2024 ᠣᠨ ᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2025/1/23
   1 ᠳ᠋ᠤᠭᠡᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2024 ᠣᠨ ᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
2024年全区经济运行新闻发布会答记者问1.jpg
2024年全区经济运行新闻发布会答记者问2.png
2024年全区经济运行新闻发布会答记者问3.png
    ᠠᠷᠠᠳ ᠤᠨ ᠡᠳᠦᠷ ᠤᠨ ᠰᠣᠨᠢᠨ ᠤ ᠥᠪᠥᠷ ᠮᠣᠩᠭᠤᠯ ᠤᠨ ᠬᠤᠪᠢᠶᠠᠷᠢ ᠬᠤᠷᠢᠶᠠᠨ ᠤ ᠰᠤᠷᠪᠤᠯᠵᠢᠯᠠᠭᠴᠢ᠄     ᠥᠭᠦᠯᠡᠭᠴᠢ ᠲᠠ ᠰᠠᠶᠢᠨ ᠦᠦ︖ 2024 ᠣᠨ ᠳᠤ᠂ ᠭᠠᠳᠠᠭᠠᠳᠤ ᠣᠷᠴᠢᠨ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠵᠡᠷᠭᠡ ᠤᠯᠠᠨ ᠳᠠᠪᠬᠤᠷ ᠥᠷᠢᠰᠥᠯᠳᠦᠭᠡᠨ ᠤ ᠡᠮᠦᠨ᠎ᠡ᠂ ᠮᠠᠨ ᠤ ᠣᠷᠣᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠵᠠᠮ ᠨᠡᠭᠡᠭᠡᠵᠦ ᠥᠭᠪᠡ᠃ ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠶᠡᠷᠦᠩᠬᠡᠶ ᠢᠯᠡᠷᠡᠯ ᠨᠢ ᠶᠠᠮᠠᠷ ᠪᠤᠶ︖ ᠶᠠᠮᠠᠷ ᠶᠠᠮᠠᠷ ᠬᠢᠯᠠᠰ ᠴᠡᠭ ᠪᠠ ᠢᠳᠡᠪᠬᠢᠲᠡᠶ ᠬᠤᠪᠢᠷᠠᠯᠲᠠ ᠪᠠᠶᠢᠬᠤᠪᠣᠶ︖ ᠪᠠᠶᠠᠷᠯᠠᠯ᠎ᠠ᠃
2024年全区经济运行新闻发布会答记者问4.png
    ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠡᠨᠡ ᠨᠢᠭᠡ ᠵᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠢ ᠣᠯᠠᠨ ᠢᠶᠠᠷ ᠢᠶᠠᠨ ᠮᠠᠰᠢ ᠠᠩᠬᠠᠷᠴᠤ ᠪᠠᠶᠢᠨ᠎ᠠ᠃ 2024 ᠣᠨ  ᠳᠤ᠂ ᠥᠪᠥᠷ ᠮᠣᠩᠭᠤᠯ ᠤᠨ ᠠᠵᠤ ᠠᠬᠤᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠦᠴᠢᠷ ᠤᠨ ᠳᠤᠮᠳᠠ ᠠᠮᠵᠢᠯᠲᠠ ᠣᠯᠤᠭᠰᠠᠨ ᠨᠢᠭᠡ ᠵᠢᠯ ᠭᠡᠵᠦ ᠬᠡᠯᠡᠵᠦ ᠪᠣᠯᠤᠨ᠎ᠠ᠃ ᠡᠨᠡ ᠨᠢᠭᠡ ᠵᠢᠯ ᠳᠤ᠂ ᠠᠵᠤ ᠠᠬᠤᠢ ᠶᠢᠨ ᠨᠡᠮᠡᠭᠳᠡᠯ ᠢ ᠨᠥᠯᠥᠭᠡᠯᠡᠬᠦ ᠳᠣᠲᠣᠭᠠᠳᠤ ᠭᠠᠳᠠᠭᠠᠳᠤ ᠶᠢᠨ ᠬᠦᠴᠦᠨ ᠵᠦᠢᠯ ᠥᠩᠭᠡᠷᠡᠭᠰᠡᠨ ᠤ ᠬᠢ ᠠᠴᠠ ᠨᠡᠩ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠤᠯᠵᠤ᠂ ᠪᠥᠭᠡᠮ ᠲᠠᠸᠠᠷ ᠤᠨ ᠦᠨ᠎ᠡ ᠬᠠᠩᠰᠢ ᠬᠡᠯᠪᠡᠯᠵᠡᠵᠦ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠪᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠡᠪᠡᠷᠰᠢᠶᠡᠯ ᠲᠤᠯᠭᠠᠷᠠᠵᠤ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠨᠡᠯᠢᠶᠡᠳ ᠤᠯᠠᠨ ᠬᠦᠴᠢᠷᠳᠡᠯ ᠲᠤᠯᠭᠠᠷᠠᠵᠠᠢ᠃ ᠡᠶᠢᠮᠦᠷᠬᠦᠦ ᠠᠬᠤᠢ ᠪᠠᠶᠢᠳᠠᠯ ᠳᠣᠣᠷ᠎ᠠ᠂ ᠮᠠᠨ ᠤ ᠣᠷᠣᠨ ᠤ ᠠᠵᠤ ᠠᠬᠤᠢ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠥᠭᠡᠳᠡᠯᠡᠨ ᠰᠠᠶᠢᠵᠢᠷᠠᠬᠤ ᠪᠠᠶᠢᠳᠠᠯ ᠢᠯᠡᠷᠡᠵᠦ᠂ ᠴᠢᠨᠠᠷ ᠰᠠᠶᠢᠲᠠᠢ ᠬᠥᠭᠵᠢᠯᠲᠡ ᠢᠳᠡᠷᠡᠭᠦᠨ ᠠᠯᠬᠤᠭ᠎ᠠ ᠶᠢ ᠠᠯᠬᠤᠵᠠᠢ᠃ ᠪᠥᠬᠦ ᠣᠷᠣᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠵᠢᠭᠰᠠᠭᠠᠭᠳᠠᠵᠤ᠂ 5 ᠵᠢᠯ ᠠᠯᠤᠰᠯᠠᠭᠠᠳ ᠪᠥᠬᠦ ᠤᠯᠤᠰ ᠤᠨ ᠳᠤᠮᠳᠠ ᠲᠦᠪᠰᠢᠨ ᠳᠤ ᠳᠠᠬᠢᠨ ᠪᠤᠴᠠᠵᠤ᠂ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠦᠷᠭᠦᠯᠵᠢᠯᠡᠨ ᠪᠥᠬᠦ ᠤᠯᠤᠰ ᠤᠨ ᠳᠤᠮᠳᠠᠴᠢ ᠬᠤᠷᠳᠤᠴᠠ ᠠᠴᠠ ᠲᠦᠷᠭᠡᠨ ᠪᠠᠶᠢᠵᠤ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠂ ᠢᠯᠠᠩᠭᠤᠶ᠎ᠠ ᠡᠨᠧᠷᠭᠢ ᠶᠢᠨ ᠡᠬᠢ ᠪᠠᠶᠠᠯᠢᠭ ᠢᠶᠠᠷ ᠭᠤᠤᠯ ᠪᠣᠯᠭᠠᠵᠤ᠂ ᠠᠵᠤ ᠦᠢᠯᠡᠰ ᠤᠨ ᠬᠡᠯᠬᠢᠶ᠎ᠡ ᠨᠢ ᠳᠤᠮᠳᠠ ᠳᠡᠭᠡᠳᠦ ᠲᠦᠪᠰᠢᠨ ᠵᠦᠭ ᠬᠡᠯᠪᠠᠶᠢᠭ᠍ᠰᠡᠨ ᠮᠠᠨ ᠤ ᠣᠷᠣᠨ ᠳᠤ ᠠᠪᠴᠤ ᠬᠡᠯᠡᠪᠡᠯ᠂ ᠡᠶᠢᠮᠦᠷᠬᠦ ᠠᠮᠵᠢᠯᠲᠠ ᠶᠢ ᠣᠯᠤᠭᠰᠠᠨ ᠨᠢ ᠦᠨᠡᠬᠡᠷ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠪᠦᠳᠦᠮᠵᠢ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠪᠦᠬᠦ ᠣᠷᠣᠨ ᠳᠠᠶᠠᠭᠠᠷ ᠢ ᠪᠦᠯᠬᠦᠮᠳᠡᠭᠦᠯᠦᠨ ᠳᠠᠭᠠᠭᠤᠯᠵᠤ ᠲᠠᠯᠠᠷᠬᠠᠯ ᠡᠪᠦᠷᠯᠡᠨ ᠡᠷᠡᠮᠡᠬᠡᠶᠢᠯᠡᠨ ᠤᠷᠤᠭᠰᠢᠯᠠᠵᠤ᠂ ᠴᠠᠭ ᠢ ᠠᠮᠵᠢᠨ ᠲᠦᠷᠭᠡᠨ ᠠᠵᠢᠯᠯᠠᠵᠤ᠂ ᠰᠢᠨ᠎ᠡ ᠵᠠᠮ ᠢ ᠵᠣᠷᠢᠭᠲᠠᠢ ᠪᠠᠷ ᠨᠡᠭᠡᠭᠡᠭᠰᠡᠨ ᠤ ᠦᠷ᠎ᠡ ᠪᠦᠳᠦᠮᠵᠢ ᠮᠥᠨ᠃ ᠥᠩᠭᠡᠷᠡᠭᠰᠡᠨ ᠨᠢᠭᠡ ᠵᠢᠯ ᠤᠨ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠢᠳᠡᠪᠬᠢᠲᠡᠶ ᠬᠤᠪᠢᠷᠠᠯᠲᠠ ᠶᠢ ︽ᠰᠠᠭᠤᠷᠢ ᠨᠢ ᠲᠣᠭᠲᠠᠭᠤᠨ᠂ ᠬᠠᠨᠳᠤᠰᠢ ᠨᠢ ᠰᠠᠶᠢᠨ᠂ ᠶᠠᠰᠤ ᠴᠢᠨᠠᠷ ᠨᠢ ᠰᠠᠶᠢᠨ᠂ ᠳᠠᠯᠳᠠ ᠬᠦᠴᠦᠨ ᠨᠢ ᠶᠡᠭᠡ︾ ᠭᠡᠬᠦ ᠳᠥᠷᠪᠡᠨ ᠵᠠᠩᠭᠢᠯᠠᠭ᠎ᠠ ᠶᠢᠨ ᠦᠭᠡ ᠪᠠᠷ ᠬᠤᠷᠢᠶᠠᠩᠭᠤᠶᠢᠯᠠᠵᠤ ᠪᠣᠯᠤᠨ᠎ᠠ᠃    ᠨᠢᠭᠡᠳᠦᠭᠡᠷ ᠲᠤ᠂ ᠰᠠᠭᠤᠷᠢ ᠨᠢ ᠲᠤᠭᠲᠠᠭᠤᠨ᠃ ᠭᠤᠣᠯᠳᠠᠭᠤ ᠭᠤᠷᠪᠠᠨ ᠠᠵᠤ ᠦᠢᠯᠡᠰ ᠬᠠᠮᠵᠢᠯᠴᠠᠨ ᠬᠦᠴᠦᠯᠡᠵᠦ᠂ ᠬᠠᠩᠭᠠᠯᠭ᠎ᠠ ᠶᠢᠨ ᠲᠠᠯ᠎ᠠ ᠶᠢᠨ ᠲᠤᠯᠭᠠᠭᠤᠷᠢᠯᠠᠯ ᠬᠦᠴᠦᠲᠡᠢ ᠪᠠᠶᠢᠵᠤ᠂ ᠰᠠᠶᠢᠨ ᠰᠠᠶᠢᠬᠠᠨ ᠪᠠᠲᠤ ᠪᠠᠬᠢ ᠦᠨᠳᠦᠰᠦᠨ ᠪᠠᠶᠢᠳᠠᠯ ᠢ ᠪᠦᠷᠢᠯᠳᠦᠭᠦᠯᠵᠦ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠰᠠᠭᠤᠷᠢ ᠶᠢ ᠪᠠᠬᠢᠵᠢᠭᠦᠯᠪᠡ᠃ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠳᠠᠶᠠᠭᠠᠷ ᠲᠠᠷᠢᠶᠠᠯᠠᠩ ᠮᠠᠯ ᠠᠵᠤ ᠠᠬᠤᠶ ᠶᠢᠨ ᠲᠦᠪᠰᠢᠨ ᠢ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠴᠢᠬᠤᠯᠠ ᠡᠭᠦᠷᠭᠡ ᠶᠢ ᠡᠭᠦᠷᠭᠡᠯᠡᠬᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠶᠢ ᠦᠷᠭᠦᠯᠵᠢᠯᠡᠨ ᠠᠬᠢᠭᠤᠯᠵᠤ᠂ ᠨᠢᠭᠡᠳᠦᠭᠡᠷ ᠠᠵᠤ ᠦᠢᠯᠡᠰ ᠤᠨ ᠲᠣᠭᠲᠠᠭᠤᠨ ᠠᠵᠢᠯᠯᠠᠭᠠᠨ᠂ ᠬᠤᠶᠠᠳᠤᠭᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠨᠥᠬᠦᠪᠥᠷᠢᠯᠡᠬᠦ᠂ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠵᠤ᠂ ᠭᠤᠷᠪᠠᠨ ᠠᠵᠤ ᠦᠢᠯᠡᠰ ᠤᠨ GDP ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 10.7%᠂ 47.4% ᠪᠠ 41.9% ᠪᠣᠯᠵᠠᠶ᠃ ᠳᠤᠷᠠᠳᠤᠭᠤᠰᠢᠲᠠᠶ ᠵᠦᠢᠯ ᠭᠡᠪᠡᠯ᠂ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠥᠬᠡᠶ᠂ ᠪᠥᠭᠡᠮ ᠲᠠᠸᠠᠷ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠬᠡᠯᠪᠡᠯᠵᠡᠵᠦ ᠪᠠᠶᠢᠭ᠎ᠠ ᠬᠤᠷᠸ᠎ᠠ ᠣᠷᠴᠢᠨ ᠨᠥᠬᠦᠴᠡᠯ ᠳᠤᠤᠷ᠎ᠠ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠪᠠ ᠡᠨᠧᠷᠭᠢ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠬᠤ ᠬᠠᠨᠳᠤᠰᠢ ᠪᠠᠨ ᠪᠠᠲᠤᠯᠠᠪᠠ᠃ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠤᠨ ᠳᠡᠭᠲᠡᠷ ᠲᠤ ᠭᠠᠷᠴᠤ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 300 ᠲᠦᠮᠡᠨ ᠲᠣᠨ ᠢ ᠳᠠᠪᠠᠵᠤ᠂ ᠦᠬᠡᠷ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠴᠥᠮ ᠪᠥᠬᠦ ᠤᠯᠤᠰ ᠲᠤ ᠲᠡᠷᠢᠭᠦᠯᠡᠵᠦ᠂ ᠢᠳᠡᠰᠢᠨ ᠨᠣᠭᠤᠭ᠎ᠠ ᠵᠢᠴᠢ ᠢᠳᠡᠭᠡᠨ ᠤ ᠮᠥᠭᠦ ᠶᠢᠨ ᠭᠠᠷᠤᠯᠲᠠ ᠲᠦᠷᠦᠭᠦᠦ ᠵᠢᠯ ᠤᠨ ᠬᠢ ᠠᠴᠠ 9.5% ᠪᠠᠷ ᠨᠡᠮᠡᠭᠳᠡᠵᠦ᠂ ︽ᠳᠤᠮᠳᠠᠳᠤ ᠤᠯᠤᠰ ᠤᠨ ᠠᠶᠠᠭ᠎ᠠ︾ ᠳᠣᠲᠣᠷᠠᠬᠢ ︽ᠥᠪᠥᠷ ᠮᠣᠩᠭᠤᠯ ᠤᠨ ᠠᠮᠤ ᠪᠤᠳᠠᠭ᠎ᠠ︾ ᠶᠢᠨ ᠬᠤᠪᠢ ᠶᠢᠨ ᠵᠢᠩ ᠨᠠᠩ ᠬᠦᠨᠳᠦ᠂ ᠶᠠᠰᠤ ᠴᠢᠨᠠᠷ ᠨᠠᠩ ᠭᠦᠢᠴᠡᠳ ᠪᠣᠯᠵᠠᠶ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠨ᠎ᠡ᠃ ᠪᠦᠬᠦ ᠣᠷᠣᠨ ᠤ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠰᠤᠯᠠᠯᠠᠵᠤ᠂ ᠨᠡᠭᠦᠷᠡᠰᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠳᠤ ᠣᠷᠣᠵᠤ᠂ ᠪᠦᠬᠦ ᠤᠯᠤᠰ ᠤᠨ 27.3% ᠶᠢ ᠡᠵᠡᠯᠡᠵᠦ᠂ ᠰᠠᠷ᠎ᠠ ᠶᠢᠨ ᠳᠤᠮᠳᠠᠴᠢ ᠭᠠᠷᠤᠯᠲᠠ 1 ᠳ᠋ᠦᠩᠰᠢᠭᠤᠷ ᠲᠣᠨ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ 2.6 ᠳ᠋ᠦᠩᠰᠢᠭᠤᠷ ᠺᠢᠯᠤᠸᠠᠲ ᠢ ᠳᠠᠪᠠᠵᠤ᠂ ᠴᠠᠬᠢᠯᠭᠠᠨ ᠭᠠᠷᠭᠠᠭᠰᠠᠨ ᠬᠡᠮᠵᠢᠶ᠎ᠡ 8000 ᠳ᠋ᠦᠩᠰᠢᠭᠤᠷ ᠺᠢᠯᠤᠸᠠᠲ ᠴᠠᠭ ᠢ ᠳᠠᠪᠠᠵᠤ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 3000 ᠳ᠋ᠦᠩᠰᠢᠭᠤᠷ ᠺᠢᠯᠤᠸᠠᠲ ᠴᠠᠭ ᠢ ᠳᠠᠪᠠᠵᠤ᠂ ᠴᠥᠮ ᠪᠥᠬᠦ ᠤᠯᠤᠰ ᠲᠤ ᠲᠡᠷᠢᠭᠦᠯᠡᠪᠡ᠃ ᠡᠨᠧᠷᠭᠢ ᠶᠢᠨ ᠠᠵᠤ  ᠦᠢᠯᠡᠳᠪᠦᠷᠢ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ 51.8% ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠭ᠋ᠤ ᠶᠢ ᠠᠬᠢᠭᠤᠯᠤᠭᠰᠠᠨ ︽ᠭᠤᠤᠯ ᠬᠦᠴᠦᠨ︾ ᠪᠣᠯᠤᠨ᠎ᠠ᠃    ᠬᠤᠶᠠᠳᠤᠭᠠᠷ ᠲᠤ᠂ ᠬᠠᠨᠲᠤᠰᠢ ᠨᠢ ᠰᠠᠶᠢᠨ᠃ ᠨᠢᠭᠡ ᠵᠢᠯ ᠤᠨ ᠲᠤᠷᠰᠢ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠦᠢᠯᠡᠰ ᠢᠶᠠᠷ ᠲᠥᠷᠥᠯ ᠵᠦᠢᠯ ᠢ ᠠᠳᠬᠤᠬᠤ ᠶᠢ ᠴᠥᠬᠦᠷᠡᠰᠢ ᠥᠬᠡᠶ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢ ᠠᠭᠤᠳᠠᠯᠤᠨ ᠬᠡᠷᠡᠭᠯᠡᠭᠡ ᠶᠢ ᠠᠬᠢᠭᠤᠯᠵᠤ᠂ ᠢᠯᠠᠩᠭᠤᠶ᠎ᠠ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ︽ᠰᠠᠨᠠᠯ︾ ᠢ ᠨᠡᠶᠢᠲᠡᠯᠡᠭᠰᠡᠨ ︽ᠴᠤᠩᠬᠤᠪᠴᠢ ᠬᠤᠭᠤᠴᠠᠭ᠎ᠠ︾ ᠶᠢ ᠱᠠᠯᠠᠪᠳᠠᠨ ᠠᠳᠬᠤᠵᠤ᠂ ᠤᠯᠤᠰ ᠤᠨ 44 ᠶᠠᠮᠤᠨ ᠵᠥᠪᠯᠡᠯ᠂ ᠨᠢᠭᠡᠴᠡ᠂ ᠠᠵᠤ ᠠᠬᠤᠶᠢᠯᠠᠯ ᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ 49 ᠶᠢ ᠨᠡᠶᠢᠲᠡᠯᠡᠬᠦ ᠶᠢ ᠠᠬᠢᠭᠤᠯᠵᠤ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠳᠤ ᠨᠠᠩ ᠣᠯᠠᠨ ᠪᠣᠳᠠᠲᠠᠶ ᠳᠡᠮᠵᠢᠯᠭᠡ ᠬᠠᠩᠭᠠᠪᠠ᠃ ᠪᠠᠯᠠ ᠣᠷᠣᠭᠤᠯᠤᠯᠲᠠ ᠠᠴᠠ ᠦᠵᠡᠪᠡᠯ᠂ ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ ᠪᠥᠲᠥᠭᠡᠨ ᠪᠠᠶᠢᠭᠤᠯᠵᠤ᠂ ᠪᠠᠯᠠ ᠣᠷᠣᠭᠤᠯᠤᠯᠲᠠ ᠶᠢᠨ ᠠᠵᠤ ᠠᠬᠤᠶ ᠶᠢᠨ ᠨᠡᠮᠡᠭᠳᠡᠯ ᠢ ᠲᠤᠯᠭᠠᠭᠤᠷᠢᠯᠠᠬᠤ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ ᠪᠥᠬᠦ ᠣᠷᠣᠨ ᠤ ᠪᠠᠯᠠ ᠣᠷᠣᠭᠤᠯᠤᠯᠲᠠ ᠳᠡᠭᠡᠷ᠎ᠡ ᠵᠢᠯ ᠤᠨ 19.8% ᠪᠠᠷ ᠨᠡᠮᠡᠭᠳᠡᠭᠰᠡᠨ ᠥᠨᠳᠥᠷ ᠰᠠᠭᠤᠷᠢ ᠶᠢᠨ ᠬᠤᠭᠤᠴᠠᠭᠠᠨ ᠤ ᠰᠠᠭᠤᠷᠢᠨ ᠳᠡᠭᠡᠷ᠎ᠡ ᠦᠷᠭᠦᠯᠵᠢᠯᠡᠨ 13.6% ᠪᠠᠷ ᠨᠡᠮᠡᠭᠳᠡᠵᠦ᠂ 3 ᠵᠢᠯ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠪᠥᠬᠦ ᠤᠯᠤᠰ ᠲᠤ ᠬᠤᠶᠠᠳᠤᠭᠠᠷ ᠲᠤ ᠣᠷᠣᠪᠠ᠃ ᠠᠯᠤᠰ ᠬᠡᠲᠦ ᠳᠤ ᠠᠰᠢᠭ ᠬᠦᠷᠲᠡᠭᠡᠬᠦ‍ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠬᠤᠶᠢᠨ᠎ᠠ ᠬᠤᠶᠢᠨ᠎ᠠ ᠠᠴᠠ ᠪᠠᠨ ᠨᠠᠶᠢᠳᠠᠪᠤᠷᠢᠵᠢᠭᠤᠯᠤᠭᠳᠠᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠵᠤ ᠪᠠᠶᠢᠭᠤᠯᠤᠭᠰᠠᠨ ᠲᠥᠷᠥᠯ ᠵᠦᠢᠯ 3066 ᠪᠠᠶᠢᠵᠤ᠂ ᠪᠠᠯᠠ ᠣᠷᠣᠭᠤᠯᠤᠯᠲᠠ ᠶᠢ ᠲᠦᠷᠦᠭᠦᠦ ᠵᠢᠯ ᠤᠨ ᠬᠢ ᠠᠴᠠ 16.6% ᠪᠠᠷ ᠨᠡᠮᠡᠭᠳᠡᠭᠦᠯᠵᠦ᠂ ᠪᠥᠬᠦ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 88.5% ᠳᠤ ᠬᠦᠷᠴᠡᠶ᠃ ᠬᠡᠷᠡᠭᠯᠡᠭᠡ ᠠᠴᠠ ᠦᠵᠡᠪᠡᠯ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠦᠷᠭᠦᠯᠵᠢᠯᠡᠨᠢᠯᠡᠷᠡᠵᠦ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠳᠤ ︽ᠳᠡᠭᠡᠭᠰᠢᠯᠡᠬᠦ︾ ᠮᠤᠷᠤᠶ ᠱᠤᠭᠤᠮ ᠢᠯᠡᠷᠡᠵᠦ᠂ 8 ᠰᠠᠷ᠎ᠠ ᠳᠠᠷᠠᠭᠠᠯᠠᠨ ᠲᠦᠷᠭᠡᠳᠬᠦ ᠬᠠᠨᠳᠤᠰᠢ ᠪᠠᠨ ᠪᠠᠲᠤᠯᠠᠵᠤ᠂ 4 ᠰᠠᠷ᠎ᠠ ᠳᠠᠷᠠᠭᠠᠯᠠᠨ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠪᠠ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠬᠡᠷᠡᠭᠯᠡᠭᠡ ᠶᠢ ᠳᠠᠶᠢᠴᠢᠯᠠᠭᠰᠠᠨ ᠬᠡᠮᠵᠢᠶ᠎ᠡ 300 ᠳ᠋ᠦᠩᠰᠢᠭᠤᠷ ᠲᠥᠭᠦᠷᠢᠭ ᠢ ᠳᠠᠪᠠᠵᠤ᠂ ᠨᠥᠬᠦᠪᠥᠷᠢ ᠪᠡᠯᠡ ᠮᠥᠩᠭᠦ ᠨᠢ ᠵᠠᠭᠤᠨ ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠤᠢᠢᠷ᠎ᠠ ᠶᠢᠨ ᠬᠡᠳᠦᠨ ᠰᠠᠷ᠎ᠠ ᠳᠤ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠨᠡᠯᠢᠶᠡᠳ ᠰᠠᠶᠢᠨ ᠨᠡᠮᠡᠭᠳᠡᠯ ᠲᠠᠢ ᠪᠤᠯᠵᠤ᠂ ᠨᠥᠬᠦᠪᠥᠷᠢ ᠥᠭᠬᠦ ᠡᠷᠴᠢᠮ ᠨᠡᠯᠢᠶᠡᠳ ᠴᠢᠩᠭ᠎ᠠ ᠰᠢᠨ᠎ᠡ ᠡᠨᠧᠷᠭᠢ ᠶᠢᠨ ᠮᠠᠰᠢᠨ ᠲᠡᠷᠭᠡ᠂ ᠤᠶᠤᠨᠲᠤ ᠭᠡᠷ ᠤᠨ ᠴᠠᠬᠢᠯᠭᠠᠨ ᠬᠡᠷᠡᠭᠰᠡᠯ᠂ ᠥᠨᠳᠥᠷ ᠡᠨᠧᠷᠭᠢᠲᠦ ᠦᠷ᠎ᠡ ᠪᠦᠲᠦᠮᠵᠢᠲᠡᠢ ᠲᠡᠰ ᠪᠦᠬᠦᠢ ᠭᠡᠷ ᠤᠨ ᠴᠠᠬᠢᠯᠭᠠᠨ ᠬᠡᠷᠡᠭᠰᠡᠯ ᠤᠨ ᠵᠢᠵᠢᠭᠯᠡᠨ ᠪᠣᠷᠣᠯᠠᠭᠤᠯᠤᠯᠲᠠ ᠶᠢᠨ ᠬᠡᠮᠵᠢᠶ᠎ᠡ ᠲᠦᠷᠭᠡᠨ ᠨᠡᠮᠡᠭᠳᠡᠵᠦ᠂ ᠪᠦᠬᠦᠯᠢ ᠴᠣᠭᠴᠠ ᠶᠢᠨ ᠬᠡᠷᠡᠭᠯᠡᠭᠡ ᠲᠠᠬᠢᠨ ᠳᠡᠭᠡᠭᠰᠢᠯᠡᠬᠦ ᠳᠤ ᠢᠯᠡᠳᠲᠡ ᠳᠠᠶᠢᠴᠢᠯᠠᠬᠤ ᠦᠢᠯᠡᠳᠦᠯ ᠦᠵᠡᠭᠦᠯᠪᠡ᠃ ᠢᠯᠠᠩᠭᠤᠶ᠎ᠠ ︽ᠬᠠᠭᠤᠴᠢᠨ ᠢᠶᠠᠷ ᠰᠢᠨ᠎ᠡ ᠶᠢ ᠰᠣᠯᠢᠬᠤ︾ ᠡᠷᠴᠢᠮ ᠢ ᠨᠡᠮᠡᠭᠳᠡᠬᠦᠯᠦᠨ ᠬᠡᠪᠴᠢᠶ᠎ᠡ ᠶᠢ ᠥᠷᠭᠡᠳᠬᠡᠵᠦ᠂ ︽2025 ᠣᠨ ᠤ ᠠᠮᠢᠵᠢᠷᠠᠯ ᠪᠢᠯᠬᠠᠭᠰᠠᠨ ᠥᠪᠥᠷ ᠮᠣᠩᠭᠤᠯ ᠬᠠᠪᠤᠷ ᠤᠨ ᠬᠡᠷᠡᠭᠯᠡᠭᠡ ᠶᠢᠨ ᠤᠯᠠᠷᠢᠯ︾ ᠤᠨ ᠠᠵᠢᠯᠯᠠᠭ᠎ᠠ ᠡᠯ᠎ᠡ ᠭᠠᠵᠠᠷ ᠲᠤ ᠵᠠᠯᠭᠠᠭ᠎ᠠ ᠪᠠᠷ ᠡᠬᠢᠯᠡᠵᠦ᠂ ᠡᠨᠡ ᠵᠢᠯ ᠤᠨ ᠪᠥᠬᠦ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠲᠤ ᠠᠮᠢᠵᠢᠷᠠᠯ ᠤᠨ ᠬᠦᠴᠦᠨ ᠨᠡᠮᠡᠷᠢᠯᠡᠪᠡ᠃    ᠭᠤᠷᠪᠠᠳᠤᠭᠠᠷ ᠲᠤ᠂ ᠶᠠᠰᠤ ᠴᠢᠨᠠᠷ ᠨᠢ ᠰᠠᠶᠢᠨ᠃ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠳᠠᠶᠠᠭᠠᠷ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤᠮᠳᠠ ᠲᠠᠰᠤᠷᠠᠯᠲᠠ ᠥᠬᠡᠶ ᠳᠠᠪᠠᠭᠤᠯᠢᠭ ᠲᠠᠢ ᠪᠣᠯᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠶᠠᠰᠤ ᠴᠢᠨᠠᠷ ᠨᠠᠩ ᠭᠦᠢᠴᠡᠳ ᠪᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠳᠠ︾ ᠶᠢᠨ ᠢᠨᠵᠧᠨᠧᠷᠢᠩ ᠤᠨ ᠦᠷᠭᠦᠯᠵᠢᠯᠡᠨ ᠠᠬᠢᠭᠤᠯᠤᠯ ᠳᠤᠤᠷ᠎ᠠ᠂ ᠮᠠᠨ ᠤ ᠣᠷᠣᠨ ᠰᠦ ᠶᠢᠨ ᠦᠢᠯᠡᠰ᠂ ᠬᠤᠪᠣᠷ ᠰᠢᠷᠣᠶ᠂ ᠤᠰᠤᠲᠥ᠋ᠷᠥᠭᠴᠢ᠂ ᠨᠥᠭᠡᠴᠡᠯᠡᠬᠦ ᠵᠡᠷᠭᠡ ᠣᠯᠠᠨ ᠬᠦᠷᠢᠶᠡᠨ ᠳᠤ ᠨᠢᠭᠡ ᠪᠦᠯᠦᠭ ᠠᠵᠢᠯ ᠲᠥᠷᠥᠯ ᠤᠨ ᠬᠤᠭᠤᠰᠣᠨ ᠢ ᠨᠥᠬᠦᠪᠥᠷᠢᠯᠡᠬᠦ ᠮᠡᠷᠭᠡᠵᠢᠯ ᠤᠨ ᠰᠢᠪᠲᠤᠯᠤᠯᠲᠠ ᠶᠢ ᠣᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠶᠢᠨ ᠪᠥᠬᠦ ᠤᠯᠤᠰ ᠲᠠᠬᠢ ᠨᠡᠷᠡᠰ ᠤᠨ ᠵᠢᠭᠰᠠᠭᠠᠯᠲᠠ 4 ᠪᠠᠶᠢᠷᠢ ᠳᠡᠭᠡᠭᠰᠢᠯᠡᠪᠡ᠃ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 8.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 1.4 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠦᠢᠯᠡᠳᠬᠦ ᠦᠢᠯᠡᠰ ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠲᠡᠭ ᠡᠨᠡ ᠵᠢᠯ ᠠᠴᠠ ᠨᠠᠭᠠᠰᠢ ᠢᠮᠠᠭᠲᠠ ᠬᠤᠶᠠᠷ ᠣᠷᠣᠨᠲᠤ ᠲᠤᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠴᠥᠮ ᠳᠡᠭᠡᠷ᠎ᠡ ᠵᠢᠯ ᠤᠨ ᠬᠢ ᠠᠴᠠ ᠡᠳᠦᠢ ᠲᠡᠳᠦᠢ ᠳᠡᠭᠡᠭᠰᠢᠯᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠯᠬᠤᠴᠠ ᠲᠦᠷᠭᠡᠳᠴᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃    ᠳᠥᠷᠪᠡᠳᠦᠭᠡᠷ ᠲᠤ᠂ ᠳᠠᠯᠳᠠ ᠬᠦᠴᠦᠨ ᠨᠢ ᠶᠡᠭᠡ᠃ ᠭᠤᠤᠯ ᠨᠢ ᠨᠢᠭᠡ ᠪᠦᠯᠦᠭ ᠦᠰᠦᠨ ᠪᠤᠶᠢᠵᠢᠬᠤ ᠳᠠᠯᠳᠠ ᠬᠦᠴᠦᠨ ᠲᠠᠢ᠂ ᠬᠥᠭᠵᠢᠯᠲᠡ ᠶᠢᠨ ᠨᠥᠭᠡᠴᠡ ᠬᠦᠴᠦᠨ ᠲᠠᠢ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠭᠰᠠᠨ ᠳᠡᠭᠡᠷ᠎ᠡ ᠢᠯᠡᠷᠡᠵᠦ ᠪᠠᠢᠨ᠎ᠠ᠃ 2024 ᠣᠨ ᠳᠤ᠂ ᠮᠠᠨ ᠤ ᠣᠷᠣᠨ ᠤ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠵᠤ᠂ ᠬᠡᠪᠴᠢᠶᠡᠵᠢᠯ ᠠᠴᠠ ᠳᠡᠭᠡᠭᠰᠢᠬᠢ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 39.9% ᠪᠠᠷ ᠨᠡᠮᠡᠭᠳᠡᠵᠦ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ 7.8% ᠪᠠᠷ ᠨᠡᠮᠡᠭᠳᠡᠪᠡ᠃ ᠣᠨᠴᠠᠭᠠᠶᠢᠯᠠᠨ ᠠᠩᠬᠠᠷᠤᠭᠤᠰᠢᠲᠠᠶ ᠨᠢ ᠮᠠᠨ ᠤ ᠣᠷᠣᠨ ᠤ ᠬᠥᠭᠵᠢᠯᠲᠡ ᠲᠦᠷᠭᠡᠨ ᠪᠠᠶᠢᠭ᠎ᠠ ᠰᠢᠨ᠎ᠡ ᠡᠨᠧᠷᠭᠢ ᠶᠢᠨ ᠠᠵᠤ ᠦᠢᠯᠡᠰ ᠪᠣᠯᠤᠨ᠎ᠠ᠃ ᠪᠥᠬᠦ ᠣᠷᠣᠨ ᠳᠠᠶᠠᠭᠠᠷ ︽ᠬᠤᠶᠠᠷ ᠢ ᠤᠷᠢᠳ ᠢᠶᠠᠷ ᠬᠢᠵᠦ᠂ ᠬᠤᠶᠠᠷ ᠢ ᠳᠠᠪᠠᠭᠤᠯᠬᠤ︾ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ ᠢ ᠳᠠᠬᠢᠨ ᠪᠠᠶᠢᠭᠤᠯᠬᠤ︾ ᠬᠠᠷᠠᠯᠲᠠ ᠪᠠᠷ᠂ ᠶᠡᠬᠡᠪᠡᠷ ᠠᠵᠢᠯᠯᠠᠵᠤ ᠲᠦᠷᠭᠡᠨ ᠬᠤᠷᠳᠤᠴᠠ ᠪᠠᠷ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 20.1% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ 42.4% ᠪᠠᠷ ᠨᠡᠮᠡᠭᠳᠡᠪᠡ᠃ ᠰᠢᠨ᠎ᠡ ᠡᠨᠧᠷᠭᠢ ᠴᠠᠬᠢᠯᠭᠠᠨ ᠬᠦᠴᠦᠨ ᠤ ᠬᠦᠷᠢᠶᠡᠨ ᠤ ᠣᠯᠠᠨ  ᠵᠦᠢᠯ ᠤᠨ ᠭᠦᠢᠴᠡᠳᠭᠡᠯ ᠲᠤᠭ᠎ᠠ ᠪᠥᠬᠦ ᠤᠯᠤᠰ ᠲᠤ ᠲᠡᠷᠢᠭᠦᠯᠡᠵᠦ᠂ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠪᠥᠬᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠵᠢᠴᠢ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ ᠪᠥᠬᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1 ᠳ᠋ᠦᠩᠰᠢᠭᠤᠷ ᠺᠢᠯᠤᠸᠠᠲ ᠢ ᠳᠠᠪᠠᠭᠰᠠᠨ ᠮᠤᠵᠢ ᠣᠷᠣᠨ ᠪᠣᠯᠵᠣ᠂ ᠨᠢᠭᠡ ᠵᠢᠯ ᠤᠷᠢᠳᠴᠢᠯᠠᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠵᠤ᠂ ᠨᠣᠭᠤᠭᠠᠨ ᠴᠠᠬᠢᠯᠭᠠᠨ ᠤ ᠠᠷᠠᠯᠵᠢᠶᠠᠨ ᠤ ᠬᠡᠪᠴᠢᠶ᠎ᠡ ᠪᠥᠬᠦ ᠤᠯᠤᠰ ᠤᠨ ᠲᠡᠷᠢᠭᠦᠨ ᠳᠤ ᠣᠷᠣᠵᠤ᠂ ᠰᠢᠨ᠎ᠡ ᠡᠨᠧᠷᠭᠢ ᠶᠢᠨ ᠤᠷᠤᠯᠳᠤᠭᠠᠨ ᠤ ᠵᠠᠮ ᠳᠡᠭᠡᠷ᠎ᠡ ︽ᠠᠭᠲᠠ ᠶᠢᠨ ᠲᠡᠷᠢᠬᠦᠨ ᠳᠤ ᠳᠠᠪᠬᠢᠭᠰᠠᠨ︾ ᠭᠡᠵᠦ ᠬᠡᠯᠡᠵᠦ ᠪᠣᠯᠤᠨ᠎ᠠ᠃    2025 ᠣᠨ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠡᠯ᠎ᠡ ᠵᠦᠢᠯ ᠤᠨ ᠲᠣᠬᠢᠷᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠭᠤᠤᠯ ᠱᠤᠭᠤᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠨ ᠬᠢᠵᠦ᠂ ︿ᠲᠠᠪᠤᠨ ᠶᠡᠭᠡ ᠡᠭᠦᠷᠭᠡ﹀ ᠶᠢ ᠦᠷᠭᠦᠯᠵᠢᠯᠡᠨ ᠠᠬᠢᠭᠤᠯᠤᠨ᠂ ︿ᠵᠢᠷᠭᠤᠭᠠᠨ ᠢᠨᠵᠧᠨᠧᠷᠢᠩ﹀ ᠢ ᠦᠷᠭᠦᠯᠵᠢᠯᠡᠨ ᠬᠡᠷᠡᠭᠵᠢᠬᠦᠯᠵᠦ᠂ ︿ᠵᠢᠷᠭᠤᠭᠠᠨ ᠠᠵᠢᠯᠯᠠᠭ᠎ᠠ﹀ ᠶᠢ ᠵᠣᠬᠢᠶᠠᠨ ᠪᠠᠶᠢᠭᠤᠯᠤᠨ ᠥᠷᠨᠢᠭᠦᠯᠬᠦ︾ ᠲᠠᠯ᠎ᠠ ᠪᠠᠷ ᠨᠠᠩ ᠶᠡᠭᠡ ᠠᠬᠢᠯᠲᠠ ᠲᠠᠢ ᠪᠤᠯᠵᠤ᠂ ᠬᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠨ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ᠂ ᠨᠠᠩ ᠶᠡᠭᠡ ᠡᠷᠴᠢᠮ ᠢᠶᠠᠷ ᠠᠵᠤ ᠠᠬᠤᠶ ᠶᠢᠨ ᠬᠦᠭᠵᠢᠨ ᠳᠠᠪᠰᠢᠬᠤ᠂ ᠰᠢᠨ᠎ᠡ ᠶᠢ ᠵᠣᠷᠢᠬᠤ᠂ ᠰᠢᠯᠢᠳᠡᠭ ᠵᠦᠭ ᠤᠷᠤᠭᠰᠢᠯᠠᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢᠨ ᠬᠠᠮᠲᠤ᠂ ︽ᠠᠷᠪᠠᠨ  ᠲᠠᠪᠤᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃    ᠪᠠᠶᠠᠷᠯᠠᠯ᠎ᠠ᠃    ᠦᠢᠯᠡᠳᠦᠯᠭᠡ ᠰᠡᠳᠬᠦᠯ ᠤᠨ ᠬᠤᠷᠢᠶᠠᠨ ᠤ ᠰᠤᠷᠪᠤᠯᠵᠢᠯᠠᠭᠴᠢ᠄    ᠲᠠ ᠰᠠᠶᠢᠨ ᠦᠦ᠂ ᠪᠢᠳᠡ 2024 ᠣᠨ ᠤ ᠥᠪᠥᠷ ᠮᠣᠩᠭᠤᠯ ᠤᠨ ᠠᠮᠤ ᠪᠤᠳᠠᠭᠠᠨ ᠤ ᠭᠠᠷᠤᠯᠲᠠ ᠳᠠᠬᠢᠨᠲᠠ ᠡᠯᠪᠡᠭ ᠬᠤᠷᠢᠶᠠᠯᠲᠠ ᠣᠯᠵᠤ᠂ 800 ᠳ᠋ᠦᠩᠰᠢᠭᠤᠷ ᠵᠢᠩ ᠤᠨ ᠶᠡᠭᠡ ᠪᠣᠭᠤᠮᠲᠠ ᠶᠢ ᠳᠠᠪᠠᠭᠰᠠᠨ ᠢ ᠤᠶᠢᠯᠠᠭᠠᠯ᠎ᠠ᠂ ᠲᠠ ᠡᠨᠡ ᠬᠦ ᠢᠳᠡᠪᠬᠢᠲᠡᠶ ᠬᠤᠪᠢᠷᠠᠯᠲᠠ ᠶᠢ ᠬᠡᠷᠬᠢᠨ ᠦᠨᠡᠯᠡᠬᠦ ᠪᠣᠶ︖ 2024 ᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖
2024年全区经济运行新闻发布会答记者问5.png
    ᠮᠠ ᠬᠤᠩ ᠵᠢᠶᠦ᠋ᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2024 ᠣᠨ ᠳᠤ᠂ ᠥᠪᠥᠷ ᠮᠣᠩᠭᠤᠯ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭ᠎ᠠ ᠶᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠤᠨᠠᠯᠲᠠ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ 820.1 ᠳ᠋ᠦᠩᠰᠢᠭᠤᠷ ᠵᠢᠩ ᠳᠤ ᠬᠦᠷᠴᠡᠢ᠂ ᠡᠨᠡ ᠪᠣᠯ ᠶᠡᠷᠦ ᠪᠤᠰᠤ ᠶᠢᠨ ᠠᠮᠵᠢᠯᠲᠠ ᠪᠣᠯᠤᠨ᠎ᠠ᠃    ᠪᠢ ᠪᠤᠳᠤᠪᠠᠯ ︽ᠭᠤᠷᠪᠠᠨ ᠢᠯᠡᠷᠬᠡᠶ︾ ᠭᠡᠳᠡᠭ ᠢᠶᠠᠷ ᠡᠨᠡ ᠲᠤᠭ᠎ᠠ ᠪᠠᠷᠢᠮᠲᠠ ᠶᠢ ᠦᠨᠡᠯᠡᠵᠦ ᠪᠣᠯᠤᠨ᠎ᠠ᠃ ᠨᠢᠭᠡ ᠳᠤ᠂ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠢᠯᠡᠳᠲᠡ ᠳᠡᠭᠡᠭᠰᠢᠯᠡᠪᠡ︔ ᠬᠤᠶᠠᠷ ᠲᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠩᠭᠠᠯᠭ᠎ᠠ ᠶᠢᠨ ᠴᠢᠳᠠᠪᠤᠷᠢ ᠢᠯᠡᠳᠲᠡ ᠴᠢᠩᠭᠠᠷᠠᠪᠠ︔ ᠭᠤᠷᠪᠠ ᠳᠤ ᠲᠠᠷᠢᠶᠠᠯᠠᠩ ᠤᠨ ᠬᠥᠭᠵᠢᠯᠲᠡ ᠶᠢᠨ ᠬᠠᠨᠳᠤᠰᠢ ᠢᠯᠡᠳᠲᠡ ᠰᠠᠶᠢᠵᠢᠷᠠᠵᠤ ᠪᠠᠶᠢᠨ᠎ᠠ᠃ ᠪᠣᠳᠠᠲᠠᠶ ᠪᠠᠷ ᠦᠵᠡᠪᠡᠯ᠂ ᠳᠤᠤᠷᠠᠬᠢ ᠭᠤᠷᠪᠠᠨ ᠬᠢᠯᠠᠰ ᠴᠡᠭ ᠢᠯᠡᠷᠡᠵᠦ ᠪᠠᠢᠨ᠎ᠠ᠃    ᠨᠢᠭᠡᠳᠦᠭᠡᠷ ᠬᠢᠯᠠᠰ ᠴᠡᠭ ᠪᠣᠯ ᠠᠮᠤ ᠪᠤᠳᠠᠭ᠎ᠠ ᠳᠠᠷᠢᠬᠤ ᠲᠠᠯᠠᠪᠠᠶ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃    2024 ᠣᠨ ᠳᠤ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 1.05 ᠳ᠋ᠦᠩᠰᠢᠭᠤᠷ ᠮᠥ ᠪᠠᠶᠢᠵᠤ᠂ ᠨᠢᠭᠡᠨᠲᠡ ᠶᠢᠰᠦᠨ ᠵᠢᠯ ᠳᠠᠷᠠᠭᠠᠯᠠᠨ 1 ᠳ᠋ᠦᠩᠰᠢᠭᠤᠷ ᠮᠥ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠪᠥᠬᠦ ᠤᠯᠤᠰ ᠲᠤ ᠲᠠᠪᠤᠳᠤᠭᠠᠷ ᠲᠤ ᠵᠢᠭᠰᠠᠭᠠᠭᠳᠠᠪᠠ︔ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ 2024 ᠣᠨ ᠳᠤ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ ᠳᠡᠭᠡᠷ᠎ᠡ ᠵᠢᠯ ᠤᠨ ᠬᠢ ᠠᠴᠠ 40.6 ᠲᠦᠮᠡᠨ ᠮᠥ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠵᠦ᠂ ᠨᠢᠭᠡᠨᠲᠡ ᠲᠤᠯᠤᠭᠠᠨ ᠵᠢᠯ ᠳᠠᠷᠠᠭᠠᠯᠠᠨ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠭᠤᠷᠪᠠᠳᠤᠭᠠᠷ ᠲᠤ ᠣᠷᠣᠪᠠ᠃    ᠬᠤᠶᠠᠳᠤᠭᠠᠷ ᠬᠢᠯᠠᠰ ᠴᠡᠭ ᠪᠣᠯ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃    2024 ᠣᠨ ᠤ ᠥᠪᠥᠷ ᠮᠣᠩᠭᠤᠯ ᠤᠨ ᠠᠮᠤ ᠪᠤᠳᠠᠭᠠᠨ ᠤ ᠲᠠᠷᠢᠮᠠᠯ ᠤᠨ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠨᠢ ᠮᠥ ᠪᠦᠷᠢ ᠳᠡᠭᠡᠨ 390 ᠺᠢᠯᠣᠭ᠍ᠷᠠᠮ ᠪᠠᠶᠢᠵᠤ᠂ ᠳᠡᠭᠡᠷ᠎ᠡ ᠵᠢᠯ ᠤᠨ ᠬᠢ ᠠᠴᠠ ᠪᠠᠨ ᠪᠠᠷᠤᠭ 12 ᠺᠢᠯᠣᠭ᠍ᠷᠠᠮ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠨ᠂ ᠪᠥᠬᠦ ᠤᠯᠤᠰ ᠲᠤ 16 ᠳ᠋ᠤᠭᠠᠷ ᠲᠤ ᠣᠷᠣᠪᠠ᠃ ᠡᠭᠦᠨ ᠳᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠨᠢ ᠮᠥ ᠪᠦᠷᠢ 453 ᠺᠢᠯᠣᠭ᠍ᠷᠠᠮ ᠪᠠᠶᠢᠵᠤ᠂ 3.1% ᠪᠠᠷ ᠨᠡᠮᠡᠭᠳᠡᠪᠡ︔ ᠪᠤᠷᠴᠠᠭ ᠤᠨ ᠲᠥᠷᠥᠯ ᠤᠨ ᠲᠠᠯᠠᠪᠠᠶ ᠨᠢᠭᠡᠴᠢ ᠶᠢᠨ ᠤᠨᠠᠯᠲᠠ ᠨᠢ ᠮᠥ ᠪᠦᠷᠢ 132 ᠺᠢᠯᠣᠭ᠍ᠷᠠᠮ ᠪᠠᠶᠢᠵᠤ᠂ 1.8% ᠪᠠᠷ ᠨᠡᠮᠡᠭᠳᠡᠪᠡ᠃ ᠣᠨᠴᠠᠭᠠᠶᠢᠯᠠᠨ ᠠᠩᠬᠠᠷᠤᠭᠤᠰᠢᠲᠠᠶ ᠨᠢ᠂ ᠮᠠᠨ ᠤ ᠣᠷᠣᠨ ᠤ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ 500 ᠺᠢᠯᠣᠭ᠍ᠷᠠᠮ ᠢ ᠳᠠᠪᠠᠵᠤ᠂ 506 ᠺᠢᠯᠣᠭ᠍ᠷᠠᠮ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ᠃    ᠭᠤᠷᠪᠠᠳᠤᠭᠠᠷ ᠬᠢᠯᠠᠰ ᠴᠡᠭ ᠪᠣᠯ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠶᠠᠪᠤᠳᠠᠯ ᠪᠣᠯᠤᠨ᠎ᠠ᠃    ᠳᠠᠷᠢᠬᠤ ᠲᠠᠯᠠᠪᠠᠶ ᠪᠠ ᠮᠥ ᠪᠦᠷᠢ ᠶᠢᠨ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠵᠡᠷᠭᠡ ᠪᠠᠷ ᠳᠡᠭᠡᠭᠰᠢᠯᠡᠭᠰᠡᠨ ᠪᠠᠶᠢᠳᠠᠯ ᠳᠤᠤᠷ᠎ᠠ᠂ 2024 ᠣᠨ ᠳᠤ ᠮᠠᠨ ᠤ ᠣᠷᠣᠨ ᠬᠤᠷᠢᠨ ᠨᠢᠭᠡᠳᠦᠭᠡᠷ ᠡᠯᠪᠡᠭ ᠬᠤᠷᠢᠶᠠᠯᠲᠠ ᠶᠢᠨ ᠵᠢᠯ ᠢᠶᠠᠨ ᠤᠭᠲᠤᠵᠤ᠂ ᠠᠮᠤ ᠪᠤᠳᠠᠭᠠᠨ ᠤ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ᠳᠥᠷᠪᠡᠨ ᠵᠢᠯ ᠳᠠᠷᠠᠭᠠᠯᠠᠨ ᠪᠥᠬᠦ ᠤᠯᠤᠰ ᠤᠨ ᠵᠢᠷᠭᠤᠳᠤᠭᠠᠷ ᠲᠤ ᠵᠢᠭᠰᠠᠭᠠᠭᠳᠠᠪᠠ︔ 28.5 ᠳ᠋ᠦᠩᠰᠢᠭᠤᠷ ᠵᠢᠩ ᠨᠡᠮᠡᠭᠳᠡᠵᠦ᠂ ᠪᠥᠬᠦ ᠤᠯᠤᠰ ᠤᠨ ᠨᠡᠮᠡᠭᠳᠡᠯ ᠤᠨ ᠬᠡᠮᠵᠢᠶ᠎ᠡ ᠶᠢᠨ 12.9% ᠶᠢ ᠡᠵᠡᠯᠡᠵᠦ᠂ ᠨᠡᠮᠡᠭᠳᠡᠯ ᠤᠨ ᠬᠡᠮᠵᠢᠶ᠎ᠡ ᠪᠠᠷ ᠪᠥᠬᠦ ᠤᠯᠤᠰ ᠤᠨ ᠭᠤᠷᠪᠠᠳᠤᠭᠠᠷ ᠲᠤ ᠣᠷᠣᠵᠤ᠂ ︽ᠳᠤᠮᠳᠠᠳᠤᠴᠤᠳ ᠤᠨ ᠪᠤᠳᠠᠭᠠᠨ ᠠᠶᠠᠭ᠎ᠠ︾ ᠳᠤ ᠨᠠᠩ ᠣᠯᠠᠨ ︽ᠪᠣᠭᠤᠮᠲᠠ ᠶᠢᠨ ᠭᠠᠳᠠᠨᠠᠬᠢ ᠠᠮᠤ︾ ᠶᠢ ᠰᠠᠪᠠᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃    ᠶᠡᠷᠦᠩᠬᠡᠶ ᠳᠤᠨᠢ ᠠᠪᠴᠤ ᠦᠵᠡᠪᠡᠯ᠂ ᠥᠪᠥᠷ ᠮᠣᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠨᠠᠩ ᠪᠠᠲᠤ ᠪᠠᠬᠢ᠂ ᠨᠥᠬᠦᠴᠡᠯ ᠨᠠᠩ ᠰᠢᠯᠢᠳᠡᠭ᠂ ᠬᠥᠳᠡᠯᠭᠡᠬᠦ ᠬᠦᠴᠦᠨ ᠨᠠᠩ ᠭᠦᠢᠴᠡᠳ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠨᠠᠩ ᠴᠢᠩᠭ᠎ᠠ ᠪᠠᠶᠢᠵᠤ᠂ ᠮᠠᠨ ᠤ ᠣᠷᠣᠨ ᠪᠥᠬᠦ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠲᠡᠶᠢᠰᠢ ᠯᠠᠪᠳᠠᠭᠤᠨ ᠪᠠᠲᠤᠲᠠᠶ ᠠᠯᠬᠤᠪᠠ᠃   ᠳᠡᠭᠦᠯᠢᠯᠳᠡ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄   ᠥᠭᠦᠯᠡᠭᠴᠢ ᠠᠴᠠ 2024 ᠣᠨ ᠤ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠶᠠᠮᠠᠷ ᠪᠠᠶᠢᠬᠤ ᠶᠢ ᠲᠠᠨᠢᠯᠴᠠᠭᠤᠯᠬᠤ ᠶᠢ ᠬᠦᠰᠡᠵᠦ ᠪᠠᠶᠢᠨ᠎ᠠ︖ ᠭᠤᠤᠯ ᠲᠤᠯᠭᠠᠭᠤᠷᠢᠯᠠᠬᠤ ᠡᠯᠧᠮᠧᠨ᠋ᠲ ᠶᠠᠭᠤ ᠶᠠᠭᠤ ᠪᠠᠶᠢᠬᠤ ᠪᠣᠶ︖ ᠪᠠᠶᠠᠷᠯᠠᠯ᠎ᠠ᠃
2024年全区经济运行新闻发布会答记者问6.png
   ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2024 ᠣᠨ ᠳᠤ᠂ ᠪᠦᠬᠦ ᠣᠷᠣᠨ ᠳᠠᠶᠠᠭᠠᠷ ᠥᠪᠥᠷ ᠮᠣᠩᠭᠤᠯ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ᠂ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠦᠷᠭᠦᠯᠵᠢᠯᠡᠬᠦ ᠬᠥᠭᠵᠢᠯᠲᠡ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠪᠠ᠂ ᠡᠨᠡ ᠪᠣᠯ ᠵᠠᠬ᠎ᠠ ᠳᠡᠯᠭᠡᠭᠦᠷ ᠤᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠲᠣᠭᠲᠠᠪᠤᠷᠢ ᠦᠭᠡᠢ᠂ ᠠᠵᠤ ᠠᠬᠤᠶᠢᠯᠠᠯ ᠤᠨ ᠦᠷ᠎ᠡ ᠠᠰᠢᠭ ᠤᠨ ᠰᠡᠷᠭᠦᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠳᠣᠣᠷ᠎ᠠ ᠪᠡᠶᠡᠯᠡᠭᠦᠯᠦᠭᠰᠡᠨ ᠶᠤᠮ᠃ ᠪᠣᠳᠠᠲᠠᠢ ᠪᠠᠷ ᠦᠵᠡᠪᠡᠯ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠡᠨᠧᠷᠭᠢ ᠨᠢ ᠳᠣᠣᠷᠠᠬᠢ ᠮᠡᠲᠦ ᠬᠡᠳᠦᠨ ᠲᠠᠯ᠎ᠠ ᠪᠤᠢ᠃    ᠨᠢᠭᠡ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠲᠣᠪᠤᠶᠢᠮ᠎ᠠ ᠪᠠᠶᠢᠨ᠎ᠠ᠃ 2024 ᠣᠨ ᠳᠤ᠂ ᠪᠥᠬᠦ ᠣᠷᠣᠨ ᠳᠠᠶᠠᠭᠠᠷ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠨᠡᠭᠦᠷᠡᠰᠦ ᠴᠠᠬᠢᠯᠭᠠᠨ ᠲᠣᠰᠣ ᠬᠡᠶ ᠰᠠᠯᠬᠢ ᠬᠡᠷᠡᠯ ᠢ ᠵᠡᠷᠭᠡ ᠪᠠᠷ ᠬᠥᠭᠵᠢᠭᠦᠯᠬᠦ᠂ ᠰᠢᠨ᠎ᠡ ᠬᠠᠭᠤᠴᠢᠨ ᠡᠨᠧᠷᠭᠢ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠪᠠᠷᠢᠮᠲᠠᠯᠠᠵᠤ᠂ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠬᠦ᠂ ᠣᠯᠠᠨ ᠦᠢᠯᠡᠰ ᠢ ᠵᠡᠷᠭᠡ ᠪᠠᠷ ᠬᠥᠭᠵᠢᠭᠦᠯᠬᠦ᠂ ᠣᠯᠠᠨ ᠡᠰᠢᠵᠢᠵᠦ ᠬᠥᠭᠵᠢᠬᠦ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠬᠦᠴᠦᠯᠡᠨ ᠪᠠᠶᠢᠭᠤᠯᠪᠠ᠃ 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 5.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠶᠢᠨ 56.7% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 51.8% ᠳᠤ ᠬᠦᠷᠴᠡᠶ᠃ ᠡᠭᠦᠨ ᠤ ᠬᠠᠮᠲᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠭᠦᠷᠡᠰᠦ ᠮᠠᠯᠲᠠᠬᠤ ᠪᠠ ᠤᠬᠢᠶᠠᠵᠤ ᠰᠣᠩᠭᠤᠬᠤ ᠦᠢᠯᠡᠰ 2024 ᠣᠨ ᠤ 7 ᠰᠠᠷ᠎ᠠ ᠠᠴᠠ ᠨᠠᠭᠠᠰᠢ ᠵᠠᠯᠭᠠᠭ᠎ᠠ ᠪᠠᠷ 6 ᠰᠠᠷ᠎ᠠ 5% ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠪᠥᠬᠦ ᠵᠢᠯ ᠳᠤ 5.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ ᠨᠢᠳᠤᠨᠤᠨ ᠤ ᠥᠨᠳᠥᠷ ᠰᠠᠭᠤᠷᠢ ᠲᠤᠭ᠎ᠠ ᠶᠢᠨ ᠲᠠᠯ᠎ᠠ ᠪᠠᠷ 5.4% ᠪᠠᠷ ᠨᠡᠮᠡᠭᠳᠡᠪᠡ᠃ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 8.2% ᠢᠶᠠᠷ ᠨᠡᠮᠡᠭᠳᠡᠵᠦ᠂ ᠭᠤᠤᠯᠳᠠᠭᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ 9% ᠠᠴᠠ ᠳᠡᠭᠡᠭᠰᠢ ᠨᠡᠯᠢᠶᠡᠳ ᠲᠦᠷᠭᠡᠨ ᠨᠡᠮᠡᠭᠳᠡᠵᠦ᠂ ᠢᠯᠠᠩᠭᠤᠶ᠎ᠠ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠬᠤᠶᠠᠷ ᠣᠷᠣᠨᠲᠤ ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠠᠲᠤᠯᠠᠭᠰᠠᠨ ᠠᠴᠠ ᠪᠣᠯᠵᠠᠶ᠃    ᠬᠤᠶᠠᠷ ᠲᠤ᠂ ᠦᠢᠯᠡᠳᠬᠦ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠣᠪᠤᠶᠢᠮ᠎ᠠ ᠪᠠᠶᠢᠨ᠎ᠠ᠃ ᠦᠢᠯᠡᠳᠬᠦ ᠦᠢᠯᠡᠰ ᠪᠣᠯ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠭᠤᠣᠯ ᠲᠠᠶᠢᠨ ᠤ ᠲᠠᠯᠠᠪᠤᠷ ᠪᠣᠯᠬᠤ ᠪᠥᠭᠡᠳ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠤᠭ ᠤᠨ ᠡᠮᠦᠨ᠎ᠡ ᠹᠷᠣᠨᠲ ᠪᠣᠯᠤᠨ᠎ᠠ᠃ 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 6.8% ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠵᠤ ᠴᠢᠳᠠᠭᠰᠠᠨ ᠨᠢ ᠦᠢᠯᠡᠳᠬᠦ ᠦᠢᠯᠡᠰ ᠤᠨ ᠭᠠᠪᠢᠶ᠎ᠠ ᠵᠢᠳᠬᠦᠯ ᠠᠴᠠ ᠰᠠᠯᠵᠤ ᠪᠣᠯᠤᠰᠢ ᠥᠬᠡᠶ ᠶᠤᠮ᠃ 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 9.3% ᠪᠠᠷ ᠨᠡᠮᠡᠭᠳᠡᠵᠦ᠂ ᠡᠨᠡ ᠵᠢᠯ ᠠᠴᠠ ᠨᠠᠭᠠᠰᠢ ᠪᠦᠬᠦ᠋ᠢᠯᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠦᠷᠭᠦᠯᠵᠢᠯᠡᠨ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 3.3 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠲᠦᠭᠦᠬᠡᠶ ᠮᠠᠲ᠋ᠧᠷᠢᠶᠠᠯ ᠦᠢᠯᠡᠳᠬᠦ ᠦᠢᠯᠡᠰ ᠲᠦᠷᠦᠭᠦᠦ ᠵᠢᠯ ᠤᠨ ᠬᠢ ᠠᠴᠠ 8.4% ᠪᠠᠷ ᠨᠡᠮᠡᠭᠳᠡᠵᠦ᠂ ᠦᠢᠯᠡᠳᠬᠦ ᠦᠢᠯᠡᠰ ᠲᠠᠬᠢ ᠡᠵᠡᠯᠡᠬᠦ ᠬᠤᠪᠢ ᠶᠢᠨ ᠵᠢᠩ 70.3% ᠳᠤ ᠬᠦᠷᠴᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 67.9% ᠳᠤ ᠬᠦᠷᠴᠡᠶ᠃    ᠭᠤᠷᠪᠠ ᠳᠤ ︽ᠰᠢᠯᠢᠳᠡᠭ︾ ᠣᠷᠴᠢᠨ ᠨᠥᠬᠦᠴᠡᠯ ᠢ ᠤᠯᠠᠮ ᠨᠢᠭᠡ ᠠᠯᠬᠤᠮ ᠲᠠᠰ ᠳᠡᠪᠰᠢᠭᠦᠯᠪᠡ᠃ 2024 ᠣᠨ  ᠳᠤ᠂ ᠪᠥᠬᠦ ᠣᠷᠣᠨ ᠳᠠᠶᠠᠭᠠᠷ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢᠶᠠᠷ ᠤᠳᠤᠷᠢᠳᠤᠮᠵᠢ ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ 4 ᠮᠢᠩᠭᠠᠨ ᠡᠷᠦᠬᠡ ᠶᠢ ᠳᠠᠪᠠᠵᠤ᠂ 4098 ᠡᠷᠦᠬᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 529 ᠡᠷᠦᠬᠡ ᠰᠢᠨ᠎ᠡ ᠪᠠᠷ ᠨᠡᠮᠡᠭᠳᠡᠪᠡ᠃ ᠢᠯᠠᠩᠭᠤᠶ᠎ᠠ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠤᠷ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠦᠷᠭᠦᠯᠵᠢᠯᠡᠨ ᠪᠠᠳᠠᠷᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 7.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠠᠴᠠ 0.9 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 3.7 ᠵᠠᠭᠤᠨ ᠤ ᠬᠤᠪᠢ ᠶᠢᠨ ᠴᠡᠭᠳᠠᠶᠢᠴᠢᠯᠠᠪᠠ᠃    ᠶᠡᠷᠦᠩᠬᠡᠶ ᠳᠤᠨᠢ ᠠᠪᠴᠤ ᠦᠵᠡᠪᠡᠯ᠂ 2024 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠪᠠᠲᠤᠯᠠᠪᠠ᠃ ᠭᠡᠪᠡᠴᠦ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠤᠯᠠᠮ ᠨᠢᠭᠡ ᠠᠯᠬᠤᠮ ᠳᠡᠭᠡᠭᠰᠢᠯᠡᠬᠦ ᠶᠢ ᠠᠬᠢᠭᠤᠯᠬᠤ ᠳᠤ ᠪᠠᠰᠠ ᠣᠯᠠᠨ ᠳᠠᠪᠬᠤᠷ ᠬᠦᠴᠢᠷᠳᠡᠯ ᠪᠣᠯᠤᠨ ᠥᠷᠢᠰᠥᠯᠳᠦᠭᠡᠨ ᠢ ᠢᠯᠠᠨ ᠳᠠᠪᠠᠭ᠋ᠤ ᠬᠡᠷᠡᠭᠲᠡᠶ᠃ ᠲᠠᠷᠠᠭᠠᠴᠢ ᠶᠢᠨ ᠱᠠᠲᠤᠨ ᠳᠤ᠂ ᠠᠵᠤ ᠦᠢᠯᠡᠳᠪᠦᠷᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠰᠠᠶᠢᠲᠤᠷ ᠪᠠᠬᠢᠵᠢᠭᠦᠯᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃    ᠪᠠᠶᠠᠷᠯᠠᠯ᠎ᠠ᠃    ︽ᠥᠪᠥᠷ ᠮᠣᠩᠭᠤᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄     ᠥᠭᠦᠯᠡᠭᠴᠢ ᠲᠠ ᠰᠠᠶᠢᠨ ᠦᠦ᠃ ᠲᠠᠨ ᠤ ᠰᠠᠶ᠋ᠢ ᠶᠢᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠪᠢᠳᠡ 2024 ᠣᠨ ᠳᠤ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠮᠥᠨ ᠬᠦ ᠨᠡᠯᠢᠶᠡᠳ ᠥᠨᠳᠥᠷ ᠬᠤᠷᠳᠤᠴᠠ ᠪᠠᠷ ᠨᠡᠮᠡᠭᠳᠡᠭᠰᠡᠨ ᠢ ᠣᠯᠵᠤ ᠬᠠᠷᠠᠯ᠎ᠠ᠃ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠣᠨᠴᠠᠯᠢᠭ ᠶᠠᠭᠤ ᠶᠠᠭᠤ ᠪᠠᠶᠢᠬᠤ ᠪᠣᠶ︖ ᠪᠠᠶᠠᠷᠯᠠᠯ᠎ᠠ᠃
2024年全区经济运行新闻发布会答记者问7.png
    ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2024 ᠣᠨ ᠳᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠲᠥᠷᠥᠯ ᠵᠦᠢᠯ ᠢ ᠨᠥᠭᠡᠴᠡᠯᠡᠬᠦ ᠪᠠ ᠪᠥᠲᠥᠭᠡᠨ ᠪᠠᠶᠢᠭᠤᠯᠤᠯᠲᠠ ᠶᠢ ᠠᠬᠢᠭᠤᠯᠬᠤ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ︽ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠥᠲᠥᠭᠡᠨ ᠪᠠᠶᠢᠭᠤᠯᠬᠤ᠂ ᠨᠢᠭᠡ ᠪᠦᠯᠦᠭ ᠢ ᠠᠵᠢᠯ ᠳᠠᠭᠤᠰᠬᠠᠬᠤ︾ ᠰᠠᠶᠢᠨ ᠣᠷᠴᠢᠯ ᠢ ᠪᠡᠶᠡᠯᠡᠭᠦᠯᠵᠦ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠰᠠᠭᠤᠷᠢ ᠲᠤᠭ᠎ᠠ ᠨᠡᠯᠢᠶᠡᠳ ᠥᠨᠳᠥᠷ ᠪᠠᠶᠢᠳᠠᠯ ᠳᠤᠤᠷ᠎ᠠ ᠮᠥᠨ ᠬᠦ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠭᠤᠷᠪᠠᠨ ᠵᠢᠯ ᠳᠠᠷᠠᠭᠠᠯᠠᠨ ᠪᠥᠬᠦ ᠤᠯᠤᠰ ᠤᠨ ᠡᠮᠦᠨ᠎ᠡ ᠬᠤᠶᠠᠷ ᠲᠤ ᠵᠢᠭᠰᠠᠭᠠᠭᠳᠠᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠲᠤᠯᠭᠠᠭᠤᠷᠢᠯᠠᠬᠤ ᠢᠳᠡᠪᠬᠢ ᠬᠦᠴᠦᠨ ᠵᠦᠢᠯ ᠨᠢ ᠭᠤᠣᠯᠳᠠᠭᠤ ᠳᠣᠣᠷᠠᠬᠢ ᠲᠠᠪᠤᠨ ᠲᠠᠯ᠎ᠠ ᠪᠠᠷ ᠢᠯᠡᠷᠡᠵᠦ ᠪᠤᠢ᠄    ᠨᠢᠭᠡ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠥᠨᠳᠥᠷ ᠲᠦᠪᠰᠢᠨ ᠢᠶᠠᠷ ᠨᠡᠮᠡᠭᠳᠡᠪᠡ᠃ 2024 ᠣᠨ ᠳᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ︽ᠵᠢᠷᠭᠤᠭᠠᠨ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠴᠢᠬᠤᠯᠠ ᠶᠡᠭᠡ ᠲᠥᠷᠥᠯ ᠵᠦᠢᠯ ᠢᠶᠠᠷ ᠬᠥᠲᠥᠯᠦᠮᠵᠢ ᠪᠣᠯᠭᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠢᠯᠠᠩᠭᠤᠶ᠎ᠠ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢ ᠲᠠᠷᠬᠠᠭᠠᠨ ᠬᠡᠷᠡᠭᠯᠡᠬᠦ ᠶᠢ ᠳᠠᠭᠠᠯᠳᠤᠨ᠂ ︽ᠬᠤᠶᠠᠷ ᠴᠢᠬᠤᠯᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠦᠷᠭᠦᠯᠵᠢᠯᠡᠨ ᠴᠢᠩᠭᠠᠷᠠᠵᠤ᠂ ᠴᠠᠬᠢᠯᠭᠠᠨ ᠬᠦᠴᠦᠨ᠂ ᠰᠢᠲᠠᠮᠠᠬᠠᠶ ᠬᠡᠶ ᠵᠡᠷᠭᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠤᠯᠭ᠎ᠠ ᠳᠤᠤᠷ᠎ᠠ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠲᠦᠷᠦᠭᠦᠦ ᠵᠢᠯ ᠤᠨ ᠬᠢ ᠠᠴᠠ 23.8% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 10.2 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ︔ ᠪᠦᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 40.5% ᠳᠤ ᠬᠦᠷᠴᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 65% ᠶᠢ ᠳᠠᠪᠠᠪᠠ᠃    ᠬᠤᠶᠠᠷ ᠲᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠢᠯᠡᠳᠲᠡ ᠳᠠᠶᠢᠴᠢᠯᠠᠭᠳᠠᠪᠠ᠃ ᠣᠶᠢᠷ᠎ᠠ ᠶᠢᠨ ᠵᠢᠯ ᠤᠨ ᠲᠤᠷᠰᠢ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠠᠵᠤ  ᠦᠢᠯᠡᠰ ᠤᠨ ᠰᠦᠷᠦᠭᠵᠢᠯ᠂ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠠᠵᠤ ᠠᠬᠤᠶ ᠶᠢᠨ ᠲᠣᠭᠲᠠᠭᠤᠨ ᠢᠶᠠᠷ ᠠᠵᠢᠯᠯᠠᠬᠤ᠂ ᠰᠠᠶᠢᠵᠢᠷᠠᠬᠤ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠬᠠᠩᠭᠠᠪᠠ᠃ 2024 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 15.4% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠠᠴᠠ 1.8 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 66.7% ᠪᠣᠯᠵᠠᠶ᠃ ᠡᠭᠦᠨ ᠤ ᠬᠠᠮᠲᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠤᠤᠷ᠎ᠠ᠂ ᠪᠥᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠲᠦᠷᠭᠡᠳᠴᠦ᠂ ᠲᠦᠷᠦᠭᠦᠦ ᠵᠢᠯ ᠤᠨ ᠬᠢ ᠠᠴᠠ 14.8% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 4.5% ᠶᠢ ᠡᠵᠡᠯᠡᠪᠡ᠃    ᠭᠤᠷᠪᠠ ᠳᠤ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠴᠢᠩᠭᠠᠷᠠᠪᠠ᠃ 2024 ᠣᠨ ᠳᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠪᠡᠯᠴᠢᠭᠡᠷ ᠤᠰᠤᠨ ᠤ ᠲᠥᠷᠥᠯ ᠵᠦᠢᠯ ᠳᠤ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠪᠠ ᠪᠠᠯᠠ ᠮᠥᠩᠭᠦ ᠰᠠᠯᠭᠠᠨ ᠥᠭᠬᠦ ᠡᠷᠴᠢᠮ ᠢᠶᠠᠨ ᠴᠢᠩᠭᠠᠷᠠᠭᠤᠯᠪᠠ᠃ ᠪᠥᠬᠦ ᠣᠷᠣᠨ ᠤ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 73.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠠᠴᠠ 60 ᠵᠠᠭᠤᠨ ᠤ ᠬᠤᠪᠢ ᠶᠢᠨ ᠴᠡᠭ ᠥᠨᠳᠥᠷ ᠪᠣᠯᠪᠠ︔ ᠪᠦᠬᠦ ᠪᠡᠯᠡ ᠣᠷᠣᠭᠤᠯᠤᠯᠲᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 5.4% ᠪᠣᠯᠵᠤ᠂ ᠲᠦᠷᠦᠭᠦᠦ ᠵᠢᠯ ᠤᠨ ᠬᠢ ᠠᠴᠠ 1.9 ᠵᠠᠭᠤᠨ ᠤ ᠬᠤᠪᠢ ᠶᠢᠨ ᠴᠡᠭ ᠳᠡᠭᠡᠭᠰᠢᠯᠡᠵᠡᠶ᠃ ᠡᠭᠦᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠠᠯᠠ ᠣᠷᠣᠭᠤᠯᠤᠯᠲᠠ 2.9 ᠳᠠᠬᠢᠨ ᠨᠡᠮᠡᠭᠳᠡᠪᠡ᠃    ᠳᠥᠷᠪᠡ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠳᠠᠭᠠᠯᠳᠤᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠨᠡᠯᠢᠶᠡᠳ ᠰᠠᠶᠢᠨ ᠨᠡᠮᠡᠭᠳᠡᠯ ᠤᠨ ᠬᠠᠨᠳᠤᠰᠢ ᠪᠠᠨ ᠪᠠᠲᠤᠯᠠᠪᠠ᠃ 2024 ᠣᠨ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 9.0% ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 23.1% ᠪᠣᠯᠵᠠᠶ᠃ ᠡᠭᠦᠨ ᠳᠤ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ 92.2% ᠢᠶᠠᠷ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ 6.9% ᠪᠠᠷ ᠨᠡᠮᠡᠭᠳᠡᠪᠡ᠃    ᠲᠠᠪᠤ ᠳᠤ᠂ ᠲᠣᠮᠣ ᠲᠥᠷᠥᠯ ᠵᠦᠢᠯ ᠤᠨ ᠪᠠᠯᠠ ᠣᠷᠣᠭᠤᠯᠤᠯᠲᠠ ᠦᠷᠭᠦᠯᠵᠢᠯᠡᠨ ᠬᠦᠴᠦᠲᠡᠶ ᠲᠤᠯᠭᠠᠭᠤᠷᠢᠯᠠᠯ ᠢ ᠪᠠᠳᠠᠷᠠᠭᠤᠯᠪᠠ᠃ ᠪᠦᠬᠦ ᠣᠷᠣᠨ ᠤ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠨᠡᠯᠢᠶᠡᠳ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 2024 ᠣᠨ ᠳᠤ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 16.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠠᠴᠠ 3.0 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 90% ᠰᠢᠬᠠᠮ ᠪᠣᠯᠵᠠᠶ᠃    ᠶᠡᠷᠦᠩᠬᠡᠶ ᠳᠤᠨᠢ ᠠᠪᠴᠤ ᠦᠵᠡᠪᠡᠯ᠂ 2024 ᠣᠨ ᠳᠤ᠂ ᠮᠠᠨ ᠤ ᠣᠷᠣᠨ ᠤ ᠪᠠᠯᠠ ᠣᠷᠣᠭᠤᠯᠤᠯᠲᠠ ᠨᠡᠯᠢᠶᠡᠳ ᠰᠠᠶᠢᠨ ᠨᠡᠮᠡᠭᠳᠡᠯ ᠤᠨ ᠬᠠᠨᠳᠤᠰᠢ ᠪᠠᠨ ᠪᠠᠲᠤᠯᠠᠪᠠ᠃ 2025 ᠣᠨ ᠳᠤ᠂ ᠤᠯᠤᠰ ᠤᠨ ︽ᠬᠤᠶᠠᠷ ᠰᠢᠨ᠎ᠡ︾ ︽ᠬᠤᠶᠠᠷ ᠴᠢᠬᠤᠯᠠ︾ ᠲᠥᠷᠥ ᠶᠢᠨ ᠪᠣᠳᠣᠯᠭ᠎ᠠ ᠶᠢᠨ ᠡᠷᠴᠢᠮ ᠢ ᠠᠳᠬᠤᠨ ︽ᠴᠤᠩᠬᠤᠪᠴᠢ ᠬᠤᠭᠤᠴᠠᠭ᠎ᠠ︾ ᠶᠢ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ᠃    ᠪᠠᠶᠠᠷᠯᠠᠯ᠎ᠠ᠃    ᠳᠤᠮᠳᠠᠳᠤ ᠤᠯᠤᠰ ᠤᠨ ᠠᠵᠤ ᠠᠬᠤᠶ ᠶᠢᠨ ᠰᠦᠯᠵᠢᠶᠡᠨ ᠤ ᠰᠤᠷᠪᠤᠯᠵᠢᠯᠠᠭᠴᠢ᠄    ᠥᠭᠦᠯᠡᠭᠴᠢ ᠲᠠ ᠰᠠᠶᠢᠨ ᠦᠦ︕ ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠳᠤ᠂ 2024 ᠣᠨ ᠳᠤ ᠮᠠᠨ ᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠪᠡ᠂ ᠮᠠᠨ ᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠶᠠᠮᠠᠷ ᠶᠠᠮᠠᠷ ᠣᠨᠴᠠᠯᠢᠭ ᠪᠠ ᠲᠤᠯᠭᠠᠭᠤᠷᠢᠯᠠᠬᠤ ᠬᠦᠴᠦᠨ ᠵᠦᠢᠯ ᠪᠠᠶᠢᠬᠤ ᠶᠢ ᠨᠠᠷᠢᠨ ᠲᠠᠶᠢᠯᠪᠤᠷᠢᠯᠠᠵᠤ ᠪᠣᠯᠤᠨ᠎ᠠ ᠦᠦ︖ ᠪᠠᠶᠠᠷᠯᠠᠯ᠎ᠠ᠃
2024年全区经济运行新闻发布会答记者问8.png
    ᠮᠠ ᠬᠤᠩ ᠵᠢᠶᠦ᠋ᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠪᠠᠶᠢᠳᠠᠯ ᠰᠠᠶᠢᠵᠢᠷᠠᠵᠤ᠂ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠥᠷᠭᠡᠨ ᠣᠯᠠᠨ ᠠᠷᠠᠳ ᠲᠦᠮᠡᠨ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠥᠬᠡᠶ ᠨᠡᠮᠡᠭᠳᠡᠵᠦ᠂ ᠥᠪᠥᠷ ᠮᠣᠩᠭᠤᠯ ᠤᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠭᠤᠤᠯᠳᠠᠭᠤ ᠳᠤᠤᠷᠠᠬᠢ ᠮᠡᠲᠦ ᠣᠨᠴᠠᠯᠢᠭ ᠲᠠᠢ ᠪᠣᠯᠪᠠ᠃    ᠨᠢᠭᠡ ᠳᠤ᠂ ᠥᠪᠥᠷ ᠮᠣᠩᠭᠤᠯ ᠤᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ ᠪᠠᠶᠢᠨ᠎ᠠ᠃    2024 ᠣᠨ ᠳᠤ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40077 ᠲᠥᠭᠦᠷᠢᠭ ᠲᠤ ᠬᠦᠷᠴᠦ᠂ ᠪᠥᠬᠦ ᠤᠯᠤᠰ ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠣᠲᠣᠷ᠎ᠠ 9 ᠳ᠋ᠦᠭᠡᠷ ᠲᠤ ᠵᠢᠭᠰᠠᠭᠠᠭᠳᠠᠪᠠ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠪᠥᠬᠦ ᠣᠷᠣᠨ ᠤ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 50888 ᠲᠥᠭᠦᠷᠢᠭ ᠲᠤ ᠬᠦᠷᠴᠦ᠂ ᠪᠥᠬᠦ ᠤᠯᠤᠰ ᠤᠨ 11 ᠳ᠋ᠤᠭᠡᠷ ᠲᠤ ᠵᠢᠭᠰᠠᠭᠠᠭᠳᠠᠪᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22543 ᠲᠥᠭᠦᠷᠢᠭ ᠲᠤ ᠬᠦᠷᠴᠦ᠂ ᠪᠥᠬᠦ ᠤᠯᠤᠰ ᠲᠤ 12 ᠳ᠋ᠤᠭᠠᠷ ᠲᠤ ᠣᠷᠣᠪᠠ᠃ ᠮᠠᠯᠴᠢᠨ ᠲᠠᠷᠢᠶᠠᠴᠢᠨ ᠤ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠢ ᠠᠴᠠ 1.7 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2023 ᠣᠨ ᠤ 2.29 ᠠᠴᠠ 2024 ᠣᠨ ᠤ 2.26 ᠪᠣᠯᠲᠠᠯ᠎ᠠ ᠪᠠᠭᠠᠰᠪᠠ᠃    ᠬᠤᠶᠠᠷ ᠲᠤ᠂ ᠳᠥᠷᠪᠡᠨ ᠵᠦᠢᠯ ᠤᠨ ᠣᠷᠣᠯᠭ᠎ᠠ ᠳᠤ ︽ᠬᠤᠶᠠᠷ ᠲᠦᠷᠭᠡᠨ ᠬᠤᠶᠠᠷ ᠲᠣᠭᠲᠠᠭᠤᠨ︾ ᠣᠨᠴᠠᠯᠢᠭ ᠢᠯᠡᠷᠡᠪᠡ᠃    2024 ᠣᠨ ᠤ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠳᠥᠷᠪᠡᠨ ᠵᠦᠢᠯ ᠤᠨ ᠣᠷᠣᠯᠭ᠎ᠠ ᠶᠢᠨ ᠳᠣᠲᠣᠷ᠎ᠠ᠂ ᠬᠥᠮᠦᠨ ᠳᠤᠮᠳᠠᠴᠢ ᠶᠢᠨ ᠴᠠᠯᠢᠩ ᠤᠨ ᠴᠢᠨᠠᠷᠲᠠᠶ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 21095 ᠲᠥᠭᠦᠷᠢᠭ ᠪᠠ 6591 ᠲᠥᠭᠦᠷᠢᠭ ᠪᠠᠶᠢᠵᠤ᠂ ᠨᠡᠮᠡᠭᠳᠡᠯ ᠤᠨ ᠬᠤᠷᠳᠤᠴᠠ ᠨᠢ ᠴᠥᠮ 6.0% ᠪᠣᠯᠵᠠᠶ᠃ ᠬᠥᠮᠦᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ ᠪᠠ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢᠨ ᠨᠡᠮᠡᠭᠳᠡᠯ ᠲᠣᠭᠲᠠᠭᠤᠨ ᠪᠠᠶᠢᠵᠤ᠂ ᠲᠣᠰ ᠲᠣᠰ 10541 ᠲᠥᠭᠦᠷᠢᠭ ᠪᠠ 1851 ᠲᠥᠭᠦᠷᠢᠭ ᠪᠠᠶᠢᠵᠤ᠂ ᠨᠡᠮᠡᠭᠳᠡᠯ ᠤᠨ ᠬᠤᠷᠳᠤᠴᠠ ᠨᠢ ᠲᠣᠰ ᠲᠣᠰ 3.6% ᠪᠠ 0.2% ᠪᠣᠯᠪᠠ᠃    ᠲᠤᠯᠭᠠᠭᠤᠷᠢᠯᠠᠬᠤ ᠬᠦᠴᠦᠨ ᠵᠦᠢᠯ ᠠᠴᠠ ᠦᠵᠡᠪᠡᠯ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠪᠤᠢ᠃    ᠨᠢᠭᠡ ᠳᠤ᠂ ᠥᠪᠥᠷ ᠮᠣᠩᠭᠤᠯ ᠤᠨ ᠠᠵᠤ ᠠᠬᠤᠶ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠪᠣᠯ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠴᠢᠬᠤᠯᠠ ᠰᠠᠭᠤᠷᠢ ᠪᠣᠯᠤᠨ᠎ᠠ᠃ 2024 ᠣᠨ ᠳᠤ ᠥᠪᠥᠷ ᠮᠣᠩᠭᠤᠯ ᠤᠨ ᠠᠵᠤ ᠠᠬᠤᠶ ᠦᠷᠭᠦᠯᠵᠢᠯᠡᠨ ᠰᠠᠶᠢᠵᠢᠷᠠᠵᠤ᠂ ᠪᠦᠲᠦᠴᠡ ᠨᠢ ᠰᠢᠯᠢᠳᠡᠭᠵᠢᠨ ᠲᠠᠰ ᠳᠡᠪᠰᠢᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠬᠦ ᠳᠤ ᠨᠥᠬᠦᠴᠡᠯ ᠪᠦᠷᠢᠯᠳᠦᠭᠦᠯᠦᠨ ᠥᠭᠴᠦ᠂ ᠬᠤᠲᠠ ᠪᠠᠯᠭᠠᠰᠤ ᠶᠢᠨ 20.1 ᠲᠦᠮᠡᠨ ᠬᠥᠮᠦᠨ ᠳᠤ ᠰᠢᠨ᠎ᠡ ᠪᠠᠷ ᠠᠵᠢᠯᠣᠯᠭᠤᠪᠠ᠃    ᠬᠤᠶᠠᠷ ᠲᠤ᠂ ᠬᠦᠴᠦᠲᠡᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠴᠢᠬᠤᠯᠠ ᠲᠤᠯᠭᠠᠭᠤᠷᠢᠯᠠᠯ ᠮᠥᠨ᠃ 2024 ᠣᠨ ᠳᠤ ᠠᠯᠢ ᠣᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ ᠬᠡᠷᠡᠭᠵᠢᠭᠦᠯᠵᠦ᠂ ᠵᠢᠯ ᠤᠨ ᠡᠬᠢᠨ ᠳᠤ ᠠᠮᠠᠯᠠᠭᠰᠠᠨ ᠠᠷᠠᠳ ᠤᠨ ᠠᠮᠢᠳᠤᠷᠠᠯ ᠤᠨ 33 ᠵᠦᠢᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠵᠡᠷᠭᠡ 5 ᠵᠦᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠭᠡᠭᠰᠡᠨ ᠪᠤᠶᠤ ᠲᠡᠭᠦᠨ ᠠᠴᠠ ᠳᠠᠪᠠᠵᠠᠶ᠃    ᠭᠤᠷᠪᠠ ᠳᠤ᠂ ᠲᠠᠷᠢᠶᠠᠯᠠᠩ ᠢ ᠲᠤᠰᠠᠯᠠᠵᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠨᠢ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ 2024 ᠣᠨ ᠳᠤ ᠥᠪᠥᠷ ᠮᠣᠩᠭᠤᠯ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠣᠶᠢᠷ᠎ᠠ ᠬᠠᠪᠢ ᠳᠠᠭᠠᠨ ᠠᠵᠢᠯ ᠤᠯᠬᠤ ᠶᠢ ᠳᠡᠮᠵᠢᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠯᠥᠰᠥᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠵᠤ᠂ ᠡᠯ᠎ᠡ ᠲᠥᠷᠥᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠶᠢ ᠲᠤᠭ᠎ᠠ ᠶᠣᠰᠣᠭᠠᠷ ᠲᠠᠷᠬᠠᠭᠠᠵᠤ᠂ ᠬᠡᠰᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠪᠠᠭᠤᠷᠠᠭᠰᠠᠨ ᠠᠴᠠ ᠪᠣᠯᠤᠭᠰᠠᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠳᠤ ᠠᠰᠢᠭ ᠥᠬᠡᠶ ᠨᠥᠯᠥᠭᠡ ᠶᠢ ᠠᠷᠢᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠪᠠ᠃    ︽ᠥᠪᠥᠷ ᠮᠣᠩᠭᠤᠯ ᠤᠨ ᠬᠠᠤᠯᠢ ᠪᠠᠷ ᠵᠠᠰᠠᠬᠤ ᠰᠣᠨᠢᠨ︾ ᠤ ᠰᠤᠷᠪᠤᠯᠵᠢᠯᠠᠭᠴᠢ᠄    ᠥᠭᠦᠯᠡᠭᠴᠢ ᠲᠠ ᠰᠠᠶᠢᠨ ᠦᠦ︕ ᠪᠢᠳᠡ 2024 ᠣᠨ ᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠶᠡᠷᠦᠩᠬᠡᠶ ᠬᠢᠷᠢ ᠲᠦᠪᠰᠢᠨ ᠳᠡᠭᠡᠷ᠎ᠡ ᠵᠢᠯ ᠤᠨ ᠬᠢ ᠠᠴᠠ 0.2% ᠢᠶᠠᠷ ᠳᠡᠭᠡᠭᠰᠢᠯᠡᠭᠰᠡᠨ ᠢ ᠣᠯᠵᠤ ᠬᠠᠷᠠᠯ᠎ᠠ᠂ ᠣᠳᠣᠬᠠᠨ ᠤ CPI ᠶᠢᠨ ᠠᠵᠢᠯᠯᠠᠭᠠᠨ ᠨᠢ ᠭᠤᠤᠯᠳᠠᠭᠤ ᠶᠠᠮᠠᠷ ᠶᠠᠮᠠᠷ ᠣᠨᠴᠠᠯᠢᠭ ᠲᠠᠢ ᠪᠣᠶ︖ 2025 ᠣᠨ ᠤ ᠪᠠᠷᠠᠭᠠᠨ ᠤ ᠦᠨ᠎ᠡ ᠶᠢᠨ ᠲᠤᠬᠠᠶ ᠶᠠᠮᠠᠷ ᠶᠠᠮᠠᠷ ᠤᠷᠢᠳᠴᠢᠯᠠᠭᠰᠠᠨ ᠮᠠᠭᠠᠳᠯᠠᠯᠲᠠ ᠪᠠᠶᠢᠬᠤ ᠪᠣᠶ︖ ᠪᠠᠶᠠᠷᠯᠠᠯ᠎ᠠ᠃
2024年全区经济运行新闻发布会答记者问9.png
   ᠮᠠ ᠬᠤᠩ ᠵᠢᠶᠦ᠋ᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠪᠠᠷᠠᠭᠠᠨ ᠤ ᠦᠨ᠎ᠡ ᠶᠢᠨ ᠪᠠᠶᠢᠳᠠᠯ ᠪᠣᠯ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠂ ᠶᠡᠷᠦᠩᠬᠡᠶ ᠳᠤᠨᠢ ᠠᠪᠴᠤ ᠦᠵᠡᠪᠡᠯ᠂ 2024 ᠣᠨ ᠳᠤ ᠥᠪᠥᠷ ᠮᠣᠩᠭᠤᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠪᠠᠭ᠎ᠠ ᠬᠡᠮᠵᠢᠶ᠎ᠡ ᠪᠠᠷ ᠥᠰᠴᠦ᠂ ᠪᠥᠬᠦ ᠵᠢᠯ ᠳᠤ 0.2% ᠢᠶᠠᠷ ᠥᠰᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠲᠠᠢ ᠠᠳᠠᠯᠢ ᠪᠣᠯᠵᠠᠶ᠃    ᠪᠥᠬᠦ ᠵᠢᠯ ᠠᠴᠠ ᠠᠪᠴᠤ ᠦᠵᠡᠪᠡᠯ᠂ CPI ᠶᠢ ᠪᠦᠷᠢᠯᠳᠦᠭᠦᠯᠦᠭᠰᠡᠨ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠬᠠᠩᠰᠢ ᠨᠢ ᠠᠳᠠᠯᠢ ᠬᠤᠭᠤᠴᠠᠭᠠᠨ ᠤ ᠬᠢ ᠠᠴᠠ ︽ᠵᠢᠷᠭᠤᠭ᠎ᠠ ᠳᠡᠭᠡᠭᠰᠢᠯᠡᠵᠦ ᠬᠤᠶᠠᠷ ᠪᠠᠭᠤᠷᠠᠬᠤ︾ ᠪᠠᠶᠢᠳᠠᠯ ᠲᠠᠢ ᠪᠣᠯᠵᠠᠶ᠃ ᠪᠤᠰᠤᠳ ᠬᠡᠷᠡᠭᠰᠡᠯ ᠵᠢᠴᠢ ᠦᠢᠯᠡᠴᠢᠯᠡᠭᠡ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡ ᠬᠤᠶᠠᠷ ᠶᠡᠭᠡ ᠲᠥᠷᠥᠯ ᠤᠨ ᠦᠨ᠎ᠡ ᠬᠠᠩᠰᠢ ᠢᠯᠡᠳᠲᠡ ᠥᠰᠴᠦ᠂ ᠲᠣᠰ ᠲᠣᠰ 5.5% ᠪᠠ 2.1% ᠪᠠᠷ ᠥᠰᠴᠦ᠂ ᠬᠤᠪᠴᠠᠰᠤ ᠬᠤᠨᠠᠷ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠂ ᠡᠮ ᠡᠮᠨᠡᠯᠭᠡ ᠡᠷᠡᠭᠦᠯᠵᠢᠯ ᠤᠨ ᠭᠤᠷᠪᠠᠨ ᠶᠡᠭᠡ ᠲᠥᠷᠥᠯ ᠤᠨ ᠦᠨ᠎ᠡ ᠬᠠᠩᠰᠢ ᠳᠠᠷᠠᠭᠠᠯᠠᠪᠠᠯ᠂ ᠲᠣᠰ ᠲᠣᠰ 1.7%᠂ 1.4% ᠪᠠ 1.4% ᠪᠠᠷ ᠥᠰᠴᠦ᠂ ᠣᠷᠣᠨ ᠰᠠᠭᠤᠴᠠ ᠶᠢᠨ ᠲᠥᠷᠥᠯ ᠤᠨ ᠦᠨ᠎ᠡ ᠬᠠᠩᠰᠢ 0.1% ᠪᠠᠷ ᠥᠰᠴᠡᠶ᠃ ᠣᠷᠣᠭᠤᠯᠤᠯᠲᠠ ᠶᠢᠨ ᠴᠢᠨᠠᠷᠲᠠᠶ ᠬᠦᠴᠦᠨ ᠵᠦᠢᠯ ᠤᠨ ᠨᠥᠯᠥᠭᠡ ᠠᠴᠠ ᠪᠣᠯᠵᠣ᠂ ᠲᠦᠭᠦᠬᠡᠶ ᠴᠢᠯᠠᠭᠤᠨ ᠲᠣᠰᠣ ᠵᠡᠷᠭᠡ ᠣᠯᠠᠨ ᠤᠯᠤᠰ ᠤᠨ ᠪᠥᠭᠡᠮ ᠲᠠᠸᠠᠷ ᠤᠨ ᠦᠨ᠎ᠡ ᠬᠠᠩᠰᠢ ᠶᠡᠷᠦᠩᠬᠡᠶ ᠳᠡᠭᠡᠨ ᠬᠡᠯᠪᠡᠯᠵᠡᠨ ᠪᠠᠭᠤᠷᠠᠵᠤ᠂ ᠤᠯᠤᠰ ᠤᠨ ᠳᠣᠲᠣᠭᠠᠳᠤ ᠶᠢᠨ ᠡᠨᠧᠷᠭᠢ ᠶᠢᠨ ᠰᠤᠷᠪᠤᠯᠵᠢ ᠶᠢᠨ ᠦᠨ᠎ᠡ ᠬᠠᠩᠰᠢ ᠪᠠᠭᠤᠷᠠᠬᠤ ᠶᠢ ᠳᠠᠶᠢᠴᠢᠯᠠᠨ᠂ ᠵᠠᠮ ᠬᠠᠷᠢᠯᠴᠠᠭ᠎ᠠ ᠮᠡᠳᠡᠭᠡ ᠬᠤᠯᠪᠣᠭᠠᠨ ᠤ ᠲᠥᠷᠥᠯ ᠤᠨ ᠦᠨ᠎ᠡ ᠬᠠᠩᠰᠢ 1.9% ᠪᠠᠭᠤᠷᠠᠪᠠ᠃ ᠢᠳᠡᠭᠡᠨ ᠤ ᠦᠨ᠎ᠡ ᠬᠠᠩᠰᠢ ᠶᠢᠨ ᠲᠠᠯ᠎ᠠ ᠪᠠᠷ᠂ ᠮᠠᠨ ᠤ ᠣᠷᠣᠨ ᠤ ᠢᠳᠡᠭᠡᠨ ᠤ ᠬᠠᠩᠭᠠᠯᠭ᠎ᠠ ᠪᠠ ᠪᠠᠲᠤᠯᠠᠭ᠎ᠠ ᠨᠡᠯᠢᠶᠡᠳ ᠭᠦᠢᠴᠡᠳ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬᠠᠨ ᠤ ᠲᠠᠭᠠᠷᠢᠯᠲᠠ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠪᠥᠬᠦ ᠵᠢᠯ ᠤᠨ ᠢᠳᠡᠭᠡᠨ ᠤ ᠦᠨ᠎ᠡ ᠬᠠᠩᠰᠢ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠵᠤ᠂ 0.9% ᠪᠠᠷ ᠪᠠᠭᠤᠷᠠᠪᠠ᠃    ᠶᠡᠷᠦᠩᠬᠡᠶ ᠳᠤᠨᠢ ᠠᠪᠴᠤ ᠦᠵᠡᠪᠡᠯ᠂ ᠪᠥᠬᠦ ᠣᠷᠣᠨ ᠤ CPI ᠶᠢᠨ ᠥᠰᠥᠯᠲᠡ ᠶᠢᠨ ᠬᠡᠮᠵᠢᠶ᠎ᠡ ᠨᠢ ᠢᠳᠡᠭᠡᠨ ᠪᠠ ᠡᠨᠧᠷᠭᠢ ᠶᠢᠨ ᠦᠨ᠎ᠡ ᠬᠠᠩᠰᠢ ᠶᠢᠨ ᠪᠠᠭᠤᠷᠠᠯᠲᠠ ᠶᠢᠨ ᠨᠥᠯᠥᠭᠡ ᠶᠢ ᠨᠡᠯᠢᠶᠡᠳ ᠶᠡᠭᠡ ᠭᠥᠷᠳᠡᠵᠦ᠂ ᠢᠳᠡᠭᠡᠨ ᠪᠠ ᠡᠨᠧᠷᠭᠢ ᠶᠢᠨ ᠦᠨ᠎ᠡ ᠬᠠᠩᠰᠢ ᠶᠢ ᠬᠠᠰᠤᠭᠰᠠᠨ ᠤ ᠳᠠᠷᠠᠭᠠᠬᠢ ᠭᠤᠤᠯᠯᠠᠬᠤ CPI ᠲᠣᠭᠲᠠᠭᠤᠨ ᠪᠠᠶᠢᠵᠤ᠂ 0.7% ᠪᠠᠷ ᠥᠰᠴᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ 0.2 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠦᠢᠯᠡᠴᠢᠯᠡᠭᠡᠨ ᠤ ᠲᠥᠷᠥᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠰᠠᠶᠢᠵᠢᠷᠠᠬᠤ ᠶᠢ ᠳᠠᠭᠠᠯᠳᠤᠨ᠂ ᠪᠥᠬᠦ ᠣᠷᠣᠨ ᠤ ᠦᠢᠯᠡᠴᠢᠯᠡᠭᠡᠨ ᠤ ᠦᠨ᠎ᠡ ᠬᠠᠩᠰᠢ 0.7% ᠪᠠᠷ ᠥᠰᠴᠦ᠂ CPI ᠶᠢ ᠳᠠᠶᠢᠴᠢᠯᠠᠨ 0.24 ᠵᠠᠭᠤᠨ ᠤ ᠬᠤᠪᠢ ᠶᠢᠨ ᠴᠡᠭ ᠥᠰᠴᠡᠶ᠃    ᠣᠶᠢᠷ᠎ᠠ ᠶᠢᠨ ᠬᠤᠭᠤᠴᠠᠭᠠᠨ ᠤ ᠪᠠᠶᠢᠳᠠᠯ ᠠᠴᠠ ᠦᠵᠡᠪᠡᠯ᠂ 2024 ᠣᠨ ᠤ 12 ᠰᠠᠷ᠎ᠠ ᠳᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ ︽ᠳᠥᠷᠪᠡ ᠳᠡᠭᠡᠭᠰᠢᠯᠡᠵᠦ ᠳᠥᠷᠪᠡ ᠪᠠᠭᠤᠷᠠᠬᠤ︾ ᠪᠠᠶᠢᠳᠠᠯ ᠢᠯᠡᠷᠡᠪᠡ᠃ ᠡᠭᠦᠨ ᠳᠤ᠂ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠂ ᠪᠤᠰᠤᠳ ᠬᠡᠷᠡᠭᠰᠡᠯ ᠵᠢᠴᠢ ᠦᠢᠯᠡᠴᠢᠯᠡᠭᠡ ᠲᠣᠰ ᠲᠣᠰ 0.9%᠂ 0.8%᠂ 0.2% ᠪᠠ 6.3% ᠪᠠᠷ ᠥᠰᠪᠡ︔ ᠢᠳᠡᠭᠡᠨ ᠠᠷᠢᠬᠢ ᠲᠠᠮᠠᠬᠢ᠂ ᠣᠷᠣᠨ ᠰᠠᠭᠤᠴᠠ᠂ ᠵᠠᠮ ᠬᠠᠷᠢᠯᠴᠠᠭ᠎ᠠ ᠴᠢᠮᠡᠭᠡ ᠬᠤᠯᠪᠣᠭ᠎ᠠ᠂ ᠡᠮ ᠡᠮᠨᠡᠯᠭᠡ ᠡᠷᠡᠭᠦᠯᠵᠢᠯ ᠤᠨ ᠦᠨ᠎ᠡ ᠲᠣᠰ ᠲᠣᠰ 1.6%᠂ 0.2%᠂ 2.7% ᠪᠠ 0.3% ᠪᠠᠭᠤᠷᠠᠪᠠ᠃    ᠬᠤᠶᠢᠰᠢᠳᠠ ᠶᠢᠨ ᠬᠡᠰᠡᠭ ᠬᠤᠭᠤᠴᠠᠭᠠᠨ ᠤ ᠪᠠᠷᠠᠭᠠᠨ ᠤ ᠦᠨ᠎ᠡ ᠶᠢᠨ ᠬᠠᠨᠳᠤᠰᠢ ᠶᠢᠨ ᠲᠤᠬᠠᠶ᠂ ᠪᠢᠳᠡ ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠵᠤ᠂ 2025 ᠣᠨ ᠳᠤ CPI ᠶᠢᠨ ᠲᠣᠭᠲᠠᠭᠤᠨ ᠤ ᠳᠤᠮᠳᠠ ᠳᠡᠭᠡᠭᠰᠢᠯᠡᠬᠦ ᠳᠤ ᠠᠰᠢᠭᠲᠠᠶ ᠢᠳᠡᠪᠬᠢᠲᠡᠶ ᠬᠦᠴᠦᠨ ᠵᠦᠢᠯ ᠨᠡᠮᠡᠭᠳᠡᠵᠦ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠤᠯᠤᠰ ᠤᠨ ᠳᠠᠪᠬᠤᠷᠭ᠎ᠠ ᠳᠤ᠂ ᠬᠠᠳᠠᠭᠠᠯᠠᠯᠲᠠ ᠶᠢᠨ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠨᠤᠭᠤᠳ ᠬᠠᠮᠵᠢᠯᠴᠠᠨ ᠬᠦᠴᠦᠯᠡᠪᠡ᠃ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ᠂ ᠰᠠᠶ᠋ᠢᠬᠠᠨ ᠲᠡᠭᠦᠰᠦᠭᠰᠡᠨ ᠬᠤᠶᠠᠷ ᠬᠤᠷᠠᠯ ᠠᠴᠠ 2025 ᠣᠨ ᠤ ᠠᠵᠢᠯ ᠳᠤ 11 ᠲᠠᠯ᠎ᠠ ᠶᠢᠨ ᠲᠣᠳᠣᠷᠬᠠᠢ ᠪᠠᠶᠢᠷᠢᠯᠠᠭᠤᠯᠤᠯᠲᠠ ᠬᠢᠵᠡᠢ᠃ ᠣᠬᠤᠷ ᠬᠤᠭᠤᠴᠠᠭᠠᠨ ᠠᠴᠠ ᠦᠵᠡᠪᠡᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠣᠶᠢᠷᠠᠳᠬᠤ ᠶᠢ ᠳᠠᠭᠠᠯᠳᠤᠨ᠂ ᠢᠳᠡᠭᠡᠨ ᠤ ᠬᠡᠷᠡᠭᠯᠡᠭᠡᠨ ᠤ ᠬᠡᠷᠡᠭᠴᠡᠭᠡ ᠨᠡᠮᠡᠭᠳᠡᠵᠦ᠂ ᠭᠠᠳᠠᠭᠰᠢ ᠭᠠᠷᠴᠤ ᠦᠢᠯᠡᠴᠢᠯᠡᠬᠦ ᠬᠡᠷᠡᠭᠯᠡᠭᠡ ᠴᠦ ᠨᠠᠩ ᠬᠥᠭᠵᠢᠶᠡᠨᠲᠡᠶ ᠪᠣᠯᠵᠣ᠂ CPI ᠶᠢᠨ ᠤᠯᠠᠷᠢᠯ ᠤᠨ ᠴᠢᠨᠠᠷᠲᠠᠶ ᠳᠡᠭᠡᠭᠰᠢᠯᠡᠯᠲᠡ ᠶᠢ ᠠᠬᠢᠭᠤᠯᠬᠤ ᠳᠤ ᠠᠰᠢᠭᠲᠠᠶ ᠪᠣᠯᠤᠨ᠎ᠠ᠃ ᠣᠷᠳᠣ ᠬᠤᠭᠤᠴᠠᠭᠠᠨ ᠠᠴᠠ ᠠᠪᠴᠤ ᠦᠵᠡᠪᠡᠯ᠂ ᠠᠵᠤ ᠠᠬᠤᠶᠢᠯᠠᠯ ᠪᠠ ᠰᠠᠭᠤᠭᠠᠯᠢ ᠠᠷᠠᠳ ᠤᠨ ᠪᠦᠬᠦᠯᠢ ᠴᠣᠭᠴᠠ ᠶᠢᠨ ᠵᠢᠱᠢᠯᠲᠡ ᠰᠠᠶᠢᠵᠢᠷᠠᠵᠤ ᠪᠠᠶᠢᠨ᠎ᠠ᠂ ᠬᠤᠷᠸ᠎ᠠ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠬᠦ ᠶᠢ ᠳᠠᠭᠠᠯᠳᠤᠨ᠂ ᠠᠵᠤ ᠠᠬᠤᠶ ᠶᠢᠨ ᠨᠡᠮᠡᠭᠳᠡᠯ ᠪᠠ ᠪᠠᠷᠠᠭᠠᠨ ᠤ ᠦᠨ᠎ᠡ ᠶᠢᠨ ᠵᠦᠶ ᠵᠣᠬᠢᠰᠲᠠᠶ ᠰᠡᠷᠭᠦᠨ ᠳᠡᠭᠡᠭᠰᠢᠯᠡᠬᠦ ᠳᠤ ᠨᠠᠩ ᠰᠠᠶᠢᠨ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠬᠠᠩᠭᠠᠬᠤ ᠪᠣᠯᠤᠨ᠎ᠠ᠂ ᠡᠶᠢᠮᠦ ᠠᠴᠠ ᠵᠢᠱᠢᠯᠲᠡ ᠪᠠᠷ 2025 ᠣᠨ ᠤ CPI ᠲᠣᠭᠲᠠᠭᠤᠨ ᠢᠶᠠᠷ ᠨᠡᠮᠡᠭᠳᠡᠬᠦ ᠪᠣᠯᠤᠨ᠎ᠠ᠃ ᠪᠠᠶᠠᠷᠯᠠᠯ᠎ᠠ᠃    ᠤᠮᠠᠷᠠᠲᠤ ᠬᠢᠯᠢ ᠶᠢᠨ ᠰᠣᠨᠢᠨ ᠮᠡᠳᠡᠭᠡᠨ ᠤ ᠰᠤᠷᠪᠤᠯᠵᠢᠯᠠᠭᠴᠢ᠄    ᠥᠭᠦᠯᠡᠭᠴᠢ ᠲᠠ ᠰᠠᠶᠢᠨ ᠦᠦ᠃ 2024 ᠣᠨ ᠳᠤ᠂ ᠮᠠᠨ ᠤ ᠣᠷᠣᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠠᠯᠬᠤᠮ ᠠᠯᠬᠤᠮ ᠢᠶᠠᠷ ᠳᠡᠭᠡᠭᠰᠢᠯᠡᠬᠦ ᠬᠠᠨᠳᠤᠰᠢ ᠲᠠᠢ ᠪᠣᠯᠪᠠ᠃ ᠲᠡᠭᠡᠪᠡᠯ᠂ 2024 ᠣᠨ ᠳᠤ ᠮᠠᠨ ᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠤ ᠶᠠᠮᠠᠷ ᠶᠠᠮᠠᠷ ᠲᠣᠪᠤᠶᠢᠮ᠎ᠠ ᠬᠢᠯᠠᠰ ᠴᠡᠭ ᠪᠠᠶᠢᠬᠤ ᠪᠣᠶ︖ ᠪᠠᠶᠠᠷᠯᠠᠯ᠎ᠠ᠃
2024年全区经济运行新闻发布会答记者问10.png
    ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠰᠠᠶ᠋ᠢᠬᠠᠨ ᠪᠠᠰᠠ ᠳᠤᠷᠠᠳᠤᠭᠰᠠᠨ ᠨᠢ᠂ 2024 ᠣᠨ ᠤ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠨᠢᠭᠡᠨ ᠶᠡᠭᠡ ᠬᠢᠯᠠᠰ ᠴᠡᠭ ᠪᠣᠯᠤᠭᠰᠠᠨ ᠤ ᠬᠤᠪᠢ ᠳᠤ᠂ ᠬᠡᠷᠡᠭᠯᠡᠭᠡ ᠶᠢ ᠠᠬᠢᠭᠤᠯᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠵᠦ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠳᠠᠯ ᠳᠤᠤᠷ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ︽ᠳᠡᠭᠡᠭᠰᠢᠯᠡᠬᠦ︾ ᠮᠤᠷᠤᠶ ᠱᠤᠭᠤᠮ ᠲᠠᠢ ᠪᠣᠯᠵᠠᠶ᠃ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠳᠡᠭᠡᠭᠰᠢᠯᠡᠵᠦ ᠪᠠᠶᠢᠬᠤ ᠨᠢ ᠭᠡᠨᠡᠳᠲᠡ ᠶᠢᠨ ᠶᠠᠪᠤᠳᠠᠯ ᠪᠢᠰᠢ ᠶᠤᠮ᠂ ᠪᠥᠬᠦ ᠤᠯᠤᠰ ᠤᠨ ᠪᠠᠶᠢᠳᠠᠯ ᠠᠴᠠ ᠦᠵᠡᠪᠡᠯ᠂ ᠮᠠᠰᠢᠨ ᠲᠡᠷᠭᠡ ︽ᠡᠨᠧᠷᠭᠢ︾ ᠰᠣᠯᠢᠬᠤ᠂ ᠬᠡᠷ ᠤᠨ ᠴᠠᠬᠢᠯᠭᠠᠨ ᠬᠡᠷᠡᠭᠰᠡᠯ ︽ᠤᠶᠤᠨᠯᠢᠭ︾ ᠢ ᠰᠣᠯᠢᠬᠤ᠂ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ ᠢ ︽ᠰᠢᠨᠡᠳᠬᠡᠬᠦ︾ ᠵᠢᠴᠢ ︽ᠬᠠᠭᠤᠴᠢᠨ ᠢ ᠲᠠᠶᠠᠭᠳᠠᠬᠤ ᠳᠤ ᠨᠠᠩ ᠠᠮᠠᠷᠬᠠᠨ᠂ ᠰᠢᠨ᠎ᠡ ᠶᠢ ᠰᠣᠯᠢᠵᠤ ᠰᠢᠨᠡᠳᠬᠡᠬᠦ ᠳᠤᠷᠠᠲᠠᠶ︾ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠶᠢ ᠳᠠᠭᠠᠯᠳᠤᠨ᠂ ᠠᠳᠠᠯᠢ ᠪᠤᠰᠤ ᠬᠦᠷᠢᠶ᠎ᠡ ᠠᠳᠠᠯᠢ ᠪᠤᠰᠤ ᠲᠠᠰ ᠳᠠᠪᠬᠤᠷᠭ᠎ᠠ ᠠᠴᠠ ᠬᠡᠷᠡᠭᠯᠡᠭᠡ ᠶᠢ ᠠᠬᠢᠭᠤᠯᠬᠤ ᠳᠤ ᠪᠦᠲᠦᠮᠵᠢᠲᠡᠶ ᠲᠤᠯᠭᠠᠭᠤᠷᠢᠯᠠᠬᠤ ᠦᠢᠯᠡᠳᠦᠯ ᠦᠵᠡᠭᠦᠯᠪᠡ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠤᠯᠤᠰ ᠠᠴᠠ ᠨᠡᠶᠢᠲᠡᠯᠡᠭᠰᠡᠨ ᠠᠰᠢᠭᠲᠠᠶ ᠲᠥᠷᠥ ᠶᠢᠨ ᠪᠣᠳᠣᠯᠭ᠎ᠠ ᠲᠠᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠵᠤ᠂ ᠬᠠᠮᠢᠶ᠎ᠠ ᠪᠥᠬᠦᠶ ᠠᠵᠢᠯ ᠢ ᠢᠳᠡᠪᠬᠢᠲᠡᠶ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠶᠡᠭᠡ ᠠᠵᠢᠯᠯᠠᠭ᠎ᠠ︾ ᠶᠢᠨ ᠲᠣᠭᠤᠷᠢᠨ ᠳᠤ ᠬᠦᠷᠢᠶ᠎ᠡ ᠴᠠᠷᠠᠭ᠎ᠠ ᠬᠤᠪᠢᠶᠠᠨ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ 8 ᠭᠤᠤᠯᠳᠠᠯᠭ᠎ᠠ ᠲᠠᠢ ᠬᠦᠷᠢᠶᠡᠨ ᠳᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠠᠭᠠᠴᠢ ᠶᠢᠨ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤᠥᠭᠴᠡᠶ᠃  ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠳᠡᠭᠡᠷ᠎ᠡ ᠲᠤᠰᠬᠠᠭᠳᠠᠭᠠᠳ ᠳᠣᠣᠷᠠᠬᠢ ᠮᠡᠲᠦ ᠢᠳᠡᠪᠬᠢᠲᠡᠶ ᠣᠨᠴᠠᠯᠢᠭ ᠢᠯᠡᠷᠡᠪᠡ᠄    ᠨᠢᠭᠡ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠲᠠᠸᠠᠷ ᠤᠨ ᠬᠡᠷᠡᠭᠯᠡᠭᠡᠨ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠮᠠᠰᠢ ᠢᠯᠡᠷᠬᠡᠶ ᠪᠠᠶᠢᠨ᠎ᠠ᠃ 2024 ᠣᠨ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ ᠪᠠᠨ 4.2% ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ ᠪᠠᠨ 1.4 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ 14.8% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 9.8 ᠵᠠᠭᠤᠨ ᠤ ᠬᠤᠪᠢ ᠶᠢᠨ ᠴᠡᠭ ᠲᠦᠷᠭᠡᠳᠪᠡ︔ ᠰᠢᠨ᠎ᠡ ᠡᠨᠧᠷᠭᠢ ᠶᠢᠨ ᠮᠠᠰᠢᠨ ᠲᠡᠷᠭᠡ ᠳᠡᠭᠡᠷ᠎ᠡ ᠵᠢᠯ ᠤᠨ ᠬᠢ ᠠᠴᠠ 94.7% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 15.4 ᠵᠠᠭᠤᠨ ᠤ ᠬᠤᠪᠢ ᠶᠢᠨ ᠴᠡᠭ ᠲᠦᠷᠭᠡᠳᠪᠡ᠃ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠬᠡᠷ ᠤᠨ ᠬᠡᠷᠡᠭᠰᠡᠯ ᠤᠨ ᠲᠥᠷᠥᠯ ᠪᠠ ᠪᠠᠷᠢᠯᠭ᠎ᠠ ᠵᠢᠴᠢ ᠴᠢᠮᠡᠭᠯᠡᠯ ᠤᠨ ᠮᠠᠲ᠋ᠧᠷᠢᠶᠠᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ ᠲᠣᠰ ᠲᠣᠰ 13.8᠂ 9.7 ᠪᠠ 25.7 ᠵᠠᠭᠤᠨ ᠤ ᠬᠤᠪᠢ ᠶᠢᠨ ᠴᠡᠭ ᠲᠦᠷᠭᠡᠳᠪᠡ᠃    ᠬᠤᠶᠠᠷ ᠲᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠪᠠ᠃ 2024 ᠣᠨ ᠳᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠴᠡᠴᠡᠭᠯᠡᠨ ᠬᠥᠭᠵᠢᠵᠦ᠂ ᠬᠥᠷ ᠬᠥᠭᠵᠢᠶᠡᠨ ᠢᠶᠠᠷ ᠦᠷᠭᠦᠯᠵᠢᠯᠡᠨ ᠳᠡᠭᠡᠭᠰᠢᠯᠡᠵᠦ᠂ ᠵᠠᠬ᠎ᠠ ᠳᠡᠯᠭᠡᠭᠦᠷ ᠥᠪᠡᠷᠮᠢᠴᠡ ᠣᠨᠴᠠᠯᠢᠭ ᠲᠠᠢ᠂ ᠴᠢᠨᠠᠷ ᠰᠠᠶᠢᠲᠠᠶ ᠪᠦᠳᠦᠭᠡᠭᠳᠡᠭᠦᠨ ᠤ ᠬᠠᠩᠭᠠᠯᠭ᠎ᠠ ᠲᠠᠰᠤᠷᠠᠯᠲᠠ ᠥᠬᠡᠶ ᠨᠡᠮᠡᠭᠳᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ 30 ᠭᠠᠷᠤᠶ ᠰᠣᠳᠣᠨ ᠱᠤᠭᠤᠮ ᠢ ᠭᠠᠷᠭᠠᠵᠤ᠂ ︽ᠥᠪᠥᠷ ᠮᠣᠩᠭᠤᠯ ᠳᠤ ᠳᠠᠭᠤᠯᠠᠨ ᠠᠶᠠᠯᠠᠶ᠎ᠠ︾᠂ ︽ᠲᠣᠭᠯᠠᠯᠲᠠ ᠪᠠᠨ ᠳᠠᠭᠠᠵᠤ ᠵᠢᠭᠤᠯᠴᠢᠯᠠᠬᠤ︾ ᠵᠡᠷᠭᠡ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠲᠣᠮᠣ ᠬᠡᠯᠪᠡᠷᠢ ᠶᠢᠨ ᠳᠠᠭᠤᠤ ᠶᠢᠨ ᠨᠠᠶᠢᠷ᠂ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠡᠯᠪᠡᠭ ᠪᠠᠶᠠᠯᠢᠭ ᠪᠠᠶᠢᠵᠤ᠂ ᠬᠡᠷᠡᠭᠯᠡᠭᠴᠢᠳ ᠤᠨ ᠥᠪᠡᠷᠮᠢᠴᠡ᠂ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠦᠢᠯᠡᠴᠢᠯᠡᠭᠡᠨ ᠤ ᠬᠡᠷᠡᠭᠯᠡᠭᠡ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠬᠦᠴᠦᠲᠡᠶ ᠳᠠᠶᠢᠴᠢᠯᠠᠪᠠ᠃ 2024 ᠣᠨ ᠳᠤ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠳᠡᠭᠡᠷ᠎ᠡ ᠵᠢᠯ ᠤᠨ ᠬᠢ ᠠᠴᠠ 6.3% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ 1.8 ᠵᠠᠭᠤᠨ ᠤ ᠬᠤᠪᠢ ᠶᠢᠨ ᠴᠡᠭ ᠠᠴᠠ ᠥᠨᠳᠥᠷ ᠪᠠᠶᠢᠵᠤ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠴᠠ 2.1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠪᠥᠬᠦ ᠵᠢᠯ ᠤᠨ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 5681 ᠲᠦᠮᠡᠨ ᠬᠥᠮᠦᠨ ᠪᠠᠶᠢᠵᠤ᠂ ᠲᠦᠷᠦᠭᠦᠦ ᠵᠢᠯ ᠤᠨ ᠬᠢ ᠠᠴᠠ 12.3% ᠪᠠᠷ ᠨᠡᠮᠡᠭᠳᠡᠪᠡ᠃ ᠡᠭᠦᠨ ᠳᠤ᠂ ᠲᠦᠷᠭᠡᠨ ᠤ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 2707 ᠲᠦᠮᠡᠨ ᠬᠥᠮᠦᠨ ᠪᠠᠶᠢᠵᠤ᠂ 20.4% ᠪᠠᠷ ᠨᠡᠮᠡᠭᠳᠡᠪᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1558 ᠲᠦᠮᠡᠨ ᠬᠥᠮᠦᠨ ᠪᠠᠶᠢᠵᠤ᠂ 14.1% ᠪᠠᠷ ᠨᠡᠮᠡᠭᠳᠡᠪᠡ᠃    ᠭᠤᠷᠪᠠ ᠳᠤ᠂ ᠰᠢᠨ᠎ᠡ ᠬᠡᠷᠡᠭᠯᠡᠭᠡᠨ ᠤ ᠵᠠᠭᠪᠤᠷ ᠢᠶᠠᠷ ᠰᠦᠯᠵᠢᠶᠡᠨ ᠤ ᠬᠡᠷᠡᠭᠯᠡᠭᠡ ᠶᠢᠨ ᠠᠮᠢᠳᠤᠯᠢᠭ ᠬᠦᠴᠦᠨ ᠢ ᠳᠠᠶᠢᠴᠢᠯᠠᠪᠠ᠃ ᠲᠡᠷᠡ ᠳᠠᠷᠤᠢ ᠳᠤᠨᠢ ᠵᠢᠵᠢᠭᠯᠡᠨ ᠬᠤᠳᠠᠯᠳᠤᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠲᠦᠷᠭᠡᠨ ᠬᠥᠭᠵᠢᠵᠦ᠂ ᠰᠦᠯᠵᠢᠶᠡᠨ ᠳᠡᠭᠡᠷᠡᠬᠢ ᠬᠡᠷᠡᠭᠯᠡᠭᠡ ᠦᠷᠭᠦᠯᠵᠢᠯᠡᠨ ᠬᠥᠭᠵᠢᠶᠡᠨ ᠲᠠᠢ ᠪᠠᠶᠢᠬᠤ ᠶᠢ ᠲᠠᠶᠢᠴᠢᠯᠠᠪᠠ᠃ 2024 ᠣᠨ ᠳᠤ᠂ ᠪᠥᠬᠦ ᠣᠷᠣᠨ ᠤ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠳᠡᠭᠡᠷ᠎ᠡ ᠵᠢᠯ ᠤᠨ ᠬᠢ ᠠᠴᠠ 12.9% ᠪᠠᠷ ᠨᠡᠮᠡᠭᠳᠡᠪᠡ᠃ ᠡᠭᠦᠨ ᠳᠤ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠳᠡᠭᠡᠷ᠎ᠡ ᠵᠢᠯ ᠤᠨ ᠬᠢ ᠠᠴᠠ 9.4% ᠪᠠᠷᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.1 ᠵᠠᠭᠤᠨ ᠤ ᠬᠤᠪᠢ ᠶᠢᠨ ᠴᠡᠭ ᠲᠦᠷᠭᠡᠳᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠠᠴᠠ 4.9 ᠵᠠᠭᠤᠨ ᠤ ᠬᠤᠪᠢ ᠶᠢᠨ ᠴᠡᠭ ᠥᠨᠳᠥᠷ ᠪᠣᠯᠵᠠᠢ᠃    ᠶᠡᠷᠦᠩᠬᠡᠶ ᠳᠤᠨᠢ ᠠᠪᠴᠤ ᠦᠵᠡᠪᠡᠯ᠂ 2024 ᠣᠨ ᠳᠤ ᠮᠠᠨ ᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠢᠯᠡᠷᠡᠯ ᠶᠡᠷᠦᠩᠬᠡᠶ ᠳᠡᠭᠡᠨ ᠶᠡᠷᠦ ᠪᠤᠰᠤ ᠶᠢᠨ ᠪᠠᠶᠢᠵᠤ᠂ ᠰᠠᠶᠢᠵᠢᠷᠠᠬᠤ ᠬᠠᠨᠳᠤᠰᠢ ᠢᠯᠡᠷᠡᠪᠡ᠂ ᠭᠡᠪᠡᠴᠦ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠪᠠ ᠬᠡᠷᠡᠭᠯᠡᠭᠡᠨ ᠤ ᠬᠦᠰᠡᠯ ᠡᠷᠡᠮᠡᠯᠵᠡᠯ ᠮᠥᠨ ᠬᠦ ᠬᠦᠷᠦᠯᠴᠡᠬᠦ ᠥᠬᠡᠶ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠤ ᠮᠥᠨ ᠬᠦ ᠨᠡᠯᠢᠶᠡᠳ ᠶᠡᠭᠡ ᠳᠠᠯᠳᠠ ᠬᠦᠴᠦᠨ ᠪᠠ ᠪᠠᠳᠠᠷᠠᠭᠤᠯᠬᠤ ᠣᠷᠣᠨ ᠵᠠᠶ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠶ᠃ 2025 ᠣᠨ ᠳᠤ᠂ ᠤᠯᠤᠰ ᠤᠨ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭᠠᠨ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠲᠠᠸᠠᠷ ᠪᠣᠯᠤᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠢᠳᠡᠪᠬᠢᠲᠡᠶ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠳᠠᠯᠢ ᠪᠤᠰᠤ ᠬᠥᠮᠦᠰ᠂ ᠠᠳᠠᠯᠢ ᠪᠤᠰᠤ ᠬᠡᠷᠡᠭᠯᠡᠭᠡᠨ ᠤ ᠬᠦᠷᠢᠶ᠎ᠡ᠂ ᠠᠳᠠᠯᠢ ᠪᠤᠰᠤ ᠣᠷᠣᠨ ᠪᠦᠰᠡ ᠳᠤ ᠴᠢᠭᠯᠡᠭᠦᠯᠦᠨ ᠬᠡᠷᠡᠭᠯᠡᠭᠡ ᠶᠢ ᠣᠨᠣᠴᠠᠲᠠᠶ ᠪᠠᠷ ᠬᠦᠴᠦᠯᠡᠨ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠬᠦ ᠬᠡᠷᠡᠭᠲᠡᠶ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号