ᠤᠯᠤᠰ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠬᠤ ᠲᠠᠪᠴᠠᠩ ᠢ 3 ᠰᠠᠷ᠎ᠠ ᠶᠢᠨ 1 ᠤ ᠡᠳᠦᠷ ᠰᠦᠯᠵᠢᠶᠡᠨ ᠳᠤ ᠭᠠᠷᠭᠠᠵᠤ ᠲᠤᠷᠰᠢᠨ ᠠᠵᠢᠯᠯᠠᠭᠤᠯᠤᠨ᠎ᠠ
ᠨᠡᠶᠢᠲᠡᠯᠡᠭᠰᠡᠨ ᠴᠠᠭ᠄
2025/2/20
   ᠡᠨᠡ ᠵᠢᠯ ᠤᠨ ᠪᠦᠬᠦ ᠤᠯᠤᠰ ᠤᠨ ᠲᠤᠭ᠎ᠠ ᠪᠠᠷᠢᠮᠲᠠ ᠶᠢᠨ ᠠᠵᠢᠯ ᠤᠨ ᠨᠢᠭᠡᠨ ᠴᠢᠬᠤᠯᠠ ᠴᠢᠭᠯᠡᠯ ᠪᠣᠯ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠯᠲᠡ ᠶᠢ ᠶᠡᠭᠡ ᠪᠠᠷ ᠠᠬᠢᠭᠤᠯᠬᠤ ᠶᠠᠪᠤᠳᠠᠯ ᠪᠣᠯᠤᠨ᠎ᠠ᠃ ᠬᠡᠷᠬᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠪᠣᠶ︖ ᠲᠤᠭ᠎ᠠ ᠪᠠᠷᠢᠮᠲᠠ ᠶᠢᠨ ᠬᠡᠷᠡᠭᠯᠡᠭᠡᠨ ᠤ ᠪᠠᠶᠢᠳᠠᠯ ᠢ ᠬᠡᠷᠬᠢᠨ ᠨᠠᠩ ᠣᠯᠠᠨ ᠪᠣᠶ ᠪᠣᠯᠭᠠᠬᠤ ᠪᠣᠶ︖ ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ 2 ᠰᠠᠷ᠎ᠠ ᠶᠢᠨ 18 ᠤ ᠡᠳᠦᠷ ︽ᠲᠤᠭ᠎ᠠ ᠪᠠᠷᠢᠮᠲᠠ ᠶᠢ ᠦᠷᠲᠡᠭᠴᠢᠯᠡᠬᠦ ᠪᠠᠷ ᠪᠢᠳᠡ ᠠᠵᠢᠯᠯᠠᠨ᠎ᠠ︾ ᠭᠡᠬᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠃    ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠬᠦᠷᠲᠡᠨ ᠬᠡᠷᠡᠭᠯᠡᠬᠦ ᠶᠢ ᠠᠬᠢᠭᠤᠯᠤᠨ᠎ᠠ᠃ ︽ᠲᠤᠭ᠎ᠠ ᠪᠠᠷᠢᠮᠲᠠ ᠶᠢᠨ ᠥᠷᠲᠡᠭᠵᠢᠯᠲᠡ ᠶᠢ ᠠᠬᠢᠭᠤᠯᠬᠤ ᠳᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠤᠷᠢᠳ ᠢᠶᠠᠷ ᠨᠢᠭᠡ ᠠᠯᠬᠤᠮ ᠠᠬᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠦᠨᠡᠨ ᠬᠦ ᠬᠠᠩᠭᠠᠵᠤ ᠬᠡᠷᠡᠭᠯᠡᠬᠦ ᠬᠡᠷᠡᠭᠲᠡᠶ︾ ᠭᠡᠵᠦ ᠤᠯᠤᠰ ᠤᠨ ᠲᠤᠭ᠎ᠠ ᠪᠠᠷᠢᠮᠲᠠ ᠶᠢᠨ ᠲᠣᠪᠴᠢᠶᠠᠨ ᠤ ᠳᠡᠳ᠋ ᠳᠠᠷᠤᠭ᠎ᠠ ᠴᠧᠨ ᠷᠦᠩ ᠬᠤᠶ ᠬᠡᠯᠡᠪᠡ᠃    ᠨᠢᠳᠤᠨᠤᠨ ᠤ 10 ᠰᠠᠷ᠎ᠠ ᠳᠤ᠂ ︽ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠢᠯᠡ ᠪᠠᠷ ᠳᠠᠷᠤᠮᠠᠯᠯᠠᠨ ᠲᠠᠷᠬᠠᠭᠠᠪᠠ᠃ ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠤᠨ ᠲᠤᠭ᠎ᠠ ᠪᠠᠷᠢᠮᠲᠠ ᠶᠢᠨ ᠰᠢᠰᠲ᠋ᠧᠮ ᠢᠵᠢ ᠪᠥᠷᠢᠳᠦᠭᠰᠡᠨ ᠲᠦᠷᠢᠮ ᠤᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠤᠭ᠎ᠠ ᠪᠠᠷᠢᠮᠲᠠ ᠳᠤ ᠡᠷᠬᠡ ᠣᠯᠭᠤᠵᠤ ᠠᠵᠢᠯᠯᠠᠭᠤᠯᠬᠤ᠂ ᠬᠡᠷᠡᠭᠯᠡᠭᠡᠨ ᠤ ᠰᠢᠨ᠎ᠡ ᠶᠢ ᠡᠭᠦᠳᠬᠦ ᠦᠢᠯᠡᠳᠦᠯᠭᠡ ᠵᠡᠷᠭᠡ ᠲᠠᠯ᠎ᠠ ᠪᠠᠷ ᠠᠯᠢ ᠣᠯᠠᠨ ᠠᠵᠢᠯ ᠥᠷᠨᠢᠭᠦᠯᠵᠦ᠂ ᠵᠠᠷᠢᠮ ᠲᠠᠯ᠎ᠠ ᠪᠠᠷ ᠠᠩᠬ᠎ᠠ ᠠᠯᠬᠤᠮ ᠤᠨ ᠠᠬᠢᠴᠠ ᠲᠠᠢ ᠪᠣᠯᠪᠠ᠃    ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠳᠤ ᠪᠠᠨ ᠭᠥᠷᠳᠡᠵᠦ ᠬᠡᠷᠡᠭᠯᠡᠬᠦ ᠶᠢ ᠠᠬᠢᠭᠤᠯᠬᠤ ᠲᠠᠯ᠎ᠠ ᠪᠠᠷ᠂ ᠲᠤᠭ᠎ᠠ ᠪᠠᠷᠢᠮᠲᠠ ᠶᠢ ᠵᠠᠰᠠᠬᠤ ᠪᠠ ᠬᠠᠮᠲᠤ ᠳᠤ ᠪᠠᠨ ᠭᠥᠷᠳᠡᠬᠦ ᠬᠠᠷᠢᠭᠤᠴᠠᠯᠭ᠎ᠠ ᠶᠢ ᠲᠣᠳᠣᠷᠬᠠᠶᠢᠯᠠᠨ᠂ ︽ᠨᠢᠭᠡ ᠤᠳᠠᠭ᠎ᠠ ᠳᠤ ᠲᠠᠭᠯᠠᠨ ᠮᠡᠳᠡᠭᠦᠯᠵᠦ᠂ ᠣᠯᠠᠨ ᠲᠠᠯ᠎ᠠ ᠳᠤ ᠬᠠᠮᠲᠤ ᠳᠤ ᠪᠠᠨ ᠬᠡᠷᠡᠭᠯᠡᠬᠦ︾ ᠶᠢ ᠠᠬᠢᠭᠤᠯᠵᠤ᠂ ᠲᠤᠭ᠎ᠠ ᠪᠠᠷᠢᠮᠲᠠ ᠶᠢ ︽ᠦᠨᠳᠦᠰᠦᠨ ᠱᠠᠲᠤ ᠠᠴᠠ ᠠᠪᠬᠤ︾ ᠠᠴᠠ ︽ᠰᠢᠰᠲ᠋ᠧᠮ ᠠᠴᠠ ᠠᠪᠬᠤ︾ ᠪᠣᠯᠭᠠᠨ ᠬᠤᠪᠢᠷᠠᠭᠤᠯᠬᠤ ᠶᠢ ᠠᠬᠢᠭᠤᠯᠤᠨ᠂ ᠦᠨᠳᠦᠰᠦᠨ ᠱᠠᠲᠤᠨ ᠤ ᠺᠠᠳ᠋ᠷ ᠤᠨ ᠳᠠᠬᠢᠨ ᠳᠠᠪᠲᠠᠨ ᠲᠤᠭ᠎ᠠ ᠮᠡᠳᠡᠭᠦᠯᠬᠦ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠡᠭᠦᠨ ᠤ ᠬᠠᠮᠲᠤ ᠲᠤᠭ᠎ᠠ ᠪᠠᠷᠢᠮᠲᠠ ᠶᠢᠨ ᠪᠤᠴᠠᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠺᠠᠳ᠋ᠷ ᠤᠨ ᠲᠤᠭ᠎ᠠ ᠪᠠᠷᠢᠮᠲᠠ ᠶᠢ ᠠᠰᠢᠭᠯᠠᠨ ᠠᠵᠤ ᠠᠬᠤᠶᠢᠯᠠᠯ ᠪᠣᠯᠤᠨ ᠠᠷᠠᠳ ᠤᠯᠠᠨ ᠳᠤ ᠨᠡᠩ ᠰᠠᠶᠢᠲᠤᠷ ᠦᠢᠯᠡᠴᠢᠯᠡᠬᠦ ᠶᠢ ᠳᠡᠮᠵᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃    ᠹᠦᠵᠢᠶᠠᠨ ᠢᠶᠠᠷ ᠵᠢᠱᠢᠶᠡᠯᠡᠪᠡᠯ᠂ 2020 ᠣᠨ ᠳᠤ᠂ ᠹᠦᠵᠢᠶᠠᠨ ᠤᠯᠤᠰ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ 8 ᠲᠤᠷᠰᠢᠯᠲᠠ ᠶᠢᠨ ᠴᠡᠭ ᠤᠨ ᠮᠤᠵᠢ ᠶᠢᠨ ᠨᠢᠭᠡ ᠪᠠᠷ ᠰᠣᠩᠭᠤᠭᠳᠠᠪᠠ᠃ ᠲᠣᠰ ᠮᠤᠵᠢ ᠨᠢ ᠮᠤᠵᠢ ᠬᠤᠲᠠ ᠬᠤᠶᠠᠷ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠴᠤᠭᠯᠠᠷᠠᠯ ᠢ ᠬᠠᠮᠲᠤ ᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠪᠥᠬᠦ ᠮᠤᠵᠢ ᠶᠢᠨ 2000 ᠭᠠᠷᠤᠶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠵᠠᠯᠭᠠᠨ ᠣᠷᠣᠭᠤᠯᠵᠤ᠂ 1800 ᠭᠠᠷᠤᠶ ᠳ᠋ᠦᠩᠰᠢᠭᠤᠷ ᠵᠤᠷᠪᠤᠰ ᠪᠦᠲᠦᠮᠵᠢᠲᠡᠶ ᠲᠤᠭ᠎ᠠ ᠪᠠᠷᠢᠮᠲᠠ ᠶᠢ ᠬᠤᠷᠠᠮᠳᠤᠭᠤᠯᠤᠨ᠂ ᠪᠥᠬᠦ ᠮᠤᠵᠢ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ︽ᠵᠠᠯᠭᠠᠪᠠᠰᠤ ᠵᠣᠬᠢᠬᠤ ᠶᠢ ᠨᠢ ᠪᠦᠬᠦᠨ ᠢ ᠵᠣᠯᠭᠠᠭᠤᠯᠬᠤ︾ ᠪᠠ ᠪᠥᠬᠦ ᠮᠤᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ︽ᠬᠤᠷᠢᠶᠠᠩᠭᠤᠶᠢᠯᠠᠪᠠᠰᠤ ᠵᠣᠬᠢᠬᠤ ᠶᠢ ᠨᠢ ᠪᠦᠬᠦᠨ ᠢ ᠴᠤᠭᠯᠠᠭᠤᠯᠬᠤ︾ ᠶᠢ ᠦᠨᠳᠦᠰᠦᠨ ᠳᠡᠭᠡᠨ ᠪᠡᠶᠡᠯᠡᠭᠦᠯᠪᠡ᠃ ᠡᠭᠦᠨ ᠤ ᠬᠠᠮᠲᠤ ᠴᠤᠭᠯᠠᠷᠠᠯ ᠢ ᠬᠠᠮᠲᠤ ᠪᠠᠷ ᠡᠳ᠋ᠯᠡᠬᠦ ᠲᠠᠪᠴᠠᠩ ᠢᠶᠠᠷ ᠬᠦᠢᠰᠦ ᠪᠣᠯᠭᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠭᠤᠶᠤᠴᠢᠯᠠᠯ ᠭᠠᠷᠭᠠᠬᠤ᠂ ᠡᠷᠬᠡ ᠣᠯᠭᠤᠬᠤ᠂ ᠵᠣᠯᠭᠠᠭᠤᠯᠬᠤ᠂ ᠬᠡᠷᠡᠭᠯᠡᠬᠦ ᠶᠢ ᠪᠠᠶᠢᠩᠭᠤ ᠥᠷᠨᠢᠭᠦᠯᠵᠦ᠂ ᠣᠳᠣᠬᠠᠨ ᠳᠤ ᠲᠠᠪᠴᠠᠩ ᠤᠨ ᠡᠳᠦᠷ ᠳᠤᠮᠳᠠᠴᠢ ᠶᠢᠨ ᠪᠥᠭᠡᠮ ᠢᠶᠠᠷ ᠰᠣᠯᠢᠯᠴᠠᠬᠤ ᠲᠤᠭ᠎ᠠ ᠪᠠᠷᠢᠮᠲᠠ 1.5 ᠳ᠋ᠦᠩᠰᠢᠭᠤᠷ ᠭᠠᠷᠤᠶ ᠵᠤᠷᠪᠤᠰ ᠪᠠᠶᠢᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ 800 ᠭᠠᠷᠤᠶ ᠬᠡᠷᠡᠭᠯᠡᠭᠡᠨ ᠤ ᠪᠠᠶᠢᠳᠠᠯ ᠢ ᠪᠦᠲᠦᠮᠵᠢᠲᠡᠶ ᠲᠤᠯᠭᠠᠭᠤᠷᠢᠯᠠᠵᠤ ᠪᠠᠶᠢᠨ᠎ᠠ᠃    ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠡᠷᠬᠡ ᠣᠯᠭᠤᠵᠤ ᠠᠵᠢᠯᠯᠠᠭᠤᠯᠬᠤ ᠶᠢ ᠰᠦᠪᠡᠭᠴᠢᠯᠡᠨ᠎ᠡ᠃ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠡᠷᠬᠡ ᠣᠯᠭᠤᠵᠤ ᠠᠵᠢᠯᠯᠠᠭᠤᠯᠬᠤ ᠶᠢ ᠬᠠᠶᠢᠨ ᠰᠦᠪᠡᠭᠴᠢᠯᠡᠬᠦ ᠪᠣᠯ ᠣᠶᠢᠷ᠎ᠠ ᠳᠤ ᠲᠤᠭ᠎ᠠ ᠪᠠᠷᠢᠮᠲᠠ ᠶᠢᠨ ᠬᠦᠷᠢᠶᠡᠨ ᠳᠠᠬᠢ ᠬᠠᠯᠠᠮᠰᠢᠯ ᠦᠭᠡ ᠪᠣᠯᠤᠨ᠎ᠠ᠂ ᠡᠭᠦᠨ ᠢ ᠬᠡᠷᠬᠢᠨ ᠣᠶᠢᠯᠠᠭᠠᠬᠤ ᠪᠣᠶ︖ᠴᠧᠨ ᠷᠦᠩ ᠬᠤᠶ ᠢᠯᠡᠷᠬᠡᠶᠢᠯᠡᠬᠦ ᠳᠡᠭᠡᠨ᠂ ᠡᠷᠬᠡ ᠣᠯᠭᠤᠵᠤ ᠠᠵᠢᠯᠯᠠᠭᠤᠯᠬᠤ ᠪᠣᠯ ᠨᠢᠭᠡ ᠵᠦᠢᠯ ᠤᠨ ᠲᠤᠭ᠎ᠠ ᠪᠠᠷᠢᠮᠲᠠ ᠶᠢᠨ ᠬᠠᠩᠭᠠᠯᠭ᠎ᠠ ᠶᠢᠨ ᠰᠢᠨ᠎ᠡ ᠠᠷᠭ᠎ᠠ ᠬᠡᠯᠪᠡᠷᠢ ᠮᠥᠨ᠂ ᠵᠣᠷᠢᠯᠭ᠎ᠠ ᠨᠢ ᠲᠤᠰᠬᠠᠶᠢᠵᠢᠭᠰᠠᠨ ᠬᠦᠴᠦᠨ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠵᠠᠰᠠᠵᠤ ᠪᠣᠯᠪᠠᠰᠤᠷᠠᠭᠤᠯᠤᠨ᠂ ᠲᠤᠭ᠎ᠠ ᠪᠠᠷᠢᠮᠲᠠ ᠶᠢᠨ ᠦᠢᠯᠡᠳᠬᠦᠨ ᠪᠠ ᠦᠢᠯᠡᠴᠢᠯᠡᠭᠡ ᠶᠢ ᠪᠣᠶ ᠪᠣᠯᠭᠠᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤᠤᠷ᠎ᠠ ᠨᠡᠶᠢᠭᠡᠮ ᠤᠨ ᠬᠡᠷᠡᠭᠯᠡᠭᠡᠨ ᠤ ᠲᠣᠭᠠᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ ᠶᠤᠮ ᠭᠡᠵᠡᠶ᠃ ᠣᠳᠣᠬᠠᠨ ᠳᠤ᠂ ᠮᠠᠰᠢ ᠣᠯᠠᠨ ᠶᠠᠮᠤᠨ ᠬᠤᠷᠢᠶ᠎ᠠ ᠴᠥᠮ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠷᠬᠡ ᠣᠯᠭᠤᠨ ᠠᠵᠢᠯᠯᠠᠭᠤᠯᠬᠤ ᠪᠠᠷ ᠪᠠᠶᠢᠭ᠎ᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠳᠢᠭᠯᠡᠵᠦ᠂ ᠲᠤᠭ᠎ᠠ ᠪᠠᠷᠢᠮᠲᠠ ᠶᠢᠨ ᠡᠷᠬᠡ ᠣᠯᠭᠤᠨ ᠠᠵᠢᠯᠯᠠᠭᠤᠯᠬᠤ ᠲᠥᠰᠥᠪ ᠢ ᠨᠠᠶᠢᠷᠠᠭᠤᠯᠤᠨ ᠵᠣᠬᠢᠶᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠪᠠ ᠦᠢᠯᠡᠳᠬᠦᠨ ᠢ ᠳᠡᠩᠰᠡᠯᠡᠨ ᠲᠡᠮᠳᠡᠭᠯᠡᠬᠦ ᠠᠵᠢᠯ ᠢ ᠢᠳᠡᠪᠬᠢᠲᠡᠶ ᠠᠬᠢᠭᠤᠯᠵᠤ ᠪᠠᠶᠢᠨ᠎ᠠ᠃    ᠲᠠᠨᠢᠯᠴᠠᠭᠤᠯᠤᠭᠰᠠᠨ ᠢᠶᠠᠷ᠂ ᠤᠯᠤᠰ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠬᠤ ᠲᠠᠪᠴᠠᠩ 3 ᠰᠠᠷ᠎ᠠ ᠶᠢᠨ 1 ᠤ ᠡᠳᠦᠷ ᠵᠢᠩᠬᠢᠨᠢ ᠪᠠᠷ ᠰᠦᠯᠵᠢᠶᠡᠨ ᠳᠤ ᠭᠠᠷᠴᠤ ᠲᠤᠷᠰᠢᠨ ᠠᠵᠢᠯᠯᠠᠨ᠎ᠠ᠃ ︽ᠡᠨᠡ ᠬᠦ ᠲᠠᠪᠴᠠᠩ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠪᠣᠯᠬᠤ ᠪᠠᠷ ᠪᠠᠷᠠᠬᠤ ᠥᠬᠡᠶ ᠪᠠᠰᠠ ᠮᠡᠳᠡᠭᠡ ᠵᠠᠩᠭᠢ ᠨᠡᠶᠢᠲᠡᠯᠡᠬᠦ ᠪᠠ ᠡᠬᠢ ᠪᠠᠶᠠᠯᠢᠭ ᠢ ᠢᠯᠡᠷᠡᠭᠦᠯᠬᠦ ᠴᠣᠩᠬᠤ ᠪᠣᠯᠤᠨ᠎ᠠ᠂ ᠪᠥᠬᠦ ᠨᠡᠶᠢᠭᠡᠮ ᠢᠶᠠᠷ ᠢᠶᠠᠨ ᠴᠥᠮ ᠠᠳᠡ ᠢᠷᠡᠵᠦ ᠲᠤᠭ᠎ᠠ ᠪᠠᠷᠢᠮᠲᠠ ᠡᠷᠢᠵᠦ᠂ ᠦᠢᠯᠡᠳᠬᠦᠨ ᠡᠷᠢᠵᠦ ᠪᠣᠯᠤᠨ᠎ᠠ︾ ᠭᠡᠵᠦ ᠴᠧᠨ ᠷᠦᠩ ᠬᠤᠢ ᠬᠡᠯᠡᠪᠡ᠃    ᠬᠤᠷᠠᠯ ᠳᠡᠭᠡᠷ᠎ᠡ ᠨᠡᠶᠢᠲᠡᠯᠡᠭᠰᠡᠨ ᠮᠡᠳᠡᠭᠡ ᠵᠠᠩᠭᠢ ᠶᠢ ᠦᠨᠳᠦᠰᠦᠯᠡᠪᠡᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠰᠢᠭᠤᠳ ᠡᠵᠡᠮᠰᠢᠵᠦ ᠪᠠᠶᠢᠭ᠎ᠠ ᠪᠤᠶᠤ ᠬᠠᠮᠢᠶᠠᠷᠴᠤ ᠪᠠᠶᠢᠭ᠎ᠠ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠨᠦᠭᠦᠳ ᠡᠷᠬᠡ ᠣᠯᠭᠤᠵᠤ ᠠᠵᠢᠯᠯᠠᠭᠤᠯᠬᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠲᠤ ᠣᠷᠣᠭᠤᠯᠤᠨ ᠳᠠᠩᠰᠠᠯᠠᠭᠤᠯᠬᠤ ᠬᠡᠷᠡᠭᠲᠡᠶ᠃ ᠡᠷᠬᠡ ᠣᠯᠭᠤᠨ ᠠᠵᠢᠯᠯᠠᠭᠤᠯᠬᠤ ᠬᠡᠪᠴᠢᠶᠡᠨ ᠳᠤ ᠣᠷᠣᠭᠤᠯᠤᠭᠰᠠᠨ ᠥᠬᠡᠶ ᠲᠤᠭ᠎ᠠ ᠪᠠᠷᠢᠮᠲᠠ ᠶᠢᠨ ᠡᠬᠢ ᠪᠠᠶᠠᠯᠢᠭ ᠵᠢᠴᠢ ᠡᠷᠬᠡ ᠣᠯᠤᠭᠰᠠᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠰᠢᠭᠯᠠᠨ ᠡᠳ᠋ᠰᠢᠭᠦᠯᠵᠦ ᠪᠣᠶ ᠪᠣᠯᠤᠭᠰᠠᠨ ᠲᠤᠭ᠎ᠠ ᠪᠠᠷᠢᠮᠲᠠ ᠶᠢᠨ ᠦᠢᠯᠡᠳᠬᠦᠨ ᠪᠠ ᠦᠢᠯᠡᠴᠢᠯᠡᠭᠡ ᠶᠢ ᠴᠦ ᠳᠡᠩᠰᠡᠯᠡᠨ ᠲᠡᠮᠳᠡᠭᠯᠡᠬᠦ ᠶᠢ ᠵᠣᠷᠢᠭᠵᠢᠭᠤᠯᠤᠨ᠎ᠠ᠃    ᠴᠧᠨ ᠷᠦᠩ ᠬᠤᠶ ᠲᠠᠨᠢᠯᠴᠠᠭᠤᠯᠬᠤ ᠳᠠᠭᠠᠨ᠂ ᠳᠡᠩᠰᠡᠯᠡᠨ ᠲᠡᠮᠳᠡᠭᠯᠡᠬᠦ ᠲᠠᠪᠴᠠᠩ ᠢ ᠰᠦᠯᠵᠢᠶᠡᠨ ᠳᠤ ᠣᠷᠣᠭᠤᠯᠵᠤ ᠠᠵᠢᠯᠯᠠᠭᠤᠯᠤᠭᠰᠠᠨ ᠤ ᠳᠠᠷᠠᠭ᠎ᠠ᠂ ᠬᠤᠶᠠᠷ ᠲᠠᠯ᠎ᠠ ᠶᠢᠨ ᠦᠢᠯᠡᠳᠦᠯ ᠢ ᠪᠠᠳᠠᠷᠠᠭᠤᠯᠬᠤ ᠪᠣᠯᠤᠨ᠎ᠠ᠄ ᠨᠢᠭᠡ ᠳᠤ ᠦᠢᠯᠡᠴᠢᠯᠡᠭᠡᠨ ᠤ ᠴᠢᠨᠠᠷᠲᠠᠶ ᠴᠢᠳᠠᠮᠵᠢ᠂ ᠲᠤᠭ᠎ᠠ ᠬᠠᠩᠭᠠᠬᠤ ᠨᠢᠭᠡᠴᠡ ᠳᠡᠩᠰᠡᠯᠡᠨ ᠲᠡᠮᠳᠡᠭᠯᠡᠬᠦ ᠲᠠᠪᠴᠠᠩ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠪᠠ ᠦᠢᠯᠡᠳᠬᠦᠨ ᠤ ᠮᠡᠳᠡᠭᠡ ᠵᠠᠩᠭᠢ ᠶᠢ ᠨᠡᠶᠢᠲᠡᠯᠡᠵᠦ ᠪᠣᠯᠤᠨ᠎ᠠ᠂ ᠲᠤᠭ᠎ᠠ ᠬᠡᠷᠡᠭᠯᠡᠬᠦ ᠨᠢᠭᠡᠴᠡ ᠠᠳᠡ ᠢᠷᠡᠵᠦ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠷᠢᠵᠦ ᠪᠣᠯᠤᠨ᠎ᠠ᠂ ᠢᠷᠡᠭᠡᠳᠦᠶ ᠳᠤ ᠪᠠᠰᠠ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠵᠦ ᠪᠣᠯᠤᠨ᠎ᠠ᠂ ᠡᠭᠦᠨ ᠤ ᠤᠯᠠᠮ ᠠᠴᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠨᠠᠩ ᠰᠠᠶᠢᠲᠤᠷ ᠪᠡᠶᠡᠯᠡᠭᠦᠯᠵᠦ᠂ ᠪᠥᠬᠦ ᠨᠡᠶᠢᠭᠡᠮ ᠤᠨ ᠲᠤᠭ᠎ᠠ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠦᠨ᠎ᠡ ᠥᠷᠲᠡᠭ ᠢ ᠪᠠᠳᠠᠷᠠᠭᠤᠯᠬᠤ ᠶᠢ ᠠᠬᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠬᠤᠶᠠᠷ ᠲᠤ᠂ ᠬᠠᠮᠢᠶᠠᠷᠤᠯᠲᠠ ᠶᠢᠨ ᠴᠢᠳᠠᠮᠵᠢ᠂ ᠳᠠᠩᠰᠠᠯᠠᠬᠤ ᠠᠵᠢᠯ ᠢᠶᠠᠷ ᠳᠠᠮᠵᠢᠭᠤᠯᠤᠨ᠂ ᠪᠥᠬᠦ ᠤᠯᠤᠰ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠡᠬᠡ ᠲᠠᠩᠰᠠ ᠶᠢ ᠡᠵᠡᠮᠰᠢᠵᠦ᠂ ᠡᠷᠬᠡ ᠣᠯᠭᠤᠵᠤ ᠠᠵᠢᠯᠯᠠᠭᠤᠯᠬᠤ ᠮᠡᠳᠡᠭᠡ ᠵᠠᠩᠭᠢ ᠶᠢ ᠨᠡᠶᠢᠲᠡᠯᠡᠬᠦ ᠶᠢ ᠴᠢᠩᠭᠠᠳᠬᠠᠨ᠂ ᠡᠷᠬᠡ ᠣᠯᠭᠤᠵᠤ ᠠᠵᠢᠯᠯᠠᠭᠤᠯᠬᠤ ᠶᠢ ᠵᠢᠷᠤᠮᠵᠢᠭᠤᠯᠬᠤ᠂ ᠢᠯᠡ ᠲᠣᠳᠣ ᠪᠣᠯᠭᠠᠬᠤ ᠶᠢ ᠠᠬᠢᠭᠤᠯᠤᠨ᠎ᠠ᠃    ᠨᠠᠩ ᠣᠯᠠᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠠᠬᠤᠶ ᠪᠠᠶᠢᠳᠠᠯ ᠢ ᠪᠣᠶ ᠪᠣᠯᠭᠠᠨ᠎ᠠ᠃ ᠳ᠋ᠠᠶᠢᠲ᠋ᠠ ᠶᠢᠨ ᠥᠷᠲᠡᠭᠵᠢᠯᠲᠡ ᠶᠢ ᠠᠬᠤᠶ ᠲᠠᠯᠠᠪᠠᠶ ᠶᠢᠨ ᠬᠡᠷᠡᠭᠯᠡᠯᠲᠡ ᠳᠤᠮᠳᠠ ᠪᠡᠶᠡᠯᠡᠭᠦᠯᠦᠨ᠎ᠡ᠃    ᠵᠢᠱᠢᠶᠡᠯᠡᠪᠡᠯ᠂ ᠴᠠᠭ ᠠᠭᠤᠷ ᠤᠨ ᠲᠤᠭ᠎ᠠ ᠪᠠᠷᠢᠮᠲᠠ ᠨᠢ ᠠᠵᠤ ᠠᠬᠤᠶ ᠨᠡᠶᠢᠭᠡᠮ ᠤᠨ ᠮᠢᠩᠭᠠᠨ ᠠᠵᠢᠯ ᠲᠥᠷᠥᠯ ᠲᠠᠢ ᠨᠢᠭᠲᠠ ᠬᠤᠯᠪᠣᠭᠳᠠᠵᠤ᠂ ᠬᠡᠷᠡᠭᠯᠡᠭᠡᠨ ᠤ ᠠᠬᠤᠶ ᠪᠠᠶᠢᠳᠠᠯ ᠥᠷᠭᠡᠨ ᠠᠭᠤᠳᠠᠮ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠱᠧᠨᠵᠧᠨ ᠬᠤᠲᠠ ᠳᠤᠤᠷ᠎ᠠ ᠠᠭᠠᠷ ᠤᠨ ᠪᠠᠷᠠᠭᠠᠨ ᠤ  ᠭᠦᠢᠯᠭᠡᠭᠡᠨ ᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠡᠬᠢᠯᠡᠵᠦ ᠪᠠᠭᠤᠬᠤ ᠴᠡᠭ ᠵᠢᠴᠢ ᠠᠶᠠᠯᠠᠯ ᠤᠨ ᠱᠤᠭᠤᠮ ᠳᠤ 1 ᠺᠢᠯᠣᠮᠧᠲᠷ ᠤᠨ ᠢᠯᠭᠠᠮᠵᠢ᠂ ᠮᠢᠨᠦ᠋ᠲ ᠤᠨ ᠲᠠᠰ ᠤᠨ ᠰᠢᠨᠡᠳᠬᠡᠭᠰᠡᠨ ᠶᠡᠭᠡ ᠰᠠᠯᠬᠢ᠂ ᠬᠤᠷ᠎ᠠ ᠲᠣᠨᠣᠳᠠᠰᠤ ᠵᠡᠷᠭᠡ ᠨᠠᠷᠢᠯᠢᠬᠵᠢᠭᠤᠯᠤᠭᠰᠠᠨ ᠦᠢᠯᠡᠴᠢᠯᠡᠭᠡ ᠬᠠᠩᠭᠠᠵᠤ᠂ ᠮᠠᠭᠤ ᠠᠭᠤᠷ ᠠᠮᠢᠰᠬᠤᠯ ᠠᠴᠠ ᠪᠣᠯᠤᠭᠰᠠᠨ ᠰᠠᠭᠠᠲᠠᠯ ᠪᠤᠶᠤ ᠬᠤᠬᠢᠷᠠᠯ ᠢ ᠪᠠᠭᠠᠰᠬᠠᠵᠤ᠂ ᠳᠣᠭᠢᠷᠠᠭᠤᠯᠤᠨ ᠬᠦᠷᠭᠡᠬᠦ ᠲᠥᠯᠥᠪᠯᠡᠭᠡ ᠶᠢ ᠨᠠᠩ ᠵᠦᠶ ᠵᠣᠬᠢᠰᠲᠠᠶ᠂ ᠠᠵᠤ ᠠᠬᠤᠶ ᠳᠤ ᠬᠦᠷᠭᠡᠪᠡ᠃ ᠱᠠᠩᠬᠠᠶ ᠴᠠᠭ ᠠᠭᠤᠷ ᠤᠨ ᠲᠤᠭ᠎ᠠ ᠪᠠᠷᠢᠮᠲᠠ ᠳᠤ ᠰᠠᠭᠤᠷᠢᠯᠠᠨ ᠵᠢᠯᠣᠭᠤᠴᠢ ᠥᠬᠡᠶ ᠨᠢᠰᠬᠡᠯ ᠤᠨ ᠮᠠᠨᠠᠨ ᠠᠷᠢᠯᠭᠠᠬᠤ ᠲᠤᠷᠰᠢᠯᠲᠠ ᠬᠢᠵᠦ᠂ ᠦᠵᠡᠭᠳᠡᠴᠡ ᠶᠢᠨ ᠬᠡᠮᠵᠢᠶ᠎ᠡ ᠶᠢ 500 ᠮᠧᠲᠷ ᠠᠴᠠ 2 ᠺᠢᠯᠣᠮᠧᠲᠷ ᠠᠴᠠ ᠳᠡᠭᠡᠭᠰᠢ ᠪᠣᠯᠲᠠᠯ᠎ᠠ ᠲᠦᠷᠭᠡᠨ ᠳᠡᠭᠡᠭᠰᠢᠯᠡᠭᠦᠯᠵᠦ᠂ ᠶᠡᠭᠡ ᠮᠠᠨᠠᠨᠲᠤ ᠴᠠᠭ ᠠᠭᠤᠷ ᠤᠨ ᠨᠢᠰᠦᠯᠲᠡ ᠳᠤ ᠦᠵᠡᠭᠦᠯᠬᠦ ︽ᠴᠣᠩᠬᠤᠨ ᠬᠤᠭᠤᠴᠠᠭ᠎ᠠ︾ ᠶᠢᠨ ᠨᠥᠯᠥᠭᠡ ᠶᠢ ᠪᠠᠭᠠᠰᠬᠠᠬᠤ ᠳᠤ ᠳᠡᠮᠵᠢᠯᠭᠡ ᠬᠠᠩᠭᠠᠭᠰᠠᠨ ᠪᠠᠶᠢᠨ᠎ᠠ᠃    ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠤᠷᠢᠳᠴᠢᠯᠠᠨ ᠮᠡᠳᠡᠭᠡᠯᠡᠬᠦ ᠵᠤᠷᠭᠠᠨ ᠤ ᠳᠡᠳ᠋ ᠳᠠᠷᠤᠭ᠎ᠠ ᠵᠠᠩ ᠬᠤᠩ ᠵᠧᠩ ᠲᠠᠨᠢᠯᠴᠠᠭᠤᠯᠬᠤ ᠳᠠᠭᠠᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠪᠠᠰᠠ ᠰᠢᠨ᠎ᠡ ᠡᠨᠧᠷᠭᠢ ᠶᠢᠨ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠥᠨᠳᠥᠷ ᠪᠦᠲᠦᠮᠵᠢᠲᠡᠶ ᠰᠢᠩᠭᠡᠭᠡᠬᠦ ᠪᠠ ᠠᠮᠤᠷ ᠲᠦᠪᠰᠢᠨ ᠠᠵᠢᠯᠯᠠᠭᠤᠯᠬᠤ ᠨᠠᠷᠢᠯᠢᠭ ᠴᠠᠭ ᠠᠭᠤᠷ ᠤᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠶ ᠵᠣᠯᠭᠠᠭᠤᠯᠵᠤ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠵᠢᠱᠢᠶ᠎ᠡ ᠦᠵᠡᠭᠦᠯᠬᠦ ᠲᠠᠯᠠᠪᠤᠷ ᠢ ᠬᠠᠮᠲᠤ ᠪᠠᠷ ᠪᠠᠶᠢᠭᠤᠯᠬᠤ᠂ ᠰᠢᠨ᠎ᠡ ᠡᠨᠧᠷᠭᠢ ᠶᠢᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠪᠠ ᠰᠢᠢᠳᠪᠦᠷᠢᠯᠡᠬᠦ ᠲᠥᠰᠦᠯ ᠤᠨ ᠰᠢᠨ᠎ᠡ ᠶᠢ ᠡᠭᠦᠳᠬᠦ ᠳᠤ ᠣᠷᠣᠯᠴᠠᠭᠤᠯᠵᠤ᠂ ᠤᠯᠤᠰ ᠤᠨ ᠡᠨᠧᠷᠭᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ᠂ ᠡᠨᠧᠷᠭᠢ ᠶᠢᠨ ᠠᠮᠤᠷ ᠲᠦᠪᠰᠢᠨ ᠳᠤ ᠲᠤᠯᠭᠠᠭᠤᠷᠢᠯᠠᠯ ᠬᠠᠩᠭᠠᠨ᠎ᠠ ᠭᠡᠵᠡᠶ᠃    ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠭ᠎ᠠ ᠪᠠᠷᠢᠮᠲᠠ ᠶᠢᠨ ᠡᠯᠧᠮᠧᠨ᠋ᠲ ᠤᠨ  ᠦᠢᠯᠡᠳᠦᠯ ᠢ ᠪᠠᠳᠠᠷᠠᠭᠤᠯᠬᠤ ᠶᠢ ᠴᠥᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠵᠢᠱᠢᠶᠡᠯᠡᠪᠡᠯ᠂ ᠡᠨᠡ ᠵᠢᠯ ᠤᠨ ᠹᠦᠵᠢᠶᠠᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ︽ᠮᠢᠩᠭᠠᠨ ᠠᠵᠢᠯ ᠲᠥᠷᠥᠯ ᠵᠠᠭᠤᠨ ᠠᠵᠢᠯ ᠲᠥᠷᠥᠯ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠲᠣᠭᠠᠴᠢᠯᠠᠭᠰᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠨ᠎ᠠ ᠭᠡᠵᠦ ᠳᠤᠷᠠᠳᠴᠠᠶ᠃ ᠴᠦᠩᠴᠢᠩ ᠬᠤᠲᠠ ᠲᠤᠭ᠎ᠠ ᠪᠠᠷᠢᠮᠲᠠ ᠶᠢᠨ ᠭᠦᠢᠯᠭᠡᠭᠡ ᠪᠠ ᠥᠷᠲᠡᠭ ᠤᠨ ᠵᠢᠱᠢᠶ᠎ᠡ ᠦᠵᠡᠭᠦᠯᠬᠦ ᠶᠢ ᠥᠷᠭᠡᠳᠬᠡᠵᠦ᠂ ᠪᠣᠳᠠᠲᠤ ᠲᠤᠭ᠎ᠠ ᠶᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠬᠡᠷᠡᠭᠲᠡᠶ ᠭᠡᠵᠦ ᠳᠤᠷᠠᠳᠪᠠ᠃ ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ ᠨᠢ ᠬᠠᠮᠢᠶ᠎ᠠ ᠪᠥᠬᠦᠶ ᠣᠷᠣᠨ ᠨᠤᠲᠤᠭ ᠪᠠ ᠰᠠᠯᠠᠭ᠎ᠠ ᠮᠥᠴᠢᠷ ᠲᠠᠢ ᠬᠠᠮᠲᠤᠷᠠᠨ ᠨᠢᠭᠡ ᠪᠦᠯᠦᠭ ᠵᠢᠱᠢᠶ᠎ᠡ ᠦᠵᠡᠭᠦᠯᠬᠦ ᠴᠢᠨᠠᠷᠲᠠᠶ ᠲᠤᠭ᠎ᠠ ᠪᠠᠷᠢᠮᠲᠠ ᠶᠢᠨ ᠬᠡᠷᠡᠭᠯᠡᠭᠡᠨ ᠤ ᠠᠬᠤᠶ ᠪᠠᠶᠢᠳᠠᠯ ᠢ ᠭᠤᠤᠯᠳᠠᠯᠭ᠎ᠠ ᠲᠠᠢ ᠪᠣᠶ ᠪᠣᠯᠭᠠᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ᠃    ᠴᠧᠨ ᠷᠦᠩ ᠬᠤᠢ᠂ ᠲᠠᠷᠠᠭᠠᠴᠢ ᠶᠢᠨ ᠠᠯᠬᠤᠮ ᠳᠤ᠂ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠦᠨ᠎ᠡ ᠦᠷᠳᠡᠭ ᠢ ᠪᠠᠳᠠᠷᠠᠭᠤᠯᠬᠤ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠴᠢᠩᠭᠠᠳᠬᠠᠵᠤ᠂ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠪᠠᠷ ᠡᠯ᠎ᠡ ᠲᠠᠯ᠎ᠠ ᠶᠢᠨ ᠲᠤᠭ᠎ᠠ ᠪᠠᠷᠢᠮᠲᠠ ᠶᠢᠨ ᠠᠭᠤᠰᠤᠯᠴᠠᠭᠰᠠᠨ ᠬᠡᠷᠡᠭᠯᠡᠭᠡ ᠶᠢ ᠬᠦᠳᠦᠯᠥᠨ ᠳᠠᠭᠠᠭᠤᠯᠵᠤ᠂ ᠲᠤᠭ᠎ᠠ ᠪᠠᠷᠢᠮᠲᠠ ᠶᠢ ᠴᠣᠭᠴᠠᠯᠠᠨ᠎ᠠ ᠭᠡᠵᠡᠢ᠃
 
ᠢᠷᠡᠯᠲᠡ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号