ᠰᠢᠨ᠎ᠡ ᠪᠠᠷ ᠰᠦᠯᠵᠢᠶᠡᠨ ᠳᠤ ᠭᠠᠷᠬᠤ ᠲᠠᠪᠴᠠᠩ ᠤᠨ ᠥᠨᠳᠥᠷ ᠪᠦᠲᠦᠮᠵᠢᠲᠡᠶ ᠬᠡᠷᠡᠭᠯᠡᠭᠡᠨ ᠢ ᠠᠬᠢᠭᠤᠯᠵᠤ᠂ | ᠬᠠᠮᠢᠶ᠎ᠠ ᠪᠥᠬᠦᠶ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2 | ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠮᠤᠵᠢ ᠶᠢᠨ ᠱᠠᠲᠤᠨ ᠤ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠲᠠᠪᠴᠠᠩ ᠤᠨ | ᠸᠢᠳᠢᠣ᠋ ᠪᠣᠯᠪᠠᠰᠤᠷᠠᠯ ᠤᠨ ᠬᠤᠷᠠᠯ ᠡᠷᠭᠢᠯᠡᠪᠡ᠃ | ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠨᠢ ᠭᠤᠤᠯᠳᠠᠭᠤ ᠰᠢᠨ᠎ᠡ ᠪᠠᠷ ᠰᠦᠯᠵᠢᠶᠡᠨ ᠳᠤ ᠭᠠᠷᠤᠭᠰᠠᠨ | ᠮᠤᠵᠢ ᠶᠢᠨ ᠱᠠᠲᠤᠨ ᠤ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠲᠠᠪᠴᠠᠩ ᠤᠨ ᠲᠣᠭᠤᠷᠢᠨ ᠳᠤ ᠶᠠᠪᠤᠭᠳᠠᠪᠠ᠃ | ᠪᠣᠯᠪᠠᠰᠤᠷᠠᠯ ᠤᠨ ᠬᠤᠭᠤᠴᠠᠭᠠᠨ ᠳᠤ᠂ ᠲᠠᠪᠴᠠᠩ ᠤᠨ ᠴᠢᠳᠠᠮᠵᠢ ᠶᠢᠨ ᠪᠦᠲᠦᠴᠡ ᠶᠢ ᠨᠠᠷᠢᠨ ᠲᠠᠶᠢᠯᠪᠤᠷᠢᠯᠠᠵᠤ᠂ | ᠬᠤᠷᠠᠯ ᠳᠤ ᠣᠷᠣᠯᠴᠠᠭᠰᠠᠳ ᠲᠤ ᠲᠠᠪᠴᠠᠩ ᠤᠨ ᠡᠯ᠎ᠡ ᠬᠡᠰᠡᠭ ᠤᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ | ᠪᠣᠯᠤᠨ ᠬᠠᠮᠵᠢᠯᠴᠠᠭᠠᠨ ᠤ ᠬᠠᠷᠢᠴᠠᠭ᠎ᠠ ᠶᠢ ᠪᠦᠬᠦ ᠲᠠᠯ᠎ᠠ ᠪᠠᠷ ᠣᠶᠢᠯᠠᠭᠠᠭᠤᠯᠵᠤ᠂ ᠲᠠᠪᠴᠠᠩ ᠤᠨ ᠠᠵᠢᠯᠯᠠᠭᠠᠨ ᠤ | ᠯᠣᠭᠢᠭ ᠢ ᠪᠦᠬᠦᠯᠢ ᠴᠣᠭᠴᠠ ᠠᠴᠠ ᠨᠢ ᠡᠵᠡᠮᠳᠡᠵᠦ᠂ ᠳᠠᠷᠠᠭᠠᠴᠢ ᠶᠢᠨ ᠡᠯ᠎ᠡ ᠵᠦᠢᠯ ᠤᠨ ᠴᠢᠳᠠᠮᠵᠢ ᠶᠢ ᠣᠨᠣᠪᠴᠢᠲᠠᠢ | ᠬᠡᠷᠡᠭᠯᠡᠬᠦ ᠳᠤ ᠰᠠᠭᠤᠷᠢ ᠲᠠᠯᠪᠢᠵᠤ ᠥᠭᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠦᠵᠦᠭᠦᠷ ᠪᠠ ᠲᠤᠭ᠎ᠠ | ᠪᠦᠷᠢᠳᠬᠡᠯ ᠤᠨ ᠦᠵᠦᠭᠦᠷ ᠤᠨ ᠠᠵᠢᠯᠯᠠᠭᠠᠨ ᠤ ᠠᠯᠬᠤᠮ ᠳᠠᠷᠠᠭ᠎ᠠ ᠳᠤ ᠴᠢᠭᠯᠡᠭᠦᠯᠦᠨ ᠭᠦᠨᠵᠡᠭᠡᠶ ᠲᠠᠶᠢᠯᠪᠤᠷᠢᠯᠠᠵᠤ᠂ | ᠲᠤᠬᠠᠶ ᠶᠢᠨ ᠲᠠᠯᠠᠪᠠᠶ ᠶᠢᠨ ᠦᠵᠡᠭᠦᠯᠭᠡ ᠪᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠠᠪᠴᠠᠩ ᠳᠤ ᠭᠠᠷᠬᠤ᠂ ᠲᠤᠭ᠎ᠠ ᠪᠠᠷᠢᠮᠲᠠ ᠣᠷᠣᠭᠤᠯᠬᠤ᠂ ᠮᠡᠳᠡᠭᠦᠯᠬᠦ ᠬᠦᠰᠦᠨᠦᠭᠲᠦ | ᠪᠣᠶ ᠪᠣᠯᠬᠤ ᠠᠴᠠ ᠠᠪᠤᠭᠠᠳ ᠳᠡᠪᠰᠢᠭᠦᠯᠦᠨ ᠲᠤᠰᠢᠶᠠᠵᠤ ᠬᠢᠨᠠᠨ ᠬᠠᠷᠭᠤᠭᠤᠯᠬᠤ ᠬᠦᠷᠲᠡᠯ᠎ᠡ ᠪᠥᠬᠦ ᠶᠠᠪᠤᠴᠠ ᠶᠢᠨ | ᠠᠵᠢᠯᠯᠠᠭᠠᠨ ᠤ ᠦᠵᠡᠭᠦᠯᠭᠡ ᠬᠢᠵᠦ᠂ ᠠᠵᠢᠯᠯᠠᠭᠠᠨ ᠤ ᠶᠠᠪᠤᠴᠠ ᠳᠤ ᠠᠮᠠᠷᠬᠠᠨ ᠭᠠᠷᠬᠤ ᠠᠰᠠᠭᠤᠳᠠᠯ ᠵᠢᠴᠢ | ᠰᠢᠢᠳᠪᠦᠷᠢᠯᠡᠬᠦ ᠠᠷᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠤᠨ ᠪᠣᠳᠠᠲᠠᠶ | ᠠᠵᠢᠯᠯᠠᠬᠤ ᠤᠷ᠎ᠠ ᠮᠡᠷᠭᠡᠵᠢᠯ ᠢ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ ᠪᠠᠲᠤᠯᠠᠪᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠮᠤᠵᠢ ᠶᠢᠨ ᠱᠠᠲᠤᠨ ᠤ | ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠲᠠᠪᠴᠠᠩ ᠳᠤ ᠨᠠᠩ ᠭᠦᠨᠵᠡᠭᠡᠶ ᠲᠠᠨᠢᠯᠲᠠ ᠲᠠᠢ ᠪᠣᠯᠵᠣ᠂ ᠲᠤᠭ᠎ᠠ | ᠪᠦᠷᠢᠳᠬᠡᠯ ᠤᠨ ᠠᠵᠢᠯ ᠤᠨ ᠴᠤᠪᠤᠷᠠᠯ ᠢ ᠤᠯᠠᠮ ᠰᠢᠯᠢᠳᠡᠭᠵᠢᠭᠦᠯᠦᠨ᠂ ᠲᠤᠭ᠎ᠠ ᠪᠠᠷᠢᠮᠲᠠ ᠶᠢ ᠮᠡᠳᠡᠭᠦᠯᠦᠨ | ᠬᠦᠷᠭᠡᠬᠦ ᠶᠢᠨ ᠣᠨᠣᠪᠴᠢᠲᠤ ᠴᠢᠨᠠᠷ ᠪᠠ ᠴᠠᠭ ᠲᠤᠬᠠᠶᠢᠴᠢ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ | ᠨᠠᠷᠢᠯᠢᠭ ᠣᠨᠣᠪᠴᠢᠲᠠᠶ ᠪᠦᠷᠢᠳᠬᠡᠬᠦ ᠪᠠ ᠵᠠᠳᠠᠯᠬᠤ ᠳᠤ ᠬᠦᠴᠦᠲᠡᠶ ᠳᠡᠮᠵᠢᠯᠭᠡ ᠬᠠᠩᠭᠠᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠲᠣᠭᠠᠴᠢᠯᠠᠯᠲᠠ᠂ ᠥᠨᠳᠥᠷ ᠪᠦᠲᠦᠮᠵᠢᠲᠡᠶ | ᠪᠠᠶᠢᠬᠤ ᠶᠢ ᠠᠬᠢᠭᠤᠯᠪᠠ᠃ | ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠬᠡᠷ ᠲᠣᠪᠴᠢᠶ᠎ᠠ᠂ ᠠᠵᠢᠯ ᠦᠢᠯᠡᠰ ᠤᠨ ᠨᠢᠭᠡᠴᠡ ᠪᠠ | ᠮᠤᠵᠢ ᠶᠢᠨ ᠱᠠᠲᠤᠨ ᠤ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠲᠠᠪᠴᠠᠩ ᠢ ᠬᠡᠷᠡᠭᠯᠡᠬᠦ 200 ᠭᠠᠷᠤᠶ ᠠᠵᠢᠯᠲᠠᠨ | ᠪᠣᠯᠪᠠᠰᠤᠷᠠᠯ ᠳᠤ ᠣᠷᠣᠯᠴᠠᠪᠠ᠃ | |