ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠳᠤ ᠰᠤᠭᠤᠴᠢᠨ ᠪᠠᠶᠢᠴᠠᠭᠠᠯᠲᠠ ᠥᠷᠨᠢᠭᠦᠯᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇ | 2024﹈ 71 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠤᠯ ᠰᠢᠵᠢᠮ ᠤᠨ ᠲᠣᠭᠤᠷᠢᠨ ᠳᠤ᠂ ᠪᠥᠬᠦ ᠣᠷᠣᠨ ᠤ 2025 ᠣᠨ ᠤ ᠪᠥᠬᠦ ᠤᠯᠤᠰ ᠤᠨ 1% ᠶᠢᠨ ᠬᠥᠮᠦᠨ | ᠠᠮᠠ ᠳᠤ ᠰᠤᠭᠤᠴᠢᠨ ᠪᠠᠶᠢᠴᠠᠭᠠᠯᠲᠠ ᠬᠢᠬᠦ ᠠᠵᠢᠯ ᠢ ᠬᠢᠨᠠᠮᠠᠭᠠᠶ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠃ | ᠨᠢᠭᠡ᠂ ᠪᠠᠶᠢᠴᠠᠭᠠᠬᠤ ᠵᠣᠷᠢᠯᠭ᠎ᠠ | ᠪᠥᠬᠦ ᠣᠷᠣᠨ ᠤ 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢ ᠰᠤᠭᠤᠴᠢᠨ ᠪᠠᠶᠢᠴᠠᠭᠠᠬᠤ | ᠠᠵᠢᠯ ᠢ ᠥᠷᠨᠢᠭᠦᠯᠬᠦ ᠪᠠᠷ ᠳᠠᠮᠵᠢᠭᠤᠯᠤᠨ᠂ 2020 ᠣᠨ ᠠᠴᠠ ᠨᠠᠭᠠᠰᠢᠬᠢ ᠪᠥᠬᠦ ᠣᠷᠣᠨ ᠤ ᠬᠥᠮᠦᠨ ᠠᠮᠠ ᠶᠢᠨ | ᠲᠤᠭ᠎ᠠ᠂ ᠬᠡᠪ ᠴᠢᠨᠠᠷ᠂ ᠪᠦᠲᠦᠴᠡ᠂ ᠲᠠᠷᠬᠠᠯᠲᠠ ᠵᠢᠴᠢ ᠣᠷᠣᠨ ᠰᠠᠭᠤᠴᠠ ᠵᠡᠷᠭᠡ ᠲᠠᠯ᠎ᠠ ᠶᠢᠨ ᠬᠤᠪᠢᠷᠠᠯᠲᠠ ᠶᠢᠨ | ᠪᠠᠶᠢᠳᠠᠯ ᠢ ᠪᠠᠶᠢᠴᠠᠭᠠᠨ ᠳᠣᠲᠣᠯᠠᠵᠤ᠂ ᠪᠥᠬᠦ ᠣᠷᠣᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠳᠠᠯ ᠢ | ᠪᠤᠰᠤᠳᠴᠢ ᠪᠠᠷ ᠲᠤᠰᠬᠠᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠰᠢᠨ᠎ᠡ ᠴᠠᠭ ᠦᠶ᠎ᠡ ᠶᠢᠨ ᠬᠥᠮᠦᠨ ᠠᠮᠠ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ | ᠥᠪᠥᠷ ᠮᠣᠩᠭᠤᠯ ᠤᠨ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠨᠣᠪᠴᠢᠲᠠᠶ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ | ᠬᠤᠶᠠᠷ᠂ ᠪᠠᠶᠢᠴᠠᠭᠠᠭᠳᠠᠬᠤ ᠡᠲᠡᠭᠡᠳ ᠪᠠ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ ᠰᠠᠭᠤᠭ᠎ᠠ ᠡᠷᠦᠬᠡ ᠶᠢᠨ ᠪᠦᠬᠦ ᠬᠥᠮᠦᠨ ᠠᠮᠠ ᠶᠢ | ᠲᠠᠲᠠᠵᠤ᠂ ᠪᠦᠬᠦ ᠣᠷᠣᠨ ᠠᠴᠠ ᠪᠠᠷᠤᠭ 15 ᠲᠦᠮᠡᠨ ᠰᠠᠭᠤᠭ᠎ᠠ ᠡᠷᠦᠬᠡ᠂ 35 ᠲᠦᠮᠡᠨ ᠬᠥᠮᠦᠨ ᠢ ᠲᠠᠲᠠᠵᠤ | ᠠᠪᠤᠪᠠ᠃ | ᠭᠤᠷᠪᠠ᠂ ᠪᠠᠶᠢᠴᠠᠭᠠᠯᠲᠠ ᠶᠢᠨ ᠠᠭᠤᠯᠭ᠎ᠠ ᠪᠠ ᠴᠠᠭ | ᠪᠠᠶᠢᠴᠠᠭᠠᠬᠤ ᠠᠭᠤᠯᠭ᠎ᠠ ᠨᠢ ᠬᠥᠮᠦᠨ ᠠᠮᠠ ᠪᠣᠯᠤᠨ ᠰᠠᠭᠤᠭ᠎ᠠ ᠡᠷᠦᠬᠡ ᠶᠢᠨ ᠦᠨᠳᠦᠰᠦᠨ ᠪᠠᠶᠢᠳᠠᠯ ᠪᠣᠯᠤᠨ᠎ᠠ᠂ | ᠭᠤᠤᠯᠳᠠᠭᠤ ᠣᠪᠣᠭ ᠨᠡᠷ᠎ᠡ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠴᠢᠨᠠᠷ ᠤᠨ ᠢᠯᠭᠠᠯ᠂ ᠨᠠᠰᠤ᠂ | ᠦᠨᠳᠦᠰᠦᠲᠡᠨ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠠᠵᠢᠯ ᠲᠥᠷᠥᠯ᠂ ᠠᠵᠢᠯ ᠮᠡᠷᠭᠡᠵᠢᠯ᠂ ᠨᠡᠭᠦᠳᠡᠯ᠂ | ᠣᠷᠤᠭ᠂ ᠦᠷᠡᠵᠢᠯ᠂ ᠦᠬᠦᠯ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃ | ᠪᠠᠶᠢᠴᠠᠭᠠᠬᠤ ᠪᠠᠷᠢᠮᠵᠢᠶ᠎ᠠ ᠴᠠᠭ ᠨᠢ 2025 ᠣᠨ ᠤ 11 ᠳ᠋ᠤᠭᠡᠷ ᠰᠠᠷ᠎ᠠ ᠶᠢᠨ 1 ᠤ ᠡᠳᠦᠷ ᠤᠨ ᠲᠡᠭ ᠴᠠᠭ | ᠪᠣᠯᠤᠨ᠎ᠠ᠃ | ᠳᠥᠷᠪᠡ᠂ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ︽ᠪᠦᠬᠦ ᠤᠯᠤᠰ ᠢᠶᠠᠷ ᠢᠶᠠᠨ ᠨᠢᠭᠡᠳᠦᠯᠲᠡᠢ | ᠤᠳᠤᠷᠢᠳᠬᠤ᠂ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠤᠨ ᠬᠢᠨ ᠱᠠᠳᠤ | ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ︾ ᠵᠠᠷᠴᠢᠮ ᠶᠣᠰᠣᠭᠠᠷ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠤ᠂ ᠬᠠᠤᠯᠢ | ᠶᠣᠰᠣᠭᠠᠷ ᠰᠢᠨᠵᠢᠯᠡᠬᠦ ᠤᠬᠠᠭᠠᠨᠴᠢ ᠪᠠᠷ ᠪᠠᠶᠢᠴᠠᠭᠠᠵᠤ᠂ ᠮᠠᠨ ᠤ ᠣᠷᠣᠨ ᠤ 2025 ᠣᠨ ᠤ ᠪᠦᠬᠦ ᠤᠯᠤᠰ ᠤᠨ | 1% ᠶᠢᠨ ᠬᠥᠮᠦᠨ ᠠᠮᠠ ᠶᠢ ᠰᠤᠭᠤᠴᠢᠨ ᠪᠠᠶᠢᠴᠠᠭᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ | ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢ | ᠰᠤᠭᠤᠴᠢᠨ ᠪᠠᠶᠢᠴᠠᠭᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ︵ᠳᠣᠷᠣᠭᠰᠢ ᠵᠣᠬᠢᠴᠠᠭᠤᠯᠬᠤ ᠳᠤᠭᠤᠶᠢᠯᠠᠩ | ᠭᠡᠵᠦ ᠲᠣᠪᠴᠢᠯᠠᠨ᠎ᠠ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠥᠬᠡᠶ᠂ ᠡᠭᠦᠷᠭᠡ ᠪᠠᠨ | ᠪᠡᠶᠡᠯᠡᠭᠦᠯᠦᠭᠰᠡᠨ ᠤ ᠳᠠᠷᠠᠭ᠎ᠠ ᠥᠪᠡᠰᠦᠪᠡᠨ ᠬᠦᠴᠦᠨ ᠥᠬᠡᠶ ᠪᠣᠯᠭᠠᠨ᠎ᠠ︶ ᠪᠥᠬᠦ ᠣᠷᠣᠨ ᠤ ᠪᠠᠶᠢᠴᠠᠭᠠᠯᠲᠠ ᠶᠢᠨ | ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ | ᠪᠠᠶᠢᠴᠠᠭᠠᠯᠲᠠ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ | ᠰᠢᠢᠳᠪᠦᠷᠢᠯᠡᠨ᠎ᠡ᠃ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠳᠤ ᠭᠠᠷᠭᠠᠪᠠ ᠲᠦᠷᠦᠭᠦᠯᠡᠨ ᠶᠡᠷᠦᠩᠬᠡᠶ ᠳᠤᠨᠢ ᠠᠳᠬᠤᠬᠤ ᠦᠢᠯᠡᠳᠦᠯ ᠢᠶᠠᠨ | ᠪᠠᠳᠠᠷᠠᠭᠤᠯᠵᠤ᠂ ᠵᠣᠬᠢᠴᠠᠭᠤᠯᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠰᠢᠮᠳᠠᠭᠤᠯᠬᠤ ᠬᠡᠷᠡᠭᠲᠡᠶ᠃ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠬᠦᠨ | ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠲᠤᠰ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠮᠡᠳᠡᠭᠡ | ᠵᠠᠩᠭᠢ ᠶᠢ ᠬᠠᠮᠲᠤᠪᠠᠷ ᠡᠳ᠋ᠯᠡᠵᠦ᠂ ᠬᠦᠴᠦ ᠪᠠᠨ ᠬᠠᠮᠲᠤᠳᠬᠠᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠵᠣᠬᠢᠴᠠᠩᠭᠤᠶ ᠪᠦᠬᠦᠢ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠪᠠᠶᠢᠭᠤᠯᠵᠤ᠂ | ᠲᠤᠰ ᠭᠠᠵᠠᠷ ᠣᠷᠣᠨ ᠤ ᠪᠠᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ᠃ ︽ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠦᠴᠦᠨ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ | ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠡᠯ᠎ᠡ ᠱᠠᠲᠤᠨ ᠤ ᠪᠠᠶᠢᠴᠠᠭᠠᠬᠤ ᠪᠠᠶᠢᠭᠤᠯᠤᠮᠵᠢ ᠨᠤᠭᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠨᠥᠬᠦᠴᠡᠯ ᠳᠤ ᠨᠡᠶᠢᠴᠡᠬᠦ ᠪᠠᠶᠢᠴᠠᠭᠠᠬᠤ ᠠᠵᠢᠯᠲᠠᠨ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ | ᠵᠥᠪᠳᠡᠯᠴᠡᠨ ᠰᠢᠯᠵᠢᠭᠦᠯᠵᠦ ᠪᠣᠯᠬᠤ ᠪᠥᠭᠡᠳ ᠤᠷᠢᠨ ᠬᠡᠷᠡᠭᠯᠡᠭᠰᠡᠨ ᠠᠵᠢᠯᠲᠠᠨ ᠤ ᠬᠥᠳᠡᠯᠮᠦᠷᠢ ᠶᠢᠨ ᠬᠥᠯᠥᠰᠥ | ᠣᠯᠭᠤᠮᠵᠢ ᠶᠢ ᠴᠠᠭ ᠲᠤᠬᠠᠶ ᠳᠤᠨᠢ ᠥᠭᠴᠦ᠂ ᠵᠥᠪᠳᠡᠯᠴᠡᠨ ᠰᠢᠯᠵᠢᠭᠦᠯᠦᠭᠰᠡᠨ ᠠᠵᠢᠯᠲᠠᠨ ᠤ ᠤᠤᠯ ᠤᠨ | ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠬᠤ | ᠬᠡᠷᠡᠭᠲᠡᠶ᠃ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ | ᠬᠠᠮᠲᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠠᠶᠢᠴᠠᠭᠠᠬᠤ ᠡᠩᠨᠡᠭᠡ ᠶᠢ ᠲᠣᠭᠲᠠᠭᠤᠨ ᠪᠠᠶᠢᠯᠭᠠᠵᠤ᠂ | ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ᠂ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ | 2025 ᠣᠨ ᠳᠤ ᠪᠥᠬᠦ ᠤᠯᠤᠰ ᠤᠨ 1% ᠶᠢᠨ ᠬᠥᠮᠦᠨ ᠠᠮᠠ ᠳᠤ ᠥᠯᠢᠭᠡᠷ ᠠᠪᠴᠤ ᠪᠠᠶᠢᠴᠠᠭᠠᠯᠲᠠ | ᠬᠢᠬᠦ ᠳᠤ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠬᠠᠮᠲᠤ ᠪᠠᠷ ᠡᠭᠦᠷᠭᠡᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠪᠠᠶᠢᠴᠠᠭᠠᠯᠲᠠ ᠶᠢᠨ ᠵᠠᠷᠤᠳᠠᠯ ᠢ ᠵᠣᠬᠢᠴᠠᠩᠭᠤᠶ ᠣᠨ ᠤ ᠡᠳ᠋ ᠤᠨ ᠵᠠᠰᠠᠭ ᠤᠨ | ᠲᠥᠰᠦᠪ ᠲᠡᠭᠡᠨ ᠣᠷᠣᠭᠤᠯᠵᠤ᠂ ᠴᠠᠭ ᠬᠤᠭᠤᠴᠠᠭ᠎ᠠ ᠶᠣᠰᠣᠭᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠵᠤ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ᠃ ᠡᠯ᠎ᠡ | ᠠᠶᠢᠮᠠᠭ ᠬᠤᠲᠠ ᠨᠤᠭᠤᠳ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠨ ᠰᠢᠮᠳᠠᠭᠤᠯᠤᠨ | ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠴᠠᠭᠠᠯᠲᠠ ᠶᠢᠨ | ᠵᠠᠷᠤᠳᠠᠯ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠰᠠᠶᠢᠲᠤᠷ ᠭᠠᠮᠨᠠᠨ ᠠᠷᠪᠢᠯᠠᠵᠤ᠂ ᠲᠤᠰᠬᠠᠶ ᠵᠣᠭᠤᠰ ᠢ | ᠲᠤᠰᠬᠠᠶ ᠵᠦᠢᠯ ᠳᠤᠨᠢ ᠬᠡᠷᠡᠭᠯᠡᠵᠦ᠂ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ | ᠵᠢᠷᠭᠤᠭ᠎ᠠ᠂ ᠪᠠᠶᠢᠴᠠᠭᠠᠬᠤ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠪᠠᠶᠢᠴᠠᠭᠠᠬᠤ ᠶᠢ ᠪᠠᠷᠢᠮᠲᠠᠯᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠨᠢᠭᠡᠴᠡ ᠨᠦᠭᠦᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ | ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠪᠠᠶᠢᠴᠠᠭᠠᠯᠲᠠ ᠶᠢᠨ ᠠᠵᠢᠯ ᠢ ᠬᠠᠤᠯᠢ ᠶᠣᠰᠣᠭᠠᠷ | ᠥᠷᠨᠢᠭᠦᠯᠵᠦ᠂ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠨᠡᠶᠢᠳᠡᠯᠡᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ᠂ | ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠢ ᠡᠷᠡᠰ ᠬᠤᠷᠢᠭᠯᠠᠨ ᠵᠣᠭᠰᠣᠭᠠᠵᠤ᠂ ᠲᠤᠭ᠎ᠠ | ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ | ᠵᠠᠯᠬᠠᠭᠠᠨ ᠰᠢᠢᠳᠭᠡᠵᠦ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ | ᠬᠡᠷᠡᠭᠲᠡᠶ᠃ ᠡᠯ᠎ᠡ ᠱᠠᠲᠤᠨ ᠤ ᠪᠠᠶᠢᠴᠠᠭᠠᠬᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠡᠷᠬᠡᠪᠰᠢ ᠴᠢᠩᠭ᠎ᠠ ᠭᠦᠢᠴᠡᠳᠭᠡᠵᠦ᠂ ᠶᠠᠮᠠᠷᠪᠠ ᠪᠠᠶᠢᠭᠤᠯᠤᠮᠵᠢ᠂ ᠨᠢᠭᠡᠴᠡ᠂ ᠬᠤᠪᠢ ᠬᠥᠮᠦᠨ ᠳᠤ | ᠪᠠᠶᠢᠴᠠᠭᠠᠭᠳᠠᠬᠤ ᠡᠲᠡᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ | ︵ᠬᠤᠶᠠᠷ︶ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠨᠢᠭᠡᠴᠡ ᠶᠢᠨ ᠬᠢᠨ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠪᠠᠶᠢᠴᠠᠭᠠᠯᠲᠠ ᠶᠢᠨ | ᠠᠵᠢᠯ ᠤᠨ ᠶᠠᠪᠤᠴᠠ ᠶᠢ ᠵᠢᠷᠤᠮᠵᠢᠭᠤᠯᠵᠤ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠪᠠ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠪᠠᠶᠢᠴᠠᠭᠠᠯᠲᠠ ᠶᠢᠨ | ᠠᠵᠢᠯ ᠤᠨ ᠪᠠᠶᠢᠴᠠᠭᠠᠯᠲᠠ ᠪᠠ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠭᠤᠭᠤᠯᠤᠨ ᠪᠠᠶᠢᠴᠠᠭᠠᠯᠲᠠ ᠶᠢ | ᠴᠢᠩᠭᠠᠳᠬᠠᠵᠤ᠂ ᠪᠥᠬᠦ ᠶᠠᠪᠤᠴᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠷᠠᠭᠤᠯᠤᠨ᠂ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠪᠦᠷᠢᠨ ᠪᠦᠲᠦᠨ ᠪᠥᠭᠡᠳ | ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠪᠠᠶᠢᠴᠠᠭᠠᠬᠤ | ᠪᠠᠶᠢᠭᠤᠯᠤᠮᠵᠢ ᠨᠤᠭᠤᠳ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠪᠣᠯᠤᠨ ᠰᠦᠯᠵᠢᠶ᠎ᠡ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ᠂ ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠪᠣᠯᠤᠨ | ᠱᠠᠭᠠᠷᠳᠠᠯᠭ᠎ᠠ ᠶᠢ ᠥᠷᠭᠡᠨ ᠳᠡᠯᠭᠡᠷ ᠭᠦᠨ ᠭᠦᠨᠵᠡᠭᠡᠶ ᠤᠬᠠᠭᠤᠯᠵᠤ᠂ ᠥᠷᠭᠡᠨ ᠣᠯᠠᠨ ᠪᠠᠶᠢᠴᠠᠭᠠᠭᠳᠠᠬᠤ ᠡᠲᠡᠭᠡᠳ ᠢ | ᠬᠥᠲᠥᠯᠥᠨ ᠵᠢᠯᠣᠭᠤᠳᠴᠤ ᠪᠠᠶᠢᠭᠠᠳ ᠪᠠᠶᠢᠴᠠᠭᠠᠯᠲᠠ ᠬᠢᠬᠦ ᠳᠤ ᠬᠠᠤᠯᠢ ᠶᠣᠰᠣᠭᠠᠷ ᠬᠠᠮᠵᠢᠯᠴᠠᠭᠤᠯᠤᠨ᠂ | ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠪᠣᠳᠠᠲᠠᠶ ᠪᠠᠷ ᠮᠡᠳᠡᠭᠦᠯᠵᠦ᠂ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠶ ᠬᠡᠷᠡᠭᠵᠢᠭᠦᠯᠦᠭᠳᠡᠬᠦ ᠳᠤ ᠨᠡᠶᠢᠭᠡᠮ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ᠃ | ︵ᠳᠥᠷᠪᠡ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠪᠠᠶᠢᠴᠠᠭᠠᠬᠤ | ᠪᠠᠶᠢᠭᠤᠯᠤᠮᠵᠢ ᠨᠢ ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠶ ᠳᠤᠨᠢ | ᠨᠡᠶᠢᠲᠡᠯᠡᠵᠦ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠤᠨ᠂ ᠪᠥᠬᠦ | ᠣᠷᠣᠨ ᠤ ᠬᠥᠮᠦᠨ ᠠᠮᠠ ᠶᠢᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠤᠨ | ᠮᠠᠭᠠᠳᠯᠠᠵᠤ᠂ ᠪᠥᠬᠦ ᠣᠷᠣᠨ ᠤ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠬᠢᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠥᠪᠯᠡᠯᠭᠡ | ᠥᠭᠬᠦ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠶ᠃ | 2025 ᠣᠨ ᠤ 1 ᠰᠠᠷ᠎ᠠ ᠶᠢᠨ 14 ᠤ ᠡᠳᠦᠷ |