ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠵᠥᠪ | ᠣᠨᠣᠪᠴᠢᠲᠠᠶ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ | ᠬᠤᠶᠠᠷ ᠵᠠᠬ᠎ᠠ ᠳᠡᠯᠭᠡᠭᠦᠷ ᠢ ᠨᠢᠭᠡᠳᠦᠯᠲᠡᠢ ᠲᠦᠯᠦᠪᠯᠡᠨ ᠠᠰᠢᠭᠯᠠᠵᠤ᠂ ᠲᠥᠯᠥᠪᠯᠡᠭᠡᠲᠦ ᠠᠵᠤ ᠠᠬᠤᠢ ᠶᠢᠨ | ᠪᠠᠶᠢᠭᠤᠯᠤᠯ ᠠᠴᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠬᠦᠷᠲᠡᠯ᠎ᠡ᠂ ᠪᠢᠲᠡᠭᠦᠮᠵᠢᠯᠡᠭᠰᠡᠨ ᠬᠠᠭᠠᠰ ᠪᠢᠲᠡᠭᠦᠮᠵᠢᠯᠡᠵᠦ ᠪᠠᠶᠢᠭᠰᠠᠨ ᠠᠴᠠ ᠪᠦᠬᠦ ᠲᠠᠯ᠎ᠠ ᠪᠠᠷ | ᠨᠡᠭᠡᠭᠡᠯᠲᠡ ᠬᠢᠬᠦ ᠬᠦᠷᠲᠡᠯᠡᠬᠢ ᠴᠢᠬᠤᠯᠠ ᠶᠡᠭᠡ ᠡᠷᠭᠢᠯᠲᠡ ᠲᠠᠢ ᠪᠣᠯᠲᠠᠯ᠎ᠠ᠂ ᠳᠣᠲᠣᠭᠠᠳᠤ ᠭᠠᠳᠠᠭᠠᠳᠤ ᠠᠷᠠᠯᠵᠢᠶ᠎ᠠ | ᠴᠥᠮ ᠬᠥᠭᠵᠢᠯ ᠴᠡᠴᠡᠭᠯᠡᠯ ᠲᠠᠢ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ | ᠣᠷᠣᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠣᠯᠭᠤᠭᠰᠠᠨ ︽ᠥᠪᠥᠷ ᠮᠣᠩᠭᠤᠯ ᠢ ᠮᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠪᠣᠯᠭᠠᠬᠤ ᠪᠠᠷ ᠴᠢᠷᠮᠠᠶᠢᠵᠤ᠂ ᠪᠥᠬᠦ ᠣᠷᠣᠨ ᠤ ᠬᠡᠷᠡᠭᠯᠡᠭᠡ ᠶᠢᠨ | ᠵᠠᠬ᠎ᠠ ᠳᠡᠯᠭᠡᠭᠦᠷ ᠤᠨ ᠪᠦᠲᠦᠴᠡ ᠶᠢ ᠲᠠᠰᠤᠷᠠᠯᠲᠠ ᠥᠬᠡᠶ ᠲᠠᠰ ᠳᠡᠪᠰᠢᠭᠦᠯᠵᠦ᠂ ᠰᠢᠨ᠎ᠡ ᠪᠠᠷ ᠬᠥᠭᠵᠢᠵᠦ ᠪᠠᠶᠢᠭ᠎ᠠ | ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠥᠬᠡᠶ ᠭᠠᠷᠴᠤ᠂ ᠣᠯᠠᠨ ᠡᠰᠢᠵᠢᠭᠰᠡᠨ ᠣᠯᠠᠨ ᠳᠠᠪᠬᠤᠷᠭ᠎ᠠ ᠶᠢᠨ | ᠬᠡᠷᠡᠭᠯᠡᠭᠡ ᠶᠢᠨ ᠪᠠᠶᠢᠷᠢᠰᠢᠯ ᠠᠯᠬᠤᠮ ᠠᠯᠬᠤᠮ ᠢᠶᠠᠷ ᠪᠦᠷᠢᠯᠳᠦᠵᠦ᠂ ᠬᠡᠷᠡᠭᠯᠡᠭᠡ ᠶᠢᠨ ᠵᠠᠬ᠎ᠠ ᠳᠡᠯᠭᠡᠭᠦᠷ ᠴᠣ᠋ ᠰᠢᠨ᠎ᠡ | ᠬᠥᠭᠵᠢᠯᠲᠡ ᠶᠢᠨ ᠴᠠᠭ ᠦᠶ᠎ᠡ ᠳᠤ ᠪᠠᠨ ᠣᠷᠣᠪᠠ᠃ | ᠨᠢᠭᠡ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ ᠲᠠᠰᠤᠷᠠᠯᠲᠠ ᠦᠭᠡᠢ ᠥᠷᠭᠡᠳᠴᠦ᠂ ᠰᠢᠨ᠎ᠡ ᠪᠠᠷ | ᠬᠥᠭᠵᠢᠵᠦ ᠪᠠᠶᠢᠭ᠎ᠠ ᠬᠡᠷᠡᠭᠯᠡᠭᠡ ᠴᠡᠴᠡᠭᠯᠡᠨ ᠬᠥᠭᠵᠢᠪᠡ | ︵ᠨᠢᠭᠡ︶ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ ᠦᠷᠭᠦᠯᠵᠢᠯᠡᠨ ᠥᠷᠭᠡᠳᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠤᠨ ᠦᠢᠯᠡᠳᠪᠦᠷᠢᠯᠡᠯ ᠠᠮᠢᠳᠤᠷᠠᠯ ᠡᠬᠢᠯᠡᠨ | ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠵᠤ᠂ ᠠᠮᠢᠳᠤᠷᠠᠯ ᠤᠨ ᠲᠦᠪᠰᠢᠨ ᠰᠠᠶᠢᠵᠢᠷᠠᠵᠤ᠂ ᠬᠡᠷᠡᠭᠯᠡᠭᠡ ᠡᠬᠢᠯᠡᠨ | ᠰᠡᠷᠭᠦᠯᠲᠡ ᠶᠢᠨ ᠴᠢᠨᠠᠷᠲᠠᠢ ᠨᠡᠮᠡᠭᠳᠡᠪᠡ᠃ 1977 ᠣᠨ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ | ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ 34.7 ᠳ᠋ᠦᠩᠰᠢᠭᠤᠷ ᠲᠥᠭᠦᠷᠢᠭ ᠲᠤ ᠬᠦᠷᠴᠦ᠂ | 1949 ᠣᠨ ᠤ ᠬᠢ ᠠᠴᠠ ᠪᠠᠨ 30.8 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 13.2% ᠨᠡᠮᠡᠭᠳᠡᠨ᠂ | ᠠᠷᠠᠳ ᠤᠨ ᠠᠮᠢᠳᠤᠷᠠᠯ ᠤᠨ ᠬᠡᠷᠡᠭᠯᠡᠭᠡ ᠶᠢᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠬᠦ ᠬᠤᠭᠤᠴᠠᠭᠠᠨ ᠳᠤ ᠣᠷᠣᠪᠠ᠃ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠠᠴᠠ | ᠨᠠᠭᠠᠰᠢ᠂ ᠥᠭᠡᠷᠡᠴᠢᠯᠡᠯᠲᠡ ᠨᠡᠭᠡᠭᠡᠯᠲᠡ ᠨᠢ ᠵᠠᠬ᠎ᠠ ᠳᠡᠯᠭᠡᠭᠦᠷ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠪᠦᠬᠦ | ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠶ ᠬᠡᠮᠵᠢᠶ᠎ᠡ 1978 | ᠣᠨ ᠤ 36.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 1991 ᠣᠨ ᠤ 163.2 | ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 11.7% ᠨᠡᠮᠡᠭᠳᠡᠪᠡ᠃ 1992 ᠣᠨ ᠳᠤ | ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠬᠤᠷᠠᠯᠳᠤᠵᠤ᠂ ᠥᠭᠡᠷᠡᠴᠢᠯᠡᠯᠲᠡ ᠨᠡᠭᠡᠭᠡᠯᠲᠡ ᠪᠣᠯᠤᠨ | ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠪᠣᠶ ᠪᠣᠯᠭᠠᠵᠤ᠂ ᠲᠠᠸᠠᠷ ᠤᠨ | ᠭᠦᠢᠯᠭᠡᠭᠡ ᠨᠢ ᠲᠥᠯᠥᠪᠯᠡᠭᠡᠲᠦ ᠠᠵᠤ ᠠᠬᠤᠶ ᠠᠴᠠ ᠵᠠᠬ᠎ᠠ ᠳᠡᠯᠭᠡᠭᠦᠷ ᠤᠨ ᠠᠵᠤ ᠠᠬᠤᠶ ᠲᠡᠶᠢᠰᠢ ᠤᠷᠤᠭᠰᠢᠯᠠᠵᠤ᠂ | ᠪᠦᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠶ ᠬᠡᠮᠵᠢᠶ᠎ᠡ | 1992 ᠣᠨ ᠤ 186.6 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2011 ᠣᠨ ᠤ | 2878.6 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 15.4% ᠨᠡᠮᠡᠭᠳᠡᠪᠡ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ | ᠦᠷᠭᠦᠯᠵᠢᠯᠡᠨ ᠳᠡᠭᠡᠭᠰᠢᠯᠡᠵᠦ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ | ᠪᠣᠷᠤᠯᠠᠭᠤᠯᠤᠭᠰᠠᠨ ᠶᠡᠷᠦᠩᠬᠡᠶ ᠬᠡᠮᠵᠢᠶ᠎ᠡ 2012 ᠣᠨ ᠤ 3239.2 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ 2023 ᠣᠨ ᠤ 5374.3 ᠳ᠋ᠦᠩᠰᠢᠭᠤᠷ ᠲᠥᠭᠦᠷᠢᠭ ᠪᠣᠯᠵᠣ᠂ ᠵᠢᠯ ᠪᠦᠷᠢ | ᠳᠤᠮᠳᠠᠴᠢ ᠪᠠᠷ 4.7% ᠨᠡᠮᠡᠭᠳᠡᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠨᠡᠯᠢᠶᠡᠳ ᠲᠦᠷᠭᠡᠨ ᠨᠡᠮᠡᠭᠳᠡᠯ ᠨᠢ | ᠬᠤᠷᠸ᠎ᠠ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ | ᠦᠵᠡᠭᠦᠯᠪᠡ᠃ | ︵ᠬᠤᠶᠠᠷ︶ ᠬᠡᠷᠡᠭᠯᠡᠭᠡ ᠶᠢᠨ ᠬᠡᠷᠡᠭᠰᠡᠯ ᠤᠨ ᠲᠤᠭ᠎ᠠ ᠬᠡᠮᠵᠢᠶ᠎ᠡ ᠲᠦᠷᠦᠯ ᠵᠦᠢᠯ ᠡᠳᠦᠷ ᠢᠷᠡᠬᠦᠶ᠎ᠡ ᠡᠯᠪᠡᠭᠵᠢᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ᠂ ᠮᠠᠨ ᠤ ᠣᠷᠣᠨ ᠤ ᠠᠮᠢᠳᠤᠷᠠᠯ ᠤᠨ | ᠬᠡᠷᠡᠭᠰᠡᠯ ᠬᠦᠨᠳᠦ ᠨᠣᠴᠢᠲᠠᠶ ᠳᠤᠲᠠᠭᠳᠠᠵᠤ᠂ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ | ᠨᠢᠭᠡᠳᠦᠯᠲᠡᠶ ᠬᠤᠳᠠᠯᠳᠤᠨ ᠠᠪᠴᠤ ᠨᠢᠭᠡᠳᠦᠯᠲᠡᠶ ᠪᠤᠷᠤᠯᠠᠭᠤᠯᠬᠤ ᠪᠠᠷ ᠭᠤᠤᠯ ᠪᠣᠯᠭᠠᠵᠤ᠂ ᠬᠡᠷᠡᠭᠯᠡᠭᠡ ᠶᠢᠨ ᠵᠦᠢᠯ ᠢ | ᠲᠤᠬᠢᠷᠠᠭᠤᠯᠤᠨ ᠬᠤᠪᠢᠶᠠᠷᠢᠯᠠᠵᠤ᠂ ᠣᠯᠠᠩᠬᠢ ᠶᠢ ᠨᠢ ᠭᠡᠷᠡᠴᠢ ᠪᠠᠷᠢᠮᠲᠠ ᠪᠠᠷ ᠬᠡᠮᠵᠢᠶ᠎ᠡ ᠲᠠᠢ ᠬᠠᠩᠭᠠᠵᠤ᠂ ᠵᠠᠬ᠎ᠠ | ᠳᠡᠯᠭᠡᠭᠦᠷ ᠪᠦᠬᠦ ᠲᠠᠯ᠎ᠠ ᠪᠠᠷ ᠪᠠᠴᠢᠮ ᠪᠠᠶᠢᠳᠠᠯ ᠲᠠᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠶᠢᠨ ᠲᠠᠰᠤᠷᠠᠯᠲᠠ ᠤᠢᠭᠡᠢ | ᠭᠦᠨᠵᠡᠭᠡᠶᠢᠷᠡᠬᠦ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠥᠭᠵᠢᠯᠲᠡ ᠳᠤ ᠤᠷᠢᠳ | ᠡᠮᠦᠨ᠎ᠡ ᠪᠠᠶᠢᠭ᠎ᠠ ᠦᠭᠡᠶ ᠥᠷᠭᠡᠨ ᠠᠭᠤᠳᠠᠮ ᠣᠷᠣᠨ ᠵᠠᠶ ᠶᠢ ᠨᠡᠭᠡᠭᠡᠵᠦ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ | ᠴᠢᠩᠭ᠎ᠠ ᠬᠦᠴᠦᠲᠡᠢ ᠪᠠᠶᠢᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠶᠠᠪᠤᠳᠠᠯ ᠬᠥᠭᠵᠢᠶᠡᠨᠲᠡᠶ ᠪᠣᠯᠪᠠ᠃ | 2023 ᠣᠨ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠣᠰᠣ | ᠢᠳᠡᠭᠡᠨ ᠤᠮᠳᠠᠭᠠᠨ ᠲᠠᠮᠠᠬᠢ ᠠᠷᠢᠬᠢ᠂ ᠬᠤᠪᠴᠠᠰᠤ ᠬᠤᠨᠠᠷ ᠤᠨ ᠲᠥᠷᠥᠯ ᠤᠨ ᠲᠠᠸᠠᠷ ᠤᠨ ᠵᠢᠵᠢᠭᠯᠡᠨ | ᠪᠣᠷᠤᠯᠠᠭᠤᠯᠤᠭᠰᠠᠨ ᠲᠤᠭ᠎ᠠ ᠲᠣᠰ ᠲᠣᠰ 206.5 ᠳ᠋ᠦᠩᠰᠢᠭᠤᠷ ᠲᠥᠭᠦᠷᠢᠭ ᠪᠠ 62.2 ᠳ᠋ᠦᠩᠰᠢᠭᠤᠷ ᠲᠥᠭᠦᠷᠢᠭ | ᠪᠠᠶᠢᠵᠤ᠂ ᠲᠣᠰ ᠲᠣᠰ 1952 ᠣᠨ ᠤ ᠬᠢ ᠠᠴᠠ 108.8 ᠳᠠᠬᠢᠨ ᠪᠠ 103.7 ᠳᠠᠬᠢᠨ ᠪᠣᠯᠵᠤ᠂ ᠵᠢᠯ ᠪᠦᠷᠢ | ᠳᠤᠮᠳᠠᠴᠢ ᠪᠠᠷ ᠲᠣᠰ ᠲᠣᠰ 6.8% ᠪᠠ 6.7% ᠨᠡᠮᠡᠭᠳᠡᠪᠡ᠃ 2023 ᠣᠨ ᠤ ᠡᠴᠦᠰ ᠲᠤ᠂ ᠪᠥᠬᠦ ᠣᠷᠣᠨ ᠤ | ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠳᠤᠮᠳᠠᠴᠢ ᠪᠠᠷ ᠵᠠᠭᠤᠨ ᠡᠷᠦᠬᠡ ᠪᠦᠷᠢ ᠳᠤ ᠲᠧᠯᠸᠢᠰ᠂ ᠬᠤᠪᠴᠠᠰᠤ | ᠤᠬᠢᠶᠠᠬᠤ ᠮᠠᠰᠢᠨ ᠪᠠ ᠴᠠᠬᠢᠯᠭᠠᠨ ᠬᠦᠯᠳᠡᠭᠡᠭᠦᠷ ᠲᠣᠰ ᠲᠣᠰ 97.5 ᠰᠠᠤᠷᠢ᠂ 99.3 ᠰᠠᠤᠷᠢ᠂ 112.9 ᠰᠠᠤᠷᠢ | ᠪᠠᠶᠢᠭᠰᠠᠨ ᠪᠣᠯ ᠬᠠᠷᠢᠨ 1991 ᠣᠨ ᠪᠣᠯᠬᠤ ᠳᠤ ᠲᠣᠰ ᠲᠣᠰ 65.3 ᠰᠠᠤᠷᠢ᠂ 80.7 ᠰᠠᠤᠷᠢ᠂ 23.2 | ᠰᠠᠤᠷᠢ ᠪᠣᠯᠣᠭᠰᠠᠨ ᠪᠠᠶᠢᠨ᠎ᠠ᠃ | ︵ᠭᠤᠷᠪᠠ︶ ᠰᠢᠨ᠎ᠡ ᠪᠠᠷ ᠬᠥᠭᠵᠢᠵᠦ ᠪᠠᠶᠢᠭ᠎ᠠ ᠬᠡᠷᠡᠭᠯᠡᠭᠡ ᠶᠢᠨ ᠬᠡᠪ ᠵᠠᠭᠪᠤᠷ ᠲᠠᠰᠤᠷᠠᠯᠲᠠ ᠦᠭᠡᠢ ᠴᠡᠴᠡᠭᠯᠡᠨ | ᠬᠥᠭᠵᠢᠪᠡ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠤ ᠬᠡᠷᠡᠭᠯᠡᠭᠡ ᠶᠢᠨ | ᠬᠦᠷᠢᠶᠡᠨ ᠳᠤ ᠲᠡᠦᠬᠡᠲᠦ ᠴᠢᠨᠠᠷᠲᠠᠶ ᠯᠤᠲᠤ ᠶᠡᠭᠡ ᠬᠤᠪᠢᠷᠠᠯᠲᠠ ᠭᠠᠷᠴᠤ᠂ ᠬᠡᠷᠡᠭᠯᠡᠭᠡ ᠶᠢᠨ ᠠᠭᠤᠯᠭ᠎ᠠ ᠲᠠᠰᠤᠷᠠᠯᠲᠠ | ᠥᠬᠡᠶ ᠥᠷᠭᠡᠳᠴᠦ᠂ ᠬᠡᠷᠡᠭᠯᠡᠭᠡ ᠶᠢᠨ ᠦᠵᠡᠯᠲᠡ ᠨᠠᠩ ᠥᠪᠡᠷᠮᠢᠴᠡᠴᠢᠯᠡᠨ ᠣᠯᠠᠨ ᠡᠰᠢᠴᠢᠯᠡᠵᠦ᠂ ︽ᠪᠠᠷᠠᠭ᠎ᠠ | ᠬᠤᠳᠠᠯᠳᠤᠨ ᠠᠪᠬᠤ᠂ ᠢᠳᠡᠭᠡᠨ ᠤᠮᠳᠠᠭᠠᠨ᠂ ᠰᠡᠯᠡᠭᠦᠴᠡᠯ᠂ ᠵᠤᠭ᠎ᠠ ᠴᠡᠩᠭᠡᠯ᠂ ᠰᠤᠷᠭᠠᠨ ᠬᠥᠮᠦᠵᠢᠯ︾ ᠵᠡᠷᠭᠡ | ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠨᠢ | ᠤᠯᠠᠮᠵᠢᠯᠠᠯᠲᠤ ᠪᠠᠷᠠᠭ᠎ᠠ ᠬᠤᠳᠠᠯᠳᠤᠨ ᠠᠪᠬᠤ ᠪᠠ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠬᠥᠮᠦᠰ ᠤᠨ | ᠡᠳᠦᠷ ᠲᠤᠲᠤᠮ ᠤᠨ ᠬᠡᠷᠡᠭᠯᠡᠭᠡ ᠶᠢᠨ ᠠᠮᠢᠳᠤᠷᠠᠯ ᠤᠨ ᠣᠯᠠᠨ ᠲᠠᠯ᠎ᠠ ᠶᠢᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ | 2023 ᠣᠨ ᠤ ᠡᠴᠦᠰ ᠲᠤ᠂ ᠪᠥᠬᠦ ᠣᠷᠣᠨ ᠤ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ | ᠨᠡᠶᠢᠲᠡ 25 ᠡᠷᠦᠬᠡ ᠪᠠᠶᠢᠵᠤ᠂ ᠬᠤᠳᠠᠯᠳᠤᠭᠠᠨ ᠤ ᠡᠷᠦᠬᠡ 5361 ᠪᠣᠯᠵᠣ᠂ 2015 ᠣᠨ ᠤ ᠬᠢ ᠠᠴᠠ ᠪᠠᠨ | 3662 ᠨᠡᠮᠡᠭᠳᠡᠪᠡ᠃ ᠡᠯᠧᠺᠲᠷᠤᠨ ᠬᠤᠳᠠᠯᠳᠤᠭᠠᠨ ᠤ ᠶᠠᠪᠤᠳᠠᠯ᠂ ᠲᠠᠪᠴᠠᠩ ᠤᠨ ᠠᠵᠤ ᠠᠬᠤᠶ ᠶᠢᠨ ᠲᠠᠰᠤᠷᠠᠯᠲᠠ | ᠥᠬᠡᠶ ᠰᠢᠨ᠎ᠡ ᠶᠢ ᠡᠭᠦᠳᠬᠦ ᠶᠢ ᠳᠠᠭᠠᠯᠳᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠨᠡᠶᠢᠭᠡᠮ | ᠲᠣᠭᠤᠷᠢᠭ ᠬᠠᠮᠲᠤ ᠪᠠᠷ ᠬᠤᠳᠠᠯᠳᠤᠨ ᠠᠪᠬᠤ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ︵ᠪᠠᠷᠠᠭ᠎ᠠ︶ ᠵᠡᠷᠭᠡ | ᠪᠣᠷᠣᠯᠠᠭᠤᠯᠭ᠎ᠠ ᠶᠢᠨ ᠰᠢᠨ᠎ᠡ ᠬᠡᠪ ᠵᠠᠭᠪᠤᠷ ᠨᠢ ᠤᠤᠯ ᠤᠨ ᠬᠤᠳᠠᠯᠳᠤᠭᠠᠨ ᠤ ᠪᠣᠷᠤᠯᠠᠭᠤᠯᠬᠤ ᠪᠠ ᠳᠡᠯᠭᠡᠷᠡᠭᠦᠯᠬᠦ ᠬᠡᠪ | ᠵᠠᠭᠪᠤᠷ ᠢ ᠡᠪᠳᠡᠵᠦ᠂ ᠪᠥᠬᠦ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠪᠡ᠃ 2023 ᠣᠨ ᠳᠤ᠂ ᠪᠥᠬᠦ ᠣᠷᠣᠨ ᠤ ᠪᠣᠲᠠᠲᠠᠢ ᠪᠣᠳᠠᠰ ᠤᠨ ᠲᠠᠸᠠᠷ ᠤᠨ ᠰᠦᠯᠵᠢᠶ᠎ᠡ ᠪᠠᠷ ᠵᠢᠵᠢᠭᠯᠡᠨ | ᠪᠣᠷᠤᠯᠠᠭᠤᠯᠤᠭᠰᠠᠨ ᠬᠡᠮᠵᠢᠶ᠎ᠡ 449 ᠳ᠋ᠦᠩᠰᠢᠭᠤᠷ ᠲᠥᠭᠦᠷᠢᠭ ᠲᠤ ᠬᠦᠷᠴᠦ᠂ 2015 ᠣᠨ ᠤ ᠬᠢ ᠠᠴᠠ ᠪᠠᠨ 11. | 8 ᠳᠠᠬᠢᠨ ᠨᠡᠮᠡᠭᠳᠡᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠤᠪᠢ ᠶᠢᠨ | ᠵᠢᠩ ᠨᠢ ᠵᠢᠯ ᠳᠠᠷᠠᠭᠠᠯᠠᠨ ᠨᠡᠮᠡᠭᠳᠡᠵᠦ᠂ 2015 ᠣᠨ ᠤ 0.9% ᠪᠠᠶᠢᠭᠰᠠᠨ ᠠᠴᠠ ᠪᠠᠨ ᠨᠡᠮᠡᠭᠳᠡᠭᠡᠳ 2023 | ᠣᠨ ᠤ 8.4% ᠪᠣᠯᠵᠣ᠂ 7.5 ᠵᠠᠭᠤᠨ ᠤ ᠴᠡᠭ ᠢᠶᠠᠷ ᠳᠡᠭᠡᠭᠰᠢᠯᠡᠪᠡ᠃ | ᠬᠤᠶᠠᠷ᠂ ᠭᠠᠳᠠᠭᠠᠳᠤ ᠠᠷᠠᠯᠵᠢᠶ᠎ᠠ ᠳᠠᠪᠠᠯᠳᠠ ᠶᠢᠨ ᠮᠠᠶ᠋ᠢᠭ ᠢᠶᠠᠷ ᠬᠥᠭᠵᠢᠵᠦ᠂ ᠠᠷᠠᠯᠵᠢᠶᠠᠨ ᠤ ᠪᠦᠲᠦᠴᠡ | ᠲᠠᠰᠤᠷᠠᠯᠲᠠ ᠦᠭᠡᠢ ᠰᠢᠯᠢᠳᠡᠭᠵᠢᠪᠡ | ︵ᠨᠢᠭᠡ︶ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠤᠳᠠᠭ᠎ᠠ ᠳᠠᠷᠠᠭᠠᠯᠠᠨ ᠰᠢᠨ᠎ᠡ ᠶᠢ ᠡᠭᠦᠳᠪᠡ᠃ | ᠥᠭᠡᠷᠡᠴᠢᠯᠡᠯᠲᠡ ᠨᠡᠭᠡᠭᠡᠯᠲᠡ ᠬᠢᠬᠦ ᠠᠴᠠ ᠡᠮᠦᠨ᠎ᠡ᠂ ᠮᠠᠨ ᠤ ᠣᠷᠣᠨ ᠤ ᠪᠠᠷᠠᠭ᠎ᠠ ᠶᠢᠨ ᠠᠷᠠᠯᠵᠢᠶ᠎ᠠ ᠨᠢ ᠭᠤᠤᠯᠳᠠᠭᠤ | ᠤᠯᠤᠰ ᠤᠨ ᠲᠥᠪᠯᠡᠷᠡᠩᠭᠦᠶ ᠲᠣᠬᠢᠷᠠᠭᠤᠯᠭ᠎ᠠ ᠳᠣᠤᠷ᠎ᠠ ᠲᠥᠯᠥᠪᠯᠡᠭᠡ ᠶᠢᠨ ᠱᠠᠭᠠᠷᠳᠠᠯᠭ᠎ᠠ ᠶᠢ ᠦᠨᠳᠦᠰᠦᠯᠡᠨ | ᠶᠠᠪᠤᠭᠳᠠᠵᠤ᠂ ᠭᠠᠳᠠᠭᠠᠳᠤ ᠠᠷᠠᠯᠵᠢᠶ᠎ᠠ ᠨᠡᠯᠢᠶᠡᠳ ᠳᠣᠤᠷ᠎ᠠ ᠬᠢᠷᠢ ᠬᠡᠮᠵᠢᠶᠡᠨ ᠳᠤ ᠣᠷᠣᠰᠢᠵᠤ ᠪᠠᠶᠢᠵᠠᠢ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠬᠡᠪᠴᠢᠶᠡᠵᠢᠯ | ᠲᠠᠰᠤᠷᠠᠯᠲᠠ ᠦᠭᠡᠢ ᠥᠷᠭᠡᠳᠴᠦ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠭᠠᠳᠠᠭᠠᠳᠤ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠪᠴᠢᠯᠡᠨ ᠪᠤᠶᠢᠵᠢᠭᠤᠯᠵᠤ᠂ ᠭᠠᠳᠠᠭᠠᠳᠤ | ᠠᠷᠠᠯᠵᠢᠶᠠᠨ ᠤ ᠬᠡᠪᠴᠢᠶᠡᠵᠢᠯ ᠰᠢᠨ᠎ᠡ ᠳᠡᠭᠲᠡᠷ ᠲᠤ ᠭᠠᠷᠪᠠ᠃ 1978 — 2012 ᠣᠨ ᠳᠤ᠂ ᠮᠠᠨ ᠤ | ᠣᠷᠣᠨ ᠤ ᠪᠠᠷᠠᠭ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠢ | ᠬᠡᠮᠵᠢᠶ᠎ᠡ 2674 ᠲᠦᠮᠡᠨ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 707.5 ᠳ᠋ᠦᠩᠰᠢᠭᠤᠷ ᠲᠥᠭᠦᠷᠢᠭ | ᠪᠣᠯᠵᠤ᠂ 34 ᠵᠢᠯ ᠳᠤ 2644.8 ᠳᠠᠬᠢᠨ ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 26.1% ᠨᠡᠮᠡᠭᠳᠡᠵᠦ᠂ | ᠠᠳᠠᠯᠢ ᠬᠤᠭᠤᠴᠠᠭᠠᠨ ᠤ ᠪᠦᠬᠦ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠢ | ᠬᠡᠮᠵᠢᠶᠡᠨ ᠤ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 4.9 ᠵᠠᠭᠤᠨ ᠤ ᠴᠡᠭ ᠢᠶᠠᠷ | ᠥᠨᠳᠦᠷᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠥᠬᠦ ᠣᠷᠣᠨ ᠤ ᠪᠠᠷᠠᠭ᠎ᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠠᠷᠠᠯᠵᠢᠶᠠᠨ ᠤ ᠶᠡᠷᠦᠩᠬᠡᠶ ᠬᠡᠮᠵᠢᠶ᠎ᠡ ᠪᠠᠰᠠ ᠨᠢᠭᠡ | ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 9.7% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠤᠯᠤᠰ ᠤᠨ | ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠶ ᠬᠡᠮᠵᠢᠶᠡᠨ ᠤ ᠵᠢᠯ ᠪᠦᠷᠢ ᠶᠢᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ 4.7 ᠵᠠᠭᠤᠨ ᠤ ᠴᠡᠭ ᠢᠶᠠᠷ ᠥᠨᠳᠦᠷᠵᠢᠪᠡ᠃ 2018 ᠣᠨ ᠳᠤ ᠪᠦᠬᠦ ᠣᠷᠣᠨ ᠤ | ᠪᠠᠷᠠᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠬᠡᠪᠴᠢᠶᠡᠵᠢᠯ ᠠᠩᠬ᠎ᠠ ᠤᠳᠠᠭ᠎ᠠ 1 | ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠠᠢ᠃ 2023 ᠣᠨ ᠳᠤ ᠲᠡᠦᠬᠡ ᠶᠢᠨ ᠬᠠᠮᠤᠭ ᠤᠨ | ᠥᠨᠳᠥᠷ ᠲᠦᠪᠰᠢᠨ ᠢ ᠡᠭᠦᠳᠴᠦ᠂ 1960 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ︵ᠬᠤᠶᠠᠷ︶ ᠭᠠᠳᠠᠭᠠᠳᠤ ᠠᠷᠠᠯᠵᠢᠶᠠᠨ ᠤ ᠲᠠᠸᠠᠷ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ | ᠥᠭᠡᠷᠡᠴᠢᠯᠡᠯᠲᠡ ᠨᠡᠭᠡᠭᠡᠯᠲᠡ ᠡᠬᠢᠯᠡᠬᠦ ᠠᠴᠠ ᠡᠮᠦᠨ᠎ᠡ᠂ ᠮᠠᠨ ᠤ ᠣᠷᠣᠨ ᠤ ᠪᠠᠷᠠᠭ᠎ᠠ ᠶᠢᠨ ᠠᠷᠠᠯᠵᠢᠶᠠᠨ ᠤ | ᠭᠠᠳᠠᠭᠠᠳᠤ ᠳᠤ ᠭᠠᠷᠭᠠᠭᠰᠠᠨ ᠲᠠᠸᠠᠷ ᠤᠨ ᠪᠦᠲᠦᠴᠡ ᠲᠦᠢᠯ ᠤᠨ ᠳᠠᠩ ᠴᠤᠯᠭᠤᠶ ᠪᠠᠶᠢᠵᠤ᠂ ᠠᠮᠤ ᠲᠣᠰᠣ ᠪᠣᠯᠤᠨ | ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 70% ᠠᠴᠠ ᠳᠡᠭᠡᠭᠰᠢᠬᠢ ᠶᠢ ᠡᠵᠡᠯᠡᠵᠦ | ᠪᠠᠶᠢᠵᠠᠢ᠃ 1978 ᠤᠨ ᠳᠤ᠂ ᠪᠦᠬᠦ ᠤᠷᠤᠨ ᠤ ᠪᠠᠷᠠᠭ᠎ᠠ ᠶᠢᠨ ᠭᠠᠳᠠᠭᠠᠲᠦ ᠳᠤ ᠭᠠᠷᠭᠠᠭᠰᠠᠨ ᠬᠡᠮᠵᠢᠶ᠎ᠡ 1768 | ᠲᠦᠮᠡᠨ ᠲᠦᠭᠦᠷᠢᠭ ᠪᠠᠶᠢᠵᠤ᠂ ᠭᠠᠳᠠᠭᠠᠲᠦ ᠠᠴᠠ ᠣᠷᠤᠭᠤᠯᠤᠭᠰᠠᠨ ᠬᠡᠮᠵᠢᠶ᠎ᠡ ᠵᠦᠪᠬᠡᠨ 906 ᠲᠦᠮᠡᠨ ᠲᠦᠭᠦᠷᠢᠭ | ᠯᠡ ᠪᠠᠶᠢᠵᠠᠢ᠃ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ | ᠰᠢᠯᠢᠳᠡᠭᠵᠢᠭᠦᠯᠦᠯᠲᠡ ᠶᠢ ᠳᠠᠭᠠᠯᠳᠤᠨ᠂ ᠪᠠᠷᠠᠭ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ | ᠭᠠᠷᠭᠠᠭᠰᠠᠨ ᠪᠦᠲᠦᠴᠡ ᠴᠦ ᠵᠣᠭᠤᠰ ᠤᠨ ᠲᠣᠭᠠᠨ ᠤ ᠨᠡᠮᠡᠭᠳᠡᠯ ᠢ ᠳᠠᠭᠠᠯᠳᠤᠨ ᠵᠣᠬᠢᠴᠠᠩᠭᠤᠶ ᠪᠠᠷ | ᠲᠣᠬᠢᠷᠠᠭᠤᠯᠤᠯᠲᠠ ᠲᠠᠢ ᠪᠣᠯᠣᠭᠰᠠᠨ ᠪᠠ ᠰᠢᠯᠢᠳᠡᠭᠵᠢᠵᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ | ᠬᠥᠳᠡᠯᠭᠡᠭᠴᠢ ᠴᠢᠳᠠᠮᠵᠢ ᠶᠢ ᠲᠠᠰᠤᠷᠠᠯᠲᠠ ᠥᠬᠡᠶ ᠬᠥᠭᠵᠢᠭᠡᠪᠡ᠃ 2023 ᠣᠨ ᠳᠤ᠂ ᠪᠥᠬᠦ ᠣᠷᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠲᠠᠸᠠᠷ ᠨᠢᠭᠡᠨᠲᠡ 4 ᠮᠢᠩᠭ᠎ᠠ ᠭᠠᠷᠤᠶ ᠵᠦᠢᠯ ᠳᠤ | ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ 98 ᠵᠦᠢᠯ ᠤᠨ ᠲᠠᠸᠠᠷ ᠤᠨ ᠲᠥᠷᠥᠯ | ᠢᠯᠭᠠᠯ ᠳᠠᠬᠢ 95 ᠵᠦᠢᠯ ᠢ ᠨᠢ ᠬᠠᠮᠤᠷᠪᠠ᠃ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ | ᠮᠠᠰᠢᠨ ᠴᠠᠬᠢᠯᠭᠠᠨ ᠤ ᠦᠢᠯᠡᠳᠬᠦᠨ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠡᠵᠡᠯᠡᠬᠦ ᠬᠠᠷᠢᠴᠠᠯ | ᠢᠯᠡᠳᠲᠡ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠪᠠᠷᠠᠭ᠎ᠠ ᠶᠢᠨ ᠭᠠᠳᠠᠭᠠᠳᠤ ᠳᠤ ᠭᠠᠷᠭᠠᠭᠰᠠᠨ | ᠲᠤᠭ᠎ᠠ ᠨᠢ 7810 ᠳ᠋ᠦᠩᠰᠢᠭᠤᠷ ᠲᠥᠭᠦᠷᠢᠭ ᠲᠤ ᠬᠦᠷᠴᠦ᠂ 1978 ᠣᠨ ᠤ ᠬᠢ ᠠᠴᠠ ᠪᠠᠨ 4416.4 ᠳᠠᠬᠢᠨ | ᠨᠡᠮᠡᠭᠳᠡᠵᠦ᠂ ᠵᠢᠯ ᠪᠦᠷᠢ ᠳᠤᠮᠳᠠᠴᠢ ᠪᠠᠷ 20.5% ᠨᠡᠮᠡᠭᠳᠡᠪᠡ᠃ ᠡᠭᠦᠨ ᠳᠤ᠂ ᠮᠠᠰᠢᠨ ᠴᠠᠬᠢᠯᠭᠠᠨ ᠤ ᠦᠢᠯᠡᠳᠬᠦᠨ | ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠲᠤᠭ᠎ᠠ ᠨᠢ ᠲᠣᠰ ᠲᠣᠰ 41.1 | ᠳ᠋ᠦᠩᠰᠢᠭᠤᠷ ᠳ᠋ᠣᠯᠯᠠᠷ ᠪᠠ 13 ᠳ᠋ᠦᠩᠰᠢᠭᠤᠷ ᠳ᠋ᠣᠯᠯᠠᠷ ᠲᠤ ᠬᠦᠷᠴᠦ᠂ ᠲᠣᠰ ᠲᠣᠰ ᠪᠥᠬᠦ ᠣᠷᠣᠨ ᠤ ᠪᠠᠷᠠᠭᠠᠨ ᠤ | ᠭᠠᠳᠠᠭᠠᠳᠤ ᠳᠤ ᠭᠠᠷᠭᠠᠭᠰᠠᠨ ᠲᠤᠭ᠎ᠠ ᠶᠢᠨ 37.1% ᠪᠠ 11.7% ᠶᠢ ᠡᠵᠡᠯᠡᠪᠡ᠃ ᠭᠠᠳᠠᠭᠠᠳᠤ ᠠᠴᠠ | ᠣᠷᠣᠭᠤᠯᠣᠭᠰᠠᠨ ᠲᠠᠸᠠᠷ ᠠᠴᠠ ᠠᠪᠴᠤ ᠦᠵᠡᠪᠡᠯ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠵᠤ᠂ ᠪᠠᠷᠠᠭᠠᠨ ᠤ ᠭᠠᠳᠠᠭᠠᠳᠤ ᠠᠴᠠ | ᠣᠷᠤᠭᠤᠯᠤᠭᠰᠠᠨ ᠬᠡᠪᠴᠢᠶᠡᠵᠢᠯ ᠲᠠᠰᠤᠷᠠᠯᠲᠠ ᠥᠬᠡᠶ ᠥᠷᠭᠡᠳᠴᠦ᠂ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠪᠣᠯᠣᠳ | ᠮᠠᠲ᠋ᠧᠷᠢᠶᠠᠯ᠂ ᠬᠢᠮᠢ ᠶᠢᠨ ᠪᠣᠷᠲᠣᠭᠤᠷ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ᠂ ᠪᠦᠬᠦᠯᠢ | ᠮᠣᠳᠣ᠂ ᠲᠡᠮᠦᠷᠯᠢᠭ ᠤᠨ ᠡᠯᠡᠰᠦᠯᠢᠭ ᠡᠷᠦᠳᠡᠰᠦ ᠵᠡᠷᠭᠡ ᠡᠬᠢ ᠪᠠᠶᠠᠯᠢᠭ ᠤᠨ ᠬᠡᠯᠪᠡᠷᠢ ᠶᠢᠨ ᠲᠠᠸᠠᠷ ᠤᠨ | ᠭᠠᠳᠠᠭᠠᠳᠤ ᠠᠴᠠ ᠣᠷᠤᠭᠤᠯᠤᠭᠰᠠᠨ ᠪᠠᠶᠢᠳᠠᠯ ᠲᠦᠷᠭᠡᠨ ᠨᠡᠮᠡᠭᠳᠡᠪᠡ᠃ 2023 ᠣᠨ ᠳᠤ᠂ ᠪᠥᠬᠦ ᠣᠷᠣᠨ ᠤ | ᠪᠠᠷᠠᠭᠠᠨ ᠤ ᠭᠠᠳᠠᠭᠠᠳᠤ ᠠᠴᠠ ᠣᠷᠤᠭᠤᠯᠤᠭᠰᠠᠨ ᠲᠤᠭ᠎ᠠ ᠨᠢ 1179 ᠳ᠋ᠦᠩᠰᠢᠭᠤᠷ ᠲᠥᠭᠦᠷᠢᠭ ᠲᠤ ᠬᠦᠷᠴᠦ᠂ | 2012 ᠣᠨ ᠤ 2.6 ᠳᠠᠬᠢᠨ ᠪᠣᠯᠵᠣ᠂ 11 ᠵᠢᠯ ᠤᠨ ᠬᠤᠭᠤᠴᠠᠭᠠᠨ ᠳᠤ ᠵᠢᠯ ᠪᠦᠷᠢ ᠳᠤᠮᠳᠠᠴᠢ ᠪᠠᠷ 9% | ᠨᠡᠮᠡᠭᠳᠡᠪᠡ᠃ ᠪᠦᠬᠦ ᠣᠷᠣᠨ ᠤ ᠡᠬᠢ ᠪᠠᠶᠠᠯᠢᠭ ᠤᠨ ᠴᠢᠨᠠᠷᠲᠠᠶ ᠲᠠᠸᠠᠷ ᠤᠨ ᠭᠠᠳᠠᠭᠠᠳᠤ ᠠᠴᠠ ᠣᠷᠣᠭᠤᠯᠣᠭᠰᠠᠨ | ᠲᠤᠭ᠎ᠠ ᠨᠢ 2012 ᠣᠨ ᠤ 43.8 ᠳ᠋ᠦᠩᠰᠢᠭᠤᠷ ᠳ᠋ᠣᠯᠯᠠᠷ ᠪᠠᠶᠢᠭᠰᠠᠨ ᠠᠴᠠ ᠪᠠᠨ ᠨᠡᠮᠡᠭᠳᠡᠭᠡᠳ 2023 ᠣᠨ ᠤ | 131.9 ᠳ᠋ᠦᠩᠰᠢᠭᠤᠷ ᠳ᠋ᠣᠯᠯᠠᠷ ᠪᠣᠯᠵᠤ᠂ ᠵᠢᠯ ᠪᠦᠷᠢ ᠳᠤᠮᠳᠠᠴᠢ ᠪᠠᠷ 10.5% ᠨᠡᠮᠡᠭᠳᠡᠨ᠂ ᠠᠳᠠᠯᠢ | ᠬᠤᠭᠤᠴᠠᠭᠠᠨ ᠤ ᠪᠠᠷᠠᠭᠠᠨ ᠤ ᠭᠠᠳᠠᠭᠠᠳᠤ ᠠᠴᠠ ᠣᠷᠤᠭᠤᠯᠤᠭᠰᠠᠨ ᠲᠤᠭ᠎ᠠ ᠶᠢᠨ ᠵᠢᠯ ᠪᠦᠷᠢ ᠶᠢᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ 1.5 ᠵᠠᠭᠤᠨ ᠤ ᠴᠡᠭ ᠢᠶᠠᠷ ᠥᠨᠳᠦᠷᠵᠢᠪᠡ᠃ | ︵ᠭᠤᠷᠪᠠ︶ ᠭᠠᠳᠠᠭᠠᠳᠤ ᠠᠷᠠᠯᠵᠢᠶᠠᠨ ᠤ ᠬᠡᠯᠪᠡᠷᠢ ᠨᠡᠩ ᠣᠯᠠᠨ ᠶᠠᠩᠵᠤ ᠶᠢᠨ ᠪᠣᠯᠪᠠ᠃ ᠮᠠᠨ ᠤ ᠣᠷᠣᠨ | ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠠᠵᠤ ᠦᠢᠯᠡᠰ ᠤᠨ | ᠳᠠᠭᠠᠭᠤᠯᠭ᠎ᠠ ᠶᠡᠭᠡ ᠲᠠᠢ᠂ ᠠᠰᠢᠭ ᠬᠦᠷᠲᠡᠬᠦ ᠬᠡᠪᠴᠢᠶ᠎ᠡ ᠥᠷᠭᠡᠨ ᠪᠠᠶᠢᠬᠤ ᠡᠩ ᠤᠨ ᠠᠷᠠᠯᠵᠢᠶᠠᠨ ᠤ ᠡᠵᠡᠯᠡᠬᠦ | ᠬᠠᠷᠢᠴᠠᠯ ᠠᠯᠬᠤᠮ ᠠᠯᠬᠤᠮ ᠢᠶᠠᠷ ᠳᠡᠭᠡᠭᠰᠢᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠲᠦᠷᠦᠭᠦᠤ 3 ᠵᠢᠯ ᠳᠤ᠂ ᠡᠩ ᠤᠨ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠲᠤ ᠳᠤ ᠭᠠᠷᠭᠠᠭᠰᠠᠨ ᠲᠤᠭ᠎ᠠ ᠨᠢ ᠨᠡᠶᠢᠲᠡ 443.6 ᠳ᠋ᠦᠩᠰᠢᠭᠤᠷ ᠳ᠋ᠣᠯᠯᠠᠷ ᠢ ᠪᠡᠶᠡᠯᠡᠭᠦᠯᠵᠦ᠂ | ᠨᠢᠭᠡᠨᠲᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠶᠢ ᠳᠠᠪᠠᠵᠤ᠂ | ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠶ ᠲᠣᠭᠠᠨ ᠤ 63.9% ᠶᠢ | ᠡᠵᠡᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 4.7 | ᠵᠠᠭᠤᠨ ᠤ ᠴᠡᠭ ᠳᠡᠭᠡᠭᠰᠢᠯᠡᠵᠡᠶ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠰᠢᠨ᠎ᠡ ᠬᠡᠯᠪᠡᠷᠢ ᠶᠢᠨ | ᠠᠷᠠᠯᠵᠢᠶᠠᠨ ᠤ ᠠᠷᠭ᠎ᠠ ᠮᠠᠶ᠋ᠢᠭ ᠢ ᠲᠦᠷᠭᠡᠳᠬᠡᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠢᠯᠢ ᠠᠯᠤᠰᠯᠠᠭᠰᠠᠨ | ᠡᠯᠧᠺᠲᠷᠤᠨ ᠬᠤᠳᠠᠯᠳᠤᠭᠠᠨ ᠤ ᠠᠮᠢ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠪᠥᠲᠥᠭᠡᠨ ᠪᠠᠶᠢᠭᠤᠯᠪᠠ᠃ | 2023 ᠣᠨ ᠳᠤ᠂ ᠪᠥᠬᠦ ᠣᠷᠣᠨ ᠳᠤ ᠨᠢᠭᠡᠨᠲᠡ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ 5 ᠪᠠᠶᠢᠪᠠ︔ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ | ᠵᠢᠵᠢᠭᠯᠡᠨ ᠪᠣᠷᠤᠯᠠᠭᠤᠯᠬᠤ ᠬᠡᠯᠪᠡᠷᠢ ᠪᠠᠷ ᠭᠠᠳᠠᠭᠠᠳᠤ ᠠᠴᠠ ᠣᠷᠤᠭᠤᠯᠤᠭᠰᠠᠨ᠂ ᠵᠢᠵᠢᠭᠯᠡᠨ ᠪᠣᠷᠤᠯᠠᠭᠤᠯᠬᠤ ᠬᠡᠯᠪᠡᠷᠢ ᠪᠠᠷ | ᠭᠠᠳᠠᠭᠠᠳᠤ ᠳᠤ ᠭᠠᠷᠭᠠᠭᠰᠠᠨ᠂ B2B ᠭᠠᠳᠠᠭᠠᠳᠤ ᠳᠤ ᠭᠠᠷᠭᠠᠭᠰᠠᠨ᠂ B2B ᠭᠠᠳᠠᠭᠠᠳᠤ ᠳᠤ ᠭᠠᠷᠭᠠᠭᠰᠠᠨ | ᠤᠯᠤᠰ ᠤᠨ ᠭᠠᠳᠠᠭᠠᠳᠤ ᠳᠠᠬᠢ ᠬᠥᠮᠥᠷᠭᠡ ᠶᠢᠨ ᠲᠤᠬᠠᠶᠢᠯᠠᠭᠰᠠᠨ ᠠᠵᠢᠯ ᠤᠨ ᠬᠡᠪ ᠵᠠᠭᠪᠤᠷ ᠢ ᠨᠢᠭᠡᠨᠲᠡ ᠨᠡᠪᠲᠡᠷᠡᠭᠦᠯᠪᠡ︔ | ᠥᠪᠡᠷᠲᠡᠭᠡᠨ ᠵᠠᠰᠠᠬᠤ ᠣᠷᠣᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢ ᠪᠤᠶᠢᠵᠢᠭᠤᠯᠬᠤ ᠪᠠᠷ 7 | ᠡᠷᠦᠬᠡ ᠶᠢ ᠦᠨᠡᠮᠰᠢᠨ ᠲᠣᠭᠲᠠᠭᠠᠭᠰᠠᠨ ᠪᠠᠶᠢᠨ᠎ᠠ︔ 3 ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ | ᠥᠪᠡᠷᠲᠡᠭᠡᠨ ᠵᠠᠰᠠᠬᠤ ᠣᠷᠣᠨ ᠤ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ | ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠣᠭᠤᠯᠵᠤ | ᠭᠠᠳᠠᠭᠠᠲᠤ ᠳᠤ ᠭᠠᠷᠭᠠᠭᠰᠠᠨ ᠲᠤᠭ᠎ᠠ ᠨᠢ ᠨᠡᠶᠢᠲᠡ 283.2 ᠳ᠋ᠦᠩᠰᠢᠭᠤᠷ ᠲᠥᠭᠦᠷᠢᠭ ᠲᠤ ᠬᠦᠷᠴᠦ᠂ 122. | 1% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠨᠡᠮᠡᠭᠳᠡᠯ ᠢ 10.3 ᠵᠠᠭᠤᠨ ᠤ ᠴᠡᠭ | ᠳᠠᠶᠢᠴᠢᠯᠠᠪᠠ︔ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ | ᠣᠷᠣᠭᠤᠯᠣᠭᠰᠠᠨ ᠲᠠᠸᠠᠷ ᠢ ᠲᠤᠬᠠᠢ ᠶᠢᠨ ᠭᠠᠵᠠᠷ ᠲᠤ ᠨᠢ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠢ ᠡᠬᠢᠯᠡᠭᠦᠯᠵᠦ᠂ | ᠬᠡᠪᠴᠢᠶᠡᠵᠢᠯ ᠨᠢ 3.2 ᠳ᠋ᠦᠩᠰᠢᠭᠤᠷ ᠲᠥᠭᠦᠷᠢᠭ ᠢ ᠳᠠᠪᠠᠪᠠ︔ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ | ᠬᠤᠳᠠᠯᠳᠤᠨ ᠠᠪᠬᠤ ᠠᠷᠠᠯᠵᠢᠶ᠎ᠠ 4.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2022 ᠣᠨ ᠤ ᠬᠢ ᠠᠴᠠ ᠪᠠᠨ | 90% ᠪᠠᠷ ᠨᠡᠮᠡᠭᠳᠡᠪᠡ᠃ | ︵ᠲᠦᠷᠪᠡ︶ ᠭᠠᠳᠠᠭᠠᠳᠤ ᠠᠷᠠᠯᠵᠢᠶᠠᠨ ᠤ ᠬᠠᠨᠢᠲᠠᠳ ᠡᠳᠦᠷ ᠢᠷᠡᠬᠦᠶ᠎ᠡ ᠣᠯᠠᠨ ᠡᠰᠢᠴᠢᠯᠡᠪᠡ᠃ 20 ᠳ᠋ᠤᠭᠠᠷ | ᠵᠠᠭᠤᠨ ᠤ ᠲᠠᠪᠢᠭᠠᠳ ᠣᠨ ᠤ ᠡᠬᠢᠨ ᠠᠴᠠ ᠳᠠᠯᠠᠭᠠᠳ ᠣᠨ ᠤ ᠰᠡᠭᠦᠯᠴᠢ ᠪᠣᠯᠲᠠᠯ᠎ᠠ᠂ ᠮᠠᠨ ᠤ ᠣᠷᠣᠨ ᠤ ᠭᠠᠳᠠᠭᠠᠳᠤ | ᠠᠷᠠᠯᠵᠢᠶᠠᠨ ᠤ ᠬᠠᠨᠢᠲᠠᠨ ᠤ ᠲᠤᠭ᠎ᠠ 10 ᠤᠯᠤᠰ ᠪᠠᠰᠠ ᠬᠦᠷᠬᠦ ᠦᠭᠡᠢ ᠪᠠᠶᠢᠪᠠ᠃ ᠥᠭᠡᠷᠡᠴᠢᠯᠡᠯᠲᠡ ᠨᠡᠭᠡᠭᠡᠯᠲᠡ | ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠡᠷᠭᠢᠨ ᠲᠣᠭᠤᠷᠢᠨ ᠤ ᠤᠯᠤᠰ ᠯᠤᠭ᠎ᠠ ᠠᠷᠠᠯᠵᠢᠶᠠᠨ ᠤ ᠶᠠᠪᠤᠯᠴᠠᠭ᠎ᠠ ᠪᠠᠨ | ᠥᠷᠭᠡᠳᠬᠡᠬᠦ ᠶᠢᠨ ᠵᠡᠷᠭᠡᠴᠡᠭᠡ ᠪᠠᠷ ᠣᠯᠠᠨ ᠤᠯᠤᠰ ᠤᠨ ᠠᠷᠠᠯᠵᠢᠶᠠᠨ ᠤ ᠰᠢᠨ᠎ᠡ ᠵᠠᠬ᠎ᠠ ᠳᠡᠯᠭᠡᠭᠦᠷ ᠢ ᠴᠢᠷᠮᠠᠶᠢᠨ | ᠨᠡᠭᠡᠭᠡᠵᠦ᠂ ᠣᠨᠴᠠᠭᠠᠶᠢᠯᠠᠨ 2001 ᠣᠨ ᠳᠤ ᠮᠠᠨ ᠤ ᠤᠯᠤᠰ ᠳᠡᠯᠡᠬᠡᠶ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠠᠮᠵᠢᠯᠲᠠ ᠲᠠᠢ ᠣᠷᠣᠭᠰᠠᠨ ᠤ ᠳᠠᠷᠠᠭ᠎ᠠ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ | ᠬᠠᠨᠢᠲᠠᠳ ᠢᠶᠠᠨ ᠤᠯᠠᠮ ᠨᠢᠭᠡ ᠠᠯᠬᠤᠮ ᠣᠯᠠᠨ ᠡᠰᠢᠵᠢᠭᠦᠯᠪᠡ᠃ 2023 ᠣᠨ ᠪᠣᠯᠲᠠᠯ᠎ᠠ᠂ ᠮᠠᠨ ᠤ ᠣᠷᠣᠨ | ᠨᠢᠭᠡᠨᠲᠡ 180 ᠭᠠᠷᠤᠢ ᠤᠯᠤᠰ ᠪᠠ ᠭᠠᠵᠠᠷ ᠣᠷᠣᠨ ᠲᠠᠢ ᠠᠷᠠᠯᠵᠢᠶᠠᠨ ᠤ ᠬᠠᠷᠢᠯᠴᠠᠭᠠᠨ ᠤ ᠬᠠᠷᠢᠴᠠᠭ᠎ᠠ | ᠪᠠᠶᠢᠭᠤᠯᠵᠤ᠂ ᠠᠷᠠᠯᠵᠢᠶᠠᠨ ᠤ ᠠᠵᠢᠯᠯᠠᠭᠠᠨ ᠨᠢ ᠠᠽᠢᠶ᠎ᠠ᠂ ᠧᠦ᠋ᠷᠣᠫᠠ᠂ ᠠᠹᠷᠢᠺᠠ᠂ ᠡᠮᠦᠨᠡᠲᠦ ᠠᠮᠧᠷᠢᠺᠠ᠂ ᠤᠮᠠᠷᠠᠲᠤ | ᠠᠮᠧᠷᠢᠺᠠ ᠪᠠ ᠶᠡᠭᠡ ᠳᠠᠯᠠᠢ ᠶᠢᠨ ᠲᠢᠪ ᠢ ᠨᠡᠶᠢᠳᠡᠮ ᠪᠦᠷᠬᠦᠵᠦ᠂ ᠣᠨᠴᠠᠭᠠᠶᠢᠯᠠᠨ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠤᠭᠰᠠᠨ ᠤᠯᠤᠰ ᠤᠳ ᠤᠨ ᠬᠠᠮᠲᠤᠷᠠᠯᠴᠠᠭ᠎ᠠ ᠦᠷᠭᠦᠯᠵᠢᠯᠡᠨ ᠳᠡᠭᠡᠭᠰᠢᠯᠡᠪᠡ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠦᠷᠦᠭᠦᠤ 3 ᠵᠢᠯ ᠳᠤ᠂ | ᠮᠠᠨ ᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠪᠠᠷᠠᠭᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠲᠤ ᠳᠤ ᠭᠠᠷᠭᠠᠭᠰᠠᠨ ᠲᠤᠭ᠎ᠠ ᠨᠢ ᠨᠡᠶᠢᠲᠡ 488.7 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ | ᠨᠢᠭᠡᠨᠲᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠬᠡᠪᠴᠢᠶᠡᠵᠢᠯ ᠠᠴᠠ ᠳᠠᠪᠠᠵᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ | ᠲᠤᠭ᠎ᠠ ᠳᠠᠬᠢ ᠡᠵᠡᠯᠡᠬᠦ ᠬᠤᠪᠢ ᠶᠢᠨ ᠵᠢᠩ ᠨᠢ 70.4% ᠪᠣᠯᠵᠣ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 6.3 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ 2023 | ᠣᠨ ᠳᠤ ᠮᠠᠨ ᠤ ᠣᠷᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠤᠨ | ᠠᠷᠠᠯᠵᠢᠶᠠᠨ ᠤ ᠲᠤᠭ᠎ᠠ ᠨᠢ 200 ᠳ᠋ᠦᠩᠰᠢᠭᠤᠷ ᠳ᠋ᠣᠯᠯᠠᠷ ᠤᠨ ᠪᠣᠭᠤᠮᠲᠠ ᠶᠢ ᠳᠠᠪᠠᠵᠤ᠂ 215.5 ᠳ᠋ᠦᠩᠰᠢᠭᠤᠷ | ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 33.6% ᠪᠠᠷ ᠨᠡᠮᠡᠭᠳᠡᠪᠡ᠃ | ᠭᠤᠷᠪᠠ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠲᠣᠭᠲᠠᠭᠤᠨ ᠢᠶᠠᠷ ᠠᠬᠢᠪᠠ | ᠣᠳᠣᠬᠠᠨ ᠳᠤ᠂ ᠪᠣᠭᠤᠮᠲᠠ ᠨᠢ ᠨᠢᠭᠡᠨᠲᠡ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢᠨ ᠴᠢᠬᠤᠯᠠ | ᠪᠦᠷᠢᠯᠳᠦᠬᠦᠨ ᠬᠡᠰᠡᠭ ᠪᠣᠯᠵᠤ᠂ ᠪᠦᠬᠦ ᠣᠷᠣᠨ ᠤ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠬᠢᠯᠢ | ᠬᠢᠵᠠᠭᠠᠷ ᠢ ᠴᠡᠴᠡᠭᠯᠡᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠣᠷᠣᠰ ᠮᠣᠩᠭᠤᠯ ᠯᠤᠭ᠎ᠠ ᠶᠢᠨ ᠬᠥᠷᠰᠢ | ᠵᠡᠷᠭᠡᠯᠡᠳᠡᠭᠡ ᠨᠥᠬᠦᠷᠰᠡᠭ ᠬᠠᠷᠢᠴᠠᠭ᠎ᠠ ᠶᠢ ᠬᠥᠭᠵᠢᠭᠦᠯᠬᠦ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ᠃ 1989 | ᠣᠨ ᠳᠤ ᠪᠥᠬᠦ ᠣᠷᠣᠨ ᠤ ᠠᠩᠬᠠᠳᠠᠭᠴᠢ ᠨᠡᠭᠡᠭᠡᠯᠲᠡ ᠬᠢᠭᠰᠡᠨ ᠪᠣᠭᠤᠮᠲᠠ — ᠮᠠᠨᠵᠤᠤᠷ ᠪᠣᠭᠤᠮᠲᠠ ᠶᠢ | ᠪᠠᠶᠢᠭᠤᠯᠵᠤ᠂ 2023 ᠣᠨ ᠤ ᠡᠴᠦᠰ ᠪᠣᠯᠲᠠᠯ᠎ᠠ᠂ ᠮᠠᠨ ᠤ ᠣᠷᠣᠨ ᠳᠤ ᠨᠢᠭᠡᠨᠲᠡ ᠤᠯᠤᠰ ᠤᠨ ᠲᠠᠰ ᠤᠨ | ᠭᠠᠳᠠᠭᠰᠢ ᠨᠡᠭᠡᠭᠡᠯᠲᠡ ᠬᠢᠬᠦ ᠬᠢᠯᠢ ᠶᠢᠨ ᠪᠣᠭᠤᠮᠲᠠ 20 ᠪᠠᠶᠢᠨ᠎ᠠ᠃ ᠣᠳᠣᠬᠠᠨ ᠳᠤ᠂ ᠮᠠᠨ ᠤ ᠣᠷᠣᠨ ᠨᠢᠭᠡᠨᠲᠡ | ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠪᠣᠭᠤᠮᠲᠠ ᠪᠠᠷ ᠥᠩᠭᠡᠷᠡᠬᠦ ᠣᠯᠠᠨ ᠵᠦᠢᠯ ᠤᠨ ᠠᠷᠭ᠎ᠠ | ᠮᠠᠶ᠋ᠢᠭ ᠵᠡᠷᠭᠡᠴᠡᠨ ᠣᠷᠣᠰᠢᠭᠰᠠᠨ ᠪᠣᠭᠤᠮᠲᠠ ᠶᠢᠨ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃ 2023 | ᠣᠨ ᠳᠤ᠂ ᠪᠥᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.1 ᠳ᠋ᠦᠩᠰᠢᠭᠤᠷ ᠲᠣᠨ ᠳᠤ | ᠬᠦᠷᠴᠦ᠂ ᠳᠡᠭᠡᠷ᠎ᠡ ᠵᠢᠯ ᠤᠨ ᠬᠢ ᠠᠴᠠ 84.5% ᠪᠠᠷ ᠨᠡᠮᠡᠭᠳᠡᠪᠡ᠃ ᠡᠭᠦᠨ ᠳᠤ᠂ ᠬᠠᠭᠤᠷᠠᠢ ᠵᠠᠮ ᠤᠨ | ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 1 ᠳ᠋ᠦᠩᠰᠢᠭᠤᠷ ᠲᠣᠨ ᠢ ᠳᠠᠪᠠᠵᠤ᠂ | ᠮᠠᠨ ᠤ ᠤᠯᠤᠰ ᠤᠨ ᠬᠢᠯᠢ ᠳᠠᠭᠠᠤ ᠶᠢᠨ ᠮᠤᠵᠢ ᠣᠷᠣᠨ ᠤ ᠬᠠᠭᠤᠷᠠᠢ ᠵᠠᠮ ᠤᠨ ᠪᠣᠭᠤᠮᠲᠠ ᠶᠢᠨ ᠵᠢᠯ ᠤᠨ ᠶᠡᠷᠦᠩᠬᠡᠢ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠡᠮᠳᠡᠭᠯᠡᠯ ᠢ ᠰᠢᠨᠡᠳᠬᠡᠪᠡ᠃ 2023 ᠣᠨ ᠳᠤ᠂ ᠪᠥᠬᠦ ᠤᠯᠤᠰ ᠲᠤ | ᠳᠤᠮᠳᠠᠳᠤ ᠧᠦ᠋ᠷᠣᠫᠠ ᠶᠢᠨ ᠡᠭᠡᠯᠵᠢ ᠶᠢᠨ ᠵᠢᠰᠢᠶᠡᠨ ᠤ ᠭᠠᠯᠲᠤ ᠲᠡᠷᠭᠡ ᠶᠢ ᠨᠡᠶᠢᠲᠡ 17523 ᠴᠣᠪᠣᠭ᠎ᠠ | ᠠᠶᠠᠯᠠᠭᠤᠯᠪᠠ᠂ ᠡᠭᠦᠨ ᠳᠤ ᠮᠠᠨ ᠤ ᠣᠷᠣᠨ 429 ᠴᠤᠪᠤᠭ᠎ᠠ ᠲᠡᠷᠭᠡ ᠶᠢ ᠵᠣᠬᠢᠶᠠᠨ ᠪᠠᠶᠢᠭᠤᠯᠤᠨ ᠠᠶᠠᠯᠠᠭᠤᠯᠵᠤ᠂ | 2016 ᠣᠨ ᠳᠠᠬᠢ 33 ᠴᠤᠪᠤᠭ᠎ᠠ ᠲᠡᠷᠭᠡ ᠠᠴᠠ 12 ᠳᠠᠬᠢᠨ ᠨᠡᠮᠡᠭᠳᠡᠪᠡ︔ ᠮᠠᠨᠵᠤᠤᠷ ᠪᠠ ᠡᠷᠢᠶᠡᠨ | ᠪᠣᠭᠤᠮᠲᠠ ᠶᠢᠨ ᠠᠶᠠᠯᠠᠯ ᠤᠨ ᠱᠤᠭᠤᠮ ᠢᠶᠠᠷ 8324 ᠴᠤᠪᠤᠭ᠎ᠠ ᠥᠩᠭᠡᠷᠡᠵᠦ᠂ ᠪᠥᠬᠦ ᠤᠯᠤᠰ ᠤᠨ ᠬᠠᠭᠠᠰ ᠲᠤ | ᠣᠶᠢᠷᠠᠲᠤᠪᠠ᠃ ᠮᠠᠨ ᠤ ᠣᠷᠣᠨ ᠤ ᠬᠢᠯᠢ ᠶᠢᠨ ᠪᠣᠭᠤᠮᠲᠠ ᠨᠢ ᠪᠦᠬᠦ ᠤᠯᠤᠰ ᠤᠨ ᠪᠠᠷᠤᠭ 14% ᠶᠢᠨ | ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ 11% ᠶᠢᠨ ᠭᠠᠳᠠᠭᠠᠳᠤ ᠠᠴᠠ ᠣᠷᠣᠭᠤᠯᠤᠭᠰᠠᠨ ᠬᠢᠮᠢ ᠶᠢᠨ | ᠪᠣᠷᠳᠣᠭᠤᠷ᠂ 6% ᠶᠢᠨ ᠭᠠᠳᠠᠭᠠᠳᠤ ᠠᠴᠠ ᠣᠷᠣᠭᠤᠯᠤᠭᠰᠠᠨ ᠵᠡᠰ ᠤᠨ ᠬᠦᠳᠡᠷ ᠢ ᠲᠣᠰᠴᠤ ᠪᠠᠭᠤᠯᠭᠠᠨ᠂ ᠪᠦᠬᠦ | ᠤᠯᠤᠰ ᠤᠨ ᠠᠵᠤ ᠠᠬᠤᠢ ᠶᠢᠨ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠭᠡ ᠬᠤᠪᠢ ᠨᠡᠮᠡᠷᠢ | ᠦᠵᠡᠭᠦᠯᠪᠡ᠃ | ᠳᠠᠯᠠᠨ ᠲᠠᠪᠤᠨ ᠵᠢᠯ ᠤᠨ ᠲᠤᠷᠰᠢᠲᠠ ᠰᠠᠯᠬᠢ ᠪᠣᠷᠣᠭᠠᠨ ᠢ ᠲᠤᠭᠤᠯᠤᠨ ᠠᠶᠠᠨ ᠵᠠᠮ ᠳᠤ ᠪᠠᠨ ᠤᠭ ᠰᠠᠨᠠᠭ᠎ᠠ ᠪᠠᠨ | ᠦᠯᠦ ᠮᠠᠷᠲᠠᠨ᠂ ᠳᠠᠯᠠᠨ ᠲᠠᠪᠤᠨ ᠵᠢᠯ ᠤᠨ ᠲᠤᠷᠰᠢᠲᠠ ᠡᠭᠦᠯᠡ ᠬᠦᠯᠦᠭᠯᠡᠨ ᠤᠷᠢᠳᠤᠬᠢ ᠶᠢ ᠵᠠᠯᠭᠠᠮᠵᠢᠯᠠᠨ | ᠬᠤᠶᠢᠲᠤᠬᠢ ᠳᠤ ᠵᠠᠮ ᠨᠡᠭᠡᠭᠡᠬᠦ ᠪᠠᠷ ᠤᠷᠤᠭᠰᠢᠯᠠᠪᠠ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠮᠠᠨ ᠤ ᠣᠷᠣᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠣᠷᠣᠨ ᠪᠦᠰᠡ ᠶᠢᠨ ᠨᠡᠭᠡᠭᠡᠯᠲᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠳᠤ | ᠦᠢᠯᠡᠴᠢᠯᠡᠬᠦ ᠪᠠ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ |