ᠮᠠᠨ ᠤ ᠣᠷᠣᠨ ᠤ ᠠᠵᠤ ᠠᠬᠤᠢ ᠨᠠᠶᠢᠬᠡᠮ ᠬᠥᠭᠵᠢᠯᠲᠡ ᠶᠢᠨ ᠠᠮᠵᠢᠯᠲᠠ ᠶᠢᠨ ᠮᠡᠳᠡᠭᠡᠯᠡᠯ᠄ ᠪᠦᠲᠦᠮᠵᠢᠲᠡᠢ ᠪᠡᠯᠡ ᠤᠷᠤᠭᠤᠯᠵᠦ ᠣᠨᠣᠴᠠᠲᠠᠢ ᠬᠦᠴᠦᠯᠡᠵᠦ ᠤᠮᠠᠷᠠᠲᠤ ᠬᠢᠯᠢ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ
ᠨᠡᠶᠢᠲᠡᠯᠡᠭᠰᠡᠨ ᠴᠠᠭ᠄
2024/9/27
   ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠡᠷᠡᠮᠡᠬᠡᠶᠢᠯᠡᠨ ᠤᠷᠤᠭᠰᠢᠯᠠᠵᠤ ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠠᠭᠤᠰᠤᠯᠴᠠᠵᠤ ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠦᠢᠳᠦᠭᠳᠡᠭᠰᠡᠨ ᠪᠦᠬᠦᠨ ᠢ ᠰᠡᠷᠭᠦᠭᠡᠨ ᠬᠦᠭᠵᠢᠭᠦᠯᠵᠦ ᠪᠠᠶᠢᠭᠰᠠᠨ ᠠᠴᠠ ᠴᠡᠴᠡᠭᠯᠡᠵᠦ ᠬᠦᠭᠵᠢᠭᠰᠡᠨ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠡᠢ ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠰᠤᠷᠠᠯᠲᠠ ᠤᠢᠭᠡᠢ ᠭᠦᠨᠵᠡᠭᠡᠶᠢᠷᠡᠬᠦ ᠶᠢ ᠳᠠᠭᠠᠯᠳᠤᠨ ᠂ ᠪᠡᠯᠡ ᠣᠷᠣᠭᠤᠯᠵᠤ ᠪᠡᠯᠡ ᠲᠤᠬᠢᠷᠠᠭᠤᠯᠬᠤ ᠪᠠᠶᠢᠭᠤᠯᠤᠯ ᠳᠤ ᠪᠠᠰᠠ ᠴᠢᠬᠤᠯᠠ ᠶᠡᠭᠡ ᠬᠤᠪᠢᠰᠤᠯᠲᠠ ᠭᠠᠷᠴᠤ ᠂ ᠪᠡᠯᠡ ᠣᠷᠣᠭᠤᠯᠬᠤ ᠭᠤᠤᠯ ᠴᠣᠭᠴᠠ ᠶᠢᠨ ᠣᠯᠠᠨ ᠡᠰᠢᠵᠢᠭᠰᠡᠨ ᠂ ᠪᠡᠯᠡ ᠮᠦᠩᠭᠦᠨ ᠤ ᠢᠷᠡᠯᠲᠡ ᠶᠢᠨ ᠣᠯᠠᠨ ᠶᠠᠩᠵᠤᠲᠤ ᠴᠢᠨᠠᠷ ᠤᠨ ᠪᠠᠶᠢᠷᠢᠰᠢᠯ ᠢ ᠦᠨᠳᠦᠰᠦᠨ ᠳᠤ ᠨᠢ ᠪᠣᠶ ᠪᠣᠯᠭᠠᠪᠠ ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠦᠬᠦ ᠣᠷᠣᠨ ᠢᠶᠠᠷ ᠢᠶᠠᠨ ᠰᠢᠨ᠎ᠡ ᠬᠥᠭᠵᠢᠯᠲᠡ ᠶᠢᠨ ᠤᠨᠤᠯᠵᠢᠬᠤᠨ ᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ ᠂ ᠪᠡᠯᠡ ᠣᠷᠣᠭᠤᠯᠤᠯᠲᠠ ᠶᠢᠨ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠪᠡᠯᠡ ᠣᠷᠣᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠳᠴᠦ ᠂ ᠪᠡᠯᠡ ᠣᠷᠣᠭᠤᠯᠤᠯᠲᠠ ᠶᠢᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠵᠦ ᠂ ᠪᠡᠯᠡ ᠤᠷᠤᠭᠤᠯᠤᠭᠰᠠᠨ ᠪᠦᠳᠦᠭᠡᠨ ᠪᠠᠶᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ ᠂ ᠳᠣᠲᠣᠭᠠᠳᠤ ᠬᠡᠷᠡᠭᠴᠡᠭᠡ ᠶᠢ ᠪᠦᠲᠦᠮᠵᠢᠲᠡᠢ ᠥᠷᠭᠡᠳᠬᠡᠬᠦ ᠂ ᠠᠵᠤ ᠠᠬᠤᠢ ᠶᠢ ᠲᠣᠭᠲᠠᠪᠤᠷᠢᠵᠢᠭᠤᠯᠬᠤ ᠂ ᠬᠥᠭᠵᠢᠯᠲᠡ ᠶᠢ ᠠᠬᠢᠭᠤᠯᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢᠶᠠᠨ ᠲᠠᠰᠤᠷᠠᠯᠳᠠ ᠦᠭᠡᠢ ᠴᠢᠩᠭᠠᠳᠬᠠᠪᠠ ᠃    ᠨᠢᠭᠡ ᠂ ᠪᠡᠯᠡ ᠣᠷᠣᠭᠤᠯᠤᠯᠲᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ ᠂ ᠪᠦᠬᠦ ᠤᠯᠤᠰ ᠲᠤ ᠡᠵᠡᠯᠡᠬᠦ ᠬᠤᠪᠢ ᠶᠢᠨ ᠵᠢᠩ ᠠᠯᠬᠤᠮ ᠠᠯᠬᠤᠮ ᠢᠶᠠᠷ ᠳᠡᠭᠡᠭᠰᠢᠯᠡᠪᠡ    ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠂ ᠮᠠᠨ ᠤ ᠣᠷᠣᠨ ᠤ ᠠᠵᠤ ᠠᠬᠤᠶ ᠶᠢᠨ ᠰᠠᠭᠤᠷᠢ ᠮᠠᠰᠢ ᠪᠠᠭᠤᠷᠠᠶ ᠂ ᠨᠠᠮ ᠤᠨ ᠲᠥᠪ ᠬᠤᠷᠢᠶᠠᠨ ᠤ ᠬᠦᠴᠦᠲᠡᠶ ᠳᠡᠮᠵᠢᠯᠭᠡ ᠳᠣᠤᠷ᠎ᠠ ᠂ ᠪᠥᠬᠦ ᠣᠷᠣᠨ ᠤ ᠦᠢᠯᠡᠳᠪᠦᠷᠢᠯᠡᠯ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠲᠦᠷᠭᠡᠳᠬᠡᠵᠦ ᠂ ᠨᠢᠭᠡ ᠪᠦᠯᠦᠭ ᠪᠣᠯᠣᠳ ᠲᠡᠮᠦᠷ ᠂ ᠰᠢᠬᠢᠷ ᠂ ᠨᠣᠣᠰᠣᠨ ᠨᠡᠬᠡᠮᠡᠯ ᠵᠡᠷᠭᠡ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠵᠤ ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠦᠷᠭᠡᠨ ᠨᠡᠮᠡᠭᠳᠡᠬᠦ ᠶᠢ ᠳᠠᠶᠢᠴᠢᠯᠠᠵᠤ ᠂ 1950 — 1978 ᠣᠨ ᠪᠣᠯᠬᠤ ᠳᠤ ᠵᠢᠯ ᠪᠦᠷᠢ ᠳᠤᠮᠳᠠᠴᠢ ᠪᠠᠷ 26.7% ᠨᠡᠮᠡᠭᠳᠡᠪᠡ ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ ᠂ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠬᠦ ᠲᠦᠷᠭᠡᠨ ᠵᠠᠮ ᠳᠤ ᠣᠷᠣᠵᠤ ᠂ 1978 — 2012 ᠣᠨ ᠪᠣᠯᠬᠤ ᠳᠤ ᠂ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 18.9% ᠨᠡᠮᠡᠭᠳᠡᠪᠡ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠣᠷᠣᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ ᠂ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠥᠷᠢᠯᠡᠬᠦ︾ ᠶᠢ ᠬᠦᠴᠦᠯᠡᠨ ᠠᠬᠢᠭᠤᠯᠵᠤ ᠂ ᠤᠳᠤ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠲᠦᠷᠭᠡᠨ ᠪᠠᠶᠢᠭᠤᠯᠵᠤ ᠂ ᠪᠡᠯᠡ ᠣᠷᠣᠭᠤᠯᠤᠯᠲᠠ ᠶᠢᠨ ᠴᠢᠭᠯᠡᠯ ᠢᠶᠠᠨ ᠳᠤᠲᠠᠭᠤᠳᠠᠯ ᠢ ᠨᠥᠬᠦᠪᠥᠷᠢᠯᠡᠬᠦ ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠂ ᠬᠥᠳᠡᠯᠭᠡᠬᠦ ᠴᠢᠳᠠᠮᠵᠢ ᠶᠢ ᠴᠢᠩᠭᠠᠷᠠᠭᠤᠯᠬᠤ ᠲᠡᠶᠢᠰᠢ ᠤᠯᠠᠮ ᠠᠴᠠ ᠭᠤᠤᠯᠴᠢᠯᠠᠬᠤ ᠪᠣᠯᠭᠠᠪᠠ ᠃ ᠢᠯᠠᠩᠭᠤᠶ᠎ᠠ ᠣᠶᠢᠷ᠎ᠠ ᠶᠢᠨ ᠵᠢᠯ ᠤᠳ ᠲᠤ ᠂ ᠮᠠᠨ ᠤ ᠣᠷᠣᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠳᠤᠤᠷ᠎ᠠ ᠂ ᠠᠮᠤᠷ ᠲᠦᠪᠰᠢᠨ ᠥᠨᠳᠥᠷ ᠪᠦᠲᠦᠮᠵᠢᠲᠡᠶ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ ᠂ ᠪᠣᠬᠢᠷᠲᠤᠯ ᠥᠬᠡᠶ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ ᠂ ᠬᠡᠯᠬᠢᠶᠡᠵᠢᠭᠰᠡᠨ ᠮᠠᠶ᠋ᠢᠭ ᠢᠶᠠᠷ ᠬᠤᠳᠠᠯᠳᠤᠭᠠᠴᠢᠨ ᠤᠷᠢᠬᠤ ᠶᠢ ᠭᠦᠨᠵᠡᠭᠡᠶ ᠥᠷᠨᠢᠭᠦᠯᠵᠦ ᠂ ᠪᠥᠬᠦ ᠣᠷᠣᠨ ᠤ ᠪᠠᠯᠠ ᠤᠷᠤᠭᠤᠯᠤᠭᠰᠠᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠪᠠᠨ ᠲᠦᠷᠭᠡᠳᠭᠡᠬᠦ︾ ᠶᠢ ᠪᠡᠶᠡᠯᠡᠭᠦᠯᠪᠡ ᠃ 2021 — 2023 ᠣᠨ ᠪᠣᠯᠬᠤ ᠳᠤ ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 9.8% ᠂ 17.6% ᠪᠠ 19.8% ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ 2020 ᠣᠨ ᠤ ᠪᠥᠬᠦ ᠤᠯᠤᠰ ᠤᠨ 29 ᠳ᠋ᠦ᠋ᠭᠡᠷ ᠪᠠᠶᠢᠷᠢ ᠳᠤ ᠪᠠᠶᠢᠭᠰᠠᠨ ᠠᠴᠠ 8 ᠳ᠋ᠤᠭᠠᠷ ᠂ 1 ᠳ᠋ᠦ᠋ᠭᠡᠷ ᠪᠠ 2 ᠳ᠋ᠤᠭᠠᠷ ᠲᠤ ᠵᠢᠭᠰᠠᠭᠠᠭᠳᠠᠪᠠ ᠃ ᠭᠤᠷᠪᠠᠨ ᠵᠢᠯ ᠤᠨ ᠬᠤᠭᠤᠴᠠᠭᠠᠨ ᠳᠤ ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 2020 ᠣᠨ ᠤ ᠬᠢ ᠠᠴᠠ 54.7% ᠪᠠᠷ ᠨᠡᠮᠡᠭᠳᠡᠪᠡ ᠃    ᠬᠤᠶᠠᠷ ᠂ ᠪᠡᠯᠡ ᠣᠷᠣᠭᠤᠯᠤᠯᠲᠠ ᠶᠢᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠵᠦ ᠂ ᠳᠠᠪᠠᠭᠤᠯᠢᠭ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠢᠯᠡᠷᠬᠡᠶ ᠦᠷ᠎ᠡ ᠪᠦᠲᠦᠮᠵᠢ ᠣᠯᠪᠠ    ︵ᠨᠢᠭᠡ︶ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠳᠤ ᠣᠯᠠᠨ ᠡᠰᠢᠵᠢᠭᠰᠡᠨ ᠪᠠᠶᠢᠳᠠᠯ ᠢᠯᠡᠷᠡᠵᠦ ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠪᠠᠶᠢᠷᠢ ᠰᠠᠭᠤᠷᠢ ᠵᠢᠯ ᠳᠠᠷᠠᠭᠠᠯᠠᠨ ᠳᠡᠭᠡᠭᠰᠢᠯᠡᠪᠡ ᠃ ᠥᠭᠡᠷᠡᠴᠢᠯᠡᠯᠲᠡ ᠨᠡᠭᠡᠭᠡᠯᠲᠡ ᠬᠢᠬᠦ ᠠᠴᠠ ᠡᠮᠦᠨ᠎ᠡ ᠂ ᠮᠠᠨ ᠤ ᠣᠷᠣᠨ ᠤᠯᠤᠰ ᠤᠨ ᠦᠮᠴᠢᠯᠡᠯᠲᠦ ᠪᠡᠯᠡ ᠣᠷᠣᠭᠤᠯᠤᠯᠲᠠ ᠪᠠᠷ ᠭᠤᠤᠯ ᠴᠣᠭᠴᠠ ᠪᠣᠯᠭᠠᠵᠤ ᠂ ᠭᠤᠤᠯ ᠪᠣᠯᠬᠤ ᠪᠡᠯᠡ ᠮᠥᠩᠭᠦ ᠶᠢᠨ ᠢᠷᠡᠯᠲᠡ ᠨᠢ ᠤᠯᠤᠰ ᠤᠨ ᠲᠥᠰᠦᠪ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠭᠤᠯᠤᠯᠲᠠ ᠳᠤ ᠲᠦᠰᠢᠭᠯᠡᠵᠦ ᠪᠠᠶᠢᠪᠠ ᠃ 2004 ᠣᠨ ᠤ 7 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ︽ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠶ ᠲᠣᠭᠲᠠᠭᠠᠯ︾ ᠢ ᠨᠡᠶᠢᠲᠡᠯᠡᠪᠡ︔ 2010 ᠣᠨ ᠤ 5 ᠳ᠋ᠤᠭᠠᠷ ᠰᠠᠷ᠎ᠠ ᠳᠤ ᠤᠯᠤᠰ ᠠᠴᠠ ︽ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠨᠡᠶᠢᠲᠡᠯᠡᠵᠦ ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠳᠤ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠠᠬᠤᠶ ᠶᠢ ᠤᠯᠠᠮ ᠨᠢᠭᠡ ᠠᠯᠬᠤᠮ ᠡᠭᠦᠳᠦᠭᠰᠡᠨ ᠪᠠᠶᠢᠨ᠎ᠠ ᠃ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠳᠠᠬᠢᠨᠲᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ 2018 ᠣᠨ ᠂ 2020 ᠣᠨ ᠂ 2022 ᠣᠨ ᠳᠤ ᠤᠷᠢᠳ ᠬᠤᠵᠢᠳ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠵᠡᠷᠭᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠪᠡ ᠃ 2023 ᠣᠨ ᠳᠤ ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠬᠢ ᠠᠷᠠᠳ ᠤᠨ ᠳᠤᠮᠳᠠᠬᠢ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ ᠬᠠᠭᠠᠰ ᠢ ᠳᠠᠪᠠᠵᠤ ᠂ 51.5% ᠳᠤ ᠬᠦᠷᠴᠦ ᠂ ᠤᠯᠤᠰ ᠤᠨ ᠦᠮᠴᠢᠯᠡᠯᠲᠦ ᠪᠠᠯᠠ ᠣᠷᠣᠭᠤᠯᠤᠯᠲᠠ ᠶᠢᠨ ︽ᠤᠷᠦ᠋ᠢᠯᠠᠵᠤ︾ ᠪᠠᠶᠢᠭᠰᠠᠨ ᠢ ᠡᠯ᠎ᠡ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠪᠣᠯᠬᠤ ︽ᠴᠡᠴᠡᠭ ᠪᠦᠬᠦᠨ ᠢ ᠵᠡᠷᠭᠡ ᠳᠤ ᠨᠢ ᠳᠡᠯᠭᠡᠷᠡᠭᠦᠯᠬᠦ︾ ᠪᠣᠯᠭᠠᠨ ᠬᠤᠪᠢᠷᠠᠭᠤᠯᠪᠠ ᠃    ︵ᠬᠤᠶᠠᠷ︶ ᠭᠤᠷᠪᠠᠨ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ ᠂ ᠬᠤᠶᠠᠳᠤᠭᠠᠷ ᠠᠵᠤ ᠦᠢᠯᠡᠰ ᠭᠤᠤᠯᠯᠠᠬᠤ ᠳᠠᠪᠠᠭᠤᠯᠢᠭ ᠢᠶᠠᠨ ᠢᠯᠡᠷᠡᠭᠦᠯᠪᠡ ᠃ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠂ ᠮᠠᠨ ᠤ ᠣᠷᠣᠨ ᠤ ᠲᠡᠮᠦᠷᠯᠢᠭ ᠬᠠᠶᠢᠯᠤᠭᠤᠯᠬᠤ ᠮᠠᠰᠢᠨ ᠂ ᠵᠠᠮ ᠬᠠᠷᠢᠯᠴᠠᠭ᠎ᠠ ᠲᠡᠭᠡᠭᠡᠪᠦᠷᠢ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠤ ᠦᠢᠯᠡᠳᠪᠦᠷᠢ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ ᠂ ᠤᠯᠤᠰ ᠠᠷᠠᠳ ᠤᠨ ᠠᠵᠤ ᠠᠬᠤᠢ ᠶᠢᠨ ᠦᠨᠳᠦᠰᠦᠨ ᠪᠣᠷᠣ ᠲᠥᠯᠥᠪ ᠢ ᠡᠬᠢᠯᠡᠨ ᠪᠠᠶᠢᠭᠤᠯᠪᠠ ᠃ ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠳᠠᠷᠠᠭ᠎ᠠ ᠂ ᠮᠠᠨ ᠤ ᠣᠷᠣᠨ ᠣᠷᠣᠨ ᠨᠤᠲᠤᠭ ᠤᠨ ᠬᠦᠨᠳᠦ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ ᠂ ᠰᠢᠬᠢᠷ ᠂ ᠨᠣᠣᠰᠣᠨ ᠨᠡᠬᠡᠮᠡᠯ ᠵᠡᠷᠭᠡ ᠬᠥᠩᠭᠡᠨ ᠠᠵᠤ ᠦᠢᠯᠡᠳᠪᠦᠷᠢ ᠶᠢ ᠵᠠᠯᠭᠠᠭ᠎ᠠ ᠪᠠᠷ ᠪᠦᠲᠦᠭᠡᠨ ᠪᠠᠶᠢᠭᠤᠯᠪᠠ ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠮᠠᠨ ᠤ ᠣᠷᠣᠨ ᠡᠨᠧᠷᠭᠢ ᠶᠢᠨ ᠠᠵᠤ ᠦᠢᠯᠡᠳᠪᠦᠷᠢ ᠂ ᠲᠦᠭᠦᠬᠡᠶ ᠮᠠᠲ᠋ᠧᠷᠢᠶᠠᠯ ᠤᠨ ᠠᠵᠤ ᠦᠢᠯᠡᠳᠪᠦᠷᠢ ᠵᠢᠴᠢ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢ ᠲᠦᠷᠭᠡᠳᠬᠡᠨ ᠪᠠᠶᠢᠷᠢᠰᠢᠭᠤᠯᠵᠤ ᠂ ᠪᠦᠬᠦ ᠤᠯᠤᠰ ᠤᠨ ᠡᠨᠧᠷᠭᠢ ᠶᠢᠨ ᠡᠬᠢ ᠰᠤᠷᠪᠤᠯᠵᠢ ᠨᠢ ᠭᠤᠤᠯᠳᠠᠯᠭ᠎ᠠ ᠲᠠᠢ ᠨᠡᠬᠡᠬᠡᠯᠲᠦ ᠣᠷᠣᠨ ᠪᠣᠯᠤᠭᠰᠠᠨ ᠪᠠᠶᠢᠨ᠎ᠠ ᠃ 2023 ᠣᠨ ᠳᠤ ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠭᠰᠠᠨ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 1985 ᠣᠨ ᠳᠤ 9.3᠄ 49᠄ 41.7 ᠪᠠᠶᠢᠭᠰᠠᠨ ᠢ 5.2᠄ 58᠄ 36.8 ᠪᠣᠯᠭᠠᠨ ᠲᠣᠬᠢᠷᠠᠭᠤᠯᠪᠠ ᠃    ︵ᠭᠤᠷᠪᠠ︶ ᠳᠠᠪᠠᠭᠤᠯᠢᠭ ᠠᠵᠤ ᠦᠢᠯᠡᠰ ᠤᠨ ᠪᠡᠯᠡ ᠣᠷᠣᠭᠤᠯᠤᠯᠲᠠ ᠶᠢ ᠲᠦᠷᠭᠡᠪᠴᠢᠯᠡᠨ ᠲᠦᠯᠦᠪᠵᠢᠭᠦᠯᠪᠡ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠂ ᠮᠠᠨ ᠤ ᠣᠷᠣᠨ ᠵᠠᠯᠭᠠᠭ᠎ᠠ ᠪᠠᠷ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠂ ᠥᠪᠥᠷ ᠮᠣᠩᠭᠤᠯ ᠤᠨ ᠨᠢᠭᠡᠳᠦᠭᠡᠷ ᠂ ᠬᠤᠶᠠᠳᠤᠭᠠᠷ ᠮᠧᠬᠠᠨᠢᠭ ᠦᠢᠯᠡᠳᠬᠦ ᠦᠢᠯᠡᠳᠪᠦᠷᠢ ᠂ ᠪᠤᠭᠤᠲᠤ ᠶᠢᠨ ᠨᠢᠭᠡᠳᠦᠭᠡᠷ ᠂ ᠬᠤᠶᠠᠳᠤᠭᠠᠷ ᠢᠯᠴᠢ ᠴᠠᠬᠢᠯᠭᠠᠨ ᠤ ᠦᠢᠯᠡᠳᠪᠦᠷᠢ ᠂ ᠪᠤᠭᠤᠲᠤ ᠶᠢᠨ ᠰᠢᠬᠢᠷ ᠤᠨ ᠦᠢᠯᠡᠳᠪᠦᠷᠢ ᠂ ᠥᠪᠥᠷ ᠮᠣᠩᠭᠤᠯ ᠤᠨ ᠨᠢᠭᠡᠳᠦᠭᠡᠷ ᠨᠣᠣᠰᠣᠨ ᠨᠡᠬᠡᠮᠡᠯ ᠤᠨ ᠦᠢᠯᠡᠳᠪᠦᠷᠢ ᠵᠡᠷᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠦᠲᠦᠭᠡᠨ ᠪᠠᠶᠢᠭᠤᠯᠵᠤ ᠂ ᠨᠡᠭᠦᠷᠡᠰᠦ ᠂ ᠴᠠᠬᠢᠯᠭᠠᠨ ᠬᠦᠴᠦᠨ ᠂ ᠲᠡᠮᠦᠷᠯᠢᠭ ᠬᠠᠶᠢᠯᠤᠭᠤᠯᠬᠤ ᠂ ᠬᠥᠩᠭᠡᠨ ᠠᠵᠤ ᠦᠢᠯᠡᠳᠪᠦᠷᠢ ᠂ ᠤᠢ ᠰᠢᠭᠤᠶ ᠶᠢᠨ ᠠᠵᠤ ᠦᠢᠯᠡᠳᠪᠦᠷᠢ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠲᠤᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠭᠤᠣᠯᠳᠠᠯᠭ᠎ᠠ ᠶᠢ ᠵᠡᠭᠦᠨᠭᠠᠷ ᠨᠡᠭᠦᠷᠡᠰᠦᠨ ᠤ ᠠᠢ ᠰᠠᠪᠠ ᠂ ᠱᠧᠨ ᠹᠦ᠋ ᠶᠢᠨ ᠳ᠋ᠦᠩᠱᠧᠩ ᠨᠡᠭᠦᠷᠡᠰᠦᠨ ᠤ ᠠᠢ ᠰᠠᠪᠠ ᠵᠡᠷᠭᠡ ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠠᠨᠳᠤᠭᠤᠯᠵᠤ ᠂ ᠪᠦᠬᠦ ᠣᠷᠣᠨ ᠤ ᠡᠨᠧᠷᠭᠢ ᠶᠢᠨ ᠪᠡᠯᠡ ᠣᠷᠣᠭᠤᠯᠤᠯᠲᠠ ᠶᠢᠨ ᠭᠤᠣᠯᠳᠠᠯᠭ᠎ᠠ ᠶᠢ ᠠᠯᠬᠤᠮ ᠠᠯᠬᠤᠮ ᠢᠶᠠᠷ ᠴᠠᠬᠢᠯᠭᠠᠨ ᠬᠦᠴᠦᠨ ᠤ ᠠᠵᠤ ᠦᠢᠯᠡᠳᠪᠦᠷᠢ ᠲᠡᠶᠢᠰᠢ ᠰᠢᠯᠵᠢᠭᠦᠯᠪᠡ ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠣᠷᠣᠨ ᠤᠯᠠᠮᠵᠢᠯᠠᠯᠲᠤ ᠠᠵᠤ ᠦᠢᠯᠡᠰ ᠢ ᠶᠡᠭᠡ ᠪᠠᠷ ᠦᠭᠡᠷᠡᠴᠢᠯᠡᠵᠤ ᠰᠢᠨᠡᠳᠭᠡᠨ ᠳᠡᠭᠡᠭᠰᠢᠯᠡᠭᠦᠯᠵᠦ ᠂ ᠨᠡᠭᠦᠷᠡᠰᠦ ᠪᠠᠷ ᠲᠣᠰᠣ ᠦᠢᠯᠡᠳᠬᠦ ᠂ ᠨᠡᠭᠦᠷᠡᠰᠦ ᠪᠠᠷ ᠬᠡᠶ ᠦᠢᠯᠡᠳᠬᠦ ᠵᠡᠷᠭᠡ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠵᠠᠯᠭᠠᠭ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠰᠢᠨ᠎ᠡ ᠪᠠ ᠪᠤᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠪᠦᠲᠦᠮᠵᠢᠲᠡᠶ ᠬᠥᠲᠥᠯᠥᠨ ᠵᠢᠯᠣᠭᠤᠳᠴᠤ ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠢᠯᠡᠳᠲᠡ ᠴᠢᠩᠭᠠᠷᠠᠭᠤᠯᠪᠠ ᠃ 1952 — 2023 ᠣᠨ ᠪᠣᠯᠬᠤ ᠳᠤ ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ ᠵᠢᠯ ᠪᠦᠷᠢ ᠳᠤᠮᠳᠠᠴᠢ ᠪᠠᠷ 16.8 ᠨᠡᠮᠡᠭᠳᠡᠪᠡ ᠃ ᠡᠭᠦᠨ ᠳᠤ ᠂ 2021 — 2023 ᠣᠨ ᠪᠣᠯᠬᠤ ᠳᠤ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠵᠦ ᠪᠣᠯᠪᠠᠰᠤᠷᠠᠭᠤᠯᠬᠤ ᠦᠢᠯᠡᠰ ᠤᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 27.2% ᠨᠡᠮᠡᠭᠳᠡᠵᠦ ᠂ ᠡᠨᠧᠷᠭᠢ ᠶᠢᠨ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 28.1% ᠨᠡᠮᠡᠭᠳᠡᠵᠦ ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 24.7% ᠨᠡᠮᠡᠭᠳᠡᠵᠦ ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 31.8% ᠨᠡᠮᠡᠭᠳᠡᠪᠡ ᠃    ︵ᠲᠦᠷᠪᠡ︶ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠬᠦ ᠣᠷᠣᠨ ᠪᠦᠰᠡ ᠶᠢᠨ ᠪᠠᠶᠢᠷᠢᠯᠠᠭᠤᠯᠤᠯᠲᠠ ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ ᠂ ᠪᠦᠬᠦ ᠣᠷᠣᠨ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ ᠂ ᠰᠢᠨ᠎ᠡ ᠡᠨᠧᠷᠭᠢ ᠶᠢᠨ ᠲᠠᠬᠢᠨ ᠨᠡᠮᠡᠭᠳᠡᠬᠦ ᠢᠨᠵᠧᠨᠧᠷᠢᠩ ᠢ ᠬᠡᠷᠡᠭᠵᠢᠭᠦᠯᠵᠦ ᠂ ᠪᠦᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠦᠳᠲᠡᠷ ᠲᠦᠷᠭᠡᠨ ᠥᠷᠭᠡᠳᠪᠡ ᠃ 2023 ᠣᠨ ᠳᠤ ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 70.1% ᠨᠡᠮᠡᠭᠳᠡᠵᠦ ᠂ ᠪᠥᠬᠦ ᠣᠷᠣᠨ ᠤ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 32.5% ᠳᠤ ᠬᠥᠷᠪᠡ ᠃ ᠡᠭᠦᠨ ᠳᠤ ᠂ ᠰᠠᠯᠬᠢᠨ ᠬᠦᠴᠦᠨ ᠤ ᠴᠠᠬᠢᠯᠭᠠᠨ ᠂ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ 1.2 ᠳᠠᠬᠢᠨ ᠨᠡᠮᠡᠭᠳᠡᠵᠦ ᠂ 2021 — 2023 ᠣᠨ ᠪᠣᠯᠬᠤ ᠳᠤ ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 39.7% ᠨᠡᠮᠡᠭᠳᠡᠪᠡ︔ ᠭᠡᠷᠡᠯᠴᠢ ᠴᠡᠨᠡᠭ ᠤᠨ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 57.7% ᠨᠡᠮᠡᠭᠳᠡᠪᠡ ᠃    ᠭᠤᠷᠪᠠ ᠂ ᠭᠤᠣᠯ ᠪᠣᠯᠬᠤ ᠬᠦᠷᠢᠶ᠎ᠡ ᠬᠡᠪᠴᠢᠶ᠎ᠡ ᠦᠰᠦᠷᠦᠩᠭᠦᠢ ᠬᠥᠭᠵᠢᠵᠦ ᠂ ᠠᠷᠠᠳ ᠤᠨ ᠠᠮᠢᠳᠤᠷᠠᠯ ᠤᠨ ᠪᠡᠯᠡᠳᠬᠡᠮᠵᠢ ᠠᠯᠬᠤᠮ ᠠᠯᠬᠤᠮ ᠢᠶᠠᠷ ᠲᠡᠭᠦᠯᠳᠡᠷᠵᠢᠪᠡ    ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠡᠳᠦᠷ ᠠᠴᠠ ᠡᠳᠦᠷ ᠰᠢᠨᠡᠳᠪᠡ ᠃ ᠣᠯᠠᠨ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠭᠠᠳ ᠂ ᠮᠠᠨ ᠤ ᠣᠷᠣᠨ ᠤ ᠳᠡᠭᠡᠳᠦ ᠬᠤᠷᠳᠤ ᠶᠢᠨ ᠲᠡᠮᠦᠷ ᠵᠠᠮ ᠂ ᠭᠠᠵᠠᠷ ᠳᠣᠣᠷᠠᠬᠢ ᠲᠡᠮᠦᠷ ᠵᠠᠮ ᠦᠭᠡᠢ ᠪᠠᠶᠢᠭᠰᠠᠨ ᠠᠴᠠ ᠪᠠᠶᠢᠬᠤ ᠪᠤᠯᠵᠤ ᠂ ᠲᠡᠮᠦᠷ ᠵᠠᠮ ᠤᠨ ᠵᠠᠮ ᠱᠤᠭᠤᠮ ᠨᠢ ᠨᠢᠭᠡᠨᠲᠡ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ ᠵᠢᠮᠲᠦ ᠵᠠᠮ ᠬᠠᠷᠢᠯᠴᠠᠭ᠎ᠠ ᠶᠢ 12 ᠠᠶᠢᠮᠠᠭ ᠬᠤᠲᠠ ᠳᠤ ᠪᠦᠬᠦᠨ ᠢ ᠬᠠᠮᠤᠷᠤᠭᠤᠯᠤᠭᠰᠠᠨ ᠤ ᠬᠠᠮᠲᠤ ᠡᠷᠭᠢᠨ ᠲᠣᠭᠤᠷᠢᠨ ᠤ ᠨᠠᠢᠮᠠᠨ ᠮᠣᠵᠢ ᠣᠷᠣᠨ ᠯᠤᠭ᠎ᠠ ᠵᠠᠯᠭᠠᠯᠳᠤᠭᠤᠯᠪᠠ︔ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠨᠣᠮᠧᠷᠲᠦ ᠱᠤᠭᠤᠮ ᠂ 2 ᠳ᠋ᠤᠭᠠᠷ ᠨᠣᠮᠧᠷᠲᠦ ᠱᠤᠭᠤᠮ ᠢ ᠤᠷᠢᠳ ᠬᠤᠵᠢᠳ ᠠᠰᠢᠭᠯᠠᠯᠲᠠ ᠳᠤ ᠣᠷᠣᠭᠤᠯᠪᠠ︔ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠨᠢ ᠪᠦᠬᠦ ᠠᠶᠢᠮᠠᠭ ᠬᠤᠲᠠ ᠶᠢ ᠬᠠᠮᠤᠷᠴᠤ ᠂ ᠮᠣᠵᠢ ᠶᠢᠨ ᠬᠤᠭᠤᠷᠣᠨᠳᠣᠬᠢ ᠨᠡᠪᠲᠡᠷᠡᠬᠦ ᠵᠠᠰᠠᠮᠠᠯ ᠵᠠᠮ ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠲᠦ ᠬᠤᠷᠳᠤ ᠂ ᠪᠡᠭᠡᠵᠢᠩ ᠠᠴᠠ ᠲᠦᠪᠡᠳ ᠬᠦᠷᠬᠦ ᠳᠡᠭᠡᠳᠦ ᠬᠤᠷᠳᠤ ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠂ ᠪᠤᠭᠤᠲᠤ ᠠᠴᠠ ᠯᠠᠨᠵᠸᠤ ᠬᠦᠷᠬᠦ ᠲᠡᠮᠦᠷ ᠵᠠᠮ ᠵᠡᠷᠭᠡ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠳᠤᠲᠤᠨ᠎ᠠ ᠭᠠᠳᠠᠨᠠᠬᠢ ᠶᠢ ᠬᠤᠯᠪᠣᠭᠰᠠᠨ ᠴᠢᠬᠤᠯᠠ ᠵᠠᠰᠠᠮᠠᠯ ᠵᠠᠮ ᠪᠠ ᠲᠡᠮᠦᠷ ᠵᠠᠮ ᠤᠨ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠤᠨ ᠳᠠᠭᠤᠰᠬᠠᠵᠤ ᠂ ᠵᠠᠮ ᠬᠠᠷᠢᠯᠴᠠᠭᠠᠨ ᠤ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠪᠡ ᠃ 1952 — 2023 ᠣᠨ ᠳᠤ ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 13.9% ᠶᠢᠨ ᠬᠤᠷᠳᠤᠴᠠ ᠪᠠᠷ ᠨᠡᠮᠡᠭᠳᠡᠵᠦ ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠴᠦᠲᠡᠶ ᠲᠡᠭᠡᠭᠡᠪᠦᠷᠢ ᠶᠢᠨ ᠪᠠᠲᠤᠯᠠᠭ᠎ᠠ ᠬᠠᠩᠭᠠᠪᠠ ᠃    ︵ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠪᠦᠲᠦᠮᠵᠢᠲᠡᠢ ᠴᠢᠩᠭᠠᠷᠠᠪᠠ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠮᠠᠨ ᠤ ᠣᠷᠣᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠂ ᠰᠣᠶᠣᠯ ᠵᠡᠷᠭᠡ ᠪᠡᠯᠡᠳᠭᠡᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠵᠦ ᠂ 2001 — 2023 ᠣᠨ ᠪᠣᠯᠬᠤ ᠳᠤ ᠂ ᠨᠡᠶᠢᠭᠡᠮ ᠤᠨ ᠬᠦᠷᠢᠶᠡᠨ ᠳᠠᠬᠢ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 13.9% ᠨᠡᠮᠡᠭᠳᠡᠪᠡ ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠨ ᠰᠠᠶᠢᠵᠢᠷᠠᠭᠤᠯᠵᠤ ᠂ ᠪᠥᠬᠦ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠭ᠎ᠠ 1952 ᠣᠨ ᠳᠤ 3 ᠪᠠᠶᠢᠭᠰᠠᠨ ᠠᠴᠠ ᠪᠠᠨ 2023 ᠣᠨ ᠳᠤ 54ᠪᠣᠯᠪᠠ︔ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠯᠡᠳᠲᠡ ᠳᠡᠭᠡᠭᠰᠢᠯᠡᠵᠦ ᠂ ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠭ᠎ᠠ 1949 ᠣᠨ ᠳᠤ 78 ᠪᠠᠶᠢᠭᠰᠠᠨ ᠠᠴᠠ ᠪᠠᠨ ᠨᠡᠮᠡᠭᠳᠡᠭᠡᠳ 2023 ᠣᠨ ᠳᠤ 25685 ᠪᠣᠯᠪᠠ︔ ᠰᠣᠶᠣᠯ ᠪᠡᠶ᠎ᠡ ᠶᠢᠨ ᠲᠠᠮᠢᠷ ᠤᠨ ᠦᠢᠯᠡᠰ ᠲᠦᠷᠭᠡᠨ ᠬᠥᠭᠵᠢᠵᠦ ᠂ ᠨᠢᠭᠡ ᠪᠦᠯᠦᠭ ᠮᠦᠽᠧᠶ ᠂ ᠰᠣᠶᠣᠯ ᠤᠨ ᠣᠷᠳᠣᠨ ᠂ ᠨᠣᠮ ᠤᠨ ᠰᠠᠩ ᠵᠡᠷᠭᠡ ᠣᠯᠠᠨ ᠨᠡᠶᠢᠲᠡ ᠶᠢᠨ ᠰᠣᠶᠣᠯ ᠤᠨ ᠪᠡᠯᠡᠳᠭᠡᠮᠵᠢ ᠶᠢᠨ ᠲᠥᠷᠥᠯ ᠵᠦᠢᠯ ᠢ ᠪᠠᠶᠢᠭᠤᠯᠵᠤ ᠂ 2023 ᠣᠨ ᠳᠤ ᠪᠥᠬᠦ ᠣᠷᠣᠨ ᠳᠤ ᠰᠣᠶᠣᠯ ᠤᠨ ᠣᠷᠳᠣᠨ 118 ᠂ ᠣᠯᠠᠨ ᠨᠡᠶᠢᠲᠡ ᠶᠢᠨ ᠨᠣᠮ ᠤᠨ ᠰᠠᠩ 117 ᠪᠣᠯᠪᠠ ᠃    ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ ᠂ ᠮᠠᠨ ᠤ ᠣᠷᠣᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠪᠠᠯᠠ ᠣᠷᠣᠭᠤᠯᠤᠯᠲᠠ ᠶᠢᠨ ᠦᠵᠡᠭᠦᠯᠬᠦ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ ᠂ ᠡᠯ᠎ᠡ ᠬᠦᠷᠢᠶ᠎ᠡ ᠴᠠᠷᠠᠭᠠᠨ ᠤ ᠪᠥᠲᠥᠭᠡᠨ ᠪᠠᠶᠢᠭᠤᠯᠤᠯᠲᠠ ᠳᠤ ᠢᠯᠡᠳᠲᠡ ᠠᠮᠵᠢᠯᠲᠠ ᠤᠯᠪᠠ ᠃ ᠬᠤᠶᠢᠰᠢᠳᠠ ᠂ ᠰᠢᠨ᠎ᠡ ᠠᠵᠠ ᠲᠣᠬᠢᠶᠠᠯ ᠪᠣᠯᠤᠨ ᠥᠷᠢᠰᠥᠯᠳᠦᠭᠡᠨ ᠳᠤ ᠂ ᠪᠦᠬᠦ ᠣᠷᠣᠨ ᠢᠶᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ ᠂ ᠬᠤᠪᠢᠷᠠᠯᠲᠠ ᠶᠢᠨ ᠳᠤᠮᠳᠠ ᠠᠵᠠ ᠲᠣᠬᠢᠶᠠᠯ ᠢ ᠠᠮᠵᠢᠵᠤ ᠂ ᠬᠥᠭᠵᠢᠯᠲᠡ ᠶᠢᠨ ᠳᠤᠮᠳᠠ ᠥᠷᠢᠰᠥᠯᠳᠦᠭᠡᠨ ᠢ ᠤᠭᠲᠤᠵᠤ ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ ᠂ ᠪᠡᠯᠡ ᠣᠷᠣᠭᠤᠯᠤᠯᠲᠠ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号