ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠶᠢᠨ ᠬᠠᠷᠢᠶ᠎ᠠ ᠠᠵᠢᠯ | ᠦᠢᠯᠡᠰ ᠤᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠄ | 2025 ᠣᠨ ᠤ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ︽2025 ᠣᠨ ᠤ ᠪᠥᠬᠦ ᠣᠷᠣᠨ ᠤ | ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2024﹈ | 201 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠤᠭ᠎ᠠ ᠪᠦᠷᠢᠳᠬᠡᠯ ᠤᠨ ᠪᠣᠯᠪᠠᠰᠤᠷᠠᠯ ᠤᠨ ᠠᠵᠢᠯ ᠤᠨ | ᠪᠣᠳᠠᠲᠠᠶ ᠲᠠᠢ ᠤᠶᠠᠯᠳᠤᠭᠤᠯᠤᠨ᠂ ᠡᠳᠦᠭᠡ 2025 ᠣᠨ ᠤ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ | ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠵᠢᠯ ᠤᠨ ᠬᠤᠯᠪᠣᠭᠳᠠᠯ ᠪᠥᠬᠦᠶ | ᠵᠦᠢᠯᠡᠰ ᠢ ᠳᠤᠤᠷᠠᠬᠢ ᠮᠡᠲᠦ ᠮᠡᠳᠡᠭᠳᠡᠪᠡ᠃ | ᠨᠢᠭᠡ᠂ ᠪᠣᠯᠪᠠᠰᠤᠷᠠᠭᠤᠯᠬᠤ ᠬᠦᠷᠢᠶ᠎ᠡ ᠬᠡᠪᠴᠢᠶ᠎ᠡ ᠪᠠ ᠡᠲᠡᠭᠡᠳ | ᠪᠣᠯᠪᠠᠰᠤᠷᠠᠯ ᠬᠦᠷᠲᠡᠬᠦ ᠡᠲᠡᠭᠡᠳ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠪᠤᠰᠤᠳ ᠵᠣᠬᠢᠶᠠᠨ | ᠪᠠᠶᠢᠭᠤᠯᠤᠯᠲᠠ ᠳᠠᠬᠢ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ ᠪᠣᠯᠤᠨ᠎ᠠ᠃ | ᠬᠤᠶᠠᠷ᠂ ᠪᠣᠯᠪᠠᠰᠤᠷᠠᠯ ᠤᠨ ᠠᠭᠤᠯᠭ᠎ᠠ᠂ ᠠᠷᠭ᠎ᠠ ᠮᠠᠶ᠋ᠢᠭ ᠪᠠ ᠴᠠᠭ ᠬᠤᠭᠤᠴᠠᠭ᠎ᠠ | ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ | ᠠᠭᠤᠯᠭ᠎ᠠ ᠶᠢ ᠨᠡᠶᠢᠲᠡ ᠶᠢᠨ ᠬᠡᠷᠡᠭᠯᠡᠭᠡᠨ ᠤ ᠬᠢᠴᠢᠶᠡᠯ ᠲᠥᠷᠥᠯ ᠤᠨ ᠪᠣᠯᠪᠠᠰᠤᠷᠠᠯ ᠪᠠ ᠲᠤᠰᠬᠠᠶ ᠮᠡᠷᠭᠡᠵᠢᠯ ᠤᠨ | ᠬᠢᠴᠢᠶᠡᠯ ᠲᠥᠷᠥᠯ ᠤᠨ ᠪᠣᠯᠪᠠᠰᠤᠷᠠᠯ ᠭᠡᠵᠦ ᠬᠤᠪᠢᠶᠠᠨ᠎ᠠ᠃ | ︵ᠨᠢᠭᠡ︶ ᠨᠡᠶᠢᠲᠡ ᠶᠢᠨ ᠬᠡᠷᠡᠭᠯᠡᠭᠡᠨ ᠤ ᠬᠢᠴᠢᠶᠡᠯ ᠲᠥᠷᠥᠯ ᠤᠨ ᠰᠤᠷᠤᠯᠴᠠᠯᠭ᠎ᠠ ᠶᠢᠨ ᠱᠠᠭᠠᠷᠳᠠᠯᠭ᠎ᠠ | 1 . ᠪᠣᠯᠪᠠᠰᠤᠷᠠᠯ ᠤᠨ ᠰᠤᠷᠤᠯᠴᠠᠬᠤ ᠴᠠᠭ ᠪᠠ ᠠᠭᠤᠯᠭ᠎ᠠ | 2025 ᠣᠨ ᠤ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ | ᠨᠡᠶᠢᠲᠡ ᠶᠢᠨ ᠬᠡᠷᠡᠭᠯᠡᠭᠡᠨ ᠤ ᠬᠢᠴᠢᠶᠡᠯ ᠲᠥᠷᠥᠯ ᠨᠡᠶᠢᠲᠡ 30 ᠬᠢᠴᠢᠶᠡᠯ ᠤᠨ ᠴᠠᠭ ᠪᠣᠯᠤᠨ᠎ᠠ᠂ 2025 ᠣᠨ ᠤ | ᠨᠡᠶᠢᠲᠡ ᠶᠢᠨ ᠬᠡᠷᠡᠭᠯᠡᠭᠡᠨ ᠤ ᠬᠢᠴᠢᠶᠡᠯ ᠲᠥᠷᠥᠯ ᠨᠢ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠬᠤ ᠲᠣᠭᠤᠷᠢᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠤᠯᠭᠠᠨ᠂ | ᠲᠣᠭᠠᠴᠢᠯᠠᠭᠰᠠᠨ ᠮᠡᠷᠭᠡᠵᠢᠯ᠂ ᠰᠦᠯᠵᠢᠶᠡᠨ ᠤ ᠠᠮᠤᠷ ᠲᠦᠪᠰᠢᠨ᠂ ᠰᠢᠨᠵᠢᠯᠡᠬᠦ ᠮᠡᠷᠭᠡᠵᠢᠯ ᠤᠨ ᠰᠢᠨ᠎ᠡ ᠡᠭᠦᠳᠦᠯᠲᠡ᠂ | ᠪᠣᠬᠢᠷᠲᠤᠯ ᠦᠭᠡᠢ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠰᠤᠷᠤᠯᠴᠠᠯᠭ᠎ᠠ ᠶᠢ ᠪᠦᠬᠦ | ᠲᠠᠯ᠎ᠠ ᠪᠠᠷ ᠴᠢᠩᠭᠠᠳᠬᠠᠪᠠ᠃ ᠨᠡᠶᠢᠲᠡ ᠶᠢᠨ ᠬᠡᠷᠡᠭᠯᠡᠭᠡᠨ ᠤ ᠬᠢᠴᠢᠶᠡᠯ ᠲᠥᠷᠥᠯ ᠳᠤ ᠰᠦᠯᠵᠢᠶᠡᠨ ᠤ ᠪᠣᠯᠪᠠᠰᠤᠷᠠᠯ ᠢ | ᠬᠡᠷᠡᠭᠵᠢᠭᠦᠯᠵᠦ᠂ ᠰᠤᠷᠤᠭᠴᠢᠳ ᠪᠣᠶ ᠪᠥᠬᠦᠶ ᠬᠢᠴᠢᠶᠡᠯ ᠢᠶᠠᠨ ᠰᠤᠷᠴᠤ ᠪᠠᠷᠠᠭᠰᠠᠨ ᠤ ᠳᠠᠷᠠᠭ᠎ᠠ ᠰᠢᠯᠭᠠᠯᠲᠠ ᠳᠤ | ᠣᠷᠣᠯᠴᠠᠵᠤ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠬᠢᠷᠢ ᠪᠦᠲᠦᠮᠵᠢ ᠣᠯᠵᠤ ᠪᠣᠯᠤᠨ᠎ᠠ᠂ | ᠰᠤᠷᠤᠭᠴᠢᠳ ᠪᠣᠯᠪᠠᠰᠤᠷᠠᠯ ᠤᠨ ᠦᠨᠡᠮᠯᠡᠯ ᠢᠶᠠᠨ ᠥᠪᠡᠰᠦᠪᠡᠨ ᠳᠠᠷᠤᠮᠠᠯᠯᠠᠨ᠎ᠠ᠃ | 2 . ᠪᠣᠯᠪᠠᠰᠤᠷᠠᠯ ᠤᠨ ᠴᠠᠭ ᠪᠠ ᠪᠣᠯᠪᠠᠰᠤᠷᠠᠯ ᠤᠨ ᠲᠠᠪᠴᠠᠩ | ᠰᠦᠯᠵᠢᠶ᠎ᠡ ᠨᠡᠬᠡᠬᠡᠬᠦ ᠴᠠᠭ ᠨᠢ 2025 ᠣᠨ ᠤ 1 ᠰᠠᠷ᠎ᠠ ᠶᠢᠨ 1 ᠤ ᠡᠳᠦᠷ᠂ ᠬᠤᠭᠤᠴᠠᠭ᠎ᠠ ᠳᠠᠭᠤᠰᠬᠤ | ᠴᠠᠭ ᠨᠢ 2025 ᠣᠨ ᠤ 12 ᠰᠠᠷ᠎ᠠ ᠶᠢᠨ 31 ᠤ ᠡᠳᠦᠷ︔ 2024 ᠣᠨ᠂ 2023 ᠣᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠬᠢᠴᠢᠶᠡᠯ ᠲᠥᠷᠥᠯ ᠤᠨ ᠰᠤᠷᠤᠯᠴᠠᠯᠭ᠎ᠠ ᠶᠢ | ᠪᠡᠶᠡᠯᠡᠭᠦᠯᠦᠭᠡᠳᠦᠶ ᠲᠤᠰᠬᠠᠶ ᠮᠡᠷᠭᠡᠵᠢᠯ ᠤᠨ ᠠᠵᠢᠯᠲᠠᠨ ᠡᠨᠡ ᠬᠦ ᠬᠤᠭᠤᠴᠠᠭᠠᠨ ᠳᠤ ᠰᠤᠷᠤᠯᠭ᠎ᠠ ᠪᠠᠨ ᠨᠥᠬᠦᠵᠦ | ᠪᠣᠯᠤᠨ᠎ᠠ᠃ | ᠲᠤᠰᠬᠠᠶ ᠮᠡᠷᠭᠡᠵᠢᠯ ᠤᠨ ᠠᠵᠢᠯᠲᠠᠨ ᠥᠪᠥᠷ ᠮᠣᠩᠭᠤᠯ ᠤᠨ ᠲᠤᠰᠬᠠᠶ ᠮᠡᠷᠭᠡᠵᠢᠯ ᠤᠨ ᠠᠵᠢᠯᠲᠠᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠰᠦᠯᠵᠢᠶ᠎ᠡ ︵nmg. | chinahrt.com︶᠂ ᠥᠪᠥᠷ ᠮᠣᠩᠭᠤᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠦᠯᠵᠢᠶ᠎ᠡ ︵zj. | nmgrcpx.com︶ ᠵᠡᠷᠭᠡ ᠬᠠᠮᠢᠶ᠎ᠠ ᠪᠥᠬᠦᠶ ᠰᠦᠯᠵᠢᠶᠡᠨ ᠳᠡᠭᠡᠷ᠎ᠡ ᠨᠡᠶᠢᠲᠡ ᠶᠢᠨ ᠬᠡᠷᠡᠭᠯᠡᠭᠡᠨ ᠤ ᠬᠢᠴᠢᠶᠡᠯ ᠢ | ᠰᠤᠷᠤᠯᠴᠠᠵᠤ᠂ ᠬᠢᠴᠢᠶᠡᠯ ᠪᠠᠭᠤᠯᠭᠠᠵᠤ ᠰᠦᠯᠵᠢᠶᠡᠨ ᠠᠴᠠ ᠰᠠᠯᠵᠤ ᠰᠤᠷᠤᠯᠴᠠᠬᠤ ᠶᠢ ᠳᠡᠮᠵᠢᠨ᠎ᠡ᠂ ᠪᠤᠰᠤᠳ | ᠰᠤᠷᠤᠯᠴᠠᠯᠭ᠎ᠠ ᠶᠢᠨ ᠰᠦᠯᠵᠢᠶᠡᠨ ᠥᠷᠲᠡᠭᠡ ᠶᠢᠨ ︽2025 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ | ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2024﹈ 201 ᠳ᠋ᠤᠭᠡᠷ | ᠲᠣᠭᠠᠲᠤ︶ ᠳᠤ ᠨᠠᠷᠢᠨ ᠦᠵᠡᠭᠡᠷᠡᠶ᠃ | ︵ᠬᠤᠶᠠᠷ︶ ᠲᠤᠰᠬᠠᠢ ᠮᠡᠷᠭᠡᠵᠢᠯ ᠤᠨ ᠬᠢᠴᠢᠶᠡᠯ ᠤᠨ ᠰᠤᠷᠤᠯᠴᠠᠬᠤ ᠱᠠᠭᠠᠷᠳᠠᠯᠭ᠎ᠠ | 1 . ᠪᠣᠯᠪᠠᠰᠤᠷᠠᠯ ᠤᠨ ᠠᠭᠤᠯᠭ᠎ᠠ᠂ ᠰᠤᠷᠤᠯᠴᠠᠬᠤ ᠴᠠᠭ ᠪᠠ ᠴᠠᠭ | ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠳᠤ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ | ᠲᠤᠰᠬᠠᠶ ᠮᠡᠷᠭᠡᠵᠢᠯ ᠤᠨ ᠠᠵᠢᠯ ᠬᠢᠬᠦ ᠳᠤ ᠡᠵᠡᠮᠰᠢᠪᠡᠰᠦ ᠵᠣᠬᠢᠬᠤ ᠰᠢᠨ᠎ᠡ ᠣᠨᠣᠯ᠂ ᠰᠢᠨ᠎ᠡ ᠮᠡᠳᠡᠯᠭᠡ᠂ ᠰᠢᠨ᠎ᠡ | ᠮᠡᠷᠭᠡᠵᠢᠯ᠂ ᠰᠢᠨ᠎ᠡ ᠠᠷᠭ᠎ᠠ ᠵᠡᠷᠭᠡ ᠠᠭᠤᠯᠭ᠎ᠠ ᠶᠢ ᠪᠠᠭᠲᠠᠭᠠᠨ᠎ᠠ᠃ ᠰᠤᠷᠤᠭᠴᠢᠳ ᠥᠪᠡᠷ ᠥᠪᠡᠷ ᠤᠨ ᠬᠢᠵᠦ ᠪᠠᠶᠢᠭ᠎ᠠ | ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠢᠶᠠᠨ ᠦᠨᠳᠦᠰᠦᠯᠡᠨ᠂ ᠬᠢᠴᠢᠶᠡᠯ ᠢᠶᠠᠨ ᠥᠪᠡᠰᠦᠪᠡᠨ ᠰᠣᠩᠭᠤᠵᠤ | ᠰᠦᠯᠵᠢᠶᠡᠨ ᠳᠡᠭᠡᠷ᠎ᠡ ᠰᠤᠷᠤᠯᠴᠠᠵᠤ᠂ ᠨᠡᠶᠢᠲᠡ 60 ᠬᠢᠴᠢᠶᠡᠯᠯᠡᠬᠦ ᠴᠠᠭ ᠪᠣᠯᠤᠨ᠎ᠠ᠃ ᠲᠤᠰᠬᠠᠶ ᠮᠡᠷᠭᠡᠵᠢᠯ ᠤᠨ | ᠬᠢᠴᠢᠶᠡᠯ ᠲᠥᠷᠥᠯ ᠤᠨ ᠰᠦᠯᠵᠢᠶ᠎ᠡ ᠶᠢ ᠪᠥᠬᠦ ᠵᠢᠯ ᠳᠤ ᠰᠦᠯᠵᠢᠶᠡᠨ ᠳᠡᠭᠡᠷ᠎ᠡ ᠰᠤᠷᠤᠯᠴᠠᠨ᠎ᠠ᠃ | 2 . ᠪᠣᠯᠪᠠᠰᠤᠷᠠᠯ ᠤᠨ ᠲᠠᠪᠴᠠᠩ | ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠦᠯᠵᠢᠶ᠎ᠡ ︵http᠄//www.statsedu. | com︶ ᠳᠤ ᠭᠠᠷᠴᠤ᠂ ᠲᠦᠷᠭᠡᠨ ᠨᠡᠷ᠎ᠡ ᠮᠡᠳᠡᠭᠦᠯᠬᠦ ᠡᠭᠦᠳᠡᠨ ᠳᠤ ︽ᠥᠪᠥᠷ ᠮᠣᠩᠭᠤᠯ ᠤᠨ ᠬᠥᠬᠡᠬᠤᠲᠠ︾ ᠶᠢ | ᠰᠣᠩᠭᠤᠨ ᠳᠠᠩᠰᠠᠯᠠᠭᠤᠯᠤᠨ ᠲᠡᠮᠳᠡᠭᠯᠡᠭᠦᠯᠬᠦ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠥᠪᠥᠷ ᠮᠣᠩᠭᠤᠯ ᠤᠨ ᠲᠤᠭ᠎ᠠ ᠪᠦᠷᠢᠳᠬᠡᠯ ᠤᠨ | ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠦᠯᠵᠢᠶ᠎ᠡ︾ ᠶᠢᠨ ᠴᠣᠩᠬᠤ ᠳᠤ ᠳᠠᠩᠰᠠᠯᠠᠭᠤᠯᠤᠨ ᠲᠡᠮᠳᠡᠭᠯᠡᠭᠦᠯᠬᠦ | ᠬᠡᠷᠡᠭᠲᠡᠶ᠃ | ᠰᠣᠩᠭᠤᠨ ᠰᠤᠷᠬᠤ ᠬᠢᠴᠢᠶᠡᠯ ᠢ ᠰᠢᠯᠭᠠᠯᠲᠠ ᠶᠢᠨ ᠱᠠᠭᠠᠷᠳᠠᠯᠭ᠎ᠠ ᠪᠣᠯᠭᠠᠬᠤ ᠥᠬᠡᠶ᠂ ᠵᠠᠪᠠᠯ ᠰᠤᠷᠬᠤ ᠬᠢᠴᠢᠶᠡᠯ | ᠬᠢᠷᠢ ᠲᠡᠩᠴᠡᠭᠰᠡᠨ ᠤ ᠳᠠᠷᠠᠭ᠎ᠠ᠂ ᠰᠤᠷᠤᠭᠴᠢᠳ ᠥᠪᠡᠰᠦᠪᠡᠨ ᠬᠢᠷᠢ ᠲᠡᠩᠴᠡᠭᠰᠡᠨ ᠦᠨᠡᠮᠯᠡᠯ ᠢᠶᠠᠨ ᠳᠠᠷᠤᠮᠠᠯᠯᠠᠨ᠎ᠠ᠃ | ᠰᠦᠯᠵᠢᠶᠡᠨ ᠤ ᠮᠡᠷᠭᠡᠵᠢᠯ ᠤᠨ ᠦᠢᠯᠡᠴᠢᠯᠡᠭᠡᠨ ᠤ ᠦᠨ᠎ᠡ ᠲᠥᠯᠥᠪᠦᠷᠢ ᠥᠬᠡᠶ ᠠᠰᠠᠭᠤᠨ ᠯᠠᠪᠯᠠᠬᠤ ᠤᠲᠠᠰᠤ᠄ | 073189922182᠃ | ᠭᠤᠷᠪᠠ᠂ ᠣᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠢᠨᠠᠨ ᠰᠢᠯᠭᠠᠬᠤ ᠠᠵᠢᠯ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠤᠬᠠᠭᠤᠯᠭ᠎ᠠ ᠬᠥᠮᠦᠵᠢᠯ ᠤᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠢᠶᠠᠷ ᠬᠢᠨᠠᠨ ᠵᠥᠪᠰᠢᠶᠡᠷᠡᠭᠦᠯᠦᠭᠰᠡᠨ ᠣᠷᠣᠨ ᠤ ᠰᠢᠭᠤᠳ ᠬᠠᠷᠢᠶ᠎ᠠ | ᠨᠢᠭᠡᠴᠡ ᠶᠢᠨ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠪᠣᠯᠤᠨ᠎ᠠ᠂ ᠰᠤᠷᠤᠭᠴᠢᠳ ᠤᠨ ᠪᠣᠯᠪᠠᠰᠤᠷᠠᠯ ᠤᠨ ᠳᠠᠩᠰᠠ ᠡᠪᠬᠡᠮᠡᠯ ᠢ ᠲᠡᠮᠳᠡᠭᠯᠡᠬᠦ᠂ | ᠬᠢᠨᠠᠨ ᠰᠢᠯᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ 2025 ᠣᠨ ᠤ ᠮᠡᠷᠭᠡᠵᠢᠯ ᠤᠨ ᠴᠣᠯᠠ ᠶᠢᠨ | ᠰᠢᠯᠭᠠᠷᠠᠭᠤᠯᠤᠯᠲᠠ ᠳᠤ ᠣᠷᠣᠯᠴᠠᠬᠤ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ᠂ ᠰᠤᠷᠤᠯᠴᠠᠬᠤ | ᠴᠠᠭ ᠤᠨ ᠲᠤᠭ᠎ᠠ ᠳᠤ ᠬᠦᠷᠦᠯᠴᠡᠬᠦ ᠪᠥᠭᠡᠳ ᠨᠡᠶᠢᠲᠡ ᠶᠢᠨ ᠬᠡᠷᠡᠭᠯᠡᠭᠡᠨ ᠪᠠ ᠲᠤᠰᠬᠠᠶ ᠮᠡᠷᠭᠡᠵᠢᠯ ᠤᠨ ᠬᠢᠴᠢᠶᠡᠯ | ᠲᠥᠷᠥᠯ ᠤᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠤᠬᠠᠭᠤᠯᠭ᠎ᠠ ᠬᠥᠮᠦᠵᠢᠯ ᠤᠨ ᠲᠥᠪ ᠠᠴᠠ ᠨᠡᠶᠢᠲᠡ ᠶᠢᠨ | ᠬᠡᠷᠡᠭᠯᠡᠭᠡᠨ ᠪᠠ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢᠨ ᠬᠢᠨᠠᠨ ᠰᠢᠯᠭᠠᠬᠤ ᠭᠠᠷᠳᠠᠮ ᠢ | ᠨᠢᠭᠡᠳᠦᠯᠲᠡᠶ ᠭᠦᠢᠴᠡᠳᠭᠡᠨ᠎ᠡ᠃ | ᠬᠢᠨᠠᠨ ᠰᠢᠯᠭᠠᠬᠤ ᠭᠠᠷᠳᠠᠮ ᠢ ᠭᠦᠢᠴᠡᠳᠭᠡᠭᠰᠡᠨ ᠤ ᠳᠠᠷᠠᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠥᠪᠥᠷ | ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵www.nmgrck.cn︶ ᠳᠤ ᠭᠠᠷᠴᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠢᠨᠠᠨ ᠰᠢᠯᠭᠠᠬᠤ ᠺᠠᠷᠲ ᠢ ᠥᠪᠡᠰᠦᠪᠡᠨ ᠳᠠᠷᠤᠮᠠᠯᠯᠠᠵᠤ᠂ ᠬᠢᠨᠠᠨ | ᠰᠢᠯᠭᠠᠬᠤ ᠺᠠᠷᠲ ᠢ ᠳᠠᠷᠤᠮᠠᠯᠯᠠᠬᠤ ᠴᠠᠭ ᠢ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢᠨ ᠮᠠᠲ᠋ᠧᠷᠢᠶᠠᠯ ᠢ | ᠭᠤᠶᠤᠴᠢᠯᠠᠨ ᠮᠡᠳᠡᠭᠦᠯᠬᠦ ᠴᠠᠭ ᠪᠣᠯᠭᠠᠨ᠎ᠠ᠃ | ᠳᠥᠷᠪᠡ᠂ ᠪᠤᠰᠤᠳ ᠵᠦᠢᠯ | ︵ᠨᠢᠭᠡ︶ ᠬᠢᠴᠢᠶᠡᠯ ᠤᠨ ᠴᠠᠭ ᠢ ᠬᠢᠨᠠᠨ ᠲᠣᠭᠲᠠᠭᠠᠬᠤ ᠱᠠᠭᠠᠷᠳᠠᠯᠭ᠎ᠠ | ᠳᠡᠭᠡᠳᠦ᠂ ᠳᠤᠮᠳᠠ ᠵᠡᠷᠭᠡ ᠶᠢᠨ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠳᠤ ᠤᠷᠤᠯᠴᠠᠬᠤ ᠬᠥᠮᠦᠨ ᠪᠦᠬᠦᠨ᠂ ᠣᠶᠢᠷ᠎ᠠ ᠶᠢᠨ ᠭᠤᠷᠪᠠᠨ ᠵᠢᠯ ᠤᠨ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠪᠠ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢ | ᠪᠡᠶᠡᠯᠡᠭᠦᠯᠬᠦ ᠴᠢᠬᠤᠯᠠᠲᠠᠶ᠂ ᠡᠭᠦᠨ ᠳᠤ 2025 ᠣᠨ ᠳᠤ 90 ᠬᠢᠴᠢᠶᠡᠯ ᠤᠨ ᠴᠠᠭ ᠤᠨ ᠰᠤᠷᠤᠯᠴᠠᠯᠭ᠎ᠠ ᠶᠢ | ᠪᠡᠶᠡᠯᠡᠭᠦᠯᠦᠨ᠎ᠡ︔ ᠠᠩᠬ᠎ᠠ ᠵᠡᠷᠭᠡ ᠶᠢᠨ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠴᠣᠯᠠ ᠬᠢᠨᠠᠨ | ᠲᠣᠭᠲᠠᠭᠠᠬᠤ ᠳᠤ ᠣᠷᠣᠯᠴᠠᠬᠤ ᠲᠤᠰᠬᠠᠶ ᠮᠡᠷᠭᠡᠵᠢᠯ ᠤᠨ ᠠᠵᠢᠯᠲᠠᠨ ᠣᠶᠢᠷ᠎ᠠ ᠶᠢᠨ ᠨᠢᠭᠡ ᠵᠢᠯ ᠳᠤ ᠦᠷᠭᠦᠯᠵᠢᠯᠡᠭᠰᠡᠨ | ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠴᠡᠭᠡ ᠪᠠ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ | ᠰᠤᠷᠤᠯᠴᠠᠯᠭ᠎ᠠ ᠳᠤ ᠣᠷᠣᠯᠴᠠᠵᠤ᠂ ᠨᠡᠶᠢᠲᠡ 90 ᠬᠢᠴᠢᠶᠡᠯ ᠤᠨ ᠴᠠᠭ ᠲᠤ ᠬᠥᠷᠬᠦ ᠬᠡᠷᠡᠭᠲᠡᠶ᠃ | ︵ᠬᠤᠶᠠᠷ︶ ᠬᠢᠴᠢᠶᠡᠯ ᠤᠨ ᠴᠠᠭ ᠢ ᠬᠠᠰᠤᠵᠤ ᠬᠡᠯᠲᠦᠷᠢᠭᠦᠯᠬᠦ ᠱᠠᠭᠠᠷᠳᠠᠯᠭ᠎ᠠ | ᠦᠷᠬᠦᠯᠵᠢᠯᠡᠭᠰᠡᠨ ᠰᠤᠷᠭᠠᠨ ᠬᠦᠮᠦᠵᠢᠯ ᠤᠨ ᠬᠢᠴᠢᠶᠡᠯ ᠤᠨ ᠴᠠᠭ ᠢ ᠬᠠᠰᠤᠵᠤ ᠭᠡᠯᠳᠦᠷᠢᠭᠦᠯᠬᠦ ᠶᠢ ᠭᠥᠷᠳᠡᠵᠦ | ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠢ ︽2025 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ | ᠠᠵᠢᠯᠲᠠᠨ ᠤ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ | ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2024﹈ 201 ᠳ᠋ᠤᠭᠡᠷ ᠲᠣᠭᠠᠲᠤ︶ ᠤᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠡᠯ᠎ᠡ ᠨᠢᠭᠡᠴᠡ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ | ᠴᠢᠩᠭᠠᠳᠬᠠᠵᠤ᠂ ᠴᠠᠭ ᠲᠤᠬᠠᠶ ᠳᠤᠨᠢ ᠬᠤᠯᠪᠣᠭᠳᠠᠯ ᠪᠥᠬᠦᠶ ᠬᠥᠮᠦᠰ ᠲᠤ ᠮᠡᠳᠡᠭᠳᠡᠵᠦ᠂ ᠲᠣᠰ ᠮᠡᠳᠡᠭᠳᠡᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠠᠵᠢᠯᠲᠠᠨ ᠤ | ᠦᠷᠭᠦᠯᠵᠢᠯᠡᠭᠰᠡᠨ ᠬᠥᠮᠦᠵᠢᠯ ᠪᠣᠯᠪᠠᠰᠤᠷᠠᠯ ᠵᠢᠴᠢ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠪᠣᠯᠪᠠᠰᠤᠷᠠᠯ ᠤᠨ | ᠠᠵᠢᠯᠲᠠᠨ ᠤ ᠪᠠᠶᠢᠳᠠᠯ ᠢ ᠴᠠᠭ ᠲᠤᠬᠠᠶ ᠳᠤᠨᠢ ᠲᠠᠭᠯᠠᠨ ᠮᠡᠳᠡᠭᠦᠯᠬᠦ ᠶᠢᠨ ᠬᠠᠮᠲᠤ ᠰᠦᠯᠵᠢᠶᠡᠨ ᠥᠷᠲᠡᠭᠡ ᠶᠢᠨ | ᠲᠦᠷᠦᠭᠦᠦ ᠨᠢᠭᠤᠷ ᠲᠤ ᠡᠯᠭᠦᠨ ᠮᠡᠳᠡᠭᠳᠡᠭᠰᠡᠨ ᠴᠥᠷᠬᠡᠯᠡᠭᠡ ᠪᠠᠷ ᠬᠤᠪᠢ ᠬᠥᠮᠦᠨ ᠤ ᠬᠠᠮᠢᠶ᠎ᠠ ᠪᠥᠬᠦᠶ ᠮᠡᠳᠡᠭᠡ | ᠵᠠᠩᠭᠢ ᠶᠢ ᠲᠠᠭᠯᠠᠨ ᠪᠢᠴᠢᠭᠡᠷᠡᠶ᠃ | | ᠬᠠᠷᠢᠯᠴᠠᠬᠤ ᠬᠥᠮᠦᠨ᠄ ᠲᠠᠮᠢᠷ | ᠬᠠᠷᠢᠯᠴᠠᠬᠤ ᠤᠲᠠᠰᠤ᠄ 0471 - 6610051 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | 2025 ᠣᠨ ᠤ 1 ᠰᠠᠷ᠎ᠠ ᠶᠢᠨ 3 ᠤ ᠡᠳᠦᠷ | |