ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠰᠢ ᠶᠣᠣ ᠲᠠᠩ ᠱᠢ ᠨᠢᠩ | ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠥᠷᠭᠡᠳᠬᠡᠵᠦ᠂ ᠪᠠᠯᠠ ᠣᠷᠣᠭᠤᠯᠤᠯᠲᠠ ᠶᠢ | ᠠᠬᠢᠭᠤᠯᠬᠤ ᠲᠦᠪᠰᠢᠨ ᠢ ᠳᠡᠭᠡᠭᠰᠢᠯᠡᠭᠦᠯᠦᠨ᠂ ᠨᠡᠭᠡᠭᠡᠯᠲᠡ ᠬᠢᠬᠦ ᠲᠠᠪᠴᠠᠩ ᠤᠨ ᠦᠢᠯᠡᠳᠦᠯ ᠴᠢᠳᠠᠪᠤᠷᠢ ᠶᠢ | ᠴᠢᠩᠭᠠᠷᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠂ ︽2025 ᠣᠨ ᠤ | ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ ᠠᠵᠢᠯᠯᠠᠭᠠᠨ ᠤ ᠲᠥᠰᠥᠪ︾ ᠢ 2 ᠰᠠᠷ᠎ᠠ ᠶᠢᠨ 19 ᠤ ᠡᠳᠦᠷ | ᠨᠡᠶᠢᠲᠡᠯᠡᠵᠦ᠂ 4 ᠲᠠᠯ᠎ᠠ ᠪᠠᠷ 20 ᠵᠤᠷᠪᠤᠰ ᠠᠷᠭ᠎ᠠ ᠬᠡᠮᠵᠢᠶ᠎ᠡ ᠳᠤᠷᠠᠳᠪᠠ᠃ | ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠤᠨ ᠲᠣᠭᠲᠠᠭᠠᠯᠲᠤ ᠪᠤᠰᠤ ᠴᠢᠨᠠᠷ ᠨᠡᠮᠡᠭᠳᠡᠵᠦ᠂ ᠮᠠᠨ ᠤ | ᠤᠯᠤᠰ ᠤᠨ ᠭᠠᠳᠠᠭᠠᠳᠤ ᠪᠡᠯᠡ ᠶᠢ ᠲᠠᠲᠠᠬᠤ ᠠᠵᠢᠯ ᠤᠯᠠᠨ ᠳᠠᠪᠬᠤᠷ ᠬᠦᠴᠢᠷᠳᠡᠯ ᠪᠠ ᠥᠷᠢᠰᠥᠯᠳᠦᠭᠡᠨ ᠳᠤ | ᠲᠤᠯᠭᠠᠷᠠᠵᠤ᠂ ᠠᠵᠢᠯᠯᠠᠭᠠᠨ ᠤ ᠲᠥᠰᠥᠪ ᠨᠢ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠨᠡᠭᠡᠭᠡᠯᠳᠡ ᠶᠢ ᠤᠯᠠᠮ | ᠨᠢᠭᠡ ᠠᠯᠬᠤᠮ ᠥᠷᠭᠡᠳᠬᠡᠬᠦ᠂ ᠭᠠᠳᠠᠭᠠᠳᠤ ᠪᠡᠯᠡ ᠶᠢ ᠲᠠᠲᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠬᠤ ᠲᠣᠳᠣᠷᠬᠠᠢ ᠲᠤᠬᠢᠶ᠎ᠠ ᠭᠠᠷᠭᠠᠭᠰᠠᠨ ᠪᠠᠶᠢᠨ᠎ᠠ᠃ | ᠠᠯᠢ ᠣᠯᠠᠨ ᠠᠷᠭ᠎ᠠ ᠬᠡᠮᠵᠢᠶ᠎ᠡ ᠳᠤ ᠭᠠᠳᠠᠭᠠᠳᠤ ᠪᠠᠯᠠ ᠶᠢᠨ ᠣᠷᠣᠬᠤ ᠶᠢ ᠵᠥᠪᠰᠢᠶᠡᠷᠡᠬᠦ ᠬᠢᠵᠠᠭᠠᠷᠯᠠᠯ ᠳᠡᠭᠡᠷ᠎ᠡ ︽ | ᠬᠠᠰᠤᠬᠤ ᠠᠷᠭ᠎ᠠ︾ ᠠᠪᠴᠠᠶ᠃ ᠲᠥᠰᠥᠪ ᠲᠤ ᠳᠤᠷᠠᠳᠤᠭᠰᠠᠨ ᠨᠢ᠂ ᠴᠠᠬᠢᠯᠭᠠᠨ ᠬᠤᠯᠪᠣᠭ᠎ᠠ᠂ ᠡᠮᠴᠢᠯᠡᠭᠡᠨ ᠤ | ᠬᠦᠷᠢᠶᠡᠨ ᠳᠠᠬᠢ ᠨᠡᠭᠡᠭᠡᠯᠲᠡ ᠬᠢᠬᠦ ᠲᠤᠷᠰᠢᠯᠲᠠ ᠶᠢ ᠴᠠᠭ ᠲᠤᠨᠢ ᠲᠣᠬᠢᠷᠠᠭᠤᠯᠤᠨ ᠤᠯᠠᠮ ᠨᠢᠭᠡ ᠠᠯᠬᠤᠮ | ᠥᠷᠭᠡᠳᠬᠡᠨ᠎ᠡ︔ ᠰᠤᠷᠭᠠᠨ ᠬᠥᠮᠦᠵᠢᠯ᠂ ᠰᠣᠶᠣᠯ ᠤᠨ ᠬᠦᠷᠢᠶᠡᠨ ᠤ ᠪᠡᠶ᠎ᠡ ᠪᠠᠨ ᠳᠠᠭᠠᠭᠠᠵᠤ ᠨᠡᠭᠡᠭᠡᠯᠳᠡ ᠬᠢᠬᠦ ᠶᠢ | ᠡᠮᠬᠢ ᠵᠢᠷᠤᠮ ᠲᠠᠢ ᠪᠠᠷ ᠥᠷᠭᠡᠳᠬᠡᠬᠦ ᠬᠡᠷᠡᠭᠵᠢᠭᠦᠯᠬᠦ ᠲᠥᠰᠥᠪ ᠢ ᠰᠤᠳᠤᠯᠤᠨ ᠲᠣᠭᠲᠠᠭᠠᠵᠤ᠂ ᠴᠠᠭ ᠲᠤᠨᠢ | ᠲᠤᠬᠢᠷᠠᠭᠤᠯᠤᠨ ᠭᠠᠳᠠᠭᠰᠢ ᠨᠡᠶᠢᠲᠡᠯᠡᠬᠦ ᠶᠢᠨ ᠬᠠᠮᠲᠤ ᠯᠠᠪᠳᠠᠭᠤᠨ ᠢᠶᠠᠷ ᠬᠡᠷᠡᠭᠵᠢᠭᠦᠯᠦᠨ᠎ᠡ︔ ᠰᠢᠨ᠎ᠡ ᠶᠢ ᠡᠭᠦᠳᠬᠦ | ᠡᠮ ᠤᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠵᠦ᠂ ᠡᠮ ᠤᠨ ᠵᠦᠢᠯᠡᠰ ᠢ ᠬᠡᠮᠵᠢᠶ᠎ᠡ ᠲᠣᠭᠲᠠᠭᠠᠨ | ᠬᠤᠳᠠᠯᠳᠤᠨ ᠠᠪᠬᠤ ᠶᠢ ᠰᠢᠯᠢᠳᠡᠭᠵᠢᠭᠦᠯᠦᠨ᠎ᠡ︔ ︽ᠭᠠᠳᠠᠭᠠᠳᠤ ᠶᠢᠨ ᠪᠠᠯᠠ ᠣᠷᠣᠭᠤᠯᠤᠭᠴᠢ ᠶᠢᠨ ᠰᠲ᠋ᠣᠺ ᠤᠨ | ᠵᠠᠬ᠎ᠠ ᠳᠤ ᠭᠠᠷᠤᠭᠰᠠᠨ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠪᠠᠯᠠ ᠤᠷᠤᠭᠤᠯᠤᠯᠳᠠ ᠶᠢᠨ ᠬᠠᠮᠢᠶᠠᠷᠤᠯᠲᠠ ᠶᠢᠨ | ᠠᠷᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠭᠡᠬᠦ ᠮᠡᠲᠦ ᠪᠠᠷ ᠠᠵᠢᠯᠯᠠᠭᠠᠨ ᠤ ᠲᠥᠰᠥᠪ ᠲᠤ | ᠭᠠᠳᠠᠭᠠᠳᠤ ᠶᠢᠨ ᠬᠤᠳᠠᠯᠳᠤᠭᠠᠴᠢᠨ ᠤ ᠠᠩᠬᠠᠷᠴᠤ ᠪᠠᠶᠢᠭ᠎ᠠ ᠬᠦᠷᠢᠶᠡᠨ ᠳᠤ ︽ᠡᠭᠦᠷᠭᠡ ᠶᠢᠨ ᠪᠢᠴᠢᠭ︾ ᠢ | ᠲᠣᠳᠣᠷᠬᠠᠶᠢᠯᠠᠪᠠ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠠᠯ᠎ᠠ ᠪᠠᠷ ︽ᠨᠡᠮᠡᠬᠦ ᠠᠷᠭ᠎ᠠ︾ ᠠᠪᠴᠠᠢ᠃ ᠲᠥᠰᠥᠪ ᠲᠤ | ᠳᠤᠷᠠᠳᠤᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠭᠠᠳᠠᠭᠠᠳᠤ ᠪᠠᠯᠠ ᠶᠢᠨ ᠠᠵᠤ ᠠᠬᠤᠶᠢᠯᠠᠯ ᠤᠨ ᠢᠷᠭᠡᠨ ᠤ ᠬᠠᠷᠠᠭᠠᠯᠵᠠᠯ ᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠲᠠᠬᠢᠨ ᠪᠡᠯᠡ | ᠣᠷᠣᠭᠤᠯᠬᠤ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠣᠯᠤᠭᠰᠠᠨ ᠠᠰᠢᠭ ᠬᠤᠨᠵᠢᠪᠣᠷᠢ ᠪᠠᠨ ᠲᠠᠬᠢᠨ | ᠪᠡᠯᠡ ᠣᠷᠣᠭᠤᠯᠤᠯᠲᠠ ᠳᠤ ᠨᠡᠩ ᠢᠯᠡᠭᠦᠦ ᠬᠡᠷᠡᠭᠯᠡᠬᠦ ᠶᠢ ᠠᠬᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠬᠤ ᠴᠢᠨᠠᠷᠲᠠᠶ ᠺᠣᠮᠫᠠᠨᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢ ᠬᠡᠷᠡᠭᠯᠡᠨ ᠰᠲ᠋ᠣᠺ ᠤᠨ ᠡᠷᠬᠡ ᠶᠢᠨ | ᠪᠡᠯᠡ ᠣᠷᠣᠭᠤᠯᠤᠯᠲᠠ ᠬᠢᠬᠦ ᠶᠢ ᠵᠥᠪᠰᠢᠶᠡᠷᠡᠵᠦ᠂ ᠤᠯᠤᠰ ᠠᠯᠤᠰᠯᠠᠭᠰᠠᠨ ᠺᠣᠮᠫᠠᠨᠢ ᠶᠢᠨ ᠳᠤᠮᠳᠠᠳᠤ ᠤᠯᠤᠰ ᠲᠤ | ᠪᠡᠯᠡ ᠣᠷᠣᠭᠤᠯᠤᠨ ᠶᠡᠷᠦᠩᠬᠡᠶ ᠬᠡᠯᠲᠡᠰ ᠤᠨ ᠬᠡᠯᠪᠡᠷᠢ ᠪᠦᠬᠦᠢ ᠪᠠᠶᠢᠭᠤᠯᠤᠮᠵᠢ ᠪᠠᠶᠢᠭᠤᠯᠬᠤ ᠳᠤ ᠳᠥᠭᠦᠮ | ᠦᠵᠡᠭᠦᠯᠦᠨ᠎ᠡ᠃ ᠭᠠᠳᠠᠭᠠᠳᠤ ᠪᠡᠯᠡ ᠶᠢᠨ ᠨᠡᠶᠢᠯᠡᠭᠦᠯᠦᠨ ᠬᠤᠳᠠᠯᠳᠤᠨ ᠠᠪᠬᠤ ᠲᠦᠷᠢᠮ ᠪᠠ ᠨᠡᠶᠢᠯᠡᠭᠦᠯᠦᠨ | ᠬᠤᠳᠠᠯᠳᠤᠨ ᠠᠪᠬᠤ ᠠᠷᠠᠯᠵᠢᠶᠠᠨ ᠤ ᠵᠢᠷᠤᠮ ᠢ ᠰᠢᠯᠢᠳᠡᠭᠵᠢᠭᠦᠯᠵᠦ᠂ ᠨᠡᠶᠢᠯᠡᠭᠦᠯᠦᠨ ᠬᠤᠳᠠᠯᠳᠤᠨ ᠠᠪᠬᠤ | ᠬᠠᠮᠢᠶᠠᠷᠤᠯᠲᠠ ᠶᠢᠨ ᠬᠡᠪᠴᠢᠶ᠎ᠡ ᠶᠢ ᠲᠡᠭᠦᠯᠳᠡᠷᠵᠢᠭᠦᠯᠦᠨ᠂ ᠬᠢᠯᠢ ᠠᠯᠤᠰᠯᠠᠨ ᠬᠤᠪᠢ ᠰᠣᠯᠢᠬᠤ ᠨᠥᠬᠦᠴᠡᠯ ᠵᠡᠷᠭᠡ ᠶᠢ | ᠪᠠᠭᠤᠷᠠᠭᠤᠯᠤᠨ᠎ᠠ᠃ | ︽ ᠴᠢᠨᠠᠷᠯᠢᠭ︾ ᠪᠣᠯ ᠠᠵᠢᠯᠯᠠᠭ᠎ᠠ ᠶᠢᠨ ᠲᠥᠰᠥᠪ ᠤᠨ ᠵᠠᠩᠭᠢᠯᠠᠭ᠎ᠠ ᠶᠢᠨ ᠦᠭᠡ ᠪᠣᠯᠤᠨ᠎ᠠ᠃ ᠠᠯᠢ ᠣᠯᠠᠨ | ᠠᠷᠭ᠎ᠠ ᠬᠡᠮᠵᠢᠶ᠎ᠡ ᠠᠪᠴᠤ ᠭᠠᠳᠠᠭᠠᠳᠤ ᠪᠠᠯᠠ ᠶᠢ ᠠᠰᠢᠭᠯᠠᠬᠤ ᠲᠠᠯ᠎ᠠ ᠪᠠᠷ ᠬᠠᠳᠠᠭᠠᠯᠠᠯᠲᠠ ᠬᠡᠮᠵᠢᠶ᠎ᠡ ᠶᠢ | ᠲᠣᠭᠲᠠᠪᠤᠷᠢᠵᠢᠭᠤᠯᠵᠤ᠂ ᠨᠡᠮᠡᠭᠳᠡᠯ ᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠪᠡ᠃ ᠲᠥᠰᠥᠪ ᠲᠤ᠂ | ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ | ᠵᠠᠰᠠᠪᠤᠷᠢ ᠣᠷᠣᠭᠤᠯᠤᠨ ᠥᠷᠭᠡᠳᠬᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠬᠤ ᠪᠦᠲᠦᠴᠡ ᠶᠢ | ᠰᠢᠯᠢᠳᠡᠭᠵᠢᠭᠦᠯᠦᠨ᠂ ᠭᠠᠳᠠᠭᠠᠳᠤ ᠪᠠᠯᠠ ᠶᠢᠨ ᠮᠠᠨ ᠤ ᠤᠯᠤᠰ ᠤᠨ ᠦᠢᠯᠡᠳᠬᠦ ᠦᠢᠯᠡᠰ ᠤᠨ ᠴᠢᠨᠠᠷᠯᠢᠭ | ᠬᠥᠭᠵᠢᠯᠲᠡ ᠳᠤ ᠦᠢᠯᠡᠴᠢᠯᠡᠬᠦ ᠶᠢ ᠠᠬᠢᠭᠤᠯᠵᠤ᠂ ᠭᠠᠳᠠᠭᠠᠳᠤ ᠪᠠᠯᠠ ᠶᠢᠨ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠲᠤ ᠪᠠᠯᠠ ᠣᠷᠣᠭᠤᠯᠬᠤ ᠶᠢ ᠬᠥᠲᠥᠯᠥᠨ ᠵᠢᠯᠣᠭᠤᠳᠴᠤ᠂ ᠭᠠᠳᠠᠭᠠᠳᠤ ᠪᠠᠯᠠ ᠶᠢᠨ ᠳᠤᠮᠳᠠ ᠪᠠᠷᠠᠭᠤᠨ | ᠣᠷᠣᠨ ᠪᠠ ᠵᠡᠭᠦᠨ ᠬᠤᠶᠢᠲᠤ ᠣᠷᠣᠨ ᠳᠤ ᠨᠠᠩ ᠣᠯᠠᠨ ᠪᠠᠯᠠ ᠣᠷᠣᠭᠤᠯᠬᠤ ᠶᠢ ᠳᠡᠮᠵᠢᠨ᠎ᠡ ᠭᠡᠵᠦ | ᠲᠣᠳᠣᠷᠬᠠᠶᠢᠯᠠᠪᠠ᠃ | ᠪᠡᠯᠡ ᠲᠠᠲᠠᠬᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠣᠯ ᠣᠳᠣᠬᠠᠨ ᠤ ᠮᠠᠨ ᠤ ᠤᠯᠤᠰ ᠤᠨ | ᠭᠠᠳᠠᠭᠠᠳᠤ ᠪᠡᠯᠡ ᠶᠢ ᠲᠠᠲᠠᠬᠤ ᠴᠢᠬᠤᠯᠠ ᠣᠨᠴᠠᠯᠢᠭ ᠮᠥᠨ᠃ 2025 ᠣᠨ ᠤ 1 ᠰᠠᠷ᠎ᠠ ᠳᠤ᠂ ᠮᠠᠨ ᠤ | ᠤᠯᠤᠰ ᠤᠨ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠨᠢ ᠪᠥᠬᠦ | ᠤᠯᠤᠰ ᠤᠨ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ 12.5% ᠶᠢ ᠡᠵᠡᠯᠡᠵᠦ᠂ 2024 ᠣᠨ ᠤ ᠪᠥᠬᠦ | ᠵᠢᠯ ᠤᠨ ᠬᠢ ᠠᠴᠠ 0.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠮ ᠡᠮᠨᠡᠯᠭᠡ ᠶᠢᠨ ᠦᠢᠯᠡᠳᠬᠦ ᠦᠢᠯᠡᠰ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠣᠳᠠᠲᠠᠶ ᠬᠡᠷᠡᠭᠯᠡᠭᠰᠡᠨ | ᠭᠠᠳᠠᠭᠠᠳᠤ ᠪᠠᠯᠠ ᠲᠣᠰ ᠲᠣᠰ 68.4% ᠪᠠ 23.9% ᠨᠡᠮᠡᠭᠳᠡᠪᠡ᠃ | ᠲᠥᠰᠥᠪ ᠲᠤ ᠪᠠᠰᠠ ᠳᠤᠷᠠᠳᠤᠭᠰᠠᠨ ᠨᠢ᠂ ᠲᠡᠵᠢᠭᠡᠨ ᠦᠷᠡᠵᠢᠭᠦᠯᠬᠦ᠂ ᠲᠡᠵᠢᠭᠡᠨ ᠠᠷᠠᠴᠢᠯᠠᠬᠤ ᠲᠥᠬᠦᠭᠡᠷᠦᠮᠵᠢ | ᠦᠢᠯᠡᠳᠪᠦᠷᠢᠯᠡᠬᠦ᠂ ᠲᠡᠵᠢᠭᠡᠯ ᠪᠣᠷᠳᠤᠭ᠎ᠠ ᠮᠠᠯ ᠤᠨ ᠡᠮ ᠦᠢᠯᠡᠳᠪᠦᠷᠢᠯᠡᠬᠦ ᠵᠡᠷᠭᠡ ᠮᠠᠯ ᠠᠵᠤ ᠠᠬᠤᠶ ᠶᠢᠨ ᠬᠤᠯᠪᠣᠭᠳᠠᠯ | ᠪᠥᠬᠦᠶ ᠬᠦᠷᠢᠶᠡᠨ ᠳᠤ ᠪᠠᠯᠠ ᠣᠷᠣᠭᠤᠯᠬᠤ ᠶᠢᠨ ᠬᠠᠮᠲᠤ ᠤᠯᠤᠰ ᠠᠷᠠᠳ ᠤᠨ ᠬᠠᠷᠠᠭᠠᠯᠵᠠᠯ ᠭᠥᠷᠳᠡᠬᠦ ᠶᠢ | ᠵᠣᠷᠢᠭᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠮᠠᠨ ᠤ ᠤᠯᠤᠰ ᠤᠨ ᠰᠢᠨ᠎ᠡ ᠮᠠᠶ᠋ᠢᠭ ᠤᠨ ᠠᠵᠤ | ᠦᠢᠯᠡᠳᠪᠦᠷᠢᠵᠢᠯᠲᠡ ᠶᠢᠨ ᠠᠬᠢᠴᠠ ᠳᠤ ᠣᠷᠣᠯᠴᠠᠬᠤ ᠶᠢ ᠲᠡᠮᠵᠢᠵᠤ᠂ ᠳᠡᠭᠡᠳᠦ ᠮᠡᠷᠭᠡᠵᠢᠯ ᠤᠨ ᠬᠦᠷᠢᠶᠡᠨ ᠳᠠᠬᠢ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠭᠤᠣᠯᠳᠠᠯᠭ᠎ᠠ ᠲᠠᠢ ᠪᠠᠷ ᠣᠷᠣᠭᠤᠯᠤᠨ ᠠᠪᠴᠢᠷᠠᠵᠤ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠨᠡᠩ ᠤᠯᠠᠨ ᠵᠠᠬ᠎ᠠ ᠳᠡᠯᠭᠡᠭᠦᠷ ᠤᠨ ᠲᠣᠬᠢᠶᠠᠯ ᠪᠠ ᠬᠠᠮᠲᠤᠷᠠᠯᠴᠠᠭᠠᠨ ᠤ | ᠣᠷᠣᠨ ᠵᠠᠢ ᠬᠠᠩᠭᠠᠨ᠎ᠠ᠃ ᠨᠠᠰᠤᠵᠢᠯ ᠤᠨ ᠦᠢᠯᠡᠴᠢᠯᠡᠭᠡ᠂ ᠰᠣᠶᠣᠯ ᠪᠠ ᠵᠢᠭᠤᠯᠴᠢᠯᠠᠯ᠂ ᠪᠡᠶ᠎ᠡ ᠶᠢᠨ ᠲᠠᠮᠢᠷ᠂ | ᠡᠮᠴᠢᠯᠡᠭᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠵᠡᠷᠭᠡ ᠦᠢᠯᠡᠴᠢᠯᠡᠭᠡᠨ ᠤ | ᠦᠢᠯᠡᠰ ᠤᠨ ᠬᠦᠷᠢᠶ᠎ᠡ ᠴᠠᠷᠠᠭ᠎ᠠ ᠶᠢᠨ ᠭᠠᠳᠠᠭᠠᠳᠤ ᠪᠠᠯᠠ ᠶᠢ ᠲᠡᠳᠡᠨ ᠣᠷᠣᠭᠤᠯᠤᠨ ᠠᠰᠢᠭᠯᠠᠵᠤ᠂ ᠣᠯᠠᠨ ᠲᠠᠰ | ᠳᠠᠪᠬᠤᠷᠭ᠎ᠠ ᠶᠢᠨ ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ | ᠵᠣᠷᠢᠭᠵᠢᠭᠤᠯᠤᠨ᠎ᠠ᠃ | ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠲᠠᠯ᠎ᠠ ᠪᠠᠷ᠂ ᠠᠵᠢᠯᠯᠠᠭᠠᠨ ᠤ ᠲᠥᠰᠥᠪ ᠨᠢ | ᠭᠠᠳᠠᠭᠠᠳᠤ ᠶᠢᠨ ᠠᠷᠠᠯᠵᠢᠶᠠᠴᠢᠨ ᠤ ᠪᠠᠯᠠ ᠣᠷᠣᠭᠤᠯᠤᠯᠲᠠ ᠶᠢᠨ ᠡᠷᠬᠡ ᠠᠰᠢᠭ ᠢ ᠬᠠᠮᠠᠭᠠᠯᠠᠬᠤ᠂ ᠭᠠᠳᠠᠭᠠᠳᠤ | ᠪᠠᠯᠠ ᠶᠢᠨ ᠠᠵᠤ ᠠᠬᠤᠶᠢᠯᠠᠯ ᠤᠨ ᠠᠷᠠᠯᠵᠢᠶᠠᠨ ᠤ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠳᠤ | ᠰᠠᠭᠤᠷᠢᠯᠠᠵᠤ᠂ ᠭᠠᠳᠠᠭᠠᠳᠤ ᠪᠠᠯᠠ ᠶᠢᠨ ᠠᠵᠤ ᠠᠬᠤᠶᠢᠯᠠᠯ ᠢ ᠰᠠᠨᠠᠭ᠎ᠠ ᠠᠮᠤᠷ᠂ ᠢᠲᠡᠭᠡᠯ ᠲᠠᠢ ᠪᠣᠯᠭᠠᠨ᠎ᠠ᠃ | ᠠᠵᠢᠯᠯᠠᠭᠠᠨ ᠤ ᠲᠥᠰᠥᠪ ᠲᠤ᠂ ᠨᠠᠩ ᠣᠯᠠᠨ ᠭᠠᠳᠠᠭᠠᠳᠤ ᠪᠠᠯᠠ ᠶᠢᠨ ᠲᠥᠷᠥᠯ ᠵᠦᠢᠯ ᠢ ᠴᠢᠬᠤᠯᠠ ᠶᠡᠭᠡ | ᠭᠠᠳᠠᠭᠠᠳᠤ ᠪᠠᠯᠠ ᠶᠢᠨ ᠲᠥᠷᠥᠯ ᠵᠦᠢᠯ ᠪᠠ ᠭᠤᠤᠯᠳᠠᠯᠭ᠎ᠠ ᠲᠠᠢ ᠭᠠᠳᠠᠭᠠᠳᠤ ᠪᠠᠯᠠ ᠶᠢᠨ ᠲᠥᠷᠥᠯ ᠵᠦᠢᠯ ᠤᠨ ᠨᠠᠷᠢᠨ | ᠲᠠᠩᠰᠠᠨ ᠳᠤ ᠣᠷᠣᠭᠤᠯᠬᠤ ᠶᠢ ᠳᠡᠮᠵᠢᠨ᠎ᠡ︔ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠦᠷᠭᠡᠬᠡᠨ ᠲᠣᠭᠲᠠᠭᠠᠨ | ᠨᠡᠶᠢᠲᠡᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰ ᠤᠯᠤᠰ ᠤᠨ ᠦᠢᠯᠡᠳᠬᠦᠨ ᠤ ᠪᠠᠷᠢᠮᠵᠢᠶ᠎ᠠ ᠶᠢ | ᠲᠣᠳᠣᠷᠬᠠᠶᠢᠯᠠᠵᠤ᠂ ᠠᠳᠠᠯᠢ ᠪᠤᠰᠤ ᠥᠮᠴᠢᠯᠡᠯᠲᠦ ᠠᠵᠤ ᠠᠬᠤᠶᠢᠯᠠᠯ ᠤᠨ ᠳᠤᠮᠳᠠᠳᠤ ᠤᠯᠤᠰ ᠤᠨ ᠬᠢᠯᠢ ᠳᠣᠲᠣᠷ᠎ᠠ | ᠦᠢᠯᠡᠳᠪᠦᠷᠢᠯᠡᠭᠰᠡᠨ ᠦᠢᠯᠡᠳᠬᠦᠨ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠡᠷᠬᠡ | ᠲᠡᠭᠰᠢ ᠪᠠᠷ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠠᠷᠢᠯᠴᠠᠨ ᠸᠢᠰᠠᠯᠠᠬᠤ ᠠᠴᠠ ᠬᠡᠯᠲᠦᠷᠢᠭᠦᠯᠬᠦ | ᠵᠥᠪᠳᠡᠯᠴᠡᠬᠡᠷ ᠤᠨ ᠵᠥᠪᠳᠡᠯᠴᠡᠭᠡ ᠶᠢ ᠲᠦᠷᠭᠡᠳᠬᠡᠵᠦ᠂ ᠭᠠᠭᠴᠠ ᠲᠠᠯ᠎ᠠ ᠠᠴᠠ ᠸᠢᠰᠠᠯᠠᠬᠤ ᠠᠴᠠ ᠬᠡᠯᠲᠦᠷᠢᠭᠦᠯᠬᠦ | ᠤᠯᠤᠰ ᠤᠨ ᠬᠡᠪᠴᠢᠶ᠎ᠡ ᠶᠢ ᠦᠷᠭᠦᠯᠵᠢᠯᠡᠨ ᠯᠠᠪᠳᠠᠭᠤᠨ ᠢᠶᠠᠷ ᠥᠷᠭᠡᠳᠬᠡᠨ᠎ᠡ ᠭᠡᠵᠦ ᠲᠣᠳᠣᠷᠬᠠᠶᠢᠯᠠᠪᠠ᠃ | ᠰᠢᠨ᠎ᠡ ᠵᠢᠯ ᠡᠬᠢᠯᠡᠮᠡᠭᠴᠡ᠂ ᠨᠡᠬᠡᠬᠡᠯᠳᠡ ᠬᠢᠭᠰᠡᠨ ᠤᠷᠢᠬᠠᠨ ᠰᠠᠯᠬᠢ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ | ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠨᠢᠭᠡ ᠪᠦᠯᠦᠭ ᠲᠦᠷᠦᠯ ᠵᠦᠢᠯ ᠰᠢᠨ᠎ᠡ ᠠᠮᠢᠵᠢᠷᠠᠯ | ᠪᠢᠯᠬᠠᠨ᠎ᠠ᠃ | ᠲᠧᠰᠯᠠ ᠶᠢᠨ ᠱᠠᠩᠬᠠᠢ ᠶᠢᠨ ᠡᠨᠧᠷᠭᠢ ᠬᠠᠳᠠᠭᠠᠯᠠᠬᠤ ᠲᠡᠰ ᠠᠴᠠ ᠳᠠᠪᠠᠭᠰᠠᠨ ᠦᠢᠯᠡᠳᠪᠦᠷᠢ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠤᠯᠤᠰ ᠠᠯᠤᠰᠯᠠᠭᠰᠠᠨ ᠡᠮ ᠦᠢᠯᠡᠳᠬᠦ ᠠᠵᠤ ᠠᠬᠤᠶᠢᠯᠠᠯ ᠰᠠᠶᠢᠨᠤᠹᠸᠢ ᠶᠢᠨ ᠠᠮᠢᠳᠤ | ᠪᠣᠳᠠᠰ ᠤᠨ ᠲᠦᠭᠦᠬᠡᠢ ᠮᠠᠲ᠋ᠧᠷᠢᠶᠠᠯ ᠤᠨ ᠡᠮ ᠤᠨ ᠲᠦᠷᠦᠯ ᠵᠦᠢᠯ ᠶᠠᠭ ᠪᠡᠭᠡᠵᠢᠩ ᠳᠤ ᠲᠦᠷᠭᠡᠨ ᠠᠬᠢᠵᠤ ᠪᠤᠢ᠂ | ᠰᠢᠮᠧᠨ᠋ᠽᠢ ᠡᠮ ᠡᠮᠨᠡᠯᠭᠡ ᠶᠢᠨ ᠴᠣ᠋ ᠰᠢᠨ᠎ᠡ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠤ ᠲᠦᠷᠦᠯ ᠵᠦᠢᠯ | ᠱᠧᠨᠵᠧᠨ ᠳᠤ ᠰᠠᠭᠤᠷᠢ ᠲᠠᠯᠪᠢᠵᠤ ᠪᠠᠶᠢᠨ᠎ᠠ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠣᠰ ᠡᠳᠦᠷ ᠤᠨ ᠨᠡᠶᠢᠲᠡᠯᠡᠭᠰᠡᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ 2025 ᠣᠨ ᠤ 1 ᠰᠠᠷ᠎ᠠ ᠳᠤ᠂ ᠮᠠᠨ ᠤ ᠤᠯᠤᠰ ᠤᠨ ᠪᠣᠳᠠᠲᠠᠶ ᠬᠡᠷᠡᠭᠯᠡᠭᠰᠡᠨ ᠭᠠᠳᠠᠭᠠᠳᠤ | ᠪᠠᠯᠠ 975.9 ᠳ᠋ᠦᠩᠰᠢᠭᠤᠷ ᠲᠥᠭᠦᠷᠢᠭ ᠲᠤ ᠬᠦᠷᠴᠦ᠂ ᠭᠠᠷᠠᠬᠠᠨ ᠬᠠᠷᠢᠴᠠᠯ ᠢᠶᠠᠷ 27.5% ᠪᠠᠷ ᠨᠡᠮᠡᠭᠳᠡᠪᠡ᠃ | ᠠᠳᠠᠯᠢ ᠬᠤᠭᠤᠴᠠᠭᠠᠨ ᠳᠤ᠂ ᠠᠩᠭ᠍ᠯᠢ᠂ ᠺᠣᠷᠢᠶᠠ᠂ ᠬᠤᠯᠠᠨᠳ᠋᠂ ᠶᠠᠫᠣᠨ ᠤ ᠳᠤᠮᠳᠠᠳᠤ ᠤᠯᠤᠰ ᠲᠠᠬᠢ ᠪᠣᠳᠠᠲᠠᠶ ᠪᠠᠯᠠ | ᠣᠷᠣᠭᠤᠯᠤᠯᠲᠠ ᠲᠣᠰ ᠲᠣᠰ 324.4%᠂ 104.3%᠂ 76.1%᠂ 40.7% ᠪᠠᠷ ᠨᠡᠮᠡᠭᠳᠡᠪᠡ᠃ | 2025 ᠣᠨ ᠳᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠳᠠᠭᠠᠯᠳᠤᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ᠂ | ᠨᠡᠭᠡᠭᠡᠯᠲᠡ ᠬᠢᠵᠦ ᠬᠠᠮᠲᠤᠷᠠᠯᠴᠠᠬᠤ ᠪᠠᠨ ᠪᠠᠲᠤᠳᠬᠠᠭᠰᠠᠨ ᠳᠤᠮᠳᠠᠳᠤ ᠤᠯᠤᠰ ᠯᠠᠪᠲᠠᠢ ᠳᠡᠯᠡᠬᠡᠢ ᠳ᠋ᠠᠬᠢᠨ ᠳᠤ ᠨᠡᠩ | ᠤᠯᠠᠨ ᠢᠲᠡᠭᠡᠯ ᠵᠣᠷᠢᠭ ᠪᠠ ᠬᠥᠳᠡᠯᠭᠡᠬᠦ ᠬᠦᠴᠦᠨ ᠨᠡᠮᠡᠷᠢᠯᠡᠵᠦ᠂ ᠨᠡᠩ ᠤᠯᠠᠨ ᠬᠠᠮᠲᠤᠷᠠᠯᠴᠠᠵᠤ ᠬᠠᠮᠲᠤ ᠪᠠᠷ ᠠᠰᠢᠭ | ᠬᠦᠷᠲᠡᠬᠦ ᠰᠢᠨ᠎ᠡ ᠠᠵᠠ ᠲᠣᠬᠢᠶᠠᠯ ᠢ ᠠᠪᠴᠢᠷᠠᠬᠤ ᠪᠣᠯᠤᠨ᠎ᠠ᠃ |