ᠡᠳ᠋ ᠤᠨ ᠵᠠᠰᠠᠭ ᠤᠨ ᠣᠷᠣᠯᠭ᠎ᠠ ᠶᠢᠨ ᠭᠦᠢᠴᠡᠳᠭᠡᠯ ᠲᠤᠭ᠎ᠠ ᠶᠢᠨ ᠨᠡᠶᠢᠭᠡᠮ ᠠᠵᠤ ᠠᠬᠤᠢ ᠶᠢᠨ ᠠᠴᠢ ᠬᠤᠯᠪᠣᠭᠳᠠᠯ
ᠨᠡᠶᠢᠲᠡᠯᠡᠭᠰᠡᠨ ᠴᠠᠭ᠄
2025/2/6
    ᠨᠢᠭᠡᠳᠦᠭᠡᠷ ᠲᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠠᠴᠠ ᠠᠪᠴᠤ ᠦᠵᠡᠪᠡᠯ᠂ ᠡᠳ᠋ ᠤᠨ ᠵᠠᠰᠠᠭ ᠤᠨ ᠣᠷᠣᠯᠭ᠎ᠠ ᠶᠢᠨ ᠭᠦᠢᠴᠡᠳᠬᠡᠯ ᠲᠤᠭ᠎ᠠ ᠨᠢ ᠵᠠᠰᠠᠭ ᠤᠨ ᠣᠷᠳᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠳᠠᠬᠢ ᠡᠳ᠋ ᠤᠨ ᠬᠦᠴᠦᠨ ᠤ ᠪᠠᠲᠤᠯᠠᠭ᠎ᠠ ᠶᠢᠨ ᠬᠡᠮᠵᠢᠶ᠎ᠡ ᠶᠢ ᠲᠤᠰᠬᠠᠭᠰᠠᠨ ᠪᠠᠶᠢᠨ᠎ᠠ᠃ᠵᠠᠰᠠᠭ ᠤᠨ ᠣᠷᠳᠣᠨ ᠨᠡᠶᠢᠭᠡᠮ ᠤᠨ ᠠᠵᠤ ᠠᠬᠤᠢ ᠶᠢᠨ ᠬᠠᠮᠢᠶᠠᠷᠤᠯᠲᠠ ᠵᠡᠷᠭᠡ ᠡᠭᠦᠷᠭᠡ ᠲᠤᠰᠢᠶᠠᠯ ᠢ ᠪᠡᠶᠡᠯᠡᠭᠦᠯᠬᠦ ᠶᠢᠨ ᠲᠥᠯᠥᠭᠡ ᠡᠷᠬᠡᠪᠰᠢ ᠵᠣᠬᠢᠬᠤ ᠲᠣᠭᠠᠨ ᠤ ᠨᠡᠶᠢᠭᠡᠮ ᠤᠨ ᠦᠢᠯᠡᠳᠬᠦᠨ ᠢ ᠡᠵᠡᠮᠰᠢᠬᠦ ᠬᠡᠷᠡᠭᠲᠡᠢ᠃ ᠡᠳ᠋ ᠤᠨ ᠵᠠᠰᠠᠭ ᠤᠨ ᠣᠷᠣᠯᠭ᠎ᠠ ᠪᠣᠯ ᠵᠠᠰᠠᠭ ᠤᠨ ᠣᠷᠳᠣᠨ ᠤ ᠪᠡᠯᠡ ᠮᠥᠩᠭᠦ ᠴᠤᠭᠯᠠᠭᠤᠯᠬᠤ᠂ ᠨᠡᠶᠢᠭᠡᠮ ᠨᠡᠶᠢᠲᠡ ᠶᠢᠨ ᠬᠡᠷᠡᠭᠴᠡᠭᠡ ᠶᠢ ᠬᠠᠩᠭᠠᠬᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠴᠢᠬᠤᠯᠠ ᠠᠷᠭ᠎ᠠ ᠪᠠᠷᠢᠯ ᠪᠣᠯᠤᠨ᠎ᠠ᠃ ᠡᠳ᠋ ᠤᠨ ᠵᠠᠰᠠᠭ ᠤᠨ ᠣᠷᠣᠯᠭ᠎ᠠ ᠨᠢ ᠨᠡᠶᠢᠭᠡᠮ ᠤᠨ ᠨᠥᠬᠦᠨ ᠦᠢᠯᠡᠳᠪᠦᠷᠢᠯᠡᠯ ᠤᠨ ᠶᠠᠪᠤᠴᠠ ᠶᠢᠨ ᠡᠯ᠎ᠡ ᠵᠠᠩᠭᠢᠯᠠᠭ᠎ᠠ ᠶᠢ ᠲᠤᠬᠢᠷᠠᠭᠤᠯᠬᠤ ᠪᠠᠷ ᠳᠠᠮᠵᠢᠭᠤᠯᠤᠨ ᠨᠡᠶᠢᠭᠡᠮ ᠤᠨ ᠠᠵᠤ ᠠᠬᠤᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠵᠠᠰᠠᠭ ᠤᠨ ᠣᠷᠳᠣᠨ ᠤ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢ ᠰᠢᠭᠤᠳ ᠳᠡᠮᠵᠢᠬᠦ ᠳᠤ ᠡᠳ᠋ ᠤᠨ ᠬᠦᠴᠦᠨ ᠤ ᠰᠠᠭᠤᠷᠢ ᠶᠢ ᠬᠠᠩᠭᠠᠭᠰᠠᠨ ᠪᠠᠶᠢᠨ᠎ᠠ᠃    ᠬᠤᠶᠠᠳᠤᠭᠠᠷ ᠲᠤ᠂ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠠᠷᠢᠴᠠᠭ᠎ᠠ ᠠᠴᠠ ᠦᠵᠡᠪᠡᠯ᠂ ᠠᠳᠠᠯᠢ ᠪᠤᠰᠤ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠶᠢᠨ ᠭᠦᠢᠴᠡᠳᠬᠡᠯ ᠲᠤᠭ᠎ᠠ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠬᠠᠷᠢᠴᠠᠭ᠎ᠠ ᠶᠢ ᠲᠤᠰᠬᠠᠵᠠᠢ᠃ ᠲᠥᠰᠦᠪ ᠤᠨ ᠱᠠᠲᠤᠨ ᠤ ᠲᠠᠯ᠎ᠠ ᠠᠴᠠ ᠦᠵᠡᠪᠡᠯ᠂ ᠡᠳ᠋ ᠤᠨ ᠵᠠᠰᠠᠭ ᠤᠨ ᠣᠷᠣᠯᠭ᠎ᠠ ᠶᠢ ᠲᠥᠪ ᠤᠨ ᠡᠳ᠋ ᠤᠨ ᠵᠠᠰᠠᠭ ᠤᠨ ᠣᠷᠣᠯᠭ᠎ᠠ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠭᠡᠵᠦ ᠬᠤᠪᠢᠶᠠᠨ᠎ᠠ᠃ ᠠᠳᠠᠯᠢ ᠪᠤᠰᠤ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠶᠢᠨ ᠭᠦᠢᠴᠡᠳᠭᠡᠯ ᠲᠤᠭ᠎ᠠ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠯᠭ᠎ᠠ ᠶᠢᠨ ᠬᠤᠪᠢᠶᠠᠷᠢᠯᠠᠯᠲᠠ ᠵᠢᠴᠢ ᠠᠳᠠᠯᠢ ᠪᠤᠰᠤ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠬᠠᠷᠢᠴᠠᠭ᠎ᠠ ᠶᠢ ᠲᠤᠰᠬᠠᠵᠠᠢ᠃ ᠡᠭᠦᠨ ᠳᠤ᠂ ᠲᠥᠪ ᠤᠨ ᠡᠳ᠋ ᠤᠨ ᠵᠠᠰᠠᠭ ᠤᠨ ᠣᠷᠣᠯᠭ᠎ᠠ ᠶᠢᠨ ᠪᠦᠬᠦ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ ᠲᠥᠪ ᠤᠨ ᠵᠠᠰᠠᠭ ᠤᠨ ᠣᠷᠳᠣᠨ ᠤ ᠡᠳ᠋ ᠤᠨ ᠬᠦᠴᠦᠨ ᠢᠶᠠᠨ ᠲᠥᠪᠯᠡᠷᠡᠭᠦᠯᠦᠨ ᠨᠡᠶᠢᠭᠡᠮ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠬᠡᠮᠵᠢᠶ᠎ᠡ ᠪᠠ ᠬᠤᠷᠸ᠎ᠠ ᠲᠤᠬᠢᠷᠠᠭᠤᠯᠤᠯ ᠡᠵᠡᠮᠳᠡᠯ ᠤᠨ ᠴᠢᠳᠠᠪᠤᠷᠢ ᠶᠢ ᠲᠤᠰᠬᠠᠵᠠᠶ᠃    ᠭᠤᠷᠪᠠᠳᠤᠭᠠᠷ ᠲᠤ᠂ ᠤᠯᠤᠰ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠠᠯ᠎ᠠ ᠠᠴᠠ ᠠᠪᠴᠤ ᠦᠵᠡᠪᠡᠯ᠂ ᠡᠳ᠋ ᠤᠨ ᠵᠠᠰᠠᠭ ᠤᠨ ᠣᠷᠣᠯᠭ᠎ᠠ ᠶᠢᠨ ᠭᠦᠢᠴᠡᠳᠬᠡᠯ ᠲᠤᠭ᠎ᠠ ᠨᠢ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ︵ᠨᠢᠭᠡᠴᠡ︶ ᠵᠢᠴᠢ ᠰᠠᠭᠤᠭᠠᠯᠢ ᠠᠷᠠᠳ ᠬᠤᠪᠢ ᠬᠥᠮᠦᠨ ᠤ ᠬᠤᠭᠤᠷᠣᠨᠳᠣᠬᠢ ᠬᠤᠪᠢᠶᠠᠷᠢᠯᠠᠯᠲᠠ ᠶᠢᠨ ᠬᠠᠷᠢᠴᠠᠭ᠎ᠠ ᠶᠢ ᠢᠯᠡᠷᠡᠭᠦᠯᠵᠦ ᠪᠠᠶᠢᠳᠠᠭ᠃ ᠤᠯᠤᠰ ᠠᠷᠠᠳ ᠤᠨ ᠣᠷᠣᠯᠭ᠎ᠠ ᠶᠢ ᠡᠭᠦᠳᠦᠨ ᠪᠦᠲᠦᠭᠡᠭᠰᠡᠨ ᠤ ᠳᠠᠷᠠᠭ᠎ᠠ ᠬᠤᠪᠢᠶᠠᠷᠢᠯᠠᠯᠲᠠ ᠪᠠᠷ ᠳᠠᠮᠵᠢᠭᠤᠯᠤᠨ ᠤᠯᠤᠰ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠡᠳ᠋ ᠤᠨ ᠵᠠᠰᠠᠭ ᠤᠨ ᠣᠷᠣᠯᠭ᠎ᠠ ᠨᠢ ᠤᠯᠤᠰ ᠠᠷᠠᠳ ᠤᠨ ᠣᠷᠣᠯᠭ᠎ᠠ ᠶᠢᠨ ᠠᠩᠬᠠᠨ ᠤ ᠬᠤᠪᠢᠶᠠᠷᠢᠯᠠᠯᠲᠠ ᠳᠤ ᠣᠷᠣᠯᠴᠠᠬᠤ ᠮᠥᠷᠲᠡᠭᠡᠨ ᠤᠯᠤᠰ ᠠᠷᠠᠳ ᠤᠨ ᠣᠷᠣᠯᠭ᠎ᠠ ᠶᠢᠨ ᠲᠠᠬᠢᠨ ᠬᠤᠪᠢᠶᠠᠷᠢᠯᠠᠯᠲᠠ ᠳᠤ ᠴᠤ ᠣᠷᠣᠯᠴᠠᠨ᠎ᠠ᠃ ᠵᠢᠱᠢᠶᠡᠯᠡᠪᠡᠯ᠂ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠵᠡᠷᠭᠡ ᠲᠠᠮ ᠭᠠᠶᠢᠯᠢ ᠪᠣᠯ ᠵᠠᠰᠠᠭ ᠤᠨ ᠣᠷᠳᠣᠨ ᠠᠴᠠ ᠤᠯᠤᠰ ᠠᠷᠠᠳ ᠤᠨ ᠣᠷᠣᠯᠭ᠎ᠠ ᠶᠢᠨ ᠠᠩᠬᠠᠨ ᠤ ᠬᠤᠪᠢᠶᠠᠷᠢᠯᠠᠯᠲᠠ ᠳᠤ ᠣᠷᠣᠯᠴᠠᠭᠠᠳ ᠣᠯᠤᠭᠰᠠᠨ ᠣᠷᠣᠯᠭ᠎ᠠ ᠪᠣᠯᠤᠨ᠎ᠠ︔ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠭᠡᠷ ᠬᠦᠷᠦᠩᠭᠡ ᠶᠢᠨ ᠭᠠᠶᠢᠯᠢ ᠵᠡᠷᠭᠡ ᠰᠢᠭᠤᠳ ᠭᠠᠶᠢᠯᠢ ᠪᠣᠯ ᠵᠠᠰᠠᠭ ᠤᠨ ᠣᠷᠳᠣᠨ ᠤ ᠤᠯᠤᠰ ᠠᠷᠠᠳ ᠤᠨ ᠣᠷᠣᠯᠭ᠎ᠠ ᠶᠢᠨ ᠲᠠᠬᠢᠨ ᠬᠤᠪᠢᠶᠠᠷᠢᠯᠠᠯᠲᠠ ᠳᠤ ᠣᠷᠣᠯᠴᠠᠭᠠᠳ ᠣᠯᠤᠭᠰᠠᠨ ᠣᠷᠣᠯᠭ᠎ᠠ ᠮᠥᠨ᠃ ᠡᠶᠢᠮᠦ ᠠᠴᠠ᠂ ᠡᠳ᠋ ᠤᠨ ᠵᠠᠰᠠᠭ ᠤᠨ ᠣᠷᠣᠯᠭ᠎ᠠ ᠶᠢᠨ ᠭᠦᠢᠴᠡᠳᠬᠡᠯ ᠲᠤᠭ᠎ᠠ ᠨᠢ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ︵ᠨᠢᠭᠡᠴᠡ︶ ᠵᠢᠴᠢ ᠰᠠᠭᠤᠭᠠᠯᠢ ᠠᠷᠠᠳ ᠬᠤᠪᠢ ᠬᠥᠮᠦᠨ ᠤ ᠬᠤᠭᠤᠷᠣᠨᠳᠣᠬᠢ ᠨᠡᠶᠢᠭᠡᠮ ᠤᠨ ᠡᠬᠢ ᠪᠠᠶᠠᠯᠢᠭ ᠢ ᠡᠵᠡᠯᠡᠬᠦ ᠪᠠ ᠵᠠᠬᠢᠷᠬᠤ ᠬᠠᠷᠢᠴᠠᠭ᠎ᠠ ᠶᠢ ᠲᠤᠰᠬᠠᠵᠤ᠂ ᠵᠠᠰᠠᠭ ᠤᠨ ᠣᠷᠳᠣᠨ ᠠᠴᠠ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠤᠨ ᠡᠵᠡᠮᠳᠡᠬᠦ ᠪᠠ ᠨᠡᠶᠢᠭᠡᠮ ᠤᠨ ᠡᠬᠢ ᠪᠠᠶᠠᠯᠢᠭ ᠢ ᠲᠣᠬᠢᠷᠠᠭᠤᠯᠬᠤ ᠪᠠᠶᠢᠳᠠᠯ ᠢ ᠲᠤᠰᠬᠠᠵᠠᠶ᠃ 
 
ᠢᠷᠡᠯᠲᠡ᠄ ᠤᠯᠤᠰ ᠤᠨ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号