ᠣᠳᠣᠬᠠᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠠᠵᠤ | ᠠᠬᠤᠶ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠰᠤᠳᠤᠯᠤᠨ ᠮᠠᠭᠠᠳᠯᠠᠵᠤ᠂ ᠰᠣᠶᠣᠯ ᠤᠨ ᠠᠵᠤ ᠦᠢᠯᠡᠰ ᠪᠠ | ᠵᠢᠭᠤᠯᠴᠢᠯᠠᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ | ᠲᠥᠯᠥᠭᠡ᠂ 1 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠨᠠᠷ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠪᠠ᠃ | ᠬᠤᠷᠠᠯ ᠠᠴᠠ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠵᠢᠴᠢ ᠬᠠᠮᠢᠶ᠎ᠠ ᠪᠥᠬᠦᠶ | ᠠᠵᠤ ᠦᠢᠯᠡᠰ ᠤᠨ ᠠᠵᠤ ᠠᠬᠤᠶᠢᠯᠠᠯ ᠤᠨ ᠲᠦᠷᠢᠮ ᠢᠶᠠᠨ ᠳᠡᠭᠡᠭᠰᠢᠯᠡᠭᠦᠯᠦᠨ ᠪᠦᠷᠢᠳᠬᠡᠯ ᠳᠤ ᠣᠷᠣᠬᠤ ᠶᠢ ᠳᠡᠮᠵᠢᠬᠦ᠂ | ᠵᠢᠭᠤᠯᠴᠢᠯᠠᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠪᠦᠷᠢᠳᠬᠡᠵᠦ ᠬᠢᠨᠠᠨ ᠬᠡᠮᠵᠢᠬᠦ ᠰᠢᠰᠲ᠋ᠧᠮᠵᠢ ᠪᠠ ᠠᠷᠭ᠎ᠠ | ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠲᠦᠷᠢᠮ ᠢ ᠬᠢᠨᠠᠨ | ᠵᠥᠪᠰᠢᠶᠡᠷᠡᠬᠦ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠵᠢᠴᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ | ᠬᠠᠮᠲᠤᠷᠠᠨ ᠥᠷᠨᠢᠭᠦᠯᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠵᠤ ᠰᠤᠳᠤᠯᠤᠨ ᠶᠠᠷᠢᠯᠴᠠᠪᠠ᠃ | ᠼᠤᠤ ᠰᠧ ᠶᠠᠩ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠢᠳᠡᠪᠬᠢᠲᠡᠢ | ᠬᠠᠮᠵᠢᠯᠴᠠᠨ ᠬᠠᠮᠵᠢᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠵᠢᠴᠢ | ᠬᠤᠯᠪᠣᠭᠳᠠᠯ ᠪᠦᠬᠦᠢ ᠠᠵᠤ ᠦᠢᠯᠡᠰ ᠤᠨ ᠬᠡᠷᠡᠭᠯᠡᠭᠡ ᠶᠢᠨ ᠲᠤᠰᠬᠠᠢ ᠪᠠᠶᠢᠴᠠᠭᠠᠯᠲᠠ ᠶᠢᠨ ᠳᠦᠷᠢᠮ︾ ᠤᠨ ᠬᠢᠨᠠᠨ | ᠵᠥᠪᠰᠢᠶᠡᠷᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠬᠢᠨᠠᠨ ᠵᠥᠪᠰᠢᠶᠡᠷᠡᠬᠦ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠬᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠦᠢᠴᠡᠳ ᠬᠡᠷᠡᠭᠯᠡᠨ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠮᠬᠢᠯᠡᠵᠦ᠂ ᠮᠡᠳᠡᠭᠡ | ᠵᠠᠩᠭᠢ ᠶᠢ ᠬᠠᠮᠲᠤᠪᠠᠷ ᠬᠦᠷᠲᠡᠬᠦ ᠶᠢ ᠴᠢᠩᠭᠠᠳᠬᠠᠨ᠂ ᠰᠣᠶᠣᠯ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ | ᠦᠢᠯᠡᠰ ᠤᠨ ᠠᠵᠤ ᠠᠬᠤᠶᠢᠯᠠᠯ ᠤᠨ ᠳᠦᠷᠢᠮ ᠲᠣᠭᠲᠠᠭᠠᠯ ᠪᠠ ᠨᠢᠭᠡᠳᠦᠯᠲᠡᠢ ᠳᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠠᠬᠢᠭᠤᠯᠤᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠠ ᠲᠡᠷᠢᠭᠦᠨ ᠤ ᠮᠤᠵᠢ ᠶᠢᠨ | ᠵᠢᠭᠤᠯᠴᠢᠯᠠᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠤᠨ ᠬᠠᠷᠭᠤᠭᠤᠯᠤᠨ ᠪᠤᠳᠤᠭᠰᠠᠨ | ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠳᠤᠯᠢᠳᠠᠵᠤ᠂ ᠥᠪᠥᠷ ᠮᠣᠩᠭᠤᠯ ᠤᠨ ᠵᠢᠭᠤᠯᠴᠢᠯᠠᠯ ᠵᠢᠴᠢ | ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠲᠥᠰᠦᠭᠡᠯᠡᠨ | ᠪᠤᠳᠤᠵᠤ᠂ ᠪᠥᠬᠦ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠲᠤᠰᠬᠠᠨ᠎ᠠ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠢ ᠵᠢᠯᠣᠭᠤᠳᠤᠨ | ᠵᠢᠭᠤᠯᠴᠢᠯᠠᠯ ᠤᠨ ᠬᠡᠷᠡᠭᠯᠡᠭᠡᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠵᠠᠳᠠᠯᠤᠯᠲᠠ ᠰᠤᠳᠤᠯᠤᠯᠲᠠ ᠶᠢ ᠴᠢᠩᠭᠠᠳᠬᠠᠨ᠎ᠠ ᠭᠡᠵᠡᠢ᠃ | ᠵᠠᠩ ᠷᠦᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠶᠣᠯ ᠤᠨ ᠠᠵᠤ | ᠦᠢᠯᠡᠰ ᠪᠠ ᠵᠢᠭᠤᠯᠴᠢᠯᠠᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠠᠵᠢᠯ ᠳᠤ ᠦᠵᠡᠭᠦᠯᠦᠭᠰᠡᠨ ᠳᠡᠮᠵᠢᠯᠭᠡ ᠪᠠ | ᠬᠠᠮᠵᠢᠯᠴᠠᠭ᠎ᠠ ᠳᠤ ᠲᠠᠯᠠᠷᠬᠠᠬᠤ ᠶᠢᠨ ᠬᠠᠮᠲᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠪᠠᠷ ᠲᠣᠭᠲᠠᠭᠠᠵᠤ᠂ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠢᠳᠪᠦᠷᠢᠳᠦ | ᠪᠣᠳᠣᠯᠭ᠎ᠠ ᠶᠢᠨ ᠦᠷ᠎ᠡ ᠪᠦᠲᠦᠮᠵᠢ ᠪᠠ ᠦᠷ᠎ᠡ ᠪᠦᠲᠦᠮᠵᠢ ᠶᠢ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠵᠠᠰᠠᠭ ᠤᠨ ᠣᠷᠳᠣᠨ ᠤ ᠰᠢᠢᠳᠪᠦᠷᠢᠳᠦ | ᠪᠣᠳᠣᠯᠭ᠎ᠠ ᠲᠣᠭᠲᠠᠭᠠᠬᠤ ᠪᠠ ᠠᠵᠤ ᠦᠢᠯᠡᠰ ᠤᠨ ᠬᠥᠭᠵᠢᠯᠲᠡ ᠳᠤ ᠬᠦᠴᠦᠲᠡᠶ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ ᠭᠡᠵᠦ ᠢᠯᠡᠳᠬᠡᠪᠡ᠃ | ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠤᠨ ᠥᠪᠥᠷ ᠮᠣᠩᠭᠤᠯ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠯᠪᠣᠭᠳᠠᠯ ᠪᠥᠬᠦᠶ | ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠶ᠃ | |