2024 ᠣᠨ ᠳᠤ᠂ ᠪᠥᠬᠦ ᠣᠷᠣᠨ ᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠦᠷᠭᠦᠯᠵᠢᠯᠡᠨ | ᠴᠢᠩᠭᠠᠷᠠᠵᠤ᠂ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠴᠥᠮ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠴᠦ᠂ ᠪᠥᠬᠦ ᠤᠯᠤᠰ ᠤᠨ ᠲᠡᠷᠢᠭᠦᠨ ᠳᠤ ᠣᠷᠣᠪᠠ᠃ | ᠨᠢᠭᠡ᠂ ᠲᠦᠭᠦᠬᠡᠶ ᠨᠡᠭᠦᠷᠡᠰᠦᠨ ᠤ ᠭᠠᠷᠤᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ | 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ | ᠨᠡᠭᠦᠷᠡᠰᠦᠨ ᠤ ᠭᠠᠷᠤᠯᠲᠠ 12.97 ᠳ᠋ᠦᠩᠰᠢᠭᠤᠷ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 5.4% ᠪᠠᠷ | ᠨᠡᠮᠡᠭᠳᠡᠵᠦ᠂ ᠪᠥᠬᠦ ᠤᠯᠤᠰ ᠤᠨ ᠲᠦᠭᠦᠬᠡᠶ ᠨᠡᠭᠦᠷᠡᠰᠦᠨ ᠤ ᠭᠠᠷᠤᠯᠲᠠ ᠶᠢᠨ 27.3% ᠶᠢ ᠡᠵᠡᠯᠡᠵᠦ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 1.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ 12 | ᠳ᠋ᠤᠭᠠᠷ ᠰᠠᠷ᠎ᠠ ᠳᠤ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ 1.21 ᠳ᠋ᠦᠩᠰᠢᠭᠤᠷ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ᠃ | ᠲᠦᠭᠦᠬᠡᠶ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠤ ᠭᠠᠷᠤᠯᠲᠠ ᠴᠥᠮ ᠰᠢᠨ᠎ᠡ ᠲᠡᠮᠳᠡᠭᠯᠡᠯ ᠢ | ᠡᠭᠦᠳᠪᠡ᠃ 2024 ᠣᠨ ᠳᠤ᠂ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 8.94 | ᠳ᠋ᠦᠩᠰᠢᠭᠤᠷ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 6.7% ᠪᠠᠷ ᠨᠡᠮᠡᠭᠳᠡᠪᠡ︔ ᠰᠢᠯᠢ ᠶᠢᠨ ᠭᠤᠤᠯ | ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ 1.44 ᠳ᠋ᠦᠩᠰᠢᠭᠤᠷ ᠲᠣᠨ ᠳᠤ ᠬᠦᠷᠴᠦ᠂ 4.8% ᠪᠠᠷ | ᠨᠡᠮᠡᠭᠳᠡᠵᠦ᠂ ᠬᠤᠶᠠᠷ ᠠᠶᠢᠮᠠᠭ ᠬᠤᠲᠠ ᠶᠢᠨ ᠭᠠᠷᠤᠯᠲᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠪᠥᠬᠦ | ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ ᠨᠡᠶᠢᠲᠡ 5.0 ᠵᠠᠭᠤᠨ ᠤ ᠬᠤᠪᠢ ᠶᠢᠨ ᠴᠡᠭ | ᠳᠠᠶᠢᠴᠢᠯᠠᠪᠠ᠃ | ᠬᠤᠶᠠᠷ᠂ ᠴᠠᠬᠢᠯᠭᠠᠨ ᠭᠠᠷᠭᠠᠬᠤ ᠬᠡᠮᠵᠢᠶ᠎ᠡ ᠨᠢ ᠪᠦᠬᠦ ᠤᠯᠤᠰ ᠲᠤ ᠲᠡᠷᠢᠭᠦᠯᠡᠬᠦ ᠶᠢ ᠪᠠᠲᠤᠯᠠᠪᠠ᠃ | 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ | ᠭᠠᠷᠭᠠᠭᠰᠠᠨ ᠬᠡᠮᠵᠢᠶ᠎ᠡ 8179.7 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 9. | 1% ᠪᠠᠷ ᠨᠡᠮᠡᠭᠳᠡᠪᠡ᠃ ᠡᠭᠦᠨ ᠳᠤ᠂ 12 ᠰᠠᠷ᠎ᠠ ᠳᠤ ᠴᠠᠬᠢᠯᠭᠠᠨ ᠭᠠᠷᠭᠠᠭᠰᠠᠨ ᠬᠡᠮᠵᠢᠶ᠎ᠡ 780.9 ᠳ᠋ᠦᠩᠰᠢᠭᠤᠷ | ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ᠃ | ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠡᠮᠡᠭᠳᠡᠬᠦ ᠬᠠᠨᠳᠤᠰᠢ ᠲᠠᠢ᠃ 2024 ᠣᠨ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ | ᠭᠠᠷᠭᠠᠯᠲᠠ ᠶᠢᠨ ᠬᠡᠮᠵᠢᠶ᠎ᠡ 1969.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ | 27.9% ᠪᠠᠷ ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 18.8 ᠵᠠᠭᠤᠨ ᠤ | ᠬᠤᠪᠢ ᠶᠢᠨ ᠴᠡᠭ ᠥᠨᠳᠥᠷ ᠪᠣᠯᠵᠠᠶ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ | 1643.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 26.0% ᠢᠶᠠᠷ ᠨᠡᠮᠡᠭᠳᠡᠪᠡ︔ ᠨᠡᠷᠡᠨ ᠡᠨᠧᠷᠭᠢ ᠶᠢᠨ | ᠴᠠᠬᠢᠯᠭᠠᠨ ᠭᠠᠷᠭᠠᠯᠲᠠ 310.4 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 43.2% ᠢᠶᠠᠷ ᠨᠡᠮᠡᠭᠳᠡᠪᠡ᠃ |