ᠡᠳ᠋ ᠤᠨ ᠵᠠᠰᠠᠭ ᠤᠨ ᠵᠠᠷᠤᠯᠭ᠎ᠠ ᠭᠡᠳᠡᠭ ᠨᠢ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠳᠬᠦᠨ | ᠪᠣᠯᠤᠨ ᠦᠢᠯᠡᠴᠢᠯᠡᠭᠡᠨ ᠬᠠᠩᠭᠠᠵᠤ᠂ ᠨᠡᠶᠢᠭᠡᠮ ᠤᠨ ᠣᠯᠠᠨ ᠨᠡᠶᠢᠲᠡ ᠶᠢᠨ ᠬᠡᠷᠡᠭᠴᠡᠭᠡ ᠶᠢ ᠬᠠᠩᠭᠠᠬᠤ ᠶᠢᠨ ᠲᠤᠰᠠᠳᠠ | ᠡᠳ᠋ ᠤᠨ ᠵᠠᠰᠠᠭ ᠤᠨ ᠪᠡᠯᠡ ᠮᠥᠩᠭᠦ ᠲᠣᠬᠢᠷᠠᠭᠤᠯᠵᠤ᠂ ᠵᠠᠰᠠᠭ ᠤᠨ ᠣᠷᠳᠣᠨ ᠤ ᠡᠬᠢ ᠪᠠᠶᠠᠯᠢᠭ ᠲᠣᠬᠢᠷᠠᠭᠤᠯᠬᠤ | ᠬᠡᠪᠴᠢᠶ᠎ᠡ ᠪᠣᠯᠤᠨ ᠬᠡᠪᠴᠢᠶ᠎ᠡ ᠶᠢ ᠲᠤᠰᠬᠠᠬᠤ ᠶᠢ ᠵᠢᠭᠠᠵᠤ ᠪᠤᠶ᠃ | ᠤᠳᠤ ᠶᠢᠨ ᠬᠡᠷᠡᠭᠵᠢᠭᠦᠯᠵᠦ ᠪᠠᠶᠢᠭ᠎ᠠ ᠵᠠᠰᠠᠭ ᠤᠨ ᠣᠷᠳᠣᠨ ᠤ ᠲᠥᠰᠦᠪ ᠤᠨ ᠰᠢᠰᠲ᠋ᠧᠮ ᠶᠣᠰᠣᠭᠠᠷ ᠡᠳ᠋ ᠤᠨ | ᠵᠠᠰᠠᠭ ᠤᠨ ᠵᠠᠷᠤᠯᠭ᠎ᠠ ᠶᠢ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ᠂ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ | ᠵᠠᠷᠤᠯᠭ᠎ᠠ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠭᠡᠵᠦ ᠬᠤᠪᠢᠶᠠᠨ᠎ᠠ᠃ ᠤᠯᠠᠨ | ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠭᠤᠣᠯᠳᠠᠭᠤ᠄ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ᠂ ᠲᠦᠷᠦ ᠶᠢᠨ ᠪᠠᠶᠢᠭᠤᠯᠤᠮᠵᠢ ᠶᠢᠨ ᠬᠡᠪ ᠤᠨ ᠡᠷᠭᠢᠯᠲᠡ ᠶᠢ ᠪᠠᠲᠤᠯᠠᠬᠤ ᠵᠡᠷᠭᠡ ᠲᠠᠯ᠎ᠠ ᠳᠤ ᠬᠡᠷᠡᠭᠯᠡᠨ᠎ᠡ᠃ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠪᠣᠯ ᠣᠨᠴᠠᠭᠠᠢ ᠬᠡᠷᠡᠭᠴᠡᠭᠡ ᠲᠠᠢ ᠵᠠᠷᠤᠯᠭ᠎ᠠ | ᠮᠥᠨ᠂ ᠲᠡᠭᠦᠨ ᠢ ᠣᠨᠴᠠᠭᠠᠢ ᠤᠯᠠᠨ ᠨᠡᠶᠢᠲᠡ ᠶᠢᠨ ᠦᠢᠯᠡᠰ ᠤᠨ ᠬᠥᠭᠵᠢᠯᠲᠡ ᠳᠤ ᠲᠤᠰᠬᠠᠢ ᠬᠡᠷᠡᠭᠯᠡᠨ᠎ᠡ᠃ | ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠵᠠᠷᠤᠯᠭ᠎ᠠ ᠶᠢ ᠭᠤᠣᠯᠳᠠᠭᠤ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ᠂ | ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ | ᠲᠤᠬᠢᠷᠠᠭᠤᠯᠬᠤ ᠶᠢ ᠠᠬᠢᠭᠤᠯᠬᠤ ᠵᠡᠷᠭᠡ ᠳᠤ ᠬᠡᠷᠡᠭᠯᠡᠨ᠎ᠡ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ | ᠵᠠᠷᠤᠯᠭ᠎ᠠ ᠭᠡᠳᠡᠭ ᠨᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ᠂ ᠳᠠᠭᠠᠳᠬᠠᠯ ᠤᠨ | ᠡᠳᠡᠭᠡᠳ ᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠵᠢᠴᠢ ᠪᠤᠰᠤᠳ ᠲᠣᠭᠲᠠᠭᠠᠭᠰᠠᠨ ᠬᠡᠷᠡᠭᠴᠡᠭᠡ ᠶᠢ | ᠥᠭᠬᠦ ᠳᠤ ᠲᠤᠰᠬᠠᠶᠢᠯᠠᠨ ᠬᠡᠷᠡᠭᠯᠡᠭᠰᠡᠨ ᠠᠴᠠ ᠪᠤᠢ ᠪᠣᠯᠤᠭᠰᠠᠨ ᠵᠠᠷᠤᠯᠭ᠎ᠠ ᠶᠢ ᠵᠢᠭᠠᠵᠤ ᠪᠠᠶᠢᠨ᠎ᠠ᠂ ᠭᠤᠣᠯᠳᠠᠭᠤ | ᠨᠠᠰᠤᠵᠢᠯ᠂ ᠡᠮᠴᠢᠯᠡᠭᠡ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠵᠡᠷᠭᠡ ᠨᠡᠶᠢᠭᠡᠮ ᠤᠨ ᠳᠠᠭᠠᠳᠬᠠᠯ ᠢ | ᠪᠠᠭᠲᠠᠭᠠᠭᠰᠠᠨ ᠵᠠᠷᠤᠯᠭ᠎ᠠ ᠳᠤ ᠬᠡᠷᠡᠭᠯᠡᠨ᠎ᠡ᠃ |