ 6.5% ᠪᠠᠷ ᠨᠡᠮᠡᠭᠳᠡᠪᠡ᠃ ᠰᠤᠷᠭᠠᠨ | ᠬᠥᠮᠦᠵᠢᠯ ᠤᠨ ᠠᠵᠢᠯ ᠲᠥᠷᠥᠯ ᠤᠨ ᠬᠢᠨ ᠬᠥᠮᠦᠰ ᠲᠤ ᠨᠠᠩ ᠴᠢᠨᠠᠷ ᠰᠠᠶᠢᠲᠠᠶ᠂ ᠣᠯᠠᠨ ᠶᠠᠩᠵᠤ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠬᠠᠩᠭᠠᠬᠤ ᠪᠠᠷ ᠴᠢᠷᠮᠠᠶᠢᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ | ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃ 2023 ᠣᠨ ᠳᠤ᠂ ᠬᠡᠪᠴᠢᠶᠡᠵᠢᠯ ᠠᠴᠠ ᠳᠡᠭᠡᠭᠰᠢᠬᠢ | ᠰᠤᠷᠭᠠᠨ ᠬᠥᠮᠦᠵᠢᠯ ᠤᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠳᠡᠭᠡᠷ᠎ᠡ ᠵᠢᠯ ᠤᠨ ᠬᠢ ᠠᠴᠠ 17. | 9% ᠪᠠᠷ ᠨᠡᠮᠡᠭᠳᠡᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠥᠷᠨᠢᠭᠦᠨ | ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠪᠠ᠃ ᠤᠯᠤᠰ ᠤᠨ ᠠᠯᠢ ᠣᠯᠠᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠨᠢ ᠨᠠᠩ ᠶᠡᠭᠡ ᠵᠠᠬ᠎ᠠ ᠳᠡᠯᠭᠡᠭᠦᠷ ᠪᠠ ᠨᠠᠩ ᠣᠯᠠᠨ ᠠᠵᠠ ᠲᠣᠬᠢᠶᠠᠯ ᠲᠠᠢ ᠪᠤᠯᠪᠠ᠂ ᠢᠯᠠᠩᠭᠤᠶ᠎ᠠ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠭᠰᠠᠨ ᠢᠶᠠᠷ᠂ ᠮᠠᠨ ᠤ ᠣᠷᠣᠨ ᠤ ᠡᠬᠢ ᠪᠠᠶᠠᠯᠢᠭ᠂ ᠠᠮᠢ | ᠠᠬᠤᠶ᠂ ᠣᠷᠣᠨ ᠪᠠᠶᠢᠷᠢ ᠵᠡᠷᠭᠡ ᠬᠠᠷᠢᠴᠠᠭᠤᠯᠤᠭᠰᠠᠨ ᠳᠠᠪᠠᠭᠤᠯᠢᠭ ᠢᠶᠠᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠯᠤᠲᠤ ᠶᠡᠭᠡ ᠣᠷᠣᠨ ᠵᠠᠶ ᠶᠢ ᠡᠭᠦᠳᠴᠦ ᠥᠭᠭᠦᠭᠰᠡᠨ | ᠪᠠᠶᠢᠨ᠎ᠠ᠃ ᠪᠥᠬᠦ ᠣᠷᠣᠨ ᠢᠶᠠᠷ ᠢᠶᠠᠨ ᠴᠢᠨᠠᠷ ᠰᠠᠶᠢᠲᠠᠶ ᠬᠥᠭᠵᠢᠯᠲᠡ ᠪᠠᠷ ᠭᠤᠤᠯᠳᠠᠯᠭ᠎ᠠ ᠪᠣᠯᠭᠠᠵᠤ᠂ ᠠᠵᠤ | ᠦᠢᠯᠡᠰ ᠤᠨ ᠪᠦᠲᠦᠴᠡ ᠶᠢ ᠲᠦᠷᠭᠡᠳᠬᠡᠨ ᠳᠣᠭᠢᠷᠠᠭᠤᠯᠤᠨ ᠰᠢᠯᠢᠳᠡᠭᠵᠢᠭᠦᠯᠵᠦ᠂ ᠦᠢᠯᠡᠴᠢᠯᠡᠭᠡᠨ ᠤ ᠦᠢᠯᠡᠰ ᠤᠨ | ᠣᠯᠠᠨ ᠡᠰᠢ ᠲᠠᠢ ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ | ᠬᠦᠴᠦᠯᠡᠨ ᠪᠠᠶᠢᠭᠤᠯᠵᠤ᠂ ᠨᠠᠩ ᠴᠢᠨᠠᠷ ᠰᠠᠶᠢᠲᠠᠶ ᠪᠦᠭᠡᠳ ᠥᠨᠳᠥᠷ ᠪᠦᠲᠦᠮᠵᠢᠲᠡᠶ᠂ ᠪᠦᠲᠦᠴᠡ ᠨᠢ ᠵᠦᠶ | ᠵᠣᠬᠢᠰᠲᠠᠶ᠂ ᠥᠷᠢᠰᠦᠯᠳᠦᠬᠦ ᠬᠦᠴᠦᠨ ᠢᠶᠠᠷ ᠴᠢᠩᠭ᠎ᠠ ᠦᠢᠯᠡᠴᠢᠯᠡᠭᠡᠨ ᠤ ᠦᠢᠯᠡᠰ ᠢᠶᠠᠷ ᠮᠠᠨ ᠤ ᠣᠷᠣᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠦᠴᠦᠲᠡᠶ ᠲᠤᠯᠭᠠᠭᠤᠷᠢᠯᠠᠯ ᠬᠠᠩᠭᠠᠭᠰᠠᠨ | ᠪᠠᠶᠢᠨ᠎ᠠ᠃ |