ᠲᠡᠭ ᠰᠠᠭᠤᠷᠢ ᠲᠥᠰᠦᠪ ᠤᠨ ᠥᠭᠡᠷᠡᠴᠢᠯᠡᠯᠲᠡ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠨᠢᠭᠡᠨ ᠴᠢᠬᠤᠯᠠ ᠠᠭᠤᠯᠭ᠎ᠠ ᠮᠥᠨ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠭ ᠰᠠᠭᠤᠷᠢ ᠲᠥᠰᠦᠪ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠭᠤᠷᠪᠠᠨ | ᠵᠢᠯ ᠤᠨ ᠠᠵᠢᠯᠯᠠᠭᠠᠨ ᠤ ᠲᠥᠰᠦᠯ ︵2025-2027︶︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ | ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠠᠮᠢᠶ᠎ᠠ ᠪᠥᠬᠦᠶ ᠰᠢᠷᠢᠰ | ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠮᠠᠭᠠᠶ ᠰᠤᠷᠤᠯᠴᠠᠵᠤ᠂ ᠪᠥᠬᠦ ᠲᠤᠪᠴᠢᠶ᠎ᠠ ᠶᠢᠨ ᠺᠠᠳ᠋ᠷᠴᠤᠳ ᠲᠡᠭ | ᠰᠠᠭᠤᠷᠢ ᠲᠥᠰᠦᠪ ᠤᠨ ᠥᠭᠡᠷᠡᠴᠢᠯᠡᠯᠲᠡ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠠᠮᠵᠢᠯᠠᠯᠲᠤ | ᠲᠥᠰᠦᠪ ᠢ ᠨᠠᠶᠢᠷᠠᠭᠤᠯᠤᠨ ᠵᠣᠬᠢᠶᠠᠬᠤ ᠰᠡᠳᠬᠢᠬᠦᠶ ᠪᠠᠨ ᠬᠤᠪᠢᠷᠠᠭᠤᠯᠤᠨ᠂ 2025 ᠣᠨ ᠤ ᠲᠥᠰᠦᠪ ᠢ | ᠨᠠᠶᠢᠷᠠᠭᠤᠯᠤᠨ ᠵᠣᠬᠢᠶᠠᠬᠤ ᠶᠠᠪᠤᠳᠠᠯ ᠢ ᠮᠠᠨ ᠤ ᠲᠣᠪᠴᠢᠶ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ᠂ ᠪᠥᠬᠦ ᠲᠤᠪᠴᠢᠶ᠎ᠠ ᠶᠢᠨ ᠲᠤᠬᠠᠶᠢᠯᠠᠭᠰᠠᠨ ᠠᠵᠢᠯ ᠢ ᠪᠦᠲᠦᠮᠵᠢᠲᠡᠶ ᠥᠷᠨᠢᠭᠦᠯᠬᠦ ᠶᠢ | ᠲᠤᠯᠭᠠᠭᠤᠷᠢᠯᠠᠬᠤ ᠴᠢᠬᠤᠯᠠ ᠠᠵᠠ ᠲᠣᠬᠢᠶᠠᠯ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠨᠢᠭᠡ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠦᠯᠦᠪᠵᠢᠬᠦᠯᠪᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ | ᠲᠥᠰᠦᠯ︾ ᠢ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠬᠤ ᠵᠥᠪᠯᠡᠬᠦ ᠰᠡᠳᠦᠪ ᠪᠣᠯᠭᠠᠵᠤ᠂ ︽ᠨᠠᠮ | ᠵᠠᠰᠠᠭ ᠤᠨ ᠪᠠᠶᠢᠭᠤᠯᠭ᠎ᠠ ᠠᠷᠪᠢᠴᠢ ᠭᠠᠮᠲᠠᠶ ᠠᠮᠢᠳᠤᠷᠠᠬᠤ ᠶᠢ ᠪᠠᠷᠢᠮᠲᠠᠯᠠᠬᠤ︾ ᠪᠠᠷ ᠲᠥᠰᠦᠪ ᠢ ᠨᠠᠶᠢᠷᠠᠭᠤᠯᠤᠨ | ᠵᠣᠬᠢᠶᠠᠬᠤ ᠶᠢᠨ ᠤᠷᠢᠲᠠᠯ ᠪᠣᠯᠭᠠᠪᠠ᠃ ᠲᠣᠪᠴᠢᠶᠠᠨ ᠤ ᠡᠳ᠋ ᠤᠨ ᠶᠠᠪᠤᠳᠠᠯ ᠤᠨ ᠭᠠᠵᠠᠷ ᠰᠢᠨᠵᠢᠯᠡᠬᠦ ᠤᠬᠠᠭᠠᠨᠴᠢ ᠪᠠᠷ | ᠲᠥᠰᠦᠪᠯᠡᠨ ᠪᠠᠶᠢᠷᠢᠯᠠᠭᠤᠯᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠰᠤᠳᠤᠯᠤᠨ | ᠪᠠᠶᠢᠷᠢᠯᠠᠭᠤᠯᠵᠤ᠂ ᠲᠥᠰᠦᠪ ᠢ ᠨᠠᠶᠢᠷᠠᠭᠤᠯᠤᠨ ᠬᠢᠨᠠᠬᠤ ᠭᠤᠤᠯᠳᠠᠯᠭ᠎ᠠ ᠶᠢ ᠲᠣᠭᠲᠠᠭᠠᠨ᠂ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠢ ᠲᠣᠳᠣᠷᠬᠠᠶᠢᠯᠠᠵᠤ᠂ ᠠᠵᠢᠯ ᠤᠨ ᠮᠡᠳᠡᠭᠳᠡᠯ ᠢ ᠴᠠᠭ ᠲᠤᠬᠠᠶ ᠳᠤᠨᠢ ᠳᠠᠷᠤᠮᠠᠯᠯᠠᠨ ᠲᠠᠷᠬᠠᠭᠠᠵᠤ᠂ | ᠮᠡᠳᠡᠭᠦᠯᠦᠨ ᠬᠦᠷᠭᠡᠬᠦ ᠴᠠᠭ ᠤᠨ ᠱᠠᠭᠠᠷᠳᠠᠯᠭ᠎ᠠ ᠶᠢ ᠲᠣᠳᠣᠷᠬᠠᠶᠢᠯᠠᠪᠠ︔ ᠡᠭᠦᠨ ᠤ ᠬᠠᠮᠲᠤ ᠪᠠᠶᠢᠭᠤᠯᠭ᠎ᠠ ᠶᠢᠨ ᠡᠯ᠎ᠡ | ᠭᠠᠵᠠᠷ ᠬᠡᠷ ︵ᠲᠣᠪᠴᠢᠶ᠎ᠠ︶᠂ ᠠᠵᠢᠯ ᠦᠢᠯᠡᠰ ᠤᠨ ᠨᠢᠭᠡᠴᠡ ᠳᠤ ᠦᠨᠳᠦᠰᠦᠨ ᠲᠥᠰᠦᠪ ᠤᠨ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠶᠢᠨ ᠲᠤᠬᠠᠶ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠵᠦ᠂ ᠲᠥᠰᠦᠪ ᠤᠨ | ᠬᠡᠷᠡᠭᠴᠡᠭᠡ ᠶᠢ ᠨᠢᠭᠡᠳ ᠨᠢᠭᠡ ᠪᠠᠷ ᠡᠮᠬᠢᠯᠡᠨ ᠳᠢᠭᠯᠡᠪᠡ︔ ᠡᠳ᠋ ᠤᠨ ᠶᠠᠪᠤᠳᠠᠯ ᠤᠨ ᠭᠠᠵᠠᠷ ᠮᠡᠳᠡᠭᠡ ᠵᠠᠩᠭᠢᠵᠢᠯᠲᠠ ᠶᠢᠨ | ᠰᠢᠰᠲ᠋ᠧᠮ ᠢ ᠭᠦᠢᠴᠡᠳ ᠬᠡᠷᠡᠭᠯᠡᠵᠦ᠂ ᠡᠯ᠎ᠡ ᠭᠠᠵᠠᠷ ᠬᠡᠷ ︵ᠲᠣᠪᠴᠢᠶ᠎ᠠ︶᠂ ᠠᠵᠢᠯ ᠦᠢᠯᠡᠰ ᠤᠨ ᠨᠢᠭᠡᠴᠡ ᠶᠢ ︽ | ᠡᠳ᠋ ᠤᠨ ᠶᠠᠪᠤᠳᠠᠯ ᠤᠨ ᠳᠣᠲᠣᠭᠠᠳᠤ ᠡᠵᠡᠮᠳᠡᠯ ᠤᠨ ᠮᠡᠳᠡᠭᠡ ᠵᠠᠩᠭᠢ ᠶᠢᠨ ᠰᠢᠰᠲ᠋ᠧᠮ︾ ᠢ ᠬᠡᠷᠡᠭᠯᠡᠭᠰᠡᠨ ᠶᠣᠰᠣᠭᠠᠷ | ᠲᠥᠰᠦᠪ ᠨᠠᠶᠢᠷᠠᠭᠤᠯᠤᠨ ᠵᠣᠬᠢᠶᠠᠬᠤ᠂ ᠪᠠᠷᠢᠮᠵᠢᠶᠠᠵᠢᠭᠤᠯᠤᠨ ᠬᠢᠨᠠᠨ ᠬᠠᠷᠭᠤᠭᠤᠯᠬᠤ ᠶᠢᠨ ᠬᠠᠮᠲᠤ ᠲᠥᠰᠦᠪ ᠤᠨ | ᠡᠵᠡᠮᠳᠡᠯ ᠤᠨ ᠲᠤᠭ᠎ᠠ ᠶᠢ ᠪᠠᠭᠤᠯᠭᠠᠵᠤ᠂ ᠬᠢᠨᠠᠨ ᠬᠠᠷᠭᠤᠭᠤᠯᠬᠤ ᠠᠵᠢᠯ ᠢ ᠲᠤᠰᠬᠠᠶ ᠬᠥᠮᠦᠨ ᠵᠢᠭᠠᠨ ᠲᠣᠭᠲᠠᠭᠠᠵᠤ | ᠬᠠᠷᠢᠭᠤᠴᠠᠭᠤᠯᠤᠨ᠂ ᠠᠵᠢᠯ ᠤᠨ ᠬᠦᠴᠦᠨ ᠲᠠᠢ ᠬᠤᠭᠤᠴᠠᠭ᠎ᠠ ᠶᠢ ᠦᠨᠡᠨᠬᠦ ᠪᠠᠲᠤᠯᠠᠬᠤ ᠬᠡᠷᠡᠭᠲᠡᠶ ᠭᠡᠵᠦ | ᠱᠠᠭᠠᠷᠳᠠᠪᠠ᠃ | ᠬᠤᠶᠠᠷ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠢᠨᠠᠨ ᠲᠣᠭᠲᠠᠭᠠᠬᠤ ᠪᠣᠭᠤᠮᠲᠠ ᠶᠢ ᠪᠠᠲᠤ | ᠰᠠᠬᠢᠪᠠ᠃ | ᠨᠢᠭᠡ ᠳᠤ᠂ ᠰᠠᠭᠤᠷᠢ ᠮᠡᠳᠡᠭᠡ ᠵᠠᠩᠭᠢ ᠶᠢ ᠬᠠᠷᠭᠤᠭᠤᠯᠤᠨ ᠵᠥᠪᠰᠢᠶᠡᠷᠡᠬᠦ ᠶᠢ ᠨᠠᠷᠢᠯᠢᠬᠵᠢᠭᠤᠯᠵᠤ᠂ ᠠᠵᠢᠯᠲᠠᠨ ᠤ | ᠣᠷᠣᠨ ᠲᠤᠭ᠎ᠠ᠂ ᠪᠣᠳᠠᠲᠠᠶ ᠪᠠᠶᠢᠭ᠎ᠠ ᠲᠤᠭ᠎ᠠ ᠵᠡᠷᠭᠡ ᠵᠠᠩᠭᠢᠯᠠᠭ᠎ᠠ ᠶᠢᠨ ᠰᠠᠭᠤᠷᠢ ᠲᠤᠭ᠎ᠠ ᠪᠠᠷᠢᠮᠲᠠ ᠶᠢ ᠨᠠᠷᠢᠨ ᠬᠢᠨᠠᠮᠠᠭᠠᠶ | ᠬᠠᠷᠭᠤᠭᠤᠯᠤᠨ ᠳᠣᠲᠣᠯᠠᠵᠤ᠂ ᠰᠢᠨ᠎ᠡ ᠪᠠᠷ ᠡᠯᠰᠡᠬᠦ᠂ ᠰᠢᠯᠵᠢᠭᠦᠯᠦᠨ ᠣᠷᠣᠭᠤᠯᠬᠤ ᠪᠠ ᠰᠢᠯᠵᠢᠭᠦᠯᠦᠨ ᠭᠠᠷᠭᠠᠬᠤ᠂ | ᠠᠵᠢᠯ ᠠᠴᠠ ᠪᠠᠨ ᠠᠮᠠᠷᠠᠭᠰᠠᠳ ᠵᠡᠷᠭᠡ ᠰᠠᠭᠤᠷᠢ ᠮᠡᠳᠡᠭᠡ ᠵᠠᠩᠭᠢ ᠶᠢ ᠳᠠᠬᠢᠨ ᠳᠠᠪᠲᠠᠨ ᠬᠠᠷᠭᠤᠭᠤᠯᠤᠨ | ᠵᠥᠪᠰᠢᠶᠡᠷᠡᠵᠦ᠂ ᠭᠤᠶᠤᠴᠢᠯᠠᠨ ᠮᠡᠳᠡᠭᠦᠯᠦᠭᠰᠡᠨ ᠠᠵᠢᠯᠲᠠᠨ ᠤ ᠮᠡᠳᠡᠭᠡ ᠵᠠᠩᠭᠢ ᠶᠢᠨ ᠦᠨᠡᠨ ᠪᠣᠳᠠᠲᠠᠶ ᠪᠥᠭᠡᠳ | ᠠᠯᠳᠠᠭ᠎ᠠ ᠪᠤᠷᠤᠭᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠲᠥᠷᠥᠯ ᠵᠦᠢᠯ ᠤᠨ ᠬᠥᠮᠥᠷᠭᠡ ᠶᠢ | ᠴᠢᠩᠭ᠎ᠠ ᠪᠣᠳᠠᠲᠠᠶᠢᠵᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠵᠠᠷᠤᠯᠭ᠎ᠠ ᠶᠢᠨ ᠰᠠᠭᠤᠷᠢ ᠲᠤᠭ᠎ᠠ ᠶᠢ ᠬᠦᠴᠦᠨ ᠥᠬᠡᠶ ᠪᠣᠯᠭᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | ᠶᠣᠰᠣᠭᠠᠷ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠠᠵᠢᠯ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠵᠢᠴᠢ | ᠭᠤᠤᠯᠳᠠᠯᠭ᠎ᠠ ᠲᠠᠢ ᠠᠵᠢᠯ ᠤᠨ ᠡᠭᠦᠷᠭᠡ ᠵᠡᠷᠭᠡ ᠶᠣᠰᠣᠭᠠᠷ᠂ ᠲᠥᠷᠥᠯ ᠵᠦᠢᠯ ᠳᠠᠷᠠᠭᠠᠯᠠᠨ ᠲᠥᠰᠦᠪ ᠤᠨ ᠲᠥᠷᠥᠯ | ᠵᠦᠢᠯ ᠢ ᠡᠮᠬᠢᠯᠡᠨ ᠳᠢᠭᠯᠡᠵᠦ᠂ ᠡᠮᠬᠢᠯᠡᠨ ᠳᠢᠭᠯᠡᠭᠰᠡᠨ ᠦᠷ᠎ᠡ ᠳ᠋ᠦᠩ ᠢ ᠦᠨᠳᠦᠰᠦᠯᠡᠨ ᠲᠣᠳᠣᠷᠬᠠᠶ ᠪᠤᠴᠠᠭᠠᠨ | ᠭᠠᠷᠭᠠᠵᠤ᠂ ᠦᠯᠡᠳᠡᠭᠡᠬᠦ ᠪᠠ ᠡᠮᠬᠢᠯᠡᠨ ᠨᠡᠶᠢᠯᠡᠭᠦᠯᠵᠦ᠂ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠲᠥᠷᠥᠯ ᠵᠦᠢᠯ ᠤᠨ | ᠬᠥᠮᠥᠷᠭᠡ ᠶᠢ ᠪᠣᠶ ᠪᠤᠯᠭᠠᠪᠠ᠃ ᠭᠤᠷᠪᠠ ᠳᠤ᠂ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ | ᠬᠠᠷᠭᠤᠭᠤᠯᠤᠨ ᠳᠣᠲᠣᠯᠠᠵᠤ᠂ ᠲᠥᠰᠦᠪ ᠤᠨ ᠬᠡᠷᠡᠭᠴᠡᠭᠡ ᠱᠠᠭᠠᠷᠳᠠᠯᠭ᠎ᠠ ᠳᠠᠬᠢ ᠰᠢᠨ᠎ᠡ ᠪᠠᠷ ᠨᠡᠮᠡᠭᠳᠡᠭᠰᠡᠨ ᠡᠳ᠋ | ᠬᠥᠷᠥᠩᠭᠡ ᠶᠢᠨ ᠲᠣᠬᠢᠷᠠᠭᠤᠯᠤᠯᠲᠠ ᠶᠢ ᠵᠠᠳᠠᠯᠵᠤ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠳᠠᠪᠲᠠᠮᠵᠢ᠂ | ᠲᠥᠰᠦᠪ ᠤᠨ ᠲᠤᠭ᠎ᠠ ᠬᠡᠮᠵᠢᠶ᠎ᠡ᠂ ᠲᠥᠰᠦᠪ ᠤᠨ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠵᠠᠳᠠᠯᠤᠨ | ᠮᠡᠳᠡᠭᠦᠯᠵᠦ᠂ ᠬᠡᠷᠡᠭᠯᠡᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ ᠡᠳ᠋ ᠬᠥᠷᠥᠩᠭᠡ ᠬᠤᠳᠠᠯᠳᠤᠨ ᠠᠪᠬᠤ ᠶᠢᠨ | ᠴᠢᠬᠤᠯᠠ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ᠂ ᠵᠦᠶ ᠵᠣᠬᠢᠰᠲᠠᠶ ᠴᠢᠨᠠᠷ ᠢ ᠰᠤᠳᠤᠯᠤᠨ ᠮᠠᠭᠠᠳᠯᠠᠵᠤ᠂ | ᠰᠢᠨ᠎ᠡ ᠪᠠᠷ ᠨᠡᠮᠡᠭᠳᠡᠭᠰᠡᠨ ᠥᠬᠡᠶ ᠡᠳ᠋ ᠬᠥᠷᠥᠩᠭᠡ ᠶᠢ ᠡᠷᠡᠰ ᠬᠠᠷᠭᠤᠭᠤᠯᠤᠨ ᠬᠠᠰᠤᠵᠤ᠂ ︽ᠭᠠᠮᠨᠠᠵᠤ ᠠᠮᠢᠳᠤᠷᠠᠬᠤ︾ | ᠳᠠᠳᠬᠠᠯ ᠲᠠᠢ ᠪᠣᠯᠭᠠᠬᠤ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃ | ᠭᠤᠷᠪᠠ᠂ ᠲᠤᠭᠠᠴᠢᠯᠠᠭᠰᠠᠨ ᠣᠶᠤᠨᠴᠢᠯᠠᠭᠰᠠᠨ ᠰᠢᠰᠲ᠋ᠧᠮ ᠢ ᠬᠡᠷᠡᠭᠯᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ | ᠶᠢ ᠳᠡᠭᠡᠭᠰᠢᠯᠡᠬᠦᠯᠪᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠣᠪᠴᠢᠶ᠎ᠠ ᠶᠢᠨ ︽ᠡᠳ᠋ ᠤᠨ | ᠶᠠᠪᠤᠳᠠᠯ ᠤᠨ ᠳᠣᠲᠣᠭᠠᠳᠤ ᠡᠵᠡᠮᠳᠡᠯ ᠤᠨ ᠮᠡᠳᠡᠭᠡ ᠵᠠᠩᠭᠢ ᠶᠢᠨ ᠰᠢᠰᠲ᠋ᠧᠮ︾ ᠢ ᠭᠦᠢᠴᠡᠳ ᠬᠡᠷᠡᠭᠯᠡᠨ᠂ ᠲᠣᠰ ᠵᠢᠯ ᠳᠤ | ᠲᠥᠰᠦᠪ ᠤᠨ ᠰᠦᠯᠵᠢᠶ᠎ᠡ ᠪᠠᠷ ᠲᠠᠭᠯᠠᠨ ᠮᠡᠳᠡᠭᠦᠯᠬᠦ᠂ ᠬᠢᠨᠠᠨ ᠬᠠᠷᠭᠤᠭᠤᠯᠬᠤ ᠵᠢᠴᠢ ᠲᠥᠰᠦᠪ ᠤᠨ | ᠬᠡᠷᠡᠭᠵᠢᠭᠦᠯᠦᠯᠲᠡ ᠶᠢ ᠬᠢᠨᠠᠨ ᠡᠵᠡᠮᠳᠡᠬᠦ ᠵᠡᠷᠭᠡ ᠴᠢᠳᠠᠮᠵᠢ ᠶᠢ ᠪᠥᠬᠦ ᠲᠠᠯ᠎ᠠ ᠪᠠᠷ ᠪᠡᠶᠡᠯᠡᠬᠦᠯᠪᠡ᠃ ᠨᠢᠭᠡ ᠳᠤ᠂ | ᠲᠥᠰᠦᠪ ᠢ ᠨᠠᠶᠢᠷᠠᠭᠤᠯᠤᠨ ᠮᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠭᠯᠠᠨ ᠮᠡᠳᠡᠭᠦᠯᠬᠦ᠂ ᠬᠢᠨᠠᠨ | ᠬᠠᠷᠭᠤᠭᠤᠯᠬᠤ ᠵᠡᠷᠭᠡ ᠴᠤᠪᠤᠷᠠᠯ ᠢ ᠡᠮᠬᠢᠯᠡᠨ ᠨᠡᠶᠢᠯᠡᠭᠦᠯᠵᠦ᠂ ᠡᠯ᠎ᠡ ᠨᠢᠭᠡᠴᠡ ᠶᠢᠨ ᠮᠡᠳᠡᠭᠦᠯᠦᠨ ᠬᠦᠷᠭᠡᠬᠦ ᠦᠶᠡᠯᠡᠯ ᠢ | ᠠᠷᠪᠢᠯᠠᠪᠠ᠃ ᠬᠤᠶᠠᠷ ᠲᠤ᠂ ᠲᠥᠰᠦᠪ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠮᠡᠳᠡᠭᠦᠯᠦᠨ | ᠬᠦᠷᠭᠡᠭᠰᠡᠨ ᠲᠤᠭ᠎ᠠ ᠪᠠᠷᠢᠮᠲᠠ ᠶᠢ ᠬᠢᠨᠠᠨ ᠡᠵᠡᠮᠳᠡᠵᠦ᠂ ᠲᠠᠭᠯᠠᠨ ᠮᠡᠳᠡᠭᠦᠯᠬᠦ ᠶᠠᠪᠤᠴᠠ ᠳᠤ ᠪᠤᠳᠤᠭᠰᠠᠨ ᠨᠢ ᠪᠤᠷᠤᠭᠤ | ᠵᠡᠷᠭᠡ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠵᠠᠰᠠᠪᠤᠷᠢ ᠣᠷᠣᠭᠤᠯᠪᠠ᠃ | ᠭᠤᠷᠪᠠ ᠳᠤ᠂ ᠰᠢᠢᠳᠪᠦᠷᠢᠳᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠵᠦ᠂ ᠮᠡᠳᠡᠭᠡ | ᠵᠠᠩᠭᠢᠵᠢᠯᠲᠠ ᠶᠢᠨ ᠰᠢᠰᠲ᠋ᠧᠮ ᠨᠢ ᠣᠨᠣᠪᠴᠢᠲᠠᠶ ᠪᠥᠭᠡᠳ ᠪᠥᠬᠦ ᠲᠠᠯ᠎ᠠ ᠶᠢᠨ ᠲᠤᠭ᠎ᠠ ᠪᠠᠷᠢᠮᠲᠠ ᠶᠢᠨ ᠳᠡᠮᠵᠢᠯᠭᠡ | ᠬᠠᠩᠭᠠᠵᠤ᠂ ᠳᠡᠭᠡᠷ᠎ᠡ ᠵᠢᠯ ᠤᠨ ᠡᠯ᠎ᠡ ᠨᠢᠭᠡᠴᠢ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠤᠨ | ᠭᠦᠢᠴᠡᠳᠭᠡᠯ ᠵᠢᠴᠢ ᠲᠣᠰ ᠵᠢᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ ᠠᠳᠠᠯᠢ | ᠪᠤᠰᠤ ᠬᠡᠮᠵᠢᠶ᠎ᠡ ᠪᠠᠷ ᠬᠠᠷᠢᠴᠠᠭᠤᠯᠬᠤ ᠶᠢᠨ ᠬᠠᠮᠲᠤ᠂ ᠳᠡᠭᠡᠷ᠎ᠡ ᠵᠢᠯ ᠤᠨ ᠲᠥᠰᠦᠪ ᠢ ᠨᠠᠶᠢᠷᠠᠭᠤᠯᠤᠨ ᠵᠣᠬᠢᠶᠠᠬᠤ | ᠣᠨᠣᠪᠴᠢ ᠶᠢᠨ ᠨᠣᠷᠮ᠎ᠠ᠂ ᠲᠥᠰᠦᠪ ᠤᠨ ᠭᠦᠢᠴᠡᠳᠭᠡᠯ ᠦᠷ᠎ᠡ ᠪᠦᠲᠦᠮᠵᠢ᠂ ᠲᠣᠰ ᠵᠢᠯ ᠤᠨ ᠲᠥᠰᠦᠪ ᠤᠨ | ᠬᠡᠷᠡᠭᠴᠡᠭᠡ ᠱᠠᠭᠠᠷᠳᠠᠯᠭ᠎ᠠ ᠶᠢᠨ ᠵᠥᠷᠢᠶ᠎ᠡ ᠲᠤᠭ᠎ᠠ ᠵᠡᠷᠭᠡ ᠭᠦᠢᠴᠡᠳᠭᠡᠯ ᠲᠤᠭ᠎ᠠ ᠶᠢ ᠨᠠᠷᠢᠨ ᠵᠠᠳᠠᠯᠵᠤ᠂ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠢᠨᠵᠢᠯᠡᠬᠦ ᠤᠬᠠᠭᠠᠨᠴᠢ ᠣᠨᠣᠪᠴᠢᠲᠠᠶ ᠡᠳ᠋ ᠤᠨ | ᠶᠠᠪᠤᠳᠠᠯ ᠤᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠪᠠ᠃ | |