ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 2023 ᠣᠨ ᠤ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠠᠩᠬᠠᠨ ᠤ ᠰᠢᠯᠭᠠᠷᠠᠭᠤᠯᠤᠯᠲᠠ ᠳᠤ ᠲᠣᠳᠣᠷᠠᠪᠠ
ᠨᠡᠶᠢᠲᠡᠯᠡᠭᠰᠡᠨ ᠴᠠᠭ᠄
2025/1/14
    ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠪᠣᠯ ᠲᠣᠰ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠭᠦᠢᠯᠭᠡᠭᠡᠨ ᠤ ᠬᠡᠮᠵᠢᠶ᠎ᠡ ᠪᠠ ᠤᠤᠯ ᠤᠨ ᠪᠠᠶᠢᠭᠰᠠᠨ ᠡᠳ᠋ ᠬᠥᠷᠥᠩᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠲᠤᠰᠬᠠᠵᠤ᠂ ᠰᠠᠯᠠᠭ᠎ᠠ ᠮᠥᠴᠢᠷ ᠤᠨ ᠡᠳ᠋ ᠬᠥᠷᠥᠩᠭᠡ ᠶᠢᠨ ᠶᠡᠷᠦᠩᠬᠡᠶᠢᠯᠡᠭᠰᠡᠨ ᠣᠨ ᠤ ᠮᠡᠳᠡᠭᠦᠯᠦᠯᠲᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 2017 ᠣᠨ ᠠᠴᠠ ᠡᠬᠢᠯᠡᠨ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠮᠡᠳᠡᠭᠦᠯᠦᠭᠰᠡᠨ ᠠᠴᠠ ᠨᠠᠭᠠᠰᠢ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢᠨ ᠪᠠᠷᠢᠮᠵᠢᠶ᠎ᠠ ᠶᠢ ᠪᠠᠷᠢᠮᠲᠠᠯᠠᠭᠰᠠᠭᠠᠷ ᠢᠷᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠩᠬ᠎ᠠ ᠤᠳᠠᠭ᠎ᠠ ᠶᠡᠷᠦᠩᠬᠡᠶᠢᠯᠡᠭᠰᠡᠨ ᠬᠤᠪᠢ ᠥᠭᠴᠦ ᠦᠨᠡᠯᠡᠨ ᠲᠣᠭᠲᠠᠭᠠᠵᠤ᠂ ᠮᠠᠨ ᠤ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠰᠢᠯᠢᠳᠡᠭ ᠨᠢᠭᠡᠳᠦᠭᠡᠷ ᠳᠡᠰ ᠢᠶᠠᠷ ᠦᠨᠡᠯᠡᠭᠳᠡᠪᠡ᠃    ᠨᠢᠭᠡ᠂ ᠦᠵᠡᠯ ᠤᠬᠠᠮᠰᠠᠷ ᠢᠶᠠᠨ ᠴᠢᠩᠭᠠᠳᠬᠠᠵᠤ᠂ ᠦᠨᠳᠦᠷᠴᠡ ᠶᠢᠨ ︽ᠴᠢᠨᠠᠷ︾ ᠢ ᠳᠡᠭᠡᠭᠰᠢᠯᠡᠬᠦᠯᠪᠡ᠃     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠲᠤᠰᠬᠠᠶ ᠰᠡᠳᠦᠪ ᠢᠶᠠᠷ ᠨᠠᠶᠢᠷᠠᠭᠤᠯᠤᠨ ᠮᠡᠳᠡᠭᠦᠯᠬᠦ ᠠᠵᠢᠯ ᠢ ᠪᠠᠶᠢᠷᠢᠯᠠᠭᠤᠯᠤᠨ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠲᠥᠯᠥᠪᠵᠢᠭᠦᠯᠵᠦ᠂ ᠪᠠᠶᠢᠷᠢᠯᠠᠭᠤᠯᠬᠤ᠂ ᠨᠠᠶᠢᠷᠠᠭᠤᠯᠤᠨ ᠵᠤᠬᠢᠶᠠᠬᠤ᠂ ᠬᠢᠨᠠᠨ ᠬᠠᠷᠭᠤᠭᠤᠯᠬᠤ᠂ ᠮᠡᠳᠡᠭᠦᠯᠦᠨ ᠬᠦᠷᠭᠡᠬᠦ ᠵᠢᠯ ᠢᠶᠠᠨ ᠨᠢᠭᠡᠳᠦᠯᠲᠡᠶ ᠲᠥᠯᠥᠪᠯᠡᠨ ᠲᠤᠬᠢᠷᠠᠭᠤᠯᠪᠠ᠃ ᠬᠤᠶᠠᠳᠤᠭᠠᠷ ᠳᠡᠰ ᠤᠨ ᠨᠢᠭᠡᠴᠡ ᠶᠢᠨ ᠣᠷᠣᠨ ᠲᠤᠭ᠎ᠠ ᠶᠢᠨ ᠠᠵᠢᠯ ᠢ ᠬᠢᠨᠠᠨ ᠬᠠᠷᠭᠤᠭᠤᠯᠵᠤ ᠵᠢᠯᠣᠭᠤᠳᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠢᠷᠤᠮᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ︔ ᠡᠯ᠎ᠡ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦᠭᠦᠢᠴᠡᠳᠭᠡᠵᠦ᠂ ᠲᠣᠰ ᠨᠢᠭᠡᠴᠡ ᠶᠢᠨ ᠢᠶᠠᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠵᠢᠷᠤᠮᠵᠢᠯ ᠤᠨ ᠴᠢᠨᠠᠷ ᠲᠤ ᠬᠠᠷᠢᠭᠤᠴᠠᠬᠤ ᠬᠡᠷᠡᠭᠲᠡᠶ ᠭᠡᠵᠦ ᠱᠠᠭᠠᠷᠳᠠᠪᠠ᠃    ᠬᠤᠶᠠᠷ᠂ ᠨᠠᠶᠢᠷᠠᠭᠤᠯᠤᠨ ᠮᠡᠳᠡᠭᠦᠯᠬᠦ ᠰᠠᠭᠤᠷᠢ ᠶᠢ ᠪᠠᠬᠢᠵᠢᠭᠦᠯᠵᠦ᠂ ᠬᠢᠨᠠᠨ ᠬᠠᠷᠭᠤᠭᠤᠯᠬᠤ ︽ᠴᠢᠨᠠᠷ︾ ᠢ ᠳᠡᠭᠡᠭᠰᠢᠯᠡᠬᠦᠯᠪᠡ᠃     ᠡᠳ᠋ ᠤᠨ ᠶᠠᠪᠤᠳᠠᠯ ᠤᠨ ᠭᠠᠵᠠᠷ ᠠᠴᠠ 2023 ᠣᠨ ᠤ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠵᠦ ᠬᠢᠨᠠᠨ ᠬᠠᠷᠭᠤᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠲᠤᠭᠳᠠᠭᠠᠪᠠ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠨᠠᠶᠢᠷᠠᠭᠤᠯᠤᠨ ᠮᠡᠳᠡᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠡᠳ᠋ ᠤᠨ ᠵᠠᠰᠠᠭ ᠤᠨ ᠶᠠᠮᠤᠨ ᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠭᠰᠠᠨ ︽ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯᠯᠠᠭᠠᠨ ᠤ ᠵᠦᠭᠯᠡᠭᠦᠷ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠭᠦᠨᠵᠡᠭᠡᠶ ᠰᠤᠳᠤᠯᠤᠨ ᠰᠤᠷᠤᠯᠴᠠᠭᠤᠯᠵᠤ᠂ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠨᠠᠶᠢᠷᠠᠭᠤᠯᠤᠨ ᠵᠣᠬᠢᠶᠠᠬᠤ ᠰᠠᠭᠤᠷᠢ᠂ ᠭᠤᠤᠯ ᠠᠭᠤᠯᠭ᠎ᠠ᠂ ᠨᠡᠶᠢᠯᠡᠭᠦᠯᠬᠦ ᠬᠡᠪᠴᠢᠶ᠎ᠡ ᠪᠠ ᠠᠷᠭ᠎ᠠ ᠳᠤ ᠲᠠᠶᠢᠯᠤᠮᠵᠢ ᠬᠢᠪᠡ᠃ ᠬᠤᠶᠠᠷ ᠲᠤ᠂ ᠣᠷᠣᠨ ᠲᠤᠭ᠎ᠠ ᠶᠢᠨ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠠᠭᠯᠠᠨ ᠮᠡᠳᠡᠭᠦᠯᠬᠦ ᠬᠥᠮᠦᠰ ᠢ ᠰᠢᠰᠲ᠋ᠧᠮ ᠤᠨ ᠠᠵᠢᠯᠯᠠᠭᠠᠨ᠂ ᠲᠠᠭᠯᠠᠨ ᠮᠡᠳᠡᠭᠦᠯᠬᠦ ᠴᠤᠪᠤᠷᠠᠯ᠂ ᠬᠢᠨᠠᠨ ᠬᠠᠷᠭᠤᠭᠤᠯᠬᠤ ᠭᠤᠤᠯᠳᠠᠯᠭ᠎ᠠ ᠵᠡᠷᠭᠡ ᠡᠯ᠎ᠡ ᠵᠦᠢᠯ ᠤᠨ ᠠᠵᠢᠯ ᠢ ᠣᠨᠣᠪᠴᠢᠲᠠᠶ ᠡᠵᠡᠮᠰᠢᠬᠦ ᠶᠢ ᠱᠠᠭᠠᠷᠳᠠᠵᠤ᠂ ᠬᠢᠨᠠᠨ ᠬᠠᠷᠭᠤᠭᠤᠯᠬᠤ ᠭᠤᠤᠯᠳᠠᠯᠭ᠎ᠠ ᠪᠠ ᠱᠠᠭᠠᠷᠳᠠᠯᠭ᠎ᠠ ᠶᠢ ᠵᠦᠢᠯ ᠳᠠᠷᠠᠭᠠᠯᠠᠨ ᠲᠣᠭᠲᠠᠭᠠᠵᠤ᠂ ᠲᠠᠭᠯᠠᠨ ᠮᠡᠳᠡᠭᠦᠯᠬᠦ ᠠᠷᠭ᠎ᠠ ᠵᠠᠮ ᠢ ᠲᠣᠳᠣᠷᠬᠠᠶᠢᠯᠠᠵᠤ᠂ ᠠᠵᠢᠯ ᠤᠨ ᠡᠭᠦᠷᠭᠡ ᠶᠣᠰᠣᠭᠠᠷ᠂ ᠨᠠᠶᠢᠷᠠᠭᠤᠯᠤᠨ ᠮᠡᠳᠡᠭᠦᠯᠬᠦ ᠴᠤᠪᠤᠷᠠᠯ ᠢ ᠨᠠᠷᠢᠯᠢᠬᠵᠢᠭᠤᠯᠵᠤ᠂ ᠬᠠᠷᠢᠭᠤᠴᠠᠯᠭᠠᠲᠠᠨ ᠪᠠ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠪᠡ᠃ ᠭᠤᠷᠪᠠ ᠳᠤ᠂ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠴᠢᠩᠳᠠᠯᠠᠵᠤ᠂ ᠡᠳ᠋ ᠤᠨ ᠵᠠᠰᠠᠭ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠵᠦ ᠬᠢᠨᠠᠨ ᠬᠠᠷᠭᠤᠭᠤᠯᠬᠤ ᠠᠵᠢᠯ ᠤᠨ ᠭᠤᠤᠯᠳᠠᠯᠭ᠎ᠠ ᠪᠠ ᠬᠦᠴᠢᠷᠳᠡᠯ ᠢ ᠣᠨᠣᠪᠴᠢᠲᠠᠶ ᠡᠵᠡᠮᠳᠡᠵᠦ᠂ ᠡᠯ᠎ᠡ ᠲᠣᠮᠣ ᠵᠢᠯ ᠤᠨ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠴᠢᠬᠤᠯᠠᠴᠢᠯᠠᠨ᠂ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠭᠡᠯ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠲᠠᠩᠰᠠ ᠬᠠᠷ᠎ᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠲᠤᠭ᠎ᠠ ᠪᠠᠷᠢᠮᠲᠠ ᠶᠢ ᠵᠤᠷᠪᠤᠰ ᠳᠠᠷᠠᠭᠠᠯᠠᠨ ᠬᠢᠨᠠᠨ ᠬᠠᠷᠭᠤᠭᠤᠯᠵᠤ᠂ ᠡᠳ᠋ ᠤᠨ ᠶᠠᠪᠤᠳᠠᠯ ᠤᠨ ᠮᠡᠳᠡᠭᠦᠯᠦᠯᠲᠡ᠂ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠭᠡᠯ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠮᠡᠳᠡᠭᠦᠯᠦᠯᠲᠡ ᠶᠢᠨ ᠵᠥᠷᠢᠶᠡᠲᠦ ᠰᠢᠯᠲᠠᠭᠠᠨ ᠢ ᠨᠠᠷᠢᠨ ᠬᠢᠨᠠᠮᠠᠭᠠᠶ ᠡᠮᠬᠢᠯᠡᠵᠦ᠂ ᠠᠳᠠᠯᠢ ᠲᠥᠷᠥᠯ ᠤᠨ ᠲᠤᠭ᠎ᠠ ᠪᠠᠷᠢᠮᠲᠠ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠪᠠ᠃    ᠭᠤᠷᠪᠠ᠂ ᠲᠤᠭ᠎ᠠ ᠪᠠᠷᠢᠮᠲᠠ ᠶᠢᠨ ᠥᠷᠲᠡᠭ ᠢ ᠠᠭᠤᠳᠠᠯᠵᠤ᠂ ᠦᠷ᠎ᠡ ᠪᠦᠲᠦᠭᠡᠯ ᠤᠨ ︽ᠴᠢᠨᠠᠷ︾ ᠢ ᠳᠡᠭᠡᠭᠰᠢᠯᠡᠬᠦᠯᠪᠡ᠃     ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ ᠦᠶᠡᠰ᠂ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠡᠯ᠎ᠡ ᠨᠢᠭᠡᠴᠡ ᠶᠢᠨ ᠠᠵᠢᠯ ᠤᠨ ᠡᠭᠦᠷᠭᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠲᠤᠭ᠎ᠠ ᠪᠠᠷᠢᠮᠲᠠ ᠳᠤ ᠵᠠᠳᠠᠯᠤᠯᠲᠠ ᠬᠢᠬᠦ ᠶᠢ ᠴᠢᠬᠤᠯᠠᠴᠢᠯᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠪᠠ᠃ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠲᠤᠭ᠎ᠠ ᠪᠠᠷᠢᠮᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ 2023 ᠣᠨ ᠤ ᠰᠠᠯᠠᠭ᠎ᠠ ᠮᠥᠴᠢᠷ ᠤᠨ ᠠᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠨ ᠵᠠᠳᠠᠯᠵᠤ᠂ ᠨᠠᠷᠢᠨ ᠪᠣᠳᠠᠲᠠᠶ ᠪᠦᠷᠢᠨ ᠪᠦᠲᠦᠨ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠲᠤᠭᠤᠷᠪᠢᠨ ᠪᠢᠴᠢᠵᠦ᠂ ᠲᠣᠰ ᠰᠠᠯᠠᠭ᠎ᠠ ᠮᠥᠴᠢᠷ ᠤᠨ ᠢᠶᠠᠨ ᠡᠳ᠋ ᠤᠨ ᠶᠠᠪᠤᠳᠠᠯ ᠤᠨ ᠦᠨᠳᠦᠰᠦᠨ ᠪᠠᠶᠢᠳᠠᠯ ᠪᠠ ᠠᠵᠢᠯᠯᠠᠭᠠᠨ ᠤ ᠪᠠᠶᠢᠳᠠᠯ ᠢ ᠣᠨᠣᠪᠴᠢᠲᠠᠶ ᠲᠤᠰᠬᠠᠵᠤ᠂ ᠲᠤᠭ᠎ᠠ ᠪᠠᠷᠢᠮᠲᠠ ᠶᠢ ᠠᠭᠤᠳᠠᠯᠬᠤ ᠪᠠᠷ ᠳᠠᠮᠵᠢᠭᠤᠯᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠠᠷᠭ᠎ᠠ ᠵᠠᠮ ᠢ ᠢᠯᠡᠷᠡᠭᠦᠯᠵᠦ᠂ ᠭᠦᠢᠴᠡᠳᠭᠡᠯ ᠲᠤᠭ᠎ᠠ ᠶᠢᠨ ᠵᠦᠶ ᠵᠣᠬᠢᠰᠲᠠᠶ ᠣᠷᠣᠨ ᠵᠠᠶ ᠶᠢ ᠰᠦᠪᠡᠭᠴᠢᠯᠡᠨ ᠵᠠᠳᠠᠯᠵᠤ᠂ ᠡᠳ᠋ ᠤᠨ ᠶᠠᠪᠤᠳᠠᠯ ᠤᠨ ᠪᠠᠶᠢᠳᠠᠯ ᠪᠠ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠦᠨᠡᠯᠡᠵᠦ᠂ ᠬᠤᠶᠢᠰᠢᠳᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠯᠠᠪᠯᠠᠯᠲᠠ ᠪᠠ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号