︽ᠭᠤᠷᠪᠠ ᠳᠤ ᠠᠩᠬᠠᠷᠤᠯ ᠢᠶᠠᠨ ᠲᠦᠪᠯᠡᠷᠡᠬᠦᠯᠵᠦ︾ ᠪᠥᠬᠦ ᠣᠷᠣᠨ ᠤ ᠠᠵᠤ ᠠᠬᠤᠶᠢᠯᠠᠯ ᠤᠨ ᠬᠥᠭᠵᠢᠶᠡᠨᠲᠦ ᠬᠡᠮᠵᠢᠶᠡᠨ ᠤ ᠵᠠᠭᠪᠤᠷ ᠢ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/1/4
    ᠨᠡᠷᠡᠰ ᠤᠨ ᠬᠥᠮᠥᠷᠭᠡ ᠶᠢ ᠬᠥᠳᠡᠯᠦᠩᠭᠦᠶ ᠪᠠᠷ ᠬᠠᠮᠠᠭᠠᠯᠠᠨ ᠰᠢᠨᠡᠳᠬᠡᠬᠦ ᠲᠣᠭᠲᠠᠴᠠ ᠶᠢ ᠤᠯᠠᠮᠲᠡᠭᠦᠯᠳᠡᠷᠵᠢᠭᠦᠯᠵᠦ᠂ ᠦᠨᠳᠦᠰᠦᠨ ᠨᠢᠭᠡᠴᠡ ᠶᠢᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠠᠵᠢᠯᠲᠠᠨ ᠲᠣᠮᠢᠯᠠᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠠᠩᠬᠠᠨ ᠤ ᠪᠦᠯᠦᠭ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠵᠠᠭᠪᠤᠷ ᠪᠠᠶᠢᠭᠤᠯᠬᠤ ᠠᠵᠢᠯ ᠳᠤ ᠣᠷᠣᠯᠴᠠᠭᠤᠯᠵᠤ᠂ ᠪᠥᠬᠦ ᠣᠷᠣᠨ ᠤ ᠠᠵᠤ ᠠᠬᠤᠶᠢᠯᠠᠯ ᠤᠨ ᠬᠥᠭᠵᠢᠶᠡᠨᠲᠦ ᠬᠡᠮᠵᠢᠶᠡᠨ ᠤ ᠵᠠᠭᠪᠤᠷ ᠢ ᠪᠠᠶᠢᠭᠤᠯᠬᠤ ᠠᠵᠢᠯ ᠢ ᠪᠡᠶᠡᠯᠡᠭᠦᠯᠦᠨ᠂ ᠨᠡᠷᠡᠰ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠠᠲᠤ ᠰᠠᠭᠤᠷᠢ ᠲᠠᠯᠪᠢᠪᠠ᠃    ᠨᠢᠭᠡ᠂ ︽ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂  ᠵᠠᠭᠪᠤᠷ ᠪᠠᠶᠢᠭᠤᠯᠬᠤ ᠠᠵᠢᠯ ᠳᠤ ᠪᠠᠲᠤᠯᠠᠭ᠎ᠠ ᠬᠠᠩᠭᠠᠪᠠ᠃     ᠠᠵᠤ ᠠᠬᠤᠶᠢᠯᠠᠯ ᠤᠨ ᠬᠥᠭᠵᠢᠶᠡᠨᠲᠦ ᠬᠡᠮᠵᠢᠶᠡᠨ ᠤ ᠵᠠᠭᠪᠤᠷ ᠢ ᠪᠠᠶᠢᠭᠤᠯᠬᠤ ᠪᠣᠯ ᠨᠡᠷᠡᠰ ᠤᠨ ᠬᠥᠮᠥᠷᠭᠡ ᠶᠢ ᠬᠥᠳᠡᠯᠦᠩᠭᠦᠶ ᠪᠠᠷ ᠬᠠᠮᠠᠭᠠᠯᠠᠨ ᠰᠢᠨᠡᠳᠬᠡᠬᠦ ᠲᠣᠭᠲᠠᠴᠠ ᠶᠢᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠂ ᠠᠵᠤ ᠠᠬᠤᠶᠢᠯᠠᠯ ᠤᠨ ᠬᠥᠭᠵᠢᠶᠡᠨᠲᠦ ᠬᠡᠮᠵᠢᠶᠡᠨ ᠤ ᠵᠠᠭᠪᠤᠷ ᠢ ᠪᠠᠶᠢᠭᠤᠯᠬᠤ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠦᠨᠳᠦᠰᠦᠨ ᠱᠠᠲᠤᠨ ᠤ ᠪᠠᠶᠢᠴᠠᠭᠠᠬᠤ ᠠᠵᠢᠯᠲᠠᠨ ᠤ ᠬᠦᠴᠦᠨ ᠬᠢᠭᠡᠳ ᠶᠡᠭᠡ ᠬᠡᠮᠵᠢᠶᠡᠨ ᠤ ᠪᠠᠶᠢᠴᠠᠭᠠᠬᠤ ᠨᠢᠭᠡᠴᠡ ᠶᠢᠨ ᠵᠣᠬᠢᠴᠠᠯᠳᠤᠬᠤ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠷᠠᠭᠤᠯᠵᠤ᠂ ᠥᠨᠳᠥᠷ ᠪᠠᠶᠢᠷᠢᠨ ᠢᠶᠠᠷ ᠠᠬᠢᠭᠤᠯᠤᠨ᠂ ᠵᠠᠭᠪᠤᠷ ᠪᠠᠶᠢᠭᠤᠯᠬᠤ ᠠᠵᠢᠯ ᠤᠨ ᠯᠠᠪᠳᠠᠭᠤᠨ ᠢᠶᠠᠷ ᠠᠭᠢᠬᠤ ᠶᠢ ᠪᠥᠬᠦ ᠬᠦᠴᠦᠨ ᠢᠶᠠᠷ ᠪᠠᠲᠤᠯᠠᠪᠠ᠃ ᠨᠢᠭᠡ ᠳᠤ᠂ ︽ᠨᠡᠷᠡᠰ ᠤᠨ ᠬᠥᠮᠥᠷᠭᠡ ᠶᠢᠨ ᠬᠥᠳᠡᠯᠦᠩᠭᠦᠶ ᠬᠠᠮᠠᠭᠠᠯᠠᠵᠤ ᠰᠢᠨᠡᠳᠬᠡᠬᠦ ᠲᠣᠭᠲᠠᠴᠠ ᠶᠢᠨ ᠬᠡᠷᠡᠭᠯᠡᠭᠡᠨ ᠤ ᠲᠤᠬᠠᠶᠢᠯᠠᠭᠰᠠᠨ ᠠᠵᠢᠯ ᠤᠨ ᠲᠥᠰᠦᠯ︾ ᠢ ᠬᠢᠨᠠᠮᠠᠭᠠᠶ ᠰᠤᠷᠤᠯᠴᠠᠵᠤ᠂ ᠵᠠᠭᠪᠤᠷ ᠤᠨ ᠪᠣᠯᠪᠠᠰᠤᠷᠠᠯ ᠤᠨ ᠴᠤᠭᠯᠠᠷᠠᠯ ᠤᠨ ᠲᠦᠷᠢᠮ᠂ ᠣᠨᠴᠠᠯᠢᠭ ᠬᠡᠮᠵᠢᠭᠳᠡᠯ ᠤᠨ ᠰᠢᠯᠢᠯᠲᠡ ᠵᠡᠷᠭᠡ ᠵᠠᠩᠭᠢᠯᠠᠭ᠎ᠠ ᠶᠢᠨ ᠠᠭᠤᠯᠭ᠎ᠠ ᠶᠢ ᠰᠤᠳᠤᠯᠵᠤ᠂ ᠵᠠᠭᠪᠤᠷ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠪᠠ︔ ᠬᠤᠶᠠᠷ ᠲᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠴᠢᠩᠭ᠎ᠠ ᠠᠩᠬᠠᠷᠴᠤ᠂ ᠳᠠᠷᠤᠢ ᠲᠦᠷᠭᠡᠨ ᠲᠤᠬᠢᠷᠠᠭᠤᠯᠤᠨ ᠪᠠᠶᠢᠷᠢᠯᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠳᠤ ᠣᠴᠢᠭᠤᠯᠤᠨ ᠵᠠᠭᠪᠤᠷ ᠪᠠᠶᠢᠭᠤᠯᠬᠤ ᠠᠵᠢᠯ ᠳᠤ ᠣᠷᠣᠯᠴᠠᠭᠤᠯᠵᠤ᠂ ᠵᠠᠭᠪᠤᠷ ᠪᠠᠶᠢᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠪᠠ︔ ᠭᠤᠷᠪᠠ ᠳᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠵᠢᠯ ᠤᠨ ᠰᠠᠭᠤᠷᠢ ᠶᠢ ᠪᠠᠬᠢᠵᠢᠭᠦᠯᠵᠦ᠂ ᠲᠤᠭ᠎ᠠ ᠪᠠᠷᠢᠮᠲᠠ ᠶᠢᠨ ᠪᠡᠯᠡᠳᠬᠡᠯ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠪᠣᠯᠵᠣᠯᠲᠤ ᠲᠤᠭ᠎ᠠ ᠶᠢ ᠲᠣᠬᠢᠷᠠᠭᠤᠯᠬᠤ ᠵᠢᠴᠢ ᠪᠣᠱᠤᠭ᠎ᠠ ᠬᠡᠮᠵᠢᠭᠳᠡᠯ ᠢ ᠲᠣᠭᠲᠠᠭᠠᠬᠤ ᠵᠡᠷᠭᠡ ᠣᠯᠠᠨ ᠭᠤᠭᠴᠤᠭ᠎ᠠ ᠶᠢᠨ ᠲᠣᠭᠤᠷᠢᠨ ᠳᠤ᠂ ᠰᠠᠭᠤᠷᠢ ᠠᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃    ᠬᠤᠶᠠᠷ᠂ ︽ᠠᠵᠢᠯᠯᠠᠭ᠎ᠠ ᠶᠢᠨ ᠰᠢᠪᠲᠤᠯᠤᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠪᠴᠢᠲᠠᠶ ᠵᠠᠭᠪᠤᠷ ᠲᠤ ᠪᠣᠳᠠᠲᠤ ᠦᠷ᠎ᠡ ᠪᠦᠲᠦᠮᠵᠢ ᠶᠢ ᠡᠷᠢᠯᠬᠢᠯᠡᠪᠡ᠃     ᠵᠠᠰᠠᠭ ᠵᠠᠬᠢᠷᠭᠠᠨ ᠤ ᠮᠠᠲ᠋ᠧᠷᠢᠶᠠᠯ ᠪᠠ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠠᠷᠢᠯᠢᠭ ᠣᠨᠣᠪᠴᠢᠲᠠᠶ ᠪᠠᠷ ᠲᠥᠰᠦᠭᠡᠯᠡᠨ ᠪᠤᠳᠤᠭᠰᠠᠨ ᠬᠡᠪᠴᠢᠶ᠎ᠡ ᠪᠠᠷ ᠨᠡᠯᠢᠶᠡᠳ ᠪᠠᠭ᠎ᠠ ᠠᠵᠤ ᠠᠬᠤᠶᠢᠯᠠᠯ ᠤᠨ ᠬᠥᠭᠵᠢᠶᠡᠨᠲᠡᠶ ᠪᠠᠶᠢᠳᠠᠯ ᠢ ᠭᠦᠢᠴᠡᠳ ᠠᠰᠢᠭᠯᠠᠨ᠂ ᠪᠠᠶᠢᠴᠠᠭᠠᠯᠲᠠ ᠬᠢᠬᠦ ᠶᠢ ᠣᠷᠣᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠦᠴᠢᠷ ᠠᠰᠠᠭᠤᠳᠠᠯ ᠢ ᠰᠢᠢᠳᠪᠦᠷᠢᠯᠡᠨ ᠪᠣᠳᠠᠲᠤ ᠦᠷ᠎ᠡ ᠪᠦᠲᠦᠮᠵᠢ ᠭᠠᠷᠭᠠᠪᠠ᠂ ᠨᠢᠭᠡ ᠳᠤ᠂ ᠲᠣᠮᠣ ᠲᠤᠭ᠎ᠠ ᠪᠠᠷᠢᠮᠳᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠠᠷᠭ᠎ᠠ ᠪᠠᠷ ᠳᠠᠮᠵᠢᠭᠤᠯᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠮᠠᠰᠢᠨ ᠢᠶᠠᠷ ᠰᠤᠷᠤᠯᠴᠠᠵᠤ᠂ ᠵᠠᠭᠪᠤᠷ ᠢ ᠠᠰᠢᠭᠯᠠᠨ ᠠᠵᠤ ᠠᠬᠤᠶᠢᠯᠠᠯ ᠤᠨ ᠬᠥᠭᠵᠢᠶᠡᠨᠲᠡᠶ ᠪᠠᠶᠢᠳᠠᠯ ᠢ ᠲᠥᠰᠦᠭᠡᠯᠡᠬᠦ ᠶᠢᠨ ᠬᠠᠮᠲᠤ ᠢᠳᠡᠪᠬᠢ ᠪᠤᠰᠤ ᠰᠡᠵᠢᠭᠯᠡᠯᠲᠡᠶ ᠨᠢᠭᠡᠴᠡ ᠳᠤ ᠥᠯᠢᠭᠡᠷ ᠠᠪᠴᠤ ᠪᠠᠶᠢᠴᠠᠭᠠᠯᠲᠠ ᠬᠢᠬᠦ ᠶᠢᠨ ᠤᠯᠠᠮ ᠢᠶᠠᠷ᠂ ᠨᠡᠷᠡᠰ ᠤᠨ ᠬᠥᠮᠥᠷᠭᠡ ᠶᠢ ᠬᠠᠮᠠᠭᠠᠯᠠᠨ ᠰᠢᠨᠡᠳᠬᠡᠬᠦ ᠠᠵᠢᠯ ᠤᠨ ᠦᠷ᠎ᠡ ᠪᠦᠲᠦᠮᠵᠢ ᠪᠠ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ︔ ᠬᠤᠶᠠᠷ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠡᠩᠰᠡᠯᠡᠨ ᠲᠡᠮᠳᠡᠭᠯᠡᠬᠦ ᠪᠠ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢᠨ ᠣᠨᠴᠠᠯᠢᠭ ᠬᠡᠮᠵᠢᠭᠳᠡᠯ ᠢ ᠰᠣᠩᠭᠤᠵᠤ᠂ ᠲᠤᠭ᠎ᠠ ᠪᠠᠷᠢᠮᠲᠠ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠰᠠᠭᠤᠯᠠᠭᠠᠨ ᠴᠡᠭ ᠬᠤᠪᠢᠶᠠᠵᠤ ᠵᠠᠭᠪᠤᠷ ᠪᠠᠶᠢᠭᠤᠯᠬᠤ᠂ ᠵᠠᠭᠪᠤᠷ ᠤᠨ ᠭᠦᠢᠴᠡᠳᠭᠡᠯ ᠲᠤᠭ᠎ᠠ ᠶᠢᠨ ᠠᠭᠤᠯᠭ᠎ᠠ᠂ ᠲᠥᠷᠥᠯ ᠬᠡᠯᠪᠡᠷᠢ᠂ ᠰᠠᠭᠤᠯᠠᠭᠠᠨ ᠲᠥᠷᠥᠯ ᠬᠤᠪᠢᠶᠠᠬᠤ ᠠᠷᠭ᠎ᠠ ᠪᠣᠳᠣᠯᠭ᠎ᠠ᠂ ᠥᠷᠲᠡᠭ ᠢᠶᠠᠨ ᠠᠯᠳᠠᠬᠤ ᠠᠷᠭ᠎ᠠ ᠪᠣᠳᠣᠯᠭ᠎ᠠ᠂ ᠬᠠᠴᠢᠨ ᠰᠣᠨᠢᠨ ᠬᠡᠮᠵᠢᠭᠳᠡᠯ ᠪᠠ ᠬᠡᠪ ᠤᠨ ᠪᠤᠰᠤ ᠨᠢᠭᠡᠴᠢ ᠶᠢᠨ ᠰᠢᠢᠳᠪᠦᠷᠢᠯᠡᠬᠦ ᠠᠷᠭ᠎ᠠ ᠪᠣᠳᠣᠯᠭ᠎ᠠ᠂ ᠵᠠᠭᠪᠤᠷ ᠤᠨ ᠪᠣᠯᠵᠣᠯᠲᠤ ᠲᠤᠭ᠎ᠠ ᠵᠡᠷᠭᠡ ᠶᠢᠨ ᠲᠣᠬᠢᠷᠠᠭᠤᠯᠤᠯᠲᠠ ᠶᠢ ᠳᠠᠬᠢᠨ ᠳᠠᠪᠲᠠᠨ ᠲᠣᠬᠢᠷᠠᠭᠤᠯᠵᠤ᠂ ᠵᠠᠭᠪᠤᠷ ᠤᠨ ᠣᠨᠣᠪᠴᠢ ᠶᠢᠨ ᠨᠣᠷᠮ᠎ᠠ᠂ ᠣᠨᠣᠪᠴᠢ ᠶᠢᠨ ᠨᠣᠷᠮ᠎ᠠ᠂ ᠪᠤᠴᠠᠭᠠᠨ ᠠᠪᠴᠢᠷᠠᠬᠤ ᠨᠣᠷᠮ᠎ᠠ᠂ ᠵᠢᠩᠬᠢᠨᠢ ᠰᠥᠭᠡᠷᠭᠦ ᠨᠣᠷᠮ᠎ᠠ ᠵᠢᠴᠢ ROC ᠤᠨ ᠢᠯᠡᠷᠡᠯ ᠢ ᠢᠯᠡᠳᠲᠡ ᠳᠡᠭᠡᠭᠰᠢᠯᠡᠭᠦᠯᠪᠡ︔ ᠭᠤᠷᠪᠠ ᠳᠤ᠂ 2023 ᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ᠭᠠᠶᠢᠯᠢ ᠲᠤᠰᠢᠶᠠᠬᠤ ᠮᠡᠳᠡᠭᠡ ᠵᠠᠩᠭᠢ ᠲᠠᠢ ᠤᠶᠠᠯᠳᠤᠭᠤᠯᠤᠨ᠂ ᠪᠥᠬᠦ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠬᠥᠭᠵᠢᠶᠡᠨᠲᠡᠶ ᠵᠠᠭᠠᠭ ᠤᠨ ᠬᠡᠮᠵᠢᠭᠳᠡᠯ ᠪᠠ ᠬᠥᠭᠵᠢᠶᠡᠨ ᠥᠬᠡᠶ ᠵᠠᠭᠠᠭ ᠤᠨ ᠬᠡᠮᠵᠢᠭᠳᠡᠯ ᠢ ᠲᠣᠭᠲᠠᠭᠠᠵᠤ᠂ ᠦᠨᠳᠦᠰᠦᠨ ᠱᠠᠲᠤᠨ ᠤ ᠬᠢᠨᠠᠨ ᠬᠠᠷᠭᠤᠭᠤᠯᠬᠤ ᠠᠵᠢᠯ ᠢ ᠥᠷᠨᠢᠭᠦᠯᠬᠦ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠨᠠᠷᠢᠯᠢᠭ ᠣᠨᠣᠪᠴᠢᠲᠠᠶ ᠥᠷᠨᠢᠭᠦᠯᠬᠦ ᠳᠤ ᠬᠦᠴᠦᠲᠡᠶ ᠲᠤᠯᠭᠠᠭᠤᠷᠢᠯᠠᠯᠬᠠᠩᠭᠠᠪᠠ᠃    ᠭᠤᠷᠪᠠ᠂ ︽ᠰᠡᠳᠬᠢᠬᠦᠶ ᠶᠢᠨ ᠳᠠᠷᠪᠢᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠬᠡᠮᠵᠢᠨ ᠪᠤᠳᠤᠬᠤ ᠳᠤ ᠪᠣᠳᠠᠲᠠᠶ ᠠᠷᠭ᠎ᠠ ᠭᠠᠷᠭᠠᠪᠠ᠃     ᠠᠵᠤ ᠠᠬᠤᠶᠢᠯᠠᠯ ᠤᠨ ᠬᠥᠭᠵᠢᠶᠡᠨᠲᠦ ᠬᠡᠮᠵᠢᠶᠡᠨ ᠤ ᠵᠠᠭᠪᠤᠷ ᠤᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠣᠶᠤᠨ ᠴᠢᠳᠠᠯ ᠢᠶᠠᠨ ᠲᠥᠪᠯᠡᠷᠡᠭᠦᠯᠦᠨ ᠪᠣᠳᠠᠲᠠᠶ ᠠᠷᠭ᠎ᠠ ᠰᠦᠪᠡᠭᠴᠢᠯᠡᠪᠡ᠂ ᠨᠢᠭᠡ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠠᠴᠠ ᠢᠳᠡᠪᠬᠢᠲᠡᠶ ᠪᠠᠷ ᠠᠰᠠᠭᠤᠨ ᠯᠠᠪᠯᠠᠵᠤ᠂ ᠵᠠᠭᠪᠤᠷ ᠪᠠᠶᠢᠭᠤᠯᠬᠤ ᠵᠠᠩᠭᠢᠯᠠᠭ᠎ᠠ ᠶᠢᠨ ᠭᠤᠤᠯ ᠵᠦᠢᠯ ᠢ ᠡᠵᠡᠮᠰᠢᠨ᠂ ᠭᠤᠤᠯᠳᠠᠯᠭ᠎ᠠ ᠲᠠᠢ ᠭᠤᠭᠴᠤᠭ᠎ᠠ ᠶᠢ ᠲᠣᠳᠣᠷᠬᠠᠶᠢᠯᠠᠵᠤ᠂ ᠵᠠᠭᠪᠤᠷ ᠢᠶᠠᠷ ᠪᠣᠯᠪᠠᠰᠤᠷᠠᠭᠤᠯᠬᠤ ᠠᠷᠭ᠎ᠠ ᠶᠢ ᠲᠦᠷᠭᠡᠨ ᠣᠶᠢᠯᠠᠭᠠᠬᠤ ᠪᠠ ᠡᠵᠡᠮᠰᠢᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ︔ ᠬᠤᠶᠠᠷ ᠲᠤ᠂ ᠪᠤᠰᠤᠳ ᠮᠤᠵᠢ ᠣᠷᠣᠨ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠵᠠᠭᠪᠤᠷ ᠤᠨ ᠲᠤᠭ᠎ᠠ ᠪᠠᠷᠢᠮᠳᠠ ᠶᠢᠨ ᠴᠤᠭᠯᠠᠷᠠᠯ ᠪᠠ ᠣᠨᠴᠠᠯᠢᠭ ᠬᠡᠮᠵᠢᠭᠳᠡᠯ ᠢ ᠰᠣᠩᠭᠤᠨ ᠠᠪᠬᠤ᠂ ᠲᠥᠷᠥᠯ ᠬᠤᠪᠢᠶᠠᠭᠤᠷ ᠪᠠ ᠭᠦᠨᠴᠡ ᠶᠢᠨ ᠲᠣᠬᠢᠷᠠᠭᠤᠯᠤᠯᠲᠠ᠂ ᠰᠠᠭᠤᠯᠠᠭ᠎ᠠ ᠬᠤᠪᠢᠶᠠᠨ ᠰᠢᠯᠢᠳᠡᠭᠵᠢᠭᠦᠯᠬᠦ ᠵᠡᠷᠭᠡ ᠠᠭᠤᠯᠭ᠎ᠠ ᠶᠢᠨ ᠲᠤᠬᠠᠶ ᠣᠯᠠᠨ ᠨᠠᠷᠢᠨ ᠨᠢᠭᠲᠠ ᠰᠤᠳᠤᠯᠤᠨ ᠶᠠᠷᠢᠯᠴᠠᠵᠤ᠂ ᠵᠠᠭᠪᠤᠷ ᠤᠨ ᠲᠥᠰᠦᠭᠡᠯᠡᠨ ᠪᠤᠳᠤᠬᠤ ᠶᠠᠰᠤ ᠴᠢᠨᠠᠷ ᠢ ᠤᠯᠠᠮ  ᠳᠡᠭᠡᠭᠰᠢᠯᠡᠬᠦᠯᠪᠡ︔ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠳᠠᠯᠢ ᠪᠤᠰᠤ ᠭᠦᠢᠴᠡᠳᠭᠡᠯ ᠲᠤᠭ᠎ᠠ᠂ ᠪᠣᠯᠵᠣᠯᠲᠤ ᠲᠤᠭ᠎ᠠ ᠶᠢ ᠦᠨᠳᠦᠰᠦᠯᠡᠨ 38 ᠤᠳᠠᠭ᠎ᠠ ᠲᠤᠷᠰᠢᠵᠤ᠂ ᠪᠣᠯᠪᠠᠰᠤᠷᠠᠯ ᠤᠨ ᠵᠠᠭᠪᠤᠷ ᠢ ᠬᠡᠮᠵᠢᠨ ᠪᠤᠳᠤᠭᠰᠠᠨ ᠦᠷ᠎ᠡ ᠳ᠋ᠦᠩ ᠢ ᠪᠥᠬᠦ ᠲᠠᠯ᠎ᠠ ᠪᠠᠷ ᠡᠮᠬᠢᠯᠡᠨ ᠳ᠋ᠦᠩᠨᠡᠵᠦ᠂ ᠡᠴᠦᠰ ᠲᠡᠭᠡᠨ ᠥᠪᠥᠷ ᠮᠣᠩᠭᠤᠯ ᠤᠨ ᠠᠵᠤ ᠠᠬᠤᠶᠢᠯᠠᠯ ᠤᠨ ᠢᠳᠡᠪᠬᠢᠴᠡ ᠶᠢᠨ ᠵᠠᠭᠪᠤᠷ ᠢ ᠲᠥᠰᠦᠭᠡᠯᠡᠨ ᠪᠤᠳᠤᠭᠰᠠᠨ ᠣᠨᠣᠪᠴᠢ ᠶᠢᠨ ᠬᠡᠮᠵᠢᠶ᠎ᠡ ᠨᠢ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠵᠤ᠂ ᠪᠥᠬᠦ ᠤᠯᠤᠰ ᠤᠨ ᠡᠯ᠎ᠡ ᠮᠤᠵᠢ ᠶᠢᠨ ᠵᠠᠭᠪᠤᠷ ᠪᠠᠶᠢᠭᠤᠯᠬᠤ ᠳᠤ ᠯᠠᠪᠯᠠᠯᠲᠠ ᠪᠣᠯᠭᠠᠵᠤ ᠪᠣᠯᠬᠤ ᠲᠤᠷᠰᠢᠯᠭ᠎ᠠ ᠬᠠᠩᠭᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号