︽ᠭᠤᠷᠪᠠᠨ ᠤᠶᠢᠯᠠᠭᠠᠭᠳᠠᠬᠤᠨ︾ ᠢ ᠴᠢᠩᠭᠠᠳᠬᠠᠵᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/2/21
    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠭᠤᠷᠪᠠᠨ ᠤᠶᠢᠯᠠᠭᠠᠭᠳᠠᠬᠤᠨ︾ ᠢ ᠴᠢᠩᠭᠠᠳᠬᠠᠬᠤ ᠪᠠᠷ ᠬᠦᠴᠦᠯᠡᠬᠦ ᠴᠡᠭ ᠪᠣᠯᠭᠠᠵᠤ᠂ ᠢᠳᠡᠪᠬᠢᠲᠡᠶ ᠠᠵᠢᠯᠯᠠᠨ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃    ᠨᠢᠭᠡ᠂ ︽ᠪᠡᠯᠡᠳᠬᠡᠯ ᠲᠠᠢ ᠪᠣᠯ ᠰᠠᠶ᠋ᠢ ᠪᠠᠯᠠᠳᠠᠬᠤ ᠥᠬᠡᠶ︾ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠨᠢᠭᠡᠳᠦᠯᠲᠡᠶ ᠬᠠᠷᠭᠤᠭᠤᠯᠤᠨ ᠪᠤᠳᠤᠬᠤ ᠠᠵᠢᠯ ᠤᠨ ᠰᠠᠭᠤᠷᠢ ᠶᠢ ᠪᠠᠲᠤᠳᠬᠠᠨ᠎ᠠ     ᠦᠵᠡᠯ ᠰᠠᠨᠠᠭ᠎ᠠ ᠲᠠᠨᠢᠯᠲᠠ ᠪᠠᠨ ᠪᠤᠳᠠᠳᠠᠶᠢᠵᠢᠭᠤᠯᠤᠨ᠎ᠠ᠃ ︽ᠬᠤᠶᠠᠷ ᠢ ᠬᠠᠮᠠᠭᠠᠯᠠᠬᠤ︾ ᠦᠨᠳᠤᠷᠴᠡ ᠠᠴᠠ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠬᠤ ᠶᠢ ᠡᠷᠡᠰ ᠰᠠᠶᠢᠲᠤᠷ ᠬᠢᠵᠦ᠂ ᠨᠢᠭᠡᠳᠦᠯᠲᠡᠶ ᠬᠠᠷᠭᠤᠭᠤᠯᠤᠨ ᠪᠤᠳᠤᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠨ᠂ ᠤᠯᠤᠰ ᠤᠨ ᠲᠣᠪᠴᠢᠶ᠎ᠠ ᠶᠢᠨ ᠨᠢᠭᠡᠳᠦᠯᠲᠡᠶ ᠬᠠᠷᠭᠤᠭᠤᠯᠤᠨ ᠪᠤᠳᠤᠬᠤ ᠥᠭᠡᠷᠡᠴᠢᠯᠡᠯᠲᠡ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠠᠷᠭᠤᠭᠤᠯᠤᠨ ᠪᠤᠳᠤᠭᠰᠠᠨ ᠦᠷ᠎ᠡ ᠪᠦᠲᠦᠭᠡᠯ ᠢᠶᠠᠷ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠲᠤᠰᠬᠠᠬᠤ ᠶᠢ ᠢᠳᠡᠪᠬᠢᠲᠡᠶ ᠪᠠᠳᠠᠷᠠᠭᠤᠯᠤᠨ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠪᠣᠯᠬᠤ ᠭᠤᠤᠯᠯᠠᠬᠤ ᠦᠢᠯᠡᠳᠦᠯ ᠢ ᠬᠠᠩᠭᠠᠵᠤ᠂ ᠪᠥᠬᠦ ᠣᠷᠣᠨ ᠤ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ  ᠤᠷᠤᠭᠰᠢᠯᠠᠬᠤ ᠬᠠᠷᠠᠯᠲᠠ ᠶᠢ ᠪᠡᠶᠡᠯᠡᠭᠦᠯᠬᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠨ᠎ᠠ᠃ ᠠᠵᠢᠯ ᠢᠶᠠᠨ ᠰᠠᠶᠢᠲᠤᠷ ᠲᠦᠯᠦᠪᠯᠡᠪᠡ᠃ ᠵᠢᠯ ᠪᠦᠷᠢ ︽ᠤᠯᠠᠷᠢᠯ ᠳᠠᠬᠢ ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠬᠤ ᠲᠥᠰᠦᠯ︾ ᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠣᠷᠳᠣ ᠬᠤᠭᠤᠴᠠᠭ᠎ᠠ ᠬᠦᠴᠦᠨ ᠲᠠᠢ ᠪᠠᠶᠢᠯᠭᠠᠬᠤ ᠪᠠᠶᠢᠭᠤᠯᠤᠯᠲᠠ ᠶᠢ ᠴᠢᠩᠭᠠᠳᠬᠠᠨ᠂ ᠬᠠᠷᠭᠤᠭᠤᠯᠤᠨ ᠪᠤᠳᠤᠭᠰᠠᠨ ᠲᠤᠭ᠎ᠠ ᠪᠠᠷᠢᠮᠲᠠ ᠳᠤ ᠪᠥᠬᠦ ᠴᠤᠪᠤᠷᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠶᠢ ᠬᠡᠷᠡᠭᠵᠢᠬᠦᠯᠦᠨ᠎ᠡ᠃ ᠬᠥᠮᠦᠰ ᠢ ᠵᠣᠬᠢᠶᠠᠨ ᠪᠠᠶᠢᠭᠤᠯᠬᠤ ᠶᠢ ᠨᠠᠶᠢᠳᠠᠪᠤᠷᠢᠵᠢᠭᠤᠯᠤᠨ᠎ᠠ᠃ ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠤᠳᠤᠬᠤ ᠪᠣᠯᠪᠠᠰᠤᠷᠠᠯ ᠤᠨ ᠠᠩᠭᠢ ᠶᠢ ᠤᠯᠠᠷᠢᠯ ᠢᠶᠠᠷ ᠬᠤᠷᠠᠯᠳᠤᠭᠤᠯᠵᠤ᠂ ᠨᠢᠭᠡᠳᠦᠯᠲᠡᠶ ᠬᠠᠷᠭᠤᠭᠤᠯᠤᠨ ᠪᠤᠳᠤᠬᠤ ᠴᠤᠪᠤᠷᠠᠯ ᠪᠠ ᠠᠵᠢᠯ ᠤᠨ ᠱᠠᠭᠠᠷᠳᠠᠯᠭ᠎ᠠ ᠶᠢ ᠪᠠᠶᠢᠷᠢᠯᠠᠭᠤᠯᠤᠨ᠂ ᠲᠤᠰᠬᠠᠶ ᠮᠡᠷᠭᠡᠵᠢᠯ ᠤᠨ ᠬᠡᠪ ᠴᠢᠨᠠᠷ ᠢᠶᠠᠷ ᠴᠢᠩᠭ᠎ᠠ ᠬᠠᠷᠭᠤᠭᠤᠯᠤᠨ ᠪᠤᠳᠤᠬᠤ ᠠᠵᠢᠯ ᠤᠨ ᠡᠩᠨᠡᠭᠡ ᠶᠢ ᠲᠣᠬᠢᠷᠠᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭᠠᠷᠠᠭᠤᠯᠤᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤ ᠶᠢ ᠢᠳᠡᠪᠬᠢᠲᠡᠶ ᠪᠠᠷ ᠬᠠᠪᠰᠤᠷᠤᠨ ᠠᠵᠢᠯ ᠤᠨ ᠳᠤᠮᠳᠠᠬᠢ ᠬᠦᠴᠢᠷ ᠪᠠ ᠲᠦᠭᠵᠢᠷᠡᠯ ᠢ ᠰᠢᠢᠳᠪᠦᠷᠢᠯᠡᠵᠦ ᠪᠠᠶᠢᠨ᠎ᠠ᠃    ᠬᠤᠶᠠᠷ᠂ ︽ᠨᠠᠷᠢᠨ ᠵᠦᠢᠯᠡᠰ ᠢᠯᠠᠵᠤ ᠢᠯᠠᠭᠳᠠᠬᠤ ᠶᠢ ᠲᠣᠭᠲᠠᠭᠠᠬᠤ︾ ᠣᠶᠢᠯᠠᠭᠠᠭᠳᠠᠬᠤᠨ ᠢ ᠴᠢᠩᠭᠠᠳᠬᠠᠵᠤ᠂ ᠴᠢᠨᠠᠷ ᠰᠠᠶᠢᠲᠠᠶ ᠬᠠᠷᠭᠤᠭᠤᠯᠤᠨ ᠪᠤᠳᠤᠬᠤ ᠠᠵᠢᠯ ᠢ ᠪᠣᠶ ᠪᠤᠯᠭᠠᠨ᠎ᠠ     ᠨᠢᠭᠡᠳᠦᠯᠲᠡᠶ ᠲᠥᠯᠥᠪᠵᠢᠭᠦᠯᠦᠨ ᠵᠤᠬᠢᠴᠠᠭᠤᠯᠤᠨ᠎ᠠ᠃ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠨᠢᠭᠡᠳᠦᠯᠲᠡᠶ ᠬᠠᠷᠭᠤᠭᠤᠯᠤᠨ ᠪᠤᠳᠤᠬᠤ ︽ᠨᠢᠭᠡ ᠬᠥᠯᠭᠡ ᠰᠢᠲᠠᠷ᠎ᠠ︾ ᠶᠢᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠨᠢᠭᠡᠳᠦᠯᠲᠡᠶ ᠬᠠᠷᠭᠤᠭᠤᠯᠤᠨ ᠪᠤᠳᠤᠬᠤ ᠣᠨᠣᠯᠵᠢᠬᠤᠨ ᠢ ᠲᠤᠰᠬᠠᠶ ᠲᠤᠭ᠎ᠠ ᠪᠦᠷᠢᠳᠬᠡᠯ ᠤᠨ ᠡᠯ᠎ᠡ ᠭᠤᠭᠴᠤᠭ᠎ᠠ ᠳᠤ ᠨᠡᠪᠴᠢᠭᠦᠯᠦᠨ᠎ᠡ᠃ ᠦᠵᠡᠯ ᠰᠠᠨᠠᠭ᠎ᠠ ᠪᠠᠨ ᠨᠢᠭᠡᠳᠬᠡᠬᠦ᠂ ᠠᠷᠭ᠎ᠠ ᠪᠠᠨ ᠨᠢᠭᠡᠳᠬᠡᠬᠦ᠂ ᠪᠠᠷᠢᠮᠵᠢᠶ᠎ᠠ ᠪᠠᠨ ᠨᠢᠭᠡᠳᠬᠡᠬᠦ᠂ ᠦᠷ᠎ᠡ ᠳ᠋ᠦᠩ ᠢᠶᠠᠨ ᠨᠢᠭᠡᠳᠬᠡᠬᠦ ᠶᠢ ᠪᠠᠷᠢᠮᠲᠠᠯᠠᠨ᠂ ᠪᠦᠬᠦ ᠣᠷᠣᠨ ᠤ ᠬᠠᠷᠭᠤᠭᠤᠯᠤᠨ ᠪᠤᠳᠤᠬᠤ ᠲᠤᠭ᠎ᠠ ᠪᠠᠷᠢᠮᠲᠠ ᠶᠢᠨ ᠠᠳᠠᠯᠢᠳᠬᠠᠵᠤ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠢ ᠪᠤᠰᠤᠳᠴᠢ ᠪᠥᠭᠡᠳ ᠣᠨᠣᠪᠴᠢᠲᠠᠶ ᠳᠤᠰᠬᠠᠨ᠎ᠠ᠃     ᠭᠤᠭᠴᠤᠭ᠎ᠠ ᠪᠤᠯᠭᠠᠨ ᠨᠢᠭᠲᠠ ᠠᠪᠴᠠᠯᠳᠤᠨ᠎ᠠ᠃ ᠤᠳᠠᠭ᠎ᠠ ᠪᠦᠷᠢ ᠶᠢᠨ ᠤᠯᠠᠷᠢᠯ ᠤᠨ ᠬᠠᠷᠭᠤᠭᠤᠯᠤᠨ ᠪᠤᠳᠤᠬᠤ ᠳᠤ ᠴᠥᠮ ᠨᠠᠷᠢᠨ ᠲᠣᠳᠣᠷᠬᠠᠶ ᠠᠵᠢᠯ ᠤᠨ ᠲᠥᠯᠥᠪᠯᠡᠭᠡ ᠪᠠ ᠴᠠᠭ ᠤᠨ ᠬᠦᠰᠦᠨᠦᠭᠲᠦ ᠲᠣᠭᠲᠠᠭᠠᠵᠤ᠂ ᠰᠠᠭᠤᠷᠢ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠰᠠᠭᠤᠷᠢ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠰᠠᠨ ᠰᠠᠨᠠᠯ ᠢ ᠬᠠᠷᠢᠭᠤ ᠲᠤᠰᠬᠠᠬᠤ᠂ ᠠᠩᠬ᠎ᠠ ᠠᠯᠬᠤᠮ ᠤᠨ ᠲᠤᠭ᠎ᠠ ᠪᠠᠷᠢᠮᠲᠠ ᠶᠢ ᠬᠢᠨᠠᠨ ᠪᠤᠳᠤᠬᠤ᠂ ᠠᠩᠬ᠎ᠠ ᠠᠯᠬᠤᠮ ᠤᠨ ᠲᠤᠭ᠎ᠠ ᠪᠠᠷᠢᠮᠲᠠ ᠶᠢ ᠳᠠᠬᠢᠨ ᠬᠢᠨᠠᠬᠤ᠂ ᠠᠩᠬ᠎ᠠ ᠠᠯᠬᠤᠮ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ᠂ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠬᠢᠨᠠᠨ ᠲᠣᠭᠲᠠᠭᠠᠬᠤ᠂ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠬᠠᠷᠢᠭᠤ ᠲᠤᠰᠬᠠᠬᠤ ᠵᠡᠷᠭᠡ ᠵᠢᠷᠭᠤᠭᠠᠨ ᠴᠤᠪᠤᠷᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠬᠠᠷᠭᠤᠭᠤᠯᠤᠨ ᠪᠤᠳᠤᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠨ᠎ᠠ᠃    ᠴᠢᠩᠭ᠎ᠠ ᠨᠢᠮᠪᠠᠶ ︽ᠶᠠᠰᠤ ᠴᠢᠨᠠᠷ ᠢ ᠪᠠᠲᠤᠯᠠᠨ᠎ᠠ︾᠃ ᠢᠮᠠᠭᠲᠠ ᠴᠢᠩᠭ᠎ᠠ ᠨᠢᠮᠪᠠᠶ ᠠᠵᠢᠯ ᠤᠨ ᠣᠪᠣᠷ ᠢ ᠪᠠᠷᠢᠮᠲᠠᠯᠠᠵᠤ᠂ ᠬᠠᠷᠭᠤᠭᠤᠯᠤᠨ ᠪᠤᠳᠤᠭᠰᠠᠨ ᠲᠤᠭ᠎ᠠ ᠪᠠᠷᠢᠮᠲᠠ ᠶᠢ ᠳᠠᠬᠢᠨ ᠳᠠᠪᠲᠠᠨ ᠬᠠᠷᠭᠤᠭᠤᠯᠬᠤ ᠪᠠ ᠬᠠᠷᠭᠤᠭᠤᠯᠤᠨ ᠰᠢᠯᠭᠠᠨ᠎ᠠ᠃ ᠬᠠᠷᠭᠤᠭᠤᠯᠤᠨ ᠪᠤᠳᠤᠬᠤ ᠠᠵᠢᠯᠲᠠᠳ ᠳᠤᠭᠤᠶᠢᠯᠠᠩ ᠬᠤᠪᠢᠶᠠᠨ᠂ ᠠᠶᠢᠮᠠᠭ ᠬᠤᠲᠠ ᠬᠤᠪᠢᠶᠠᠨ᠂ ᠠᠵᠢᠯ ᠲᠥᠷᠥᠯ ᠬᠤᠪᠢᠶᠠᠨ ᠬᠠᠷᠭᠤᠭᠤᠯᠤᠨ ᠪᠤᠳᠤᠵᠤ᠂ ᠪᠥᠬᠦ ᠠᠵᠢᠯᠲᠠᠨ ᠣᠷᠣᠯᠴᠠᠭᠰᠠᠨ᠂ ᠬᠠᠷᠢᠯᠴᠠᠨ ᠰᠢᠯᠭᠠᠨ ᠪᠠᠶᠢᠴᠠᠭᠠᠭᠰᠠᠨ ᠣᠯᠠᠨ ᠲᠠᠯᠠᠲᠤ ᠬᠠᠷᠢᠯᠴᠠᠨ ᠬᠥᠳᠡᠯᠦᠯᠴᠡᠬᠦ ᠠᠵᠢᠯ ᠤᠨ ᠵᠠᠭᠪᠤᠷ ᠢ ᠪᠣᠶ ᠪᠣᠯᠭᠠᠵᠤ᠂ ᠬᠠᠷᠭᠤᠭᠤᠯᠤᠨ ᠪᠤᠳᠤᠬᠤ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ᠃    ᠭᠤᠷᠪᠠ᠂ ︽ᠶᠠᠪᠤᠴᠠ ᠶᠢᠨ ᠠᠮᠵᠢᠯᠲᠠ ᠪᠦᠲᠦᠮᠵᠢ ᠶᠢᠨ ᠦᠷ᠎ᠡ ᠳ᠋ᠦᠩ︾ ᠤᠨ ᠤᠶᠢᠯᠠᠭᠠᠭᠳᠠᠬᠤᠨ ᠢ ᠴᠢᠩᠭᠠᠳᠬᠠᠵᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠢᠮᠠᠭᠲᠠ ᠲᠤᠭᠤᠰᠢᠯᠠᠭᠤᠯᠤᠨ᠎ᠠ᠃    ᠬᠠᠷᠭᠤᠭᠤᠯᠤᠨ ᠪᠤᠳᠤᠬᠤ ᠰᠠᠭᠤᠷᠢ ᠶᠢ ᠪᠠᠳᠤᠳᠬᠠᠨ᠎ᠠ᠃ ᠲᠤᠰᠬᠠᠶ ᠮᠡᠷᠭᠡᠵᠢᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠦᠨᠡᠯᠡᠨ ᠵᠢᠱᠢᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ ᠠᠰᠠᠭᠤᠳᠠᠯ ᠤᠨ ᠲᠤᠭ᠎ᠠ ᠪᠠᠷᠢᠮᠲᠠ ᠶᠢ ᠡᠬᠢ ᠡᠭᠦᠰᠦᠯ ᠠᠴᠠ ᠨᠢ ᠬᠠᠷᠭᠤᠭᠤᠯᠤᠨ ᠪᠤᠳᠤᠬᠤ ᠭᠤᠭᠴᠤᠭ᠎ᠠ ᠳᠤ ᠣᠷᠣᠭᠤᠯᠬᠤ ᠶᠢ ᠴᠢᠷᠮᠠᠶᠢᠨ ᠬᠤᠷᠢᠭᠯᠠᠨ᠎ᠠ᠃ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠨᠢᠭᠡᠳᠦᠯᠲᠡᠶ ᠬᠠᠷᠭᠤᠭᠤᠯᠤᠨ ᠪᠤᠳᠤᠬᠤ ᠶᠢ ᠴᠢᠩᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠬᠤ ᠤᠳᠤᠷᠢᠳᠬᠤ ᠳᠤᠭᠤᠶᠢᠯᠠᠩ ᠠᠴᠠ ᠠᠩᠬ᠎ᠠ ᠠᠯᠬᠤᠮ ᠤᠨ ᠬᠠᠷᠭᠤᠭᠤᠯᠤᠨ ᠪᠤᠳᠤᠭᠰᠠᠨ ᠦᠷ᠎ᠡ ᠳ᠋ᠦᠩ ᠬᠢᠭᠡᠳ ᠬᠠᠮᠢᠶ᠎ᠠ ᠪᠥᠬᠦᠶ ᠭᠦᠢᠴᠡᠳᠭᠡᠯ ᠲᠤᠭ᠎ᠠ ᠶᠢᠨ  ᠲᠤᠬᠢᠷᠠᠯᠴᠠᠬᠤ ᠴᠢᠨᠠᠷ ᠪᠠ ᠵᠣᠬᠢᠴᠠᠯᠳᠤ ᠴᠢᠨᠠᠷ ᠲᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠯ᠎ᠡ ᠠᠵᠢᠯ ᠲᠥᠷᠥᠯ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠲᠤᠰᠬᠠᠬᠤ ᠪᠠᠷ ᠴᠢᠷᠮᠠᠶᠢᠨ᠎ᠠ᠃ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠬᠦᠯᠦᠨ᠎ᠡ᠃ ᠤᠯᠠᠷᠢᠯ ᠢᠶᠠᠷ ᠲᠤᠭ᠎ᠠ ᠪᠠᠷᠢᠮᠲᠠ ᠨᠡᠶᠢᠲᠡᠯᠡᠵᠦ᠂ ᠡᠯ᠎ᠡ ᠠᠶᠢᠮᠠᠭ ᠬᠤᠲᠠ ᠶᠢᠨ ᠨᠡᠶᠢᠲᠡᠯᠡᠭᠰᠡᠨ ᠠᠭᠤᠯᠭ᠎ᠠ ᠶᠢ ᠴᠢᠩᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠡᠷᠬᠡ ᠣᠯᠭᠤᠵᠤ ᠲᠣᠰ ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠲᠤᠭ᠎ᠠ ᠪᠠᠷᠢᠮᠲᠠ ᠶᠢ ᠨᠡᠶᠢᠲᠡᠯᠡᠭᠦᠯᠦᠨ᠎ᠡ᠃ ᠡᠭᠦᠨ ᠤ ᠬᠠᠮᠲᠤ᠂ ᠲᠤᠭ᠎ᠠ ᠪᠠᠷᠢᠮᠲᠠ ᠶᠢᠨ ᠲᠠᠶᠢᠯᠤᠮᠵᠢ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠵᠥᠪ ᠴᠢᠭᠯᠡᠯ ᠢᠶᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠪᠠ ᠠᠷᠭᠠᠴᠠᠬᠤ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠢᠵᠦ ᠪᠤᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号