2024 ᠣᠨ ᠳᠤ᠂ ᠪᠦᠬᠦ ᠣᠷᠣᠨ ᠳᠠᠶᠠᠭᠠᠷ ᠥᠪᠥᠷ ᠮᠣᠩᠭᠤᠯ ᠤᠨ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠭᠤᠣᠯᠳᠠᠯᠭ᠎ᠠ ᠲᠠᠢ ᠠᠵᠤ | ᠦᠢᠯᠡᠰ ᠤᠨ ᠪᠦᠯᠦᠭᠵᠢᠯ᠂ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠪᠠᠷ ᠭᠠᠷᠳᠠᠴᠠ ᠪᠣᠯᠭᠠᠵᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ᠂ | ᠨᠡᠭᠦᠷᠡᠰᠦᠲᠥ᠋ᠷᠥᠭᠴᠢ ᠪᠠᠭ᠎ᠠ᠂ ᠦᠷᠭᠦᠯᠵᠢᠯᠡᠬᠦ ᠬᠥᠭᠵᠢᠯᠲᠡ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠬᠦᠴᠦᠯᠡᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ | ᠪᠣᠳᠠᠲᠠᠢ ᠪᠠᠷ ᠦᠵᠡᠪᠡᠯ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ | ᠲᠤᠯᠭᠠᠭᠤᠷᠢᠯᠠᠬᠤ ᠬᠥᠳᠡᠯᠭᠡᠬᠦ ᠡᠨᠧᠷᠭᠢ ᠨᠢ ᠳᠣᠣᠷᠠᠬᠢ ᠮᠡᠲᠦ ᠬᠡᠳᠦᠨ ᠲᠠᠯ᠎ᠠ ᠪᠤᠢ᠃ | ᠨᠢᠭᠡ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠲᠣᠪᠤᠶᠢᠮ᠎ᠠ | ᠪᠠᠶᠢᠨ᠎ᠠ᠃ 2024 ᠣᠨ ᠳᠤ᠂ ᠪᠥᠬᠦ ᠣᠷᠣᠨ ᠳᠠᠶᠠᠭᠠᠷ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠨᠡᠭᠦᠷᠡᠰᠦ ᠴᠠᠬᠢᠯᠭᠠᠨ ᠲᠣᠰᠣ ᠬᠡᠶ ᠰᠠᠯᠬᠢ ᠬᠡᠷᠡᠯ ᠢ ᠵᠡᠷᠭᠡ ᠪᠠᠷ | ᠬᠥᠭᠵᠢᠭᠦᠯᠬᠦ᠂ ᠰᠢᠨ᠎ᠡ ᠬᠠᠭᠤᠴᠢᠨ ᠡᠨᠧᠷᠭᠢ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠪᠠᠷᠢᠮᠲᠠᠯᠠᠵᠤ᠂ ᠣᠯᠠᠨ | ᠡᠨᠧᠷᠭᠢ ᠶᠢ ᠬᠠᠷᠢᠯᠴᠠᠨ ᠨᠥᠬᠦᠪᠥᠷᠢᠯᠡᠬᠦ᠂ ᠣᠯᠠᠨ ᠦᠢᠯᠡᠰ ᠢ ᠵᠡᠷᠭᠡ ᠪᠠᠷ ᠬᠥᠭᠵᠢᠭᠦᠯᠬᠦ᠂ ᠣᠯᠠᠨ ᠡᠰᠢᠵᠢᠵᠦ | ᠬᠥᠭᠵᠢᠬᠦ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠬᠦᠴᠦᠯᠡᠨ ᠪᠠᠶᠢᠭᠤᠯᠪᠠ᠃ 2024 ᠣᠨ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ | ᠵᠢᠯ ᠤᠨ ᠬᠢ ᠠᠴᠠ ᠪᠠᠨ 5.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠶᠢᠨ | 56.7% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 51.8% ᠳᠤ ᠬᠦᠷᠴᠡᠶ᠃ ᠡᠭᠦᠨ ᠤ ᠬᠠᠮᠲᠤ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠭᠦᠷᠡᠰᠦ ᠮᠠᠯᠲᠠᠬᠤ ᠪᠠ ᠤᠬᠢᠶᠠᠵᠤ | ᠰᠣᠩᠭᠤᠬᠤ ᠦᠢᠯᠡᠰ 2024 ᠣᠨ ᠤ 7 ᠰᠠᠷ᠎ᠠ ᠠᠴᠠ ᠨᠠᠭᠠᠰᠢ ᠵᠠᠯᠭᠠᠭ᠎ᠠ ᠪᠠᠷ 6 ᠰᠠᠷ᠎ᠠ 5% ᠠᠴᠠ ᠳᠡᠭᠡᠭᠰᠢᠬᠢ | ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠪᠥᠬᠦ ᠵᠢᠯ ᠳᠤ 5.1% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ ᠨᠢᠳᠤᠨᠤᠨ ᠤ ᠥᠨᠳᠥᠷ ᠰᠠᠭᠤᠷᠢ ᠲᠤᠭ᠎ᠠ ᠶᠢᠨ ᠲᠠᠯ᠎ᠠ ᠪᠠᠷ 5. | 4% ᠪᠠᠷ ᠨᠡᠮᠡᠭᠳᠡᠪᠡ᠃ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 8.2% ᠢᠶᠠᠷ ᠨᠡᠮᠡᠭᠳᠡᠵᠦ᠂ ᠭᠤᠤᠯᠳᠠᠭᠤ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ 9% ᠠᠴᠠ ᠳᠡᠭᠡᠭᠰᠢ ᠨᠡᠯᠢᠶᠡᠳ | ᠲᠦᠷᠭᠡᠨ ᠨᠡᠮᠡᠭᠳᠡᠵᠦ᠂ ᠢᠯᠠᠩᠭᠤᠶ᠎ᠠ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠬᠤᠶᠠᠷ ᠣᠷᠣᠨᠲᠤ | ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠠᠲᠤᠯᠠᠭᠰᠠᠨ ᠠᠴᠠ ᠪᠣᠯᠵᠠᠶ᠃ | ᠬᠤᠶᠠᠷ ᠲᠤ᠂ ᠦᠢᠯᠡᠳᠬᠦ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠣᠪᠤᠶᠢᠮ᠎ᠠ ᠪᠠᠶᠢᠨ᠎ᠠ᠃ ᠦᠢᠯᠡᠳᠬᠦ | ᠦᠢᠯᠡᠰ ᠪᠣᠯ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠭᠤᠣᠯ ᠲᠠᠶᠢᠨ ᠤ ᠲᠠᠯᠠᠪᠤᠷ ᠪᠣᠯᠬᠤ ᠪᠥᠭᠡᠳ ᠪᠠᠰᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠤᠭ ᠤᠨ ᠡᠮᠦᠨ᠎ᠡ ᠹᠷᠣᠨᠲ ᠪᠣᠯᠤᠨ᠎ᠠ᠃ 2024 | ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 6. | 8% ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠵᠤ ᠴᠢᠳᠠᠭᠰᠠᠨ ᠨᠢ ᠦᠢᠯᠡᠳᠬᠦ ᠦᠢᠯᠡᠰ ᠤᠨ ᠭᠠᠪᠢᠶ᠎ᠠ | ᠵᠢᠳᠬᠦᠯ ᠠᠴᠠ ᠰᠠᠯᠵᠤ ᠪᠣᠯᠤᠰᠢ ᠥᠬᠡᠶ ᠶᠤᠮ᠃ 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 9.3% ᠪᠠᠷ | ᠨᠡᠮᠡᠭᠳᠡᠵᠦ᠂ ᠡᠨᠡ ᠵᠢᠯ ᠠᠴᠠ ᠨᠠᠭᠠᠰᠢ ᠪᠦᠬᠦ᠋ᠢᠯᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ ᠠᠴᠠ ᠦᠷᠭᠦᠯᠵᠢᠯᠡᠨ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠢ 3.3 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠲᠦᠭᠦᠬᠡᠶ | ᠮᠠᠲ᠋ᠧᠷᠢᠶᠠᠯ ᠦᠢᠯᠡᠳᠬᠦ ᠦᠢᠯᠡᠰ ᠲᠦᠷᠦᠭᠦᠦ ᠵᠢᠯ ᠤᠨ ᠬᠢ ᠠᠴᠠ 8.4% ᠪᠠᠷ ᠨᠡᠮᠡᠭᠳᠡᠵᠦ᠂ ᠦᠢᠯᠡᠳᠬᠦ | ᠦᠢᠯᠡᠰ ᠲᠠᠬᠢ ᠡᠵᠡᠯᠡᠬᠦ ᠬᠤᠪᠢ ᠶᠢᠨ ᠵᠢᠩ 70.3% ᠳᠤ ᠬᠦᠷᠴᠦ᠂ ᠦᠢᠯᠡᠳᠬᠦ ᠦᠢᠯᠡᠰ ᠤᠨ ᠨᠡᠮᠡᠭᠳᠡᠯ | ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 67.9% ᠳᠤ ᠬᠦᠷᠴᠡᠶ᠃ | ᠭᠤᠷᠪᠠ ᠳᠤ᠂ ︽ᠰᠢᠯᠢᠳᠡᠭ︾ ᠣᠷᠴᠢᠨ ᠨᠥᠬᠦᠴᠡᠯ ᠢ ᠤᠯᠠᠮ ᠨᠢᠭᠡ ᠠᠯᠬᠤᠮ ᠲᠠᠰ ᠳᠡᠪᠰᠢᠭᠦᠯᠪᠡ᠃ 2024 | ᠣᠨ ᠳᠤ᠂ ᠪᠥᠬᠦ ᠣᠷᠣᠨ ᠳᠠᠶᠠᠭᠠᠷ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ | ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠡᠷᠦᠩᠬᠡᠶ ᠬᠠᠷᠠᠯᠲᠠ ᠶᠢᠨ ᠲᠣᠭᠤᠷᠢᠨ | ᠳᠤ᠂ ᠠᠵᠤ ᠠᠬᠤᠶᠢᠯᠠᠯ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠲᠡᠮᠵᠢ ᠶᠢᠨ | ᠲᠥᠷᠥᠭᠳᠡᠯ ᠢᠶᠠᠷ ᠤᠳᠤᠷᠢᠳᠤᠮᠵᠢ ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠡᠯ᠎ᠡ ᠲᠥᠷᠥᠯ ᠤᠨ | ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ 2024 ᠣᠨ ᠤ 12 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠤᠭ᠎ᠠ 4 ᠮᠢᠩᠭᠠᠨ ᠡᠷᠦᠬᠡ ᠶᠢ ᠳᠠᠪᠠᠵᠤ᠂ 4098 ᠡᠷᠦᠬᠡ ᠳᠤ ᠬᠦᠷᠴᠦ᠂ ᠳᠡᠭᠡᠷ᠎ᠡ | ᠵᠢᠯ ᠤᠨ ᠬᠢ ᠠᠴᠠ 529 ᠡᠷᠦᠬᠡ ᠰᠢᠨ᠎ᠡ ᠪᠠᠷ ᠨᠡᠮᠡᠭᠳᠡᠪᠡ᠃ ᠢᠯᠠᠩᠭᠤᠶ᠎ᠠ ᠠᠵᠤ ᠠᠬᠤᠶᠢᠯᠠᠯ ᠳᠤ ᠠᠰᠢᠭ ᠬᠦᠷᠲᠡᠭᠡᠬᠦ | ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠤᠷ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠠᠮᠢᠵᠢᠷᠠᠯ ᠤᠨ ᠬᠦᠴᠦᠨ ᠦᠷᠭᠦᠯᠵᠢᠯᠡᠨ ᠪᠠᠳᠠᠷᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ | ᠡᠵᠡᠩᠨᠡᠭᠰᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 7.7% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠠᠴᠠ 0.9 | ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠢ 3.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | | | |