2024 ᠣᠨ ᠳᠤ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠠᠬᠢᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠤᠷᠤᠭᠰᠢᠯᠠᠬᠤ ᠲᠠᠯ᠎ᠠ ᠪᠠᠷ ᠪᠣᠳᠠᠲᠠᠢ ᠠᠯᠬᠤᠮ ᠢ ᠠᠯᠬᠤᠪᠠ
ᠨᠡᠶᠢᠲᠡᠯᠡᠭᠰᠡᠨ ᠴᠠᠭ᠄
2025/1/23
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ       ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ         ᠶᠡᠷᠦᠩᠬᠡᠶ ᠠᠩᠭᠢ                    ︵2025 ᠣᠨ ᠤ 1 ᠰᠠᠷ᠎ᠠ ᠶᠢᠨ 21 ᠤ ᠡᠳᠦᠷ︶    2024 ᠣᠨ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠢ ᠴᠢᠩᠭ᠎ᠠ ᠠᠳᠬᠤᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠨ᠂ ᠬᠠᠳᠠᠭᠠᠯᠠᠯᠲᠠ ᠶᠢᠨ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ ᠬᠡᠷᠡᠭᠵᠢᠬᠦᠯᠵᠦ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠤᠯᠵᠤ᠂ ᠰᠢᠨ᠎ᠡ ᠵᠡᠮ ᠨᠡᠭᠡᠭᠡᠵᠦ ᠳᠤᠮᠳᠠ ᠲᠦᠪᠰᠢᠨ ᠳᠤ ᠤᠷᠤᠭᠰᠢᠯᠠᠬᠤ ᠪᠤᠲᠠᠲᠠᠢ ᠠᠯᠬᠤᠮ ᠢ ᠠᠯᠬᠤᠪᠠ᠃     ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠪᠡᠯ᠂ 2024 ᠣᠨ ᠳᠤ ᠪᠥᠬᠦ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 26314.6 ᠳ᠋ᠦᠩᠰᠢᠭᠤᠷ ᠲᠥᠭᠦᠷᠢᠭ ﹇1﹈ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠤᠨ ᠬᠢ ᠠᠴᠠ 5.8% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2872.6 ᠳ᠋ᠦᠩᠰᠢᠭᠤᠷ ᠲᠥᠭᠦᠷᠢᠭ ᠲᠤ ᠬᠦᠷᠴᠦ᠂ 5.6% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ11604 . 4 ᠳ᠋ᠦᠩᠰᠢᠭᠤᠷ ᠲᠥᠭᠦᠷᠢᠭ ᠲᠤ ᠬᠦᠷᠴᠦ᠂ 7.0% ᠪᠠᠷ  ᠨᠡᠮᠡᠭᠳᠡᠪᠡ ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 11837.6 ᠳ᠋ᠦᠩᠰᠢᠭᠤᠷ ᠲᠥᠭᠦᠷᠢᠭ ᠲᠤ ᠬᠦᠷᠴᠦ᠂ 4.9% ᠪᠠᠷ ᠨᠡᠮᠡᠭᠳᠡᠪᠡ᠃    ᠨᠢᠭᠡ᠂ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠬᠦᠴᠦᠲᠡᠶ ᠪᠠᠲᠤᠯᠠᠪᠠ᠃     ᠠᠮᠤ ᠪᠤᠳᠠᠭᠠᠨ ᠤ ᠦᠢᠯᠡᠳᠪᠦᠷᠢᠯᠡᠯ ᠰᠢᠨ᠎ᠡ ᠳᠡᠭᠲᠡᠷ ᠲᠤ ᠭᠠᠷᠪᠠ᠃ 2024 ᠣᠨ ᠳᠤ᠂ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ᠠᠩᠬ᠎ᠠ ᠤᠳᠠᠭ᠎ᠠ 800 ᠳ᠋ᠦᠩᠰᠢᠭᠤᠷ ᠵᠢᠩ ᠤᠨ ᠶᠡᠭᠡ ᠪᠣᠭᠤᠮᠲᠠ ᠶᠢ ᠳᠠᠪᠠᠵᠤ᠂ ᠲᠦᠷᠦᠭᠦᠦ ᠵᠢᠯ ᠤᠨ ᠬᠢ ᠠᠴᠠ 3.6% ᠪᠠᠷ ᠨᠡᠮᠡᠭᠳᠡᠪᠡ᠃ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 10517.7 ᠲᠦᠮᠡᠨ ᠮᠥ ᠪᠠᠶᠢᠵᠤ᠂ ᠳᠡᠭᠡᠷ᠎ᠡ ᠵᠢᠯ ᠤᠨ ᠬᠢ ᠠᠴᠠ 40.6 ᠲᠦᠮᠡᠨ ᠮᠥ ᠨᠡᠮᠡᠭᠳᠡᠪᠡ︔ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ ᠳᠤ 390 ᠺᠢᠯᠣᠭ᠍ᠷᠠᠮ ᠳᠤ ᠬᠦᠷᠴᠦ᠂ ᠲᠦᠷᠦᠭᠦᠦ ᠵᠢᠯ ᠤᠨ ᠬᠢ ᠠᠴᠠ ᠪᠠᠷᠤᠭ 12 ᠺᠢᠯᠣᠭ᠍ᠷᠠᠮ ᠨᠡᠮᠡᠭᠳᠡᠵᠡᠢ᠃ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 300.8 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 5.4% ᠪᠠᠷ ᠨᠡᠮᠡᠭᠳᠡᠪᠡ᠃ ᠡᠭᠦᠨ ᠳᠤ᠂ ᠭᠠᠭ᠋ᠠᠶ ᠶᠢᠨ ᠮᠢᠬ᠎ᠠ 80.6 ᠲᠦᠮᠡᠨ ᠲᠣᠨ᠂ ᠦᠬᠡᠷ ᠤᠨ ᠮᠢᠬ᠎ᠠ 89.1 ᠲᠦᠮᠡᠨ ᠲᠣᠨ᠂ ᠬᠤᠨᠢᠨ ᠮᠢᠬ᠎ᠠ 105.9 ᠲᠦᠮᠡᠨ ᠲᠣᠨ᠂ ᠵᠢᠭᠦᠷᠲᠡᠨ ᠤ ᠮᠢᠬ᠎ᠠ 25.3 ᠲᠦᠮᠡᠨ ᠲᠣᠨ᠃ ᠪᠥᠬᠦ ᠣᠷᠣᠨ ᠤ ᠰᠠᠭᠠᠯᠢ ᠶᠢᠨ ᠦᠨᠢᠶ᠎ᠡ 163.1 ᠲᠦᠮᠡᠨ ᠲᠣᠯᠣᠭᠠᠶ ᠪᠠᠶᠢᠵᠤ᠂ ᠦᠨᠢᠶᠡᠨ ᠰᠦ ᠶᠢᠨ ᠭᠠᠷᠤᠯᠲᠠ 776.7 ᠲᠦᠮᠡᠨ ᠲᠣᠨ ᠬᠦᠷᠴᠡᠶ᠃ ᠬᠡᠪᠴᠢᠶᠡᠵᠢᠯ ᠠᠴᠠ ᠳᠡᠭᠡᠭᠰᠢᠬᠢ ᠴᠠᠭᠠᠨ ᠢᠳᠡᠭᠡᠨ ᠤ ᠭᠠᠷᠤᠯᠲᠠ 461.9 ᠲᠦᠮᠡᠨ ᠲᠣᠨ ᠳᠤ ᠬᠥᠷᠪᠡ᠃    ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠬᠥᠳᠡᠯᠭᠡᠬᠦ ᠡᠨᠧᠷᠭᠢ ᠶᠢᠨ ᠪᠤᠶᠢᠵᠢᠯᠲᠠ ᠶᠢ ᠲᠦᠷᠭᠡᠳᠬᠡᠪᠡ᠃     2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 6.8% ᠪᠠᠷ ᠨᠡᠮᠡᠭᠳᠡᠪᠡ᠃ ᠭᠤᠷᠪᠠᠨ ᠶᠡᠭᠡ ᠲᠥᠷᠥᠯ ᠢᠶᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 4.7% ᠪᠠᠷ ᠨᠡᠮᠡᠭᠳᠡᠵᠦ᠂ ᠦᠢᠯᠡᠳᠬᠦ ᠦᠢᠯᠡᠰ 9.3% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8.1% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠨᠢ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠲᠦᠷᠦᠭᠦᠦ ᠵᠢᠯ ᠤᠨ ᠬᠢ ᠠᠴᠠ 5.8% ᠪᠠᠷ ᠨᠡᠮᠡᠭᠳᠡᠵᠡᠶ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 6.8% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 5.7% ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠶᠢᠨ ᠪᠤᠶᠢᠵᠢᠭᠤᠯᠤᠯᠲᠠ ᠲᠦᠷᠭᠡᠳᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 11.3% ᠪᠠᠷ ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ 39.9% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 29.4% ᠪᠠᠷ ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ 42.5% ᠪᠠᠷ ᠨᠡᠮᠡᠭᠳᠡᠪᠡ᠃ ᠦᠢᠯᠡᠳᠬᠦᠨ ᠢ ᠬᠤᠪᠢᠶᠠᠵᠤ ᠦᠵᠡᠪᠡᠯ᠂ ᠲᠠᠩ ᠲᠠᠯᠠᠰᠲᠤ ᠴᠠᠬᠢᠭᠤᠷ 92.1 ᠲᠦᠮᠡᠨ ᠲᠣᠨ ᠳᠤ ᠬᠦᠷᠴᠦ᠂ 55.2% ᠢᠶᠠᠷ ᠨᠡᠮᠡᠭᠳᠡᠪᠡ︔ ᠤᠯᠠᠨ ᠲᠠᠯᠠᠰᠲᠤ ᠴᠠᠬᠢᠭᠤᠷ 87.8 ᠲᠦᠮᠡᠨ ᠲᠣᠨ ᠳᠤ ᠬᠦᠷᠴᠦ᠂ 98.3% ᠪᠠᠷ ᠨᠡᠮᠡᠭᠳᠡᠪᠡ︔ ᠬᠤᠪᠣᠷ ᠰᠢᠷᠣᠶ ᠶᠢᠨ ᠨᠢᠭᠡᠳᠪᠦᠷᠢ 41.4 ᠲᠦᠮᠡᠨ ᠲᠣᠨ ᠳᠤ ᠬᠦᠷᠴᠦ᠂ 1.8 ᠳᠠᠬᠢᠨ ᠨᠡᠮᠡᠭᠳᠡᠪᠡ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ ᠡᠨᠧᠷᠭᠢ ᠶᠢᠨ ᠰᠤᠷᠪᠤᠯᠵᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 5.1% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ 12.97 ᠳ᠋ᠦᠩᠰᠢᠭᠤᠷ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 5.4% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ 8179.7 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠲᠦᠷᠦᠭᠦᠦ ᠵᠢᠯ ᠤᠨ ᠬᠢ ᠠᠴᠠ 9.1% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1969.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 27.9% ᠪᠠᠷ ᠨᠡᠮᠡᠭᠳᠡᠪᠡ᠃ 1 - 11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 2705.1 ᠳ᠋ᠦᠩᠰᠢᠭᠤᠷ ᠲᠥᠭᠦᠷᠢᠭ ᠲᠤ ᠬᠥᠷᠪᠡ᠃    ᠭᠤᠷᠪᠠ᠂ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠶ ᠪᠣᠯᠪᠠ᠃     2024 ᠣᠨ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 4.9% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 7.1% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠬᠢ 5.5% ᠪᠠᠷ ᠨᠡᠮᠡᠭᠳᠡᠵᠦ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠢ 4.0% ᠪᠠᠷ ᠨᠡᠮᠡᠭᠳᠡᠪᠡ᠃ 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠡᠭᠦᠨ ᠳᠤ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 10.9% ᠪᠠᠷ ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 71.9% ᠪᠠᠷ ᠨᠡᠮᠡᠭᠳᠡᠵᠦ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ 4.4% ᠪᠠᠷ ᠨᠡᠮᠡᠭᠳᠡᠪᠡ᠃    ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠲᠡᠶ ᠪᠠᠶᠢᠨ᠎ᠠ᠃     2024 ᠣᠨ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠲᠦᠷᠦᠭᠦᠦ ᠵᠢᠯ ᠤᠨ ᠬᠢ ᠠᠴᠠ 13.6% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 73.6% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 15.4% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 5.1% ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 23.8% ᠪᠠᠷ ᠨᠡᠮᠡᠭᠳᠡᠪᠡ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ 32.2% ᠢᠶᠠᠷ ᠨᠡᠮᠡᠭᠳᠡᠪᠡ᠃ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 0.7% ᠪᠠᠭᠤᠷᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 7.2% ᠪᠠᠭᠤᠷᠠᠪᠠ᠃ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠪᠡᠯᠡ ᠣᠷᠣᠭᠤᠯᠤᠯᠲᠠ ᠦᠷᠭᠦᠯᠵᠢᠯᠡᠨ ᠬᠦᠴᠦᠯᠡᠵᠦ᠂ ᠲᠦᠷᠦᠭᠦᠦ ᠵᠢᠯ ᠤᠨ ᠬᠢ ᠠᠴᠠ 30.1% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 53.2% ᠢ ᠡᠵᠡᠯᠡᠪᠡ᠃ ᠠᠷᠠᠳ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 1.6% ᠪᠠᠷ ᠨᠡᠮᠡᠭᠳᠡᠵᠦ᠂ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ᠂ ᠠᠷᠠᠳ ᠤᠨ ᠪᠠᠯᠠ ᠣᠷᠣᠭᠤᠯᠤᠯᠲᠠ 6.6% ᠪᠠᠷ ᠨᠡᠮᠡᠭᠳᠡᠪᠡ᠃    ᠲᠠᠪᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠲᠥᠷᠥ ᠶᠢᠨ ᠪᠣᠳᠣᠯᠭ᠎ᠠ ᠶᠢᠨ  ᠦᠢᠯᠡᠳᠦᠯ ᠲᠠᠰᠤᠷᠠᠯᠲᠠ ᠥᠬᠡᠶ ᠢᠯᠡᠷᠡᠵᠦ ᠪᠠᠶᠢᠨ᠎ᠠ᠃     2024 ᠣᠨ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 5615.3 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.5% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4949.9 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.4% ᠪᠠᠷ ᠨᠡᠮᠡᠭᠳᠡᠵᠡᠢ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 665.4 ᠳ᠋ᠦᠩᠰᠢᠭᠤᠷ ᠲᠥᠭᠦᠷᠢᠭ ᠲᠤ ᠬᠦᠷᠴᠦ᠂ 4.8% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 4907.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.2% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 708.1 ᠳ᠋ᠦᠩᠰᠢᠭᠤᠷ ᠲᠥᠭᠦᠷᠢᠭ ᠲᠤ ᠬᠦᠷᠴᠦ᠂ 6.3% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠪᠠ ᠬᠡᠰᠡᠭ ᠳᠡᠰ ᠳᠡᠪᠰᠢᠬᠦ ᠲᠥᠷᠥᠯ ᠤᠨ ᠲᠠᠸᠠᠷ ᠤᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ 14.0  ᠢᠶᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ 13.4% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠯᠡᠭᠡᠨ ᠤ ᠲᠥᠷᠥᠯ 43.5% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 74.6% ᠪᠠᠷ ᠨᠡᠮᠡᠭᠳᠡᠪᠡ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠪᠣᠬᠢᠷᠲᠤᠯ ᠦᠭᠡᠢ ᠬᠡᠷᠡᠭᠯᠡᠭᠡ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ 94.7% ᠪᠠᠷ ᠨᠡᠮᠡᠭᠳᠡᠪᠡ᠃ ᠰᠦᠯᠵᠢᠶᠡᠨ ᠤ ᠵᠢᠵᠢᠭᠯᠡᠨ ᠪᠣᠷᠣᠯᠠᠭᠤᠯᠭ᠎ᠠ ᠥᠷᠨᠢᠨ ᠬᠥᠭᠵᠢᠪᠡ᠃ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 489.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 9.4% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 8.7% ᠳᠤ ᠬᠦᠷᠴᠦ᠂ ᠲᠦᠷᠦᠭᠦᠦ ᠵᠢᠯ ᠤᠨ ᠬᠢ ᠠᠴᠠ 0.3 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃    ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠲᠣᠭᠲᠠᠭᠤᠨ ᠢᠶᠠᠷ ᠠᠵᠢᠯᠯᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠪᠠᠭ᠋ᠠᠨ ᠪᠠᠭᠤᠷᠠᠪᠠ᠃     ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢ ᠨᠠᠮᠤᠭᠤᠨ ᠡᠵᠡᠮᠳᠡᠵᠦ ᠪᠣᠯᠤᠨ᠎ᠠ᠃ 2024 ᠣᠨ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠲᠦᠷᠦᠭᠦᠦ ᠵᠢᠯ ᠤᠨ ᠬᠢ ᠠᠴᠠ ᠪᠠᠨ 0.2% ᠢᠶᠠᠷ ᠥᠰᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠶᠢᠨ ᠬᠢ 0.1% ᠪᠠᠷ ᠥᠰᠴᠦ᠂ ᠬᠥᠳᠡᠭᠡ ᠲᠣᠰᠬᠤᠨ ᠤ ᠬᠢ 0.2% ᠢᠶᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠬᠠᠩᠰᠢ ︽ᠵᠢᠷᠭᠤᠭ᠎ᠠ ᠨᠡᠮᠡᠭᠳᠡᠵᠦ ᠬᠤᠶᠠᠷ ᠪᠠᠭᠤᠷᠠᠬᠤ︾ ᠪᠠᠶᠢᠳᠠᠯ ᠲᠠᠢ ᠪᠠᠶᠢᠨ᠎ᠠ᠃ ᠡᠭᠦᠨ ᠳᠤ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠬᠠᠩᠰᠢ 0.9% ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 1.7% ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.1% ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.1% ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ ᠬᠠᠩᠰᠢ 1.9% ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ ᠴᠥᠮ 1.4% ᠥᠰᠴᠦ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 5.5% ᠥᠰᠴᠡᠶ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠪᠠᠭᠤᠷᠠᠪᠠ᠃ 2024 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠲᠦᠷᠦᠭᠦᠦ ᠵᠢᠯ ᠤᠨ ᠬᠢ ᠠᠴᠠ 3.4% ᠪᠠᠷ ᠪᠠᠭᠤᠷᠠᠪᠠ᠃ ᠡᠭᠦᠨ ᠳᠤ᠂ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢ ᠠᠴᠠ ᠭᠠᠷᠭᠠᠬᠤ ᠦᠨ᠎ᠡ 3.5% ᠪᠠᠷ ᠪᠠᠭᠤᠷᠠᠵᠤ᠂ ᠠᠮᠢᠳᠤᠷᠠᠯ ᠤᠨ ᠬᠡᠷᠡᠭᠰᠡᠯ ᠤᠨ ᠦᠢᠯᠡᠳᠪᠦᠷᠢ ᠠᠴᠠ ᠭᠠᠷᠭᠠᠬᠤ ᠦᠨ᠎ᠡ 2.9% ᠪᠠᠷ ᠪᠠᠭᠤᠷᠠᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ ᠤᠨ ᠬᠢ ᠠᠴᠠ 2.9% ᠪᠠᠷ ᠪᠠᠭᠤᠷᠠᠪᠠ᠃    ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠬᠤᠲᠠ ᠬᠥᠳᠡᠭᠡ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ᠃     2024 ᠣᠨ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40077 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.1% ᠪᠠᠷ ᠨᠡᠮᠡᠭᠳᠡᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠠᠶ᠃ ᠪᠥᠬᠦ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 50888 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.5% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22543 ᠲᠥᠭᠦᠷᠢᠭ ᠲᠤ ᠬᠦᠷᠴᠦ᠂ 6.2% ᠢᠶᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.26 ᠪᠣᠯᠵᠣ᠂ ᠳᠡᠭᠡᠷ᠎ᠡ ᠵᠢᠯ ᠤᠨ ᠬᠢ ᠠᠴᠠ 0.03 ᠪᠠᠭᠠᠰᠪᠠ᠃    ᠶᠡᠷᠦᠩᠬᠡᠶ ᠳᠤᠨᠢ ᠠᠪᠴᠤ ᠦᠵᠡᠪᠡᠯ᠂ ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠤᠤᠷ᠎ᠠ᠂ ᠪᠥᠬᠦ ᠣᠷᠣᠨ ᠳᠠᠶᠠᠭᠠᠷ ᠢᠶᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠬᠥᠭᠵᠢᠯᠲᠡ ᠶᠢ ᠰᠦᠪᠡᠭᠴᠢᠯᠡᠵᠦ᠂ ᠪᠥᠬᠦ ᠣᠷᠣᠨ ᠤ ᠠᠵᠤ ᠠᠬᠤᠶ ᠶᠢᠨ ᠡᠷᠭᠢᠯᠲᠡ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ ᠥᠭᠡᠳᠡᠯᠡᠨ ᠳᠡᠪᠰᠢᠵᠦ᠂ ᠴᠢᠨᠠᠷ ᠰᠠᠶᠢᠲᠠᠶ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠣᠳᠣᠬᠠᠨ ᠳᠤ ᠳᠣᠲᠣᠭᠠᠳᠤ ᠭᠠᠳᠠᠭᠠᠳᠤ ᠣᠷᠴᠢᠨ ᠨᠠᠷᠢᠨ ᠪᠤᠳᠤᠯᠢᠶᠠᠨᠲᠠᠢ᠂ ᠲᠣᠭᠲᠠᠭᠤᠨ ᠪᠤᠰᠤ ᠲᠣᠭᠲᠠᠭᠠᠯᠲᠤ ᠪᠤᠰᠤ ᠡᠯᠧᠮᠧᠨ᠋ᠲ ᠮᠥᠨ ᠨᠡᠯᠢᠶᠡᠳ ᠤᠯᠠᠨ ᠪᠠᠶᠢᠵᠤ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ ᠤᠯᠠᠮ ᠴᠢᠨᠠᠭᠰᠢᠳᠠ ᠪᠠᠬᠢᠵᠢᠭᠦᠯᠬᠦ ᠴᠢᠬᠤᠯᠠᠲᠠᠢ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠠᠯᠬᠤᠮ  ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠤᠷᠢᠳᠴᠢᠯᠠᠨ ᠬᠦᠴᠦᠯᠡᠵᠦ ᠡᠯ᠎ᠡ ᠵᠦᠢᠯ ᠤᠨ ᠬᠤᠷᠸ᠎ᠠ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠤᠨ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠬᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨᠦᠷᠨᠢᠬᠦᠯᠵᠦ᠂ ︽ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ ᠳᠤ ᠤᠷᠤᠭᠰᠢᠯᠠᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠰᠦᠭᠡᠢ᠃     ﹇1﹈ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠶ ᠶᠢᠨ ᠬᠠᠷᠭᠤᠭᠤᠯᠤᠨ ᠪᠤᠳᠤᠬᠤ ᠲᠦᠷᠢᠮ ᠪᠠ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 25020.5 ᠳ᠋ᠦᠩᠰᠢᠭᠤᠷ ᠲᠥᠭᠦᠷᠢᠭ ᠪᠣᠯᠭᠠᠨ ᠵᠠᠰᠠᠪᠤᠷᠢ ᠣᠷᠣᠭᠤᠯᠪᠠ᠃    ᠳᠠᠭᠠᠯᠲᠠ ᠲᠠᠶᠢᠯᠪᠤᠷᠢ    ︵1︶ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠶ ᠶᠢᠨ ᠬᠠᠷᠭᠤᠭᠤᠯᠤᠨ ᠪᠤᠳᠤᠬᠤ ᠲᠦᠷᠢᠮ ᠪᠠ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 25020.5 ᠳ᠋ᠦᠩᠰᠢᠭᠤᠷ ᠲᠥᠭᠦᠷᠢᠭ ᠪᠣᠯᠭᠠᠨ ᠵᠠᠰᠠᠪᠤᠷᠢ ᠣᠷᠣᠭᠤᠯᠪᠠ᠃    ︵2︶ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠶᠢ ᠥᠯᠥ ᠬᠤᠪᠢᠰᠬᠤ ᠦᠨ᠎ᠡ ᠪᠠᠷ ᠪᠤᠳᠤᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠶᠢ ᠠᠳᠠᠯᠢᠳᠬᠠᠵᠤ ᠪᠣᠯᠬᠤ ᠦᠨ᠎ᠡ ᠪᠠᠷ ᠪᠤᠳᠤᠪᠠᠯ᠂ ᠴᠥᠮ ᠪᠣᠳᠠᠲᠠᠶ ᠨᠡᠮᠡᠭᠳᠡᠯ ᠤᠨ ᠬᠤᠷᠳᠤᠴᠠ ᠪᠣᠯᠤᠨ᠎ᠠ︔ ᠪᠤᠰᠤᠳ ᠭᠦᠢᠴᠡᠳᠬᠡᠬᠦ ᠲᠤᠭ᠎ᠠ ᠶᠢᠨ ᠣᠨᠴᠠᠭᠠᠢ ᠲᠣᠳᠣᠷᠬᠠᠶᠢᠯᠠᠯᠲᠠ ᠠᠴᠠ ᠪᠤᠰᠤᠳ ᠢ ᠨᠢ ᠤᠳᠤ ᠶᠢᠨ ᠦᠨ᠎ᠡ ᠪᠠᠷ ᠪᠤᠳᠤᠵᠤ᠂ ᠨᠡᠷᠡᠯᠡᠭᠰᠡᠨ ᠨᠡᠮᠡᠭᠳᠡᠯ ᠤᠨ ᠬᠤᠷᠳᠤᠴᠠ ᠪᠣᠯᠭᠠᠨ᠎ᠠ᠃    ︵3︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠄ ᠪᠦᠷᠢᠳᠬᠡᠯ ᠤᠨ ᠬᠦᠷᠢᠶ᠎ᠡ ᠬᠡᠪᠴᠢᠶ᠎ᠡ ᠨᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠃    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶ᠎ᠡ ᠳᠤ ᠵᠢᠯ ᠪᠦᠷᠢ ᠬᠤᠪᠢᠷᠠᠯᠲᠠ ᠭᠠᠷᠤᠭᠰᠠᠨ ᠠᠴᠠ ᠪᠣᠯᠵᠣ᠂ ᠲᠣᠰ ᠵᠢᠯ ᠤᠨ ᠲᠤᠭ᠎ᠠ ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠬᠠᠷᠢᠴᠠᠭᠤᠯᠬᠤ᠂ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠶᠢ ᠪᠤᠳᠤᠬᠤ ᠵᠡᠷᠭᠡ ᠡᠯ᠎ᠡ  ᠵᠦᠢᠯ ᠤᠨ ᠭᠦᠢᠴᠡᠳᠭᠡᠯ ᠲᠤᠭ᠎ᠠ ᠶᠢᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠬᠤᠷᠳᠤᠴᠠ ᠶᠢ ᠪᠠᠲᠤᠯᠠᠬᠤ ᠶᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭᠠᠨ ᠤ ᠲᠤᠭ᠎ᠠ ᠬᠢᠭᠡᠳ ᠲᠣᠰ ᠬᠤᠭᠤᠴᠠᠭᠠᠨ ᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶ᠎ᠡ ᠨᠢ ᠠᠯᠢ ᠴᠢᠳᠠᠬᠤ ᠪᠠᠷ ᠨᠢᠭᠡᠳᠦᠯᠲᠡᠶ ᠪᠣᠯᠵᠣ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠯᠤᠭ᠎ᠠ ᠬᠡᠯᠡᠯᠭᠡ ᠶᠢᠨ ᠵᠥᠷᠢᠶ᠎ᠡ ᠣᠷᠣᠰᠢᠵᠤ ᠪᠠᠶᠢᠨ᠎ᠠ᠃ ᠡᠭᠦᠨ ᠤ ᠭᠤᠣᠯ ᠰᠢᠯᠲᠠᠭᠠᠨ ᠨᠢ᠄ ᠨᠢᠭᠡ ᠳᠤ ᠲᠤᠭ᠎ᠠ ᠪᠦᠷᠢᠳᠬᠡᠯ ᠤᠨ ᠨᠢᠭᠡᠴᠡ ᠶᠢᠨ ᠬᠡᠪᠴᠢᠶᠡᠨ ᠳᠤ ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶᠢᠯᠠᠯ ᠨᠢ ᠬᠡᠪᠴᠢᠶ᠎ᠡ ᠳᠤ ᠬᠦᠷᠴᠦ ᠪᠠᠶᠢᠴᠠᠭᠠᠯᠲᠠ ᠬᠢᠬᠦ ᠬᠡᠪᠴᠢᠶᠡᠨ ᠳᠤ ᠣᠷᠣᠳᠠᠭ᠂ ᠪᠠᠰᠠ ᠵᠠᠷᠢᠮ ᠠᠵᠤ ᠠᠬᠤᠶᠢᠯᠠᠯ ᠨᠢ ᠬᠡᠪᠴᠢᠶ᠎ᠡ ᠪᠠᠨ ᠪᠠᠭ᠎ᠠ ᠪᠣᠯᠭᠠᠭᠰᠠᠨ ᠠᠴᠠ ᠪᠣᠯᠵᠣ ᠪᠠᠶᠢᠴᠠᠭᠠᠯᠲᠠ ᠬᠢᠬᠦ ᠬᠡᠪᠴᠢᠶ᠎ᠡ ᠠᠴᠠ ᠤᠬᠤᠷᠢᠨ ᠭᠠᠷᠳᠠᠭ᠂ ᠪᠠᠰᠠ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ᠂ ᠳᠠᠮᠫᠤᠷᠠᠬᠤ᠂ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠵᠡᠷᠭᠡ ᠨᠥᠯᠥᠭᠡ ᠲᠠᠢ ᠪᠠᠶᠢᠳᠠᠭ᠃ ᠬᠤᠶᠠᠷ ᠲᠤ ᠬᠡᠰᠡᠭ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠦᠢᠯᠡᠳᠬᠦᠨ ᠤ ᠭᠠᠷᠤᠯᠲᠠ ᠶᠢᠨ ᠲᠤᠭ᠎ᠠ ᠪᠠᠷᠢᠮᠲᠠ ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢᠯ ᠤᠨ ᠪᠠᠶᠢᠴᠠᠭᠠᠯᠲᠠ ᠶᠢ ᠦᠨᠳᠦᠰᠦᠯᠡᠨ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠦᠢᠯᠡᠳᠪᠦᠷᠢᠯᠡᠬᠦ ᠬᠡᠮᠵᠢᠶ᠎ᠡ ᠳᠤ ᠰᠢᠭᠰᠢᠯᠲᠡ ᠬᠢᠪᠡ᠃    ︵4︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠶ︶᠄ ᠡᠨᠡ ᠨᠢ ᠬᠤᠲᠠ ᠪᠠᠯᠭᠠᠰᠤ ᠪᠠ ᠬᠥᠳᠡᠭᠡ ᠲᠣᠰᠬᠤᠨ ᠤ ᠡᠯ᠎ᠡ ᠵᠦᠢᠯ ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠶᠢᠨ ᠠᠵᠤ ᠠᠬᠤᠶᠢᠯᠠᠯ᠂ ᠠᠵᠢᠯ ᠦᠢᠯᠡᠰ᠂ ᠵᠠᠰᠠᠭ ᠵᠠᠬᠢᠷᠭᠠᠨ ᠤ ᠨᠢᠭᠡᠴᠡ ᠵᠢᠴᠢ ᠬᠤᠲᠠ ᠪᠠᠯᠭᠠᠰᠤ ᠶᠢᠨ ᠬᠤᠪᠢ ᠶᠢᠨ ᠡᠷᠦᠬᠡ ᠠᠴᠠ ᠶᠠᠪᠤᠭᠳᠠᠭᠤᠯᠬᠤ ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠵᠢᠴᠢ 500 ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠵᠢᠭᠠᠵᠤ ᠪᠤᠶ᠂ ᠡᠭᠦᠨ ᠳᠤ ᠤᠤᠯ ᠤᠨ ᠬᠡᠪᠰᠢᠭᠰᠡᠨ ᠬᠤᠲᠠ ᠪᠠᠯᠭᠠᠰᠤ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠤᠨ ᠤ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠠᠭᠲᠠᠭᠠᠨ᠎ᠠ᠃    ︵5︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠢ᠄ ᠮᠡᠳᠡᠭᠦᠯᠦᠯᠲᠡ ᠶᠢᠨ ᠬᠤᠭᠤᠴᠠᠭᠠᠨ ᠳᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠭᠰᠠᠨ ᠭᠡᠷ᠎ᠡ ᠶᠢᠨ ᠶᠡᠷᠦᠩᠬᠡᠢ ᠲᠠᠯᠠᠪᠠᠢ ︵ᠲᠤᠬᠠᠶᠢᠯᠠᠪᠠᠯ ᠬᠤᠶᠠᠷ ᠡᠲᠡᠭᠡᠳ ᠤᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠯᠠᠬᠤ ᠭᠡᠷ᠎ᠡ ᠳᠤ ᠨᠤᠲᠠᠯᠠᠨ ᠲᠣᠭᠲᠠᠭᠠᠭᠰᠠᠨ ᠪᠠᠷᠢᠯᠭ᠎ᠠ ᠶᠢᠨ ᠲᠠᠯᠠᠪᠠᠢ︶ ᠶᠢ ᠵᠢᠭᠠᠵᠤ ᠪᠠᠶᠢᠨ᠎ᠠ᠃ ᠲᠣᠰ ᠭᠦᠢᠴᠡᠳᠭᠡᠯ ᠲᠤᠭ᠎ᠠ ᠨᠢ ᠬᠤᠷᠠᠮᠳᠤᠯ ᠲᠤᠭ᠎ᠠ ᠪᠠᠷᠢᠮᠲᠠ᠃    ᠪᠦᠷᠢᠳᠬᠡᠬᠦ ᠬᠡᠪᠴᠢᠶ᠎ᠡ᠄ ᠨᠡᠭᠡᠭᠡᠨ ᠡᠵᠡᠩᠨᠡᠬᠦ ᠠᠵᠢᠯᠯᠠᠭ᠎ᠠ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠪᠥᠬᠦ ᠬᠠᠤᠯᠢ ᠶᠢᠨ ᠡᠷᠬᠡᠲᠡᠨ ᠤ ᠨᠢᠭᠡᠴᠡ᠃    ᠪᠠᠶᠢᠴᠠᠭᠠᠬᠤ ᠠᠷᠭ᠎ᠠ ᠮᠠᠶ᠋ᠢᠭ᠄ ᠰᠠᠷ᠎ᠠ ᠰᠠᠷ᠎ᠠ ︵1 ᠳ᠋ᠤᠭᠡᠷ ᠰᠠᠷ᠎ᠠ ᠠᠴᠠ ᠭᠠᠳᠠᠨ᠎ᠠ︶ ᠪᠠᠷ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠡ᠃    ︵6︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠤᠭ᠎ᠠ᠄ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠲᠣᠰ ᠵᠢᠯ ᠳᠤ ᠲᠠᠸᠠᠷ ᠤᠨ ᠭᠡᠷ ᠪᠠᠶᠢᠰᠢᠩ ᠢ ᠬᠤᠳᠠᠯᠳᠤᠬᠤ ᠭᠡᠷ᠎ᠡ ᠶᠢᠨ ᠪᠦᠭᠦ ᠦᠨ᠎ᠡ ᠶᠢᠨ ᠵᠣᠭᠤᠰ ︵ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠯᠠᠬᠤ ᠭᠡᠷ᠎ᠡ ᠳᠤ ᠲᠣᠭᠲᠠᠭᠠᠭᠰᠠᠨ ᠭᠡᠷ᠎ᠡ ᠶᠢᠨ ᠪᠦᠭᠦ ᠦᠨ᠎ᠡ ᠶᠢ ᠵᠢᠭᠠᠵᠤ ᠪᠠᠶᠢᠨ᠎ᠠ︶᠃ ᠲᠣᠰ ᠭᠦᠢᠴᠡᠳᠭᠡᠯ ᠲᠤᠭ᠎ᠠ ᠨᠢ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠲᠠᠯᠠᠪᠠᠢ ᠲᠠᠢ ᠠᠳᠠᠯᠢ᠃  ︵7︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠄ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶ ᠨᠢ ᠠᠷᠠᠯᠵᠢᠶᠠᠯᠠᠬᠤ ᠪᠠᠷ ᠳᠠᠮᠵᠢᠭᠤᠯᠤᠨ ᠬᠤᠪᠢ ᠬᠥᠮᠦᠨ᠂ ᠨᠡᠶᠢᠭᠡᠮ ᠤᠨ ᠪᠦᠯᠦᠭᠯᠡᠯ ᠤᠨ ᠦᠢᠯᠡᠳᠪᠦᠷᠢᠯᠡᠯ ᠤᠨ ᠪᠤᠰᠤ᠂ ᠡᠵᠡᠩᠨᠡᠯᠲᠡ ᠶᠢᠨ ᠪᠤᠰᠤ ᠬᠡᠷᠡᠭᠯᠡᠭᠡᠨ ᠤ ᠪᠣᠳᠠᠲᠤ ᠲᠠᠸᠠᠷ ᠤᠨ ᠵᠣᠭᠤᠰ ᠤᠨ ᠲᠤᠭ᠎ᠠ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠠᠳ ᠣᠯᠤᠭᠰᠠᠨ ᠣᠷᠣᠯᠭ᠎ᠠ ᠶᠢᠨ ᠵᠣᠭᠤᠰ ᠤᠨ ᠲᠤᠭ᠎ᠠ ᠶᠢ ᠵᠢᠭᠠᠵᠤ ᠪᠣᠶ᠃ ᠬᠤᠪᠢ ᠬᠥᠮᠦᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠪᠠ ᠬᠢᠯᠢ ᠳᠤ ᠣᠷᠣᠵᠤ ᠢᠷᠡᠭᠰᠡᠨ ᠬᠥᠮᠦᠰ ᠪᠠᠭᠲᠠᠨ᠎ᠠ᠂ ᠨᠡᠶᠢᠭᠡᠮ ᠤᠨ ᠪᠦᠯᠦᠭᠯᠡᠯ ᠳᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠴᠡᠷᠢᠭ ᠠᠩᠭᠢ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠠᠭᠤᠭᠠᠯᠢ ᠠᠷᠠᠳ ᠤᠨ ᠵᠥᠪᠯᠡᠯ ᠪᠤᠶᠤ ᠭᠠᠴᠠᠭᠠᠨ ᠤ ᠠᠷᠠᠳ ᠤᠨ ᠵᠥᠪᠯᠡᠯ ᠵᠡᠷᠭᠡᠪᠠᠭᠲᠠᠨ᠎ᠠ᠃    ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠪᠦᠷᠢᠳᠬᠡᠬᠦ ᠬᠡᠪᠴᠢᠶ᠎ᠡ ᠪᠣᠯ᠄ ᠲᠠᠸᠠᠷ ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠬᠢᠵᠦ ᠪᠠᠶᠢᠭ᠎ᠠ ᠪᠤᠶᠤ ᠬᠤᠭᠤᠯᠠ ᠤᠮᠳᠠᠭᠠᠨ ᠤ ᠦᠢᠯᠡᠴᠢᠯᠡᠭᠡᠨ ᠬᠠᠩᠭᠠᠵᠤ ᠪᠠᠶᠢᠭ᠎ᠠ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠣᠯᠤᠨ ᠬᠤᠪᠢ ᠶᠢᠨ ᠡᠷᠦᠬᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠭᠡᠳᠡᠭ ᠨᠢ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 200 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠤᠨᠤᠭ ᠪᠠ ᠬᠤᠭᠤᠯᠠ ᠤᠮᠳᠠᠭᠠᠨ ᠤ ᠠᠵᠤ ᠠᠬᠤᠶᠢᠯᠠᠯ ︵ᠨᠢᠭᠡᠴᠡ᠂ ᠬᠤᠪᠢ ᠶᠢᠨᠡᠷᠦᠬᠡ︶ ᠢ ᠵᠢᠭᠠᠵᠤ ᠪᠤᠶ᠃    ︵8︶ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠭᠡᠳᠡᠭ ᠨᠢ ᠰᠠᠭᠤᠭᠠᠯᠢ ᠠᠷᠠᠳ ᠤᠨ ᠬᠠᠮᠤᠭ ᠡᠴᠦᠰ ᠤᠨ ᠬᠡᠷᠡᠭᠯᠡᠭᠡᠨ ᠤ ᠵᠠᠷᠤᠯᠭ᠎ᠠ ᠪᠠ ᠬᠠᠳᠠᠭᠠᠯᠠᠮᠵᠢ ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠂ ᠲᠤᠬᠠᠶᠢᠯᠠᠪᠠᠯ ᠰᠠᠭᠤᠭᠠᠯᠢ ᠠᠷᠠᠳ ᠤᠨ ᠴᠢᠯᠥᠭᠡᠲᠡᠢ ᠬᠡᠷᠡᠭᠯᠡᠵᠦ ᠪᠣᠯᠬᠤ ᠣᠷᠣᠯᠭ᠎ᠠ ᠪᠣᠯᠤᠨ᠎ᠠ᠂ ᠡᠭᠦᠨ ᠳᠤ ᠪᠡᠯᠡᠨ ᠵᠣᠭᠤᠰ ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ ᠤᠨ ᠣᠷᠣᠯᠭ᠎ᠠ ᠴᠤ ᠪᠠᠭᠲᠠᠨ᠎ᠠ᠃ ᠣᠷᠣᠯᠭ᠎ᠠ ᠶᠢᠨ ᠢᠷᠡᠯᠲᠡ ᠶᠣᠰᠣᠭᠠᠷ᠂ ᠡᠵᠡᠮᠳᠡᠵᠦ ᠪᠣᠯᠬᠤ ᠣᠷᠣᠯᠭ᠎ᠠ ᠳᠤ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ᠃    ︵9︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ︵Consumerpriceindex᠂ ᠳᠥᠭᠦᠮᠴᠢᠯᠡᠭᠡᠳ CPI ᠭᠡᠳᠡᠭ︶᠄ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠬᠡᠮᠵᠢᠶ᠎ᠡ ᠶᠢᠨ ᠴᠠᠭ ᠤᠨ ᠬᠤᠪᠢᠷᠠᠯᠲᠠ ᠶᠢ ᠳᠠᠭᠠᠯᠳᠤᠨ ᠬᠤᠪᠢᠷᠠᠬᠤ ᠬᠠᠷᠢᠴᠠᠩᠭᠤᠶ ᠲᠤᠭ᠎ᠠ ᠶᠢ ᠬᠡᠮᠵᠢᠵᠦ᠂ ᠰᠠᠭᠤᠭᠠᠯᠢ ᠠᠷᠠᠳ ᠤᠨ ᠬᠤᠳᠠᠯᠳᠤᠨ ᠠᠪᠤᠭᠰᠠᠨ ᠠᠮᠢᠳᠤᠷᠠᠯ ᠤᠨ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠶᠡᠷᠦᠩᠬᠡᠶᠢᠯᠡᠨ ᠲᠤᠰᠬᠠᠨ᠎ᠠ᠃    ︵10︶ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠶᠢᠨ ᠢᠯᠡᠳᠬᠡᠭᠴᠢ ᠲᠤᠭ᠎ᠠ᠄ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠲᠤᠭ᠎ᠠ ︵Producerpriceindexforlndustrial Products᠂ ᠳᠥᠭᠦᠮᠴᠢᠯᠡᠭᠡᠳ PPI ᠭᠡᠳᠡᠭ︶ ᠪᠣᠯᠤᠨᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠶᠢᠪᠠᠭᠲᠠᠭᠠᠨ᠎ᠠ᠃    ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠢ ᠠᠩᠬ᠎ᠠ ᠤᠳᠠᠭ᠎ᠠ ᠬᠤᠳᠠᠯᠳᠤᠬᠤ ᠦᠶ᠎ᠡ ᠶᠢᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠪᠰᠠᠷ ᠤᠨ ᠣᠷᠣᠭᠤᠯᠤᠯᠲᠠ ᠪᠣᠯᠬᠤ ᠦᠢᠯᠡᠳᠬᠦᠨ ᠤ ᠬᠤᠳᠠᠯᠳᠤᠨ ᠠᠪᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃    ︵11︶ ᠠᠮᠤ ᠪᠤᠳᠠᠭᠠᠨ ᠤ ᠭᠠᠷᠤᠯᠲᠠ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ᠂ ᠭᠠᠭ᠋ᠠᠶ ᠦᠬᠡᠷ ᠬᠤᠨᠢ ᠵᠢᠭᠦᠷᠲᠡᠨ ᠤ ᠲᠤᠭ᠎ᠠ ᠲᠣᠯᠣᠭᠠᠶ᠂ ᠦᠨ᠎ᠡ ᠬᠠᠩᠰᠢ ᠶᠢᠨ ᠵᠢᠭᠠᠯᠲᠠ ᠲᠤᠭ᠎ᠠ᠂ ᠰᠠᠭᠤᠭᠠᠯᠢ ᠠᠷᠠᠳ ᠤᠨ ᠣᠷᠣᠯᠭ᠎ᠠ ᠶᠢᠨ ᠲᠤᠭ᠎ᠠ ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠠᠴᠠ ᠢᠷᠡᠯᠲᠡ ᠲᠠᠢ᠃    ︵12︶ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠬᠦᠯᠬᠦ ᠰᠢᠯᠲᠠᠭᠠᠨ ᠠᠴᠠ ᠪᠣᠯᠵᠤ᠂ ᠶᠡᠷᠦᠩᠬᠡᠢ ᠲᠤᠭ᠎ᠠ ᠨᠢ ᠬᠤᠪᠢᠶᠠᠷᠢ ᠵᠦᠢᠯ ᠲᠠᠢ ᠪᠠᠨ ᠨᠡᠶᠢᠯᠡᠭᠡᠳ ᠠᠳᠠᠯᠢ ᠦᠭᠡᠢ ᠪᠠᠶᠢᠳᠠᠯ ᠣᠷᠣᠰᠢᠵᠤ ᠪᠠᠶᠢᠳᠠᠭ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号