ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ | ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠡᠭ ᠰᠠᠭᠤᠷᠢᠨ ᠤ ᠲᠥᠰᠦᠪ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠡᠳ᠋ ᠤᠨ ᠶᠠᠪᠤᠳᠠᠯ ᠤᠨ ᠵᠤᠷᠭᠠᠨ ᠤ ᠳᠠᠷᠤᠭ᠎ᠠ ᠭᠤᠤ ᠰᠢᠨ ᠳ᠋ᠧ ᠨᠠᠷ 2 ᠳ᠋ᠤᠭᠠᠷ ᠰᠠᠷ᠎ᠠ ᠶᠢᠨ 19 ᠤ | ᠡᠳᠦᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠪᠠᠶᠢᠴᠠᠭᠠᠨ | ᠰᠤᠳᠤᠯᠤᠯᠲᠠ ᠬᠢᠵᠦ ᠶᠠᠷᠢᠯᠴᠠᠬᠤ ᠬᠤᠷᠠᠯ ᠥᠷᠨᠢᠭᠦᠯᠦᠨ᠂ ᠭᠤᠤᠯᠳᠠᠭᠤ ᠲᠥᠪ ᠤᠨ ᠵᠠᠷᠤᠳᠠᠯ ᠢ ᠵᠢᠷᠤᠮᠵᠢᠭᠤᠯᠤᠨ | ᠬᠡᠷᠡᠭᠯᠡᠬᠦ᠂ ᠲᠡᠭ ᠰᠠᠭᠤᠷᠢᠨ ᠤ ᠲᠥᠰᠦᠪ ᠤᠨ ᠥᠭᠡᠷᠡᠴᠢᠯᠡᠯᠲᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ | ᠰᠣᠯᠢᠯᠴᠠᠬᠤ ᠶᠢᠨ ᠬᠠᠮᠲᠤ ᠡᠳ᠋ ᠤᠨ ᠶᠠᠪᠤᠳᠠᠯ ᠤᠨ ᠠᠵᠢᠯᠲᠠᠨ ᠢ ᠲᠣᠬᠤᠨᠢᠭᠤᠯᠵᠤ᠂ ᠦᠨᠳᠦᠰᠦᠨ ᠱᠠᠲᠤᠨ ᠤ | ᠠᠵᠢᠯ ᠤᠨ ᠪᠣᠳᠠᠲᠤ ᠪᠠᠶᠢᠳᠠᠯ ᠢ ᠭᠦᠨᠵᠡᠭᠡᠶ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠡᠳ᠋ ᠤᠨ | ᠵᠠᠰᠠᠭ ᠤᠨ ᠪᠠᠯᠠ ᠮᠥᠩᠭᠦ ᠶᠢ ᠬᠡᠷᠡᠭᠯᠡᠭᠰᠡᠨ ᠵᠢᠴᠢ ᠲᠥᠰᠦᠪ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠶ | ᠨᠠᠷᠢᠨ ᠬᠠᠷᠢᠭᠤ ᠮᠡᠳᠡᠭᠦᠯᠦᠯᠲᠡ ᠬᠢᠵᠦ᠂ ᠣᠳᠣᠬᠠᠨ ᠳᠤ ᠪᠥᠬᠦ ᠲᠤᠪᠴᠢᠶ᠎ᠠ ᠶᠢᠨ ᠡᠯ᠎ᠡ ᠨᠢᠭᠡᠴᠢ ᠲᠡᠭ ᠰᠠᠭᠤᠷᠢ | ᠰᠡᠳᠬᠢᠬᠦᠶ ᠪᠠᠷ ᠲᠥᠰᠦᠪ ᠢ ᠨᠠᠶᠢᠷᠠᠭᠤᠯᠤᠨ ᠵᠣᠬᠢᠶᠠᠬᠤ ᠯᠣᠭᠢᠭ ᠢ ᠳᠠᠬᠢᠨ ᠱᠤᠭᠤᠵᠤ᠂ ᠠᠵᠤ ᠦᠢᠯᠡᠰ ᠪᠠ ᠡᠳ᠋ ᠤᠨ | ᠵᠠᠰᠠᠭ ᠤᠨ ᠠᠭᠤᠰᠤᠯᠴᠠᠯ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠬᠢᠭᠡᠳ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ︽ᠬᠤᠤᠰ ᠬᠥᠳᠡᠯᠭᠡᠭᠦᠷ︾ ᠢ ᠠᠬᠢᠭᠤᠯᠵᠤ ᠪᠠᠶᠢᠨ᠎ᠠ ᠭᠡᠵᠦ ᠢᠯᠡᠷᠬᠡᠶᠢᠯᠡᠪᠡ᠃ | ᠭᠤᠤ ᠰᠢᠨ ᠳ᠋ᠧ ᠰᠣᠨᠣᠰᠤᠭᠰᠠᠨ ᠤ ᠳᠠᠷᠠᠭ᠎ᠠ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠵᠦ᠂ ᠪᠠᠯᠠ | ᠮᠥᠩᠭᠦ ᠶᠢ ᠭᠦᠢᠴᠡᠳᠭᠡᠭᠰᠡᠨ ᠨᠣᠷᠮ᠎ᠠ᠂ ᠵᠠᠷᠤᠯᠭ᠎ᠠ ᠶᠢᠨ ᠲᠣᠭᠲᠠᠭᠠᠯ ᠳᠤ ᠨᠡᠶᠢᠴᠡᠬᠦ ᠴᠢᠨᠠᠷ ᠵᠢᠴᠢ ᠠᠮᠵᠢᠯᠲᠠ | ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠶᠢᠨ ᠲᠤᠭᠤᠷᠢᠨ ᠳᠤ᠂ ᠲᠥᠰᠦᠪ ᠢ ᠭᠦᠢᠴᠡᠳᠭᠡᠭᠰᠡᠨ | ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠠᠩᠬᠠᠷᠴᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠰ ᠪᠠ ᠡᠳ᠋ ᠮᠥᠩᠭᠦ ᠶᠢᠨ ᠠᠭᠤᠰᠤᠯᠴᠠᠯ ᠢ | ᠪᠠᠷᠢᠮᠲᠠᠯᠠᠵᠤ᠂ ᠡᠳ᠋ ᠤᠨ ᠶᠠᠪᠤᠳᠠᠯ ᠤᠨ ᠠᠵᠢᠯ ᠳᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠢᠨ᠎ᠡ ᠶᠢ | ᠡᠭᠦᠳᠬᠦ ᠴᠢᠳᠠᠪᠤᠷᠢ ᠣᠯᠭᠤᠬᠤ ᠬᠡᠷᠡᠭᠲᠡᠶ ᠭᠡᠵᠦ ᠴᠢᠬᠤᠯᠠᠴᠢᠯᠠᠪᠠ᠃ | ᠶᠠᠷᠢᠯᠴᠠᠬᠤ ᠬᠤᠷᠠᠯ ᠤᠨ ᠳᠠᠷᠠᠭ᠎ᠠ᠂ ᠭᠤᠤ ᠰᠢᠨ ᠳ᠋ᠧ ᠡᠳ᠋ ᠤᠨ ᠶᠠᠪᠤᠳᠠᠯ ᠤᠨ ᠭᠠᠵᠠᠷ ᠤᠨ ᠠᠯᠪᠠᠯᠠᠬᠤ | ᠲᠣᠭᠤᠷᠢᠭ ᠲᠤ ᠬᠦᠷᠴᠦ᠂ ᠠᠵᠢᠯᠲᠠᠨ ᠤ ᠲᠤᠬᠢᠷᠠᠭᠤᠯᠤᠯᠲᠠ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ | ᠵᠢᠴᠢ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠦᠨᠳᠦᠰᠦᠨ ᠱᠠᠲᠤᠨ ᠤ | ᠡᠳ᠋ ᠤᠨ ᠶᠠᠪᠤᠳᠠᠯ ᠤᠨ ᠠᠵᠢᠯᠲᠠᠨ ᠤ ᠣᠳᠣᠬᠢ ᠪᠠᠶᠢᠳᠠᠯ ᠢ ᠭᠦᠨᠵᠡᠭᠡᠢ ᠠᠩᠬᠠᠷᠴᠤ ᠪᠠᠶᠢᠬᠤ ᠪᠠᠨ ᠢᠯᠡᠳᠬᠡᠭᠰᠡᠨ | ᠪᠥᠭᠡᠳ ᠡᠳ᠋ ᠤᠨ ᠶᠠᠪᠤᠳᠠᠯ ᠤᠨ ᠠᠵᠢᠯᠲᠠᠨ ᠢ ᠲᠤᠰᠬᠠᠢ ᠮᠡᠷᠭᠡᠵᠢᠯ ᠤᠨ ᠰᠤᠷᠤᠯᠴᠠᠯᠭ᠎ᠠ ᠪᠠᠨ ᠦᠷᠭᠦᠯᠵᠢᠯᠡᠨ | ᠴᠢᠩᠭᠠᠳᠬᠠᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ | ᠲᠣᠭᠠᠴᠢᠯᠠᠭᠰᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠵᠦ ᠵᠣᠷᠢᠭᠵᠢᠭᠤᠯᠪᠠ᠃ | ᠲᠣᠰ ᠤᠳᠠᠭ᠎ᠠ ᠶᠢᠨ ᠶᠠᠷᠢᠯᠴᠠᠬᠤ ᠬᠤᠷᠠᠯ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ | ᠶᠠᠪᠤᠳᠠᠯ ᠤᠨ ᠬᠦᠷᠢᠶᠡᠨ ᠳᠠᠬᠢ ᠲᠦᠢᠯ ᠤᠨ ᠣᠨᠣᠪᠴᠢᠲᠠᠶ ᠪᠠᠷ ᠱᠠᠯᠠᠪᠳᠠᠭᠤᠯᠤᠨ ᠵᠢᠯᠣᠭᠤᠳᠴᠤ ᠪᠠᠶᠢᠬᠤ ᠶᠢ | ᠢᠯᠡᠷᠡᠭᠦᠯᠦᠭᠰᠡᠨ ᠪᠥᠭᠡᠳ ᠦᠨᠳᠦᠰᠦᠨ ᠱᠠᠲᠤᠨ ᠤ ᠡᠳ᠋ ᠤᠨ ᠶᠠᠪᠤᠳᠠᠯ ᠤᠨ ᠠᠵᠢᠯᠲᠠᠨ ᠢ ᠭᠦᠨ ᠬᠠᠯᠠᠮᠵᠢᠯᠠᠵᠤ | ᠪᠠᠶᠢᠬᠤ ᠶᠢ ᠢᠯᠡᠷᠡᠭᠦᠯᠵᠦ᠂ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠭᠠᠵᠠᠷ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠡᠳ᠋ ᠤᠨ ᠶᠠᠪᠤᠳᠠᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠵᠦ᠂ ᠴᠢᠨᠠᠷ ᠰᠠᠶᠢᠲᠠᠶ ᠡᠳ᠋ ᠤᠨ ᠶᠠᠪᠤᠳᠠᠯ ᠤᠨ ᠠᠵᠢᠯ ᠢᠶᠠᠷ ᠲᠤᠭ᠎ᠠ ᠪᠦᠷᠢᠳᠬᠡᠯ ᠤᠨ ᠲᠤᠬᠠᠶᠢᠯᠠᠭᠰᠠᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ |