ᠪᠢᠯᠢᠭ ᠤᠨ ᠤᠯᠠᠷᠢᠯ ᠤᠨ ᠮᠣᠭᠠᠶ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠠᠵᠢᠯ ᠠᠴᠠ ᠪᠠᠨ | ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠥᠬᠦᠳ ᠢ ᠰᠠᠨᠠᠭᠠᠯᠵᠠᠵᠤ ᠪᠠᠶᠢᠭ᠎ᠠ | ᠰᠡᠳᠬᠢᠯᠭᠡ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠢ ᠡᠪᠦᠷᠯᠡᠨ᠂ ᠣᠶᠢᠷ᠎ᠠ ᠳᠤ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠳᠡᠳ᠋ ᠲᠣᠪᠴᠢᠶᠠᠨ ᠳᠠᠷᠤᠭ᠎ᠠ ᠵᠢᠩ ᠶᠦᠩ ᠪᠥᠸᠧ᠂ ᠸᠠᠩ ᠴᠤᠸᠠᠨ ᠵᠢᠩ᠂ ᠸᠠᠩ ᠰᠢᠶᠤᠤ ᠶᠠᠨ ᠲᠣᠰ ᠲᠣᠰ ᠮᠠᠨ ᠤ | ᠲᠣᠪᠴᠢᠶ᠎ᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ | ᠪᠣᠯᠭᠤᠭᠠᠨ ᠲᠣᠬᠤᠨᠢᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠣᠲᠣᠨᠣ ᠬᠠᠯᠠᠮᠵᠢᠯᠠᠯ ᠢ | ᠬᠦᠷᠭᠡᠭᠰᠡᠨ ᠪᠥᠭᠡᠳ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠴᠠᠭᠠᠨ | ᠰᠠᠷ᠎ᠠ ᠶᠢᠨ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠠᠵᠢᠯ ᠠᠴᠠ ᠪᠠᠨ ᠳᠠᠷᠬᠠᠯᠠᠭᠳᠠᠵᠤ | ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠤᠨ ᠬᠠᠷᠢᠭᠤᠴᠠᠯᠭᠠᠲᠠᠨ ᠵᠢᠴᠢ ᠠᠵᠢᠯᠲᠠᠳ ᠪᠣᠯᠭᠤᠭᠠᠨ | ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ | | | | | | ᠪᠣᠯᠭᠤᠭᠠᠨ ᠦᠵᠡᠵᠦ ᠲᠣᠬᠤᠨᠢᠭᠤᠯᠬᠤ ᠳᠤᠮᠳᠠ᠂ ᠲᠣᠪᠴᠢᠶᠠᠨ ᠤ ᠤᠳᠤᠷᠢᠳᠤᠯᠭ᠎ᠠ ᠠᠬᠠᠮᠠᠳ ᠨᠥᠬᠦᠳ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ᠂ ᠬᠡᠷ ᠪᠦᠯᠢ ᠪᠣᠯᠤᠨ ᠪᠡᠶ᠎ᠡ ᠮᠠᠬᠠᠪᠣᠳ ᠵᠡᠷᠭᠡ ᠪᠠᠶᠢᠳᠠᠯ ᠢ ᠨᠠᠷᠢᠨ | ᠣᠶᠢᠯᠠᠭᠠᠭᠰᠠᠨ ᠪᠥᠭᠡᠳ ᠲᠡᠳᠡᠨ ᠳᠤ ᠨᠢᠭᠡ ᠵᠢᠯ ᠤᠨ ᠲᠤᠷᠰᠢ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ | ᠵᠠᠳᠠᠯᠤᠯᠲᠠ ᠬᠢᠬᠦ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠭᠤᠤᠯᠳᠠᠯᠭ᠎ᠠ ᠲᠠᠢ | ᠠᠵᠢᠯ ᠳᠤ ᠣᠯᠤᠭᠰᠠᠨ ᠰᠢᠨ᠎ᠡ ᠦᠷ᠎ᠡ ᠪᠦᠲᠦᠮᠵᠢ᠂ ᠰᠢᠨ᠎ᠡ ᠳᠠᠪᠰᠢᠯᠲᠠ ᠶᠢ ᠲᠠᠨᠢᠯᠴᠠᠭᠤᠯᠵᠤ᠂ ᠠᠬᠠᠮᠠᠳ | ᠨᠥᠬᠦᠳ ᠤᠨ ᠣᠯᠠᠨ ᠵᠢᠯ ᠤᠨ ᠲᠤᠷᠰᠢ ᠲᠤᠭ᠎ᠠ ᠪᠦᠷᠢᠳᠬᠡᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ | ᠲᠠᠯᠠᠷᠬᠠᠵᠤ᠂ ᠲᠡᠳᠡᠨ ᠢ ᠪᠡᠶ᠎ᠡ ᠪᠠᠨ ᠬᠢᠴᠢᠶᠡᠵᠦ᠂ ᠲᠡᠳᠡᠨ ᠳᠤ ᠲᠣᠬᠤᠨᠢᠭᠤᠯᠬᠤ ᠵᠠᠬᠢᠳᠠᠯ᠂ ᠲᠣᠬᠤᠨᠢᠭᠤᠯᠬᠤ ᠪᠣᠳᠠᠰ | ᠪᠠ ᠲᠣᠬᠤᠨᠢᠭᠤᠯᠬᠤ ᠮᠥᠩᠭᠦ ᠵᠡᠷᠭᠡ ᠶᠢ ᠬᠦᠷᠭᠡᠵᠦ᠂ ᠠᠬᠠᠮᠠᠳ ᠨᠥᠬᠦᠳ ᠤᠨ ᠪᠠᠶᠠᠷ ᠪᠠᠶᠠᠰᠬᠤᠯᠠᠩ ᠲᠠᠢ᠂ ᠥᠯᠵᠡᠶ | ᠪᠡᠯᠭᠡ ᠲᠠᠢ᠂ ᠵᠣᠯ ᠵᠢᠷᠭᠠᠯ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠤᠷᠢᠳᠴᠢᠯᠠᠨ ᠵᠥᠩᠨᠡᠪᠡ᠃ | ᠠᠬᠠᠮᠠᠳ ᠺᠠᠳ᠋ᠷ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠭᠡ ᠮᠥᠨ᠂ ᠪᠠᠰᠠ ᠴᠤ ᠲᠤᠭ᠎ᠠ | ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠃ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠦᠷᠭᠦᠯᠵᠢᠯᠡᠨ ᠠᠬᠠᠮᠠᠳ ᠨᠥᠬᠦᠳ ᠢ ᠬᠠᠯᠠᠮᠵᠢᠯᠠᠨ ᠬᠠᠶᠢᠷᠠᠯᠠᠵᠤ᠂ | ᠨᠠᠰᠤᠲᠠᠨ ᠢᠶᠠᠨ ᠬᠦᠨᠳᠦᠯᠡᠬᠦ ᠰᠡᠳᠬᠢᠯᠭᠡ ᠪᠠᠷ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠶᠠᠪᠤᠳᠠᠯ ᠢ | ᠰᠠᠶᠢᠲᠤᠷ ᠬᠢᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠠᠬᠠᠮᠠᠳ ᠨᠥᠬᠦᠳ ᠢ ᠵᠣᠯ ᠵᠢᠷᠭᠠᠯ ᠲᠠᠢ ᠪᠠᠷ ᠥᠲᠡᠯᠦᠭᠡ ᠨᠠᠰᠤ ᠶᠢ ᠨᠢ ᠡᠳ᠋ᠯᠡᠭᠦᠯᠦᠨ᠎ᠡ᠃ ᠡᠭᠦᠨ ᠤ ᠬᠠᠮᠲᠤ ᠥᠷᠭᠡᠨ | ᠣᠯᠠᠨ ᠠᠬᠠᠮᠠᠳ ᠺᠠᠳ᠋ᠷᠴᠤᠳ ᠲᠤᠭ᠎ᠠ ᠪᠦᠷᠢᠳᠬᠡᠯ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ | ᠳᠡᠮᠵᠢᠵᠦ᠂ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠶᠢᠨ ᠲᠥᠯᠥᠭᠡ ᠢᠳᠬᠠᠯ ᠰᠠᠨᠠᠭᠤᠯᠭ᠎ᠠ ᠳᠤᠷᠠᠳᠴᠤ᠂ | ᠦᠯᠡᠳᠡᠪᠦᠷᠢ ᠢᠯᠴᠢ ᠪᠠᠨ ᠠᠰᠬᠠᠷᠠᠭᠤᠯᠤᠨ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠰᠢᠰᠲ᠋ᠧᠮ ᠤᠨ ᠵᠠᠯᠠᠭᠤ ᠺᠠᠳ᠋ᠷᠴᠤᠳ ᠤᠨ ᠲᠦᠷᠭᠡᠨ ᠦᠰᠦᠨ | ᠪᠤᠶᠢᠵᠢᠵᠤ ᠴᠢᠳᠠᠪᠤᠷᠢᠲᠠᠨ ᠪᠣᠯᠬᠤ ᠳᠤ ᠬᠦᠴᠦᠨ ᠨᠡᠮᠡᠷᠢᠯᠡᠵᠦ᠂ ᠲᠤᠭ᠎ᠠ ᠪᠦᠷᠢᠳᠬᠡᠯ ᠤᠨ ᠦᠢᠯᠡᠰ ᠤᠨ ᠦᠶ᠎ᠡ | ᠳᠡᠮᠵᠢᠨ ᠤᠯᠠᠮᠵᠢᠯᠠᠭᠳᠠᠵᠤ᠂ ᠨᠠᠩ ᠬᠥᠭᠵᠢᠨ ᠮᠠᠨᠳᠤᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ |