ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︵ᠳᠣᠷᠣᠭᠰᠢ ᠲᠤᠭ᠎ᠠ | ᠪᠦᠷᠢᠳᠬᠡᠯ ᠤᠨ ᠬᠠᠤᠯᠢ ᠭᠡᠵᠦ ᠲᠣᠪᠴᠢᠯᠠᠨ᠎ᠠ︶ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ | ᠲᠤᠬᠠᠶ ᠮᠡᠳᠡᠭᠳᠡᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠦᠳᠲᠡᠷ ᠲᠦᠷᠭᠡᠨ | ᠴᠤᠤᠷᠢᠶᠠᠲᠤᠨ ᠳᠠᠭᠠᠵᠤ᠂ ᠢᠳᠡᠪᠬᠢᠲᠡᠶ ᠪᠠᠶᠢᠷᠢᠯᠠᠭᠤᠯᠤᠨ᠂ ᠪᠥᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠢ | ᠵᠣᠬᠢᠶᠠᠨ ᠪᠠᠶᠢᠭᠤᠯᠤᠨ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠤᠭ᠎ᠠ | ᠪᠦᠷᠢᠳᠬᠡᠯ ᠤᠨ ᠬᠠᠤᠯᠢ ᠶᠢ ᠭᠦᠨᠵᠡᠭᠡᠶ ᠰᠤᠷᠤᠯᠴᠠᠨ᠂ ᠥᠷᠭᠡᠨ ᠢᠶᠠᠷ ᠤᠬᠠᠭᠤᠯᠵᠤ ᠰᠢᠨ᠎ᠡ ᠪᠠᠷ ᠵᠠᠰᠠᠪᠤᠷᠢ | ᠣᠷᠣᠭᠤᠯᠤᠨ᠂ ᠰᠤᠷᠤᠯᠴᠠᠵᠤ ᠤᠬᠠᠭᠤᠯᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠪᠠ᠃ | ᠨᠢᠭᠡ᠂ ᠲᠥᠪᠯᠡᠷᠡᠭᠦᠯᠦᠨ ᠰᠤᠷᠤᠯᠴᠠᠬᠤ ᠶᠢ ᠪᠦᠬᠦᠨ ᠢ ᠪᠦᠷᠬᠦᠭᠦᠯᠬᠦ ᠶᠢ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠴᠠᠭ ᠲᠤᠬᠠᠶ ᠳᠤᠨᠢ ᠬᠤᠷᠠᠯᠳᠤᠭᠤᠯᠵᠤ᠂ ︽ᠰᠢᠨ᠎ᠡ ᠪᠠᠷ ᠵᠠᠰᠠᠪᠤᠷᠢ | ᠤᠷᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ ᠭᠦᠨᠵᠡᠭᠡᠶ ᠰᠤᠷᠤᠯᠴᠠᠵᠤ᠂ ᠬᠠᠤᠯᠢ ᠶᠣᠰᠣᠭᠠᠷ ᠲᠤᠭ᠎ᠠ | ᠪᠦᠷᠢᠳᠬᠡᠯ ᠬᠢᠵᠦ ᠬᠠᠤᠯᠢ ᠶᠣᠰᠣᠭᠠᠷ ᠲᠤᠭ᠎ᠠ ᠪᠦᠷᠢᠳᠬᠡᠯ ᠢᠶᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ︾ | ᠭᠤᠤᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠬᠤ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ᠂ ᠪᠥᠬᠦ | ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ᠲᠤᠭ᠎ᠠ ᠪᠦᠷᠢᠳᠬᠡᠯ ᠤᠨ | ᠬᠠᠤᠯᠢ ᠶᠢ ᠭᠦᠨᠵᠡᠭᠡᠶ ᠰᠤᠷᠤᠯᠴᠠᠬᠤ ᠶᠢ ᠢᠳᠡᠪᠬᠢᠲᠡᠶ ᠠᠬᠢᠭᠤᠯᠪᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠪᠠᠶᠢᠩᠭᠤ ᠶᠢᠨ ᠬᠤᠷᠠᠯ ᠳᠡᠭᠡᠷ᠎ᠡ ᠰᠢᠨ᠎ᠡ ᠪᠠᠷ ᠵᠠᠰᠠᠪᠤᠷᠢ | ᠤᠷᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠪᠥᠬᠦ ᠣᠷᠣᠨ ᠤ 12 | ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠯᠭᠠᠭ᠎ᠠ ᠪᠠᠷ ᠬᠤᠷᠠᠯ ᠬᠤᠷᠠᠯᠳᠤᠭᠤᠯᠵᠤ | ᠬᠠᠮᠲᠤ ᠶᠢᠨ ᠰᠤᠷᠤᠯᠴᠠᠯᠭ᠎ᠠ ᠬᠢᠪᠠ᠃ ᠬᠤᠶᠠᠷ ᠲᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ | ᠪᠦᠷᠢᠳᠬᠡᠯ ᠤᠨ ᠬᠠᠤᠯᠢ ᠶᠢᠨ ᠲᠤᠰᠬᠠᠶ ᠳᠡᠪᠲᠡᠷ ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠥᠬᠦᠶ ᠰᠠᠯᠠᠭ᠎ᠠ ᠮᠥᠴᠢᠷ ᠲᠤ ᠲᠠᠷᠬᠠᠭᠠᠨ ᠥᠭᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ 30 ᠭᠠᠷᠤᠶ | ᠰᠠᠯᠠᠭ᠎ᠠ ᠮᠥᠴᠢᠷ ᠲᠤ ᠬᠥᠮᠦᠨ ᠲᠣᠮᠢᠯᠠᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠲᠠᠶᠢᠯᠤᠮᠵᠢ ᠬᠢᠯᠭᠡᠪᠡ᠃ | ᠭᠤᠷᠪᠠ ᠳᠤ᠂ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠬᠤᠷᠠᠯ ᠢ | ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠢ ᠬᠤᠪᠢᠳᠠᠨ ᠬᠠᠮᠢᠶᠠᠷᠴᠤ ᠤᠳᠤᠷᠢᠳᠬᠤ᠂ | ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ | ᠰᠢᠨ᠎ᠡ ᠪᠠᠷ ᠵᠠᠰᠠᠪᠤᠷᠢ ᠤᠷᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ ᠲᠥᠪᠯᠡᠷᠡᠭᠦᠯᠦᠨ ᠰᠤᠷᠤᠯᠴᠠᠪᠠ᠃ | ᠬᠤᠶᠠᠷ᠂ ᠤᠬᠠᠭᠤᠯᠭ᠎ᠠ ᠬᠥᠮᠦᠵᠢᠯ ᠢ ᠵᠡᠷᠭᠡᠪᠡᠷ ᠥᠷᠨᠢᠭᠦᠯᠬᠦ ᠶᠢ ᠴᠢᠬᠤᠯᠠᠴᠢᠯᠠᠪᠠ᠃ | ᠨᠢᠭᠡ ᠳᠤ᠂ ᠪᠥᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠢ ᠰᠦᠯᠵᠢᠶᠡᠨ ᠤ ᠵᠠᠭᠤᠴᠢᠯᠠᠭᠤᠷ ᠤᠨ ᠭᠤᠤᠯ ᠤᠬᠠᠭᠤᠯᠭ᠎ᠠ ᠶᠢᠨ ᠵᠢᠭᠰᠠᠭᠠᠯ ᠤᠨ ᠭᠠᠵᠠᠷ | ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠳᠤ ᠵᠠᠰᠠᠪᠤᠷᠢ ᠣᠷᠣᠭᠤᠯᠬᠤ ᠶᠢᠨ ᠴᠢᠬᠤᠯᠠ ᠠᠴᠢ ᠬᠤᠯᠪᠣᠭᠳᠠᠯ᠂ | ᠭᠤᠤᠯ ᠠᠭᠤᠯᠭ᠎ᠠ ᠵᠢᠴᠢ ᠡᠷᠬᠡ ᠰᠦᠷᠲᠦ ᠲᠠᠶᠢᠯᠤᠮᠵᠢ ᠶᠢ ᠥᠷᠭᠡᠨ ᠢᠶᠠᠷ ᠤᠬᠠᠭᠤᠯᠪᠠ᠃ ᠬᠤᠶᠠᠷ ᠲᠤ᠂ ᠡᠯ᠎ᠡ | ᠭᠠᠵᠠᠷ ᠤᠨ ᠨᠠᠮ ᠵᠠᠰᠠᠭ ᠤᠨ ᠠᠯᠪᠠᠨ ᠠᠰᠠᠷ ᠤᠨ LED ᠡᠯᠧᠺᠲᠷᠣᠨ ᠳᠡᠯᠭᠡᠴᠡ᠂ ᠦᠵᠡᠭᠦᠯᠭᠡ ᠶᠢᠨ ᠰᠠᠮᠪᠠᠷ᠎ᠠ᠂ | ᠵᠠᠷᠯᠠᠯ ᠵᠡᠷᠭᠡ ᠶᠢ ᠭᠦᠢᠴᠡᠳ ᠠᠰᠢᠭᠯᠠᠨ᠂ ᠨᠠᠮ ᠵᠠᠰᠠᠭ ᠤᠨ ᠪᠠᠶᠢᠭᠤᠯᠭ᠎ᠠ ᠶᠢᠨ ᠬᠡᠪᠴᠢᠶᠡᠨ ᠳᠤ ᠰᠢᠨ᠎ᠡ ᠪᠠᠷ ᠵᠠᠰᠠᠪᠤᠷᠢ | ᠤᠷᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ ᠲᠥᠪᠯᠡᠷᠡᠭᠦᠯᠦᠨ ᠤᠬᠠᠭᠤᠯᠪᠠ᠃ ᠭᠤᠷᠪᠠ ᠳᠤ᠂ ︽ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠂ ︽12.8 ᠲᠤᠭ᠎ᠠ ᠪᠦᠷᠢᠳᠬᠡᠯ ᠤᠨ ᠬᠠᠤᠯᠢ ᠶᠢ | ᠨᠡᠶᠢᠲᠡᠯᠡᠭᠰᠡᠨ ᠳᠤᠷᠠᠰᠬᠠᠯ ᠤᠨ ᠡᠳᠦᠷ︾ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠦᠨᠳᠦᠰᠦᠨ | ᠬᠠᠤᠯᠢ︾ ᠲᠤᠭ᠎ᠠ ᠪᠦᠷᠢᠳᠬᠡᠯ ᠤᠨ ᠬᠠᠤᠯᠢ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠪᠦᠬᠦ ᠣᠷᠣᠨ ᠤ ᠡᠯ᠎ᠡ ᠠᠶᠢᠮᠠᠭ ᠬᠤᠳᠠ ᠶᠢᠨ ᠲᠤᠭ᠎ᠠ ᠪᠦᠷᠢᠳᠬᠡᠯ ᠤᠨ ᠪᠠᠶᠢᠭᠤᠯᠤᠮᠵᠢ | ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯ | ᠬᠤᠷᠠᠯ ᠤᠨ ᠲᠠᠯᠠᠪᠠᠢ 200 ᠭᠠᠷᠤᠢ ᠤᠯᠠᠨ ᠨᠡᠶᠢᠲᠡ ᠶᠢᠨ ᠠᠵᠢᠯᠯᠠᠭ᠎ᠠ ᠳᠤ ᠣᠷᠣᠯᠴᠠᠵᠤ᠂ ᠭᠦᠨ ᠵᠤᠵᠠᠭᠠᠨ | ᠬᠠᠤᠯᠢᠵᠢᠯ ᠤᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃ ᠳᠥᠷᠪᠡ ᠳᠤ᠂ ᠤᠬᠠᠭᠤᠯᠭ᠎ᠠ ᠶᠢᠨ | ᠬᠡᠯᠪᠡᠷᠢ ᠮᠠᠶ᠋ᠢᠭ ᠢᠶᠠᠨ ᠪᠠᠶᠠᠯᠢᠭᠵᠢᠭᠤᠯᠵᠤ᠂ ︽ᠵᠢᠷᠤᠭ ᠢᠶᠠᠷ ᠬᠠᠤᠯᠢ ᠲᠠᠶᠢᠯᠪᠤᠷᠢᠯᠠᠬᠤ︾ ᠤᠬᠠᠭᠤᠯᠭ᠎ᠠ ᠶᠢᠨ ᠭᠠᠷ | ᠳᠡᠪᠲᠡᠷ ᠢ ᠳᠠᠷᠤᠮᠠᠯᠯᠠᠨ ᠵᠣᠬᠢᠶᠠᠵᠤ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ | ᠠᠮᠢᠳᠤᠯᠢᠭ ᠬᠡᠯᠪᠡᠷᠢ ᠪᠠᠷ ᠲᠠᠶᠢᠯᠪᠤᠷᠢᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ | ᠬᠠᠤᠯᠢ ᠶᠢ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ ᠶᠢ ᠢᠳᠡᠪᠬᠢᠲᠡᠶ ᠠᠬᠢᠭᠤᠯᠪᠠ᠃ | ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠣᠳᠠᠲᠠᠶᠢᠵᠢᠭᠤᠯᠬᠤ ᠶᠢ ᠴᠢᠬᠤᠯᠠᠴᠢᠯᠠᠪᠠ᠃ | ᠨᠢᠭᠡ ᠳᠤ᠂ ᠪᠦᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ | ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠬᠠᠶ ᠰᠡᠳᠦᠪ ᠢᠶᠠᠷ ᠰᠢᠨ᠎ᠡ ᠪᠠᠷ | ᠵᠠᠰᠠᠪᠤᠷᠢ ᠤᠷᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ ᠰᠤᠷᠤᠯᠴᠠᠬᠤ ᠶᠢ ᠢᠳᠡᠪᠬᠢᠲᠡᠶ ᠪᠠᠷ ᠲᠦᠯᠬᠢᠨ | ᠠᠬᠢᠭᠤᠯᠪᠠ᠃ ᠬᠤᠶᠠᠷ ᠲᠤ᠂ ᠲᠤᠰᠬᠠᠶ ᠮᠡᠷᠭᠡᠵᠢᠯ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠰᠢᠨ᠎ᠡ ᠪᠠᠷ ᠵᠠᠰᠠᠪᠤᠷᠢ ᠤᠷᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ | ᠲᠠᠶᠢᠯᠪᠤᠷᠢᠯᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ᠂ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠶᠢ ᠬᠠᠮᠲᠤ ᠳᠤᠨᠢ ᠰᠤᠷᠤᠯᠴᠠᠵᠤ᠂ ᠬᠠᠮᠲᠤ ᠳᠤᠨᠢ ᠲᠤᠭᠤᠰᠢᠯᠠᠭᠤᠯᠪᠠ᠃ ᠭᠤᠷᠪᠠ ᠳᠤ᠂ ᠲᠤᠭ᠎ᠠ | ᠪᠦᠷᠢᠳᠬᠡᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ | ᠢᠳᠡᠪᠬᠢᠲᠡᠶ ᠰᠠᠶᠢᠲᠤᠷ ᠬᠢᠵᠦ᠂ ᠣᠳᠣᠬᠠᠨ ᠳᠤ ᠪᠦᠬᠦ ᠣᠷᠣᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ | ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠳᠤ ᠢᠵᠢ ᠪᠦᠷᠢᠳᠦᠭᠦᠯᠦᠨ ᠵᠠᠰᠠᠪᠤᠷᠢ | ᠣᠷᠣᠭᠤᠯᠬᠤ ᠠᠵᠢᠯ ᠢ ᠨᠢᠭᠡᠨᠲᠡ ᠪᠡᠶᠡᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠬᠤ ᠠᠵᠢᠯ ᠢ ᠶᠠᠭ ᠯᠠᠪᠳᠠᠭᠤᠨ ᠢᠶᠠᠷ | ᠠᠬᠢᠭᠤᠯᠵᠤ ᠪᠠᠶᠢᠨ᠎ᠠ᠃ | |