ᠨᠢᠭᠡᠳᠦᠭᠡᠷ ᠲᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠠᠴᠠ ᠠᠪᠴᠤ ᠦᠵᠡᠪᠡᠯ᠂ ᠡᠳ᠋ ᠤᠨ ᠵᠠᠰᠠᠭ ᠤᠨ | ᠵᠠᠷᠤᠯᠭ᠎ᠠ ᠶᠢᠨ ᠭᠦᠢᠴᠡᠳᠬᠡᠯ ᠲᠤᠭ᠎ᠠ ᠨᠢ ᠵᠠᠰᠠᠭ ᠤᠨ ᠣᠷᠳᠣᠨ ᠤ ᠨᠡᠶᠢᠭᠡᠮ ᠨᠡᠶᠢᠲᠡ ᠶᠢᠨ ᠬᠡᠷᠡᠭᠴᠡᠭᠡ ᠶᠢ | ᠬᠠᠩᠭᠠᠭᠰᠠᠨ ᠬᠡᠮᠵᠢᠶ᠎ᠡ ᠶᠢ ᠲᠤᠰᠬᠠᠭᠰᠠᠨ ᠪᠠᠶᠢᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠵᠣᠷᠢᠯᠭ᠎ᠠ ᠪᠣᠯ ᠵᠠᠰᠠᠭ ᠤᠨ | ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ | ᠨᠥᠬᠦᠴᠡᠯ ᠳᠣᠣᠷ᠎ᠠ ᠨᠡᠶᠢᠭᠡᠮ ᠨᠡᠶᠢᠲᠡ ᠶᠢᠨ ᠬᠡᠷᠡᠭᠴᠡᠭᠡ ᠶᠢ ᠬᠠᠩᠭᠠᠬᠤ ᠪᠠᠷ ᠢᠯᠡᠷᠡᠳᠡᠭ᠃ ᠨᠢᠭᠡ ᠳᠤ᠂ ᠲᠥᠷᠥ ᠶᠢᠨ | ᠪᠠᠶᠢᠭᠤᠯᠤᠮᠵᠢ ᠶᠢᠨ ᠠᠵᠢᠯᠯᠠᠭᠠᠨ ᠤ ᠬᠡᠷᠡᠭᠴᠡᠭᠡ ᠶᠢ ᠪᠠᠲᠤᠯᠠᠨ᠎ᠠ᠃ ᠡᠩ ᠤᠨ ᠤᠯᠠᠨ ᠨᠡᠶᠢᠲᠡ ᠶᠢᠨ ᠦᠢᠯᠡᠴᠢᠯᠡᠭᠡ᠂ | ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ | ᠡᠳ᠋ ᠤᠨ ᠵᠠᠰᠠᠭ ᠤᠨ ᠵᠠᠷᠤᠯᠭ᠎ᠠ ᠶᠢᠨ ᠭᠦᠢᠴᠡᠳᠬᠡᠯ ᠲᠤᠭ᠎ᠠ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠲᠦᠷᠦ ᠶᠢᠨ | ᠮᠠᠰᠢᠨ ᠤ ᠬᠡᠪ ᠤᠨ ᠠᠵᠢᠯᠯᠠᠭ᠎ᠠ ᠶᠢ ᠪᠠᠲᠤᠯᠠᠬᠤ ᠳᠤ ᠬᠡᠷᠡᠭᠯᠡᠬᠦ ᠬᠡᠪᠴᠢᠶ᠎ᠡ ᠶᠢ ᠲᠤᠰᠬᠠᠨ᠎ᠠ᠃ ᠬᠤᠶᠠᠷ ᠲᠤ᠂ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠨᠡᠶᠢᠲᠡ ᠶᠢᠨ | ᠬᠡᠷᠡᠭᠴᠡᠭᠡ᠃ ᠤᠯᠤᠰ ᠠᠴᠠ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠵᠡᠷᠭᠡ ᠡᠳ᠋ ᠤᠨ ᠵᠠᠰᠠᠭ ᠤᠨ ᠵᠠᠷᠤᠯᠭ᠎ᠠ ᠶᠢ | ᠲᠤᠬᠢᠷᠠᠭᠤᠯᠬᠤ ᠪᠠᠷ ᠳᠠᠮᠵᠢᠭᠤᠯᠵᠤ᠂ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠭᠤᠷᠪᠠ ᠳᠤ᠂ ᠣᠷᠣᠯᠭ᠎ᠠ ᠶᠢᠨ ᠭᠤᠣᠯᠴᠢ ᠬᠤᠪᠢᠶᠠᠷᠢᠯᠠᠯᠲᠠ ᠶᠢᠨ ᠬᠡᠷᠡᠭᠴᠡᠭᠡ᠃ ᠨᠡᠶᠢᠭᠡᠮ ᠤᠨ ᠪᠠᠲᠤᠯᠠᠭ᠎ᠠ ᠪᠠ ᠠᠵᠢᠯ | ᠣᠯᠭᠤᠯᠲᠠ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠵᠡᠷᠭᠡ ᠡᠳ᠋ ᠤᠨ ᠵᠠᠰᠠᠭ ᠤᠨ ᠵᠠᠷᠤᠯᠭ᠎ᠠ ᠶᠢᠨ | ᠭᠦᠢᠴᠡᠳᠬᠡᠯ ᠲᠤᠭ᠎ᠠ ᠨᠢ ᠤᠯᠤᠰ ᠠᠴᠠ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢ | ᠲᠤᠬᠢᠷᠠᠭᠤᠯᠬᠤ ᠠᠵᠢᠯᠯᠠᠭ᠎ᠠ ᠶᠢ ᠲᠤᠰᠬᠠᠨ᠎ᠠ᠃ ᠳᠥᠷᠪᠡ ᠳᠤ᠂ ᠣᠯᠠᠨ ᠨᠡᠶᠢᠲᠡ ᠶᠢᠨ ᠲᠥᠬᠦᠭᠡᠷᠦᠮᠵᠢ ᠵᠢᠴᠢ ᠠᠵᠤ | ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠨᠡᠶᠢᠲᠡ ᠶᠢᠨ ᠬᠡᠷᠡᠭᠴᠡᠭᠡ᠃ ᠤᠯᠤᠰ ᠠᠴᠠ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠪᠠ ᠠᠵᠤ ᠠᠬᠤᠢ ᠶᠢᠨ ᠪᠤᠰᠤᠳ ᠬᠡᠷᠡᠭ ᠶᠠᠪᠤᠳᠠᠯ ᠤᠨ ᠵᠠᠷᠤᠯᠭ᠎ᠠ ᠶᠢ | ᠲᠤᠬᠢᠷᠠᠭᠤᠯᠬᠤ ᠪᠠᠷ ᠳᠠᠮᠵᠢᠭᠤᠯᠤᠨ᠂ ᠤᠯᠠᠨ ᠨᠡᠶᠢᠲᠡ ᠶᠢᠨ ᠦᠢᠯᠡᠳᠬᠦᠨ ᠪᠠ ᠳᠡᠰᠯᠡᠬᠦ ᠤᠯᠠᠨ ᠨᠡᠶᠢᠲᠡ ᠶᠢᠨ | ᠦᠢᠯᠡᠳᠬᠦᠨ ᠢ ᠬᠠᠩᠭᠠᠵᠤ᠂ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢ ᠠᠬᠢᠭᠤᠯᠤᠨ᠎ᠠ᠃ | ᠡᠶᠢᠮᠦ ᠠᠴᠠ᠂ ᠡᠳ᠋ ᠤᠨ ᠵᠠᠰᠠᠭ ᠤᠨ ᠵᠠᠷᠤᠯᠭ᠎ᠠ ᠶᠢᠨ ᠭᠦᠢᠴᠡᠳᠬᠡᠯ ᠲᠤᠭ᠎ᠠ ᠨᠢ ᠵᠠᠰᠠᠭ ᠤᠨ ᠣᠷᠳᠣᠨ ᠤ ᠠᠵᠤ ᠠᠬᠤᠢ | ᠨᠡᠶᠢᠭᠡᠮ ᠤᠨ ᠠᠮᠢᠳᠤᠷᠠᠯ ᠳᠤ ᠣᠷᠣᠯᠴᠠᠬᠤ ᠥᠷᠭᠡᠴᠡ ᠪᠠ ᠭᠦᠨᠴᠡ ᠶᠢ ᠲᠤᠰᠬᠠᠬᠤ ᠮᠥᠷᠲᠡᠭᠡᠨ ᠪᠠᠰᠠ ᠠᠵᠤ ᠠᠬᠤᠢ | ᠨᠡᠶᠢᠭᠡᠮ ᠤᠨ ᠠᠮᠢᠳᠤᠷᠠᠯ ᠳᠠᠬᠢ ᠡᠳ᠋ ᠤᠨ ᠵᠠᠰᠠᠭ ᠤᠨ ᠪᠠᠶᠢᠷᠢ ᠰᠠᠭᠤᠷᠢ ᠪᠠ ᠦᠢᠯᠡᠳᠦᠯ ᠢ ᠲᠤᠰᠬᠠᠳᠠᠭ᠃ | ᠬᠤᠶᠠᠳᠤᠭᠠᠷ ᠲᠤ᠂ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠠᠷᠢᠴᠠᠭ᠎ᠠ ᠠᠴᠠ | ᠦᠵᠡᠪᠡᠯ᠂ ᠡᠳ᠋ ᠤᠨ ᠵᠠᠰᠠᠭ ᠤᠨ ᠵᠠᠷᠤᠯᠭ᠎ᠠ ᠶᠢᠨ ᠭᠦᠢᠴᠡᠳᠬᠡᠯ ᠲᠤᠭ᠎ᠠ ᠨᠢ ᠠᠳᠠᠯᠢ ᠪᠤᠰᠤ ᠱᠠᠲᠤᠨ ᠤ ᠵᠠᠰᠠᠭ ᠤᠨ | ᠣᠷᠳᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ | ᠬᠠᠷᠠᠭᠤᠯᠵᠤ ᠪᠠᠶᠢᠳᠠᠭ᠃ ᠠᠳᠠᠯᠢ ᠪᠤᠰᠤ ᠱᠠᠲᠤᠨ ᠤ ᠵᠠᠰᠠᠭ ᠤᠨ ᠣᠷᠳᠣᠨ ᠨᠢ ᠠᠵᠤ ᠠᠬᠤᠢ ᠪᠠ ᠨᠡᠶᠢᠭᠡᠮ ᠤᠨ | ᠠᠵᠢᠯᠯᠠᠭ᠎ᠠ ᠶᠢᠨ ᠳᠤᠮᠳᠠ ᠠᠳᠠᠯᠢ ᠪᠤᠰᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠵᠣᠬᠢᠴᠠᠩᠭᠤᠢ ᠪᠠᠷ | ᠡᠳ᠋ ᠤᠨ ᠵᠠᠰᠠᠭ ᠤᠨ ᠵᠠᠷᠤᠯᠭ᠎ᠠ ᠨᠢ ᠴᠦ ᠠᠳᠠᠯᠢ ᠪᠤᠰᠤ ᠱᠠᠲᠤᠨ ᠤ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠪᠠᠶᠢᠳᠠᠯ ᠢ ᠢᠯᠡᠷᠡᠭᠦᠯᠵᠦ ᠪᠠᠶᠢᠳᠠᠭ᠃ ᠤᠳᠤ ᠶᠢᠨ ᠬᠡᠷᠡᠭᠵᠢᠭᠦᠯᠵᠦ ᠪᠠᠶᠢᠭ᠎ᠠ | ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠭᠠᠯ ᠶᠣᠰᠣᠭᠠᠷ᠂ ᠳᠤᠮᠳᠠᠳᠤ ᠤᠯᠤᠰ ᠤᠨ | ᠡᠳ᠋ ᠤᠨ ᠵᠠᠰᠠᠭ ᠤᠨ ᠵᠠᠷᠤᠯᠭ᠎ᠠ ᠶᠢ ᠲᠥᠪ ᠤᠨ ᠡᠳ᠋ ᠤᠨ ᠵᠠᠰᠠᠭ ᠤᠨ ᠵᠠᠷᠤᠯᠭ᠎ᠠ ᠪᠠ ᠣᠷᠣᠨ ᠨᠤᠲᠤᠭ ᠤᠨ ᠡᠳ᠋ ᠤᠨ | ᠵᠠᠰᠠᠭ ᠤᠨ ᠵᠠᠷᠤᠯᠭ᠎ᠠ ᠭᠡᠵᠦ ᠬᠤᠪᠢᠶᠠᠨ᠎ᠠ᠃ ᠡᠭᠦᠨ ᠳᠤ᠂ ᠲᠥᠪ ᠤᠨ ᠡᠳ᠋ ᠤᠨ ᠵᠠᠰᠠᠭ ᠤᠨ ᠵᠠᠷᠤᠯᠭ᠎ᠠ ᠶᠢᠨ | ᠭᠦᠢᠴᠡᠳᠬᠡᠯ ᠲᠤᠭ᠎ᠠ ᠨᠢ ᠲᠥᠪ ᠵᠠᠰᠠᠭ ᠤᠨ ᠣᠷᠳᠣᠨ ᠤ ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ | ᠬᠠᠷᠢᠯᠴᠠᠭ᠎ᠠ᠂ ᠤᠯᠠᠨ ᠨᠡᠶᠢᠲᠡ ᠶᠢᠨ ᠠᠮᠤᠷ ᠲᠦᠪᠰᠢᠨ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠪᠠ | ᠨᠡᠶᠢᠭᠡᠮ ᠤᠨ ᠡᠯ᠎ᠡ ᠵᠦᠢᠯ ᠤᠨ ᠦᠢᠯᠡᠰ ᠲᠤ ᠬᠡᠷᠡᠭᠯᠡᠭᠰᠡᠨ ᠵᠢᠴᠢ ᠤᠯᠤᠰ ᠠᠷᠠᠳ ᠤᠨ ᠠᠵᠤ ᠠᠬᠤᠢ ᠶᠢᠨ | ᠪᠦᠲᠦᠴᠡ ᠶᠢ ᠲᠤᠬᠢᠷᠠᠭᠤᠯᠬᠤ᠂ ᠣᠷᠣᠨ ᠪᠦᠰᠡ ᠶᠢᠨ ᠬᠥᠭᠵᠢᠯᠲᠡ ᠶᠢ ᠵᠣᠬᠢᠴᠠᠭᠤᠯᠬᠤ᠂ ᠬᠤᠷᠸ᠎ᠠ ᠲᠤᠬᠢᠷᠠᠭᠤᠯᠤᠯ | ᠡᠵᠡᠮᠳᠡᠯ ᠢ ᠬᠡᠷᠡᠭᠵᠢᠭᠦᠯᠬᠦ ᠵᠡᠷᠭᠡ ᠲᠠᠯ᠎ᠠ ᠳᠤ ᠬᠡᠷᠡᠭᠯᠡᠭᠰᠡᠨ ᠵᠠᠷᠤᠯᠭ᠎ᠠ ᠶᠢᠨ ᠬᠡᠪᠴᠢᠶ᠎ᠡ ᠶᠢ ᠲᠤᠰᠬᠠᠵᠤ᠂ ᠲᠥᠪ | ᠵᠠᠰᠠᠭ ᠤᠨ ᠣᠷᠳᠣᠨ ᠤ ᠪᠦᠬᠦ ᠤᠯᠤᠰ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠣᠷᠣᠯᠴᠠᠭᠰᠠᠨ ᠪᠠ | ᠲᠡᠭᠦᠨ ᠢ ᠳᠡᠮᠵᠢᠭᠰᠡᠨ ᠬᠡᠮᠵᠢᠶ᠎ᠡ ᠶᠢ ᠲᠤᠰᠬᠠᠨ᠎ᠠ᠃ ᠣᠷᠣᠨ ᠨᠤᠲᠤᠭ ᠤᠨ ᠡᠳ᠋ ᠤᠨ ᠵᠠᠰᠠᠭ ᠤᠨ ᠵᠠᠷᠤᠯᠭ᠎ᠠ ᠶᠢᠨ | ᠭᠦᠢᠴᠡᠳᠬᠡᠯ ᠲᠤᠭ᠎ᠠ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠲᠤᠰ ᠱᠠᠲᠤᠨ ᠤ | ᠣᠷᠣᠯᠭ᠎ᠠ ᠪᠠ ᠲᠥᠪ ᠠᠴᠠ ᠣᠷᠣᠨ ᠨᠤᠲᠤᠭ ᠲᠤ ᠣᠯᠭᠤᠬᠤ ᠭᠠᠶᠢᠯᠢ ᠲᠠᠲᠠᠪᠤᠷᠢ ᠶᠢᠨ ᠪᠤᠴᠠᠭᠠᠯᠲᠠ᠂ ᠰᠢᠯᠵᠢᠭᠦᠯᠦᠨ | ᠥᠭᠬᠦ ᠣᠷᠣᠯᠭ᠎ᠠ ᠶᠢ ᠠᠰᠢᠭᠯᠠᠨ ᠵᠠᠰᠠᠭ ᠵᠠᠬᠢᠷᠭᠠᠨ ᠤ ᠬᠠᠮᠢᠶᠠᠷᠤᠯᠲᠠ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠵᠢᠴᠢ ᠠᠵᠤ ᠠᠬᠤᠢ ᠪᠠ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠳᠤ ᠬᠡᠷᠡᠭᠯᠡᠬᠦ | ᠵᠠᠷᠤᠯᠭ᠎ᠠ ᠶᠢᠨ ᠬᠡᠪᠴᠢᠶ᠎ᠡ ᠶᠢ ᠲᠤᠰᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠣᠷᠣᠨ ᠨᠤᠲᠤᠭ ᠤᠨ | ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠣᠷᠣᠯᠴᠠᠬᠤ ᠪᠠ ᠲᠡᠭᠦᠨ ᠢ ᠳᠡᠮᠵᠢᠬᠦ ᠬᠡᠮᠵᠢᠶ᠎ᠡ ᠶᠢ ᠲᠤᠰᠬᠠᠨ᠎ᠠ᠃ | ᠭᠤᠷᠪᠠᠳᠤᠭᠠᠷ ᠲᠤ᠂ ᠤᠯᠤᠰ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠠᠯ᠎ᠠ ᠠᠴᠠ ᠠᠪᠴᠤ | ᠦᠵᠡᠪᠡᠯ᠂ ᠡᠳ᠋ ᠤᠨ ᠵᠠᠰᠠᠭ ᠤᠨ ᠵᠠᠷᠤᠯᠭ᠎ᠠ ᠶᠢᠨ ᠭᠦᠢᠴᠡᠳᠬᠡᠯ ᠲᠤᠭ᠎ᠠ ᠨᠢ ᠵᠠᠰᠠᠭ ᠤᠨ ᠣᠷᠳᠣᠨ ᠠᠴᠠ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠤᠭᠰᠠᠨ ᠬᠡᠮᠵᠢᠶ᠎ᠡ ᠶᠢ ᠲᠤᠰᠬᠠᠭᠰᠠᠨ ᠪᠠᠶᠢᠨ᠎ᠠ᠃ ᠵᠠᠬ᠎ᠠ | ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷ᠎ᠠ᠂ ᠬᠥᠮᠦᠨ ᠨᠢᠭᠡᠪᠦᠷᠢ ᠶᠢᠨ ᠡᠵᠡᠮᠰᠢᠵᠦ ᠪᠠᠶᠢᠭ᠎ᠠ ᠡᠳ᠋ | ᠬᠦᠷᠦᠩᠭᠡ ᠶᠢᠨ ᠶᠡᠭᠡ ᠪᠠᠭ᠎ᠠ ᠨᠢ ᠠᠳᠠᠯᠢ ᠪᠤᠰᠤ᠂ ᠰᠤᠷᠭᠠᠨ ᠬᠥᠮᠦᠵᠢᠯ ᠬᠦᠷᠳᠡᠭᠰᠡᠠ ᠬᠡᠮᠵᠢᠶ᠎ᠡ ᠨᠢ ᠠᠳᠠᠯᠢ ᠪᠤᠰᠤ | ᠵᠢᠴᠢ ᠬᠤᠪᠢ ᠬᠥᠮᠦᠨ ᠤ ᠴᠢᠳᠠᠪᠤᠷᠢ ᠪᠠ ᠲᠣᠬᠢᠶᠠᠯ ᠤᠨ ᠵᠦᠷᠢᠶ᠎ᠡ ᠵᠡᠷᠭᠡ ᠰᠢᠯᠲᠠᠭᠠᠨ ᠠᠴᠠ ᠪᠤᠯᠵᠦ᠂ ᠬᠤᠪᠢ | ᠬᠥᠮᠦᠨ ᠤ ᠣᠷᠣᠯᠭ᠎ᠠ ᠶᠢᠨ ᠶᠡᠭᠡ ᠪᠠᠭ᠎ᠠ ᠨᠢ ᠠᠳᠠᠯᠢ ᠪᠤᠰᠤ ᠪᠠᠶᠢᠳᠠᠭ᠂ ᠢᠩᠭᠢᠪᠡᠯ ᠶᠠᠳᠠᠭᠤ ᠪᠠᠶᠠᠨ ᠤ ᠵᠦᠷᠢᠶ᠎ᠡ ᠲᠤᠩ | ᠶᠡᠭᠡ ᠪᠤᠯᠵᠦ᠂ ᠨᠡᠶᠢᠭᠡᠮ ᠤᠨ ᠬᠤᠪᠢᠶᠠᠷᠢᠯᠠᠯᠲᠠ ᠭᠤᠣᠯᠴᠢ ᠪᠤᠰᠤ ᠪᠠᠶᠢᠳᠠᠯ ᠭᠠᠷᠬᠤ ᠪᠣᠯᠤᠨ᠎ᠠ᠃ ᠢᠯᠠ ᠲᠣᠳᠣ᠂ | ᠲᠥᠪ ᠭᠤᠣᠯᠴᠢ ᠪᠠ ᠦᠷ᠎ᠡ ᠪᠦᠲᠦᠮᠵᠢ ᠲᠠᠢ ᠪᠠᠶᠢᠬᠤ ᠵᠠᠷᠴᠢᠮ ᠢ ᠦᠨᠳᠦᠰᠦᠯᠡᠨ᠂ ᠤᠯᠤᠰ ᠠᠴᠠ ᠡᠳ᠋ ᠤᠨ | ᠵᠠᠰᠠᠭ ᠤᠨ ᠣᠷᠣᠯᠭ᠎ᠠ ᠶᠢ ᠲᠥᠰᠦᠪ ᠢᠶᠠᠷ ᠳᠠᠮᠵᠢᠭᠤᠯᠤᠨ ᠡᠳ᠋ ᠤᠨ ᠵᠠᠰᠠᠭ ᠤᠨ ᠵᠠᠷᠤᠯᠭ᠎ᠠ ᠪᠣᠯᠭᠠᠨ ᠲᠤᠬᠢᠷᠡᠭᠤᠯᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠦᠷᠢᠶ᠎ᠡ ᠬᠡᠪᠴᠢᠶ᠎ᠡ ᠵᠢᠴᠢ ᠭᠠᠵᠠᠷ ᠣᠷᠣᠨ ᠤ ᠬᠤᠭᠤᠷᠣᠨᠳᠣ | ᠲᠤᠬᠢᠷᠡᠭᠤᠯᠪᠡᠯ ᠲᠡᠬᠢᠠ ᠬᠤᠪᠢᠶᠠᠷᠢᠯᠠᠬᠤ ᠦᠢᠯᠡᠳᠦᠯ ᠭᠠᠷᠭᠠᠵᠤ ᠪᠣᠯᠤᠨ᠎ᠠ᠃ ᠢᠯᠠᠩᠭᠤᠶ᠎ᠠ ᠰᠢᠯᠵᠢᠭᠦᠯᠦᠨ ᠥᠭᠬᠦ ᠪᠠᠷ | ᠳᠠᠮᠵᠢᠭᠤᠯᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠣᠷᠣᠨ ᠪᠦᠰᠡ ᠶᠢᠨ | ᠵᠦᠷᠢᠶ᠎ᠡ ᠶᠢ ᠪᠠᠭᠠᠰᠬᠠᠨ᠎ᠠ︔ ᠰᠠᠭᠤᠭᠠᠯᠢ ᠠᠷᠠᠳ ᠬᠤᠪᠢ ᠬᠥᠮᠦᠨ ᠪᠠ ᠭᠡᠷ ᠪᠦᠯᠢ ᠳᠤ ᠰᠢᠯᠵᠢᠭᠦᠯᠦᠨ ᠥᠭᠬᠦ | ᠴᠢᠨᠠᠷᠲᠠᠢ ᠵᠠᠷᠤᠯᠭ᠎ᠠ᠂ ᠵᠢᠱᠢᠶᠡᠯᠡᠪᠡᠯ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ᠂ ᠲᠡᠳᠬᠦᠮᠵᠢ ᠶᠢᠨ ᠵᠠᠷᠤᠯᠭ᠎ᠠ ᠪᠠ | ᠨᠥᠬᠦᠪᠥᠷᠢ ᠥᠭᠬᠦ ᠵᠡᠷᠭᠡ ᠪᠠᠷ ᠳᠠᠮᠵᠢᠭᠤᠯᠤᠨ ᠣᠷᠣᠯᠭ᠎ᠠ ᠵᠢᠴᠢ ᠠᠮᠢᠳᠤᠷᠠᠯ ᠪᠠ ᠠᠰᠠᠷᠠᠮᠵᠢ ᠶᠢᠨ ᠬᠢᠷᠢ | ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠡᠨᠡ ᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠡᠳ᠋ ᠤᠨ ᠵᠠᠰᠠᠭ ᠤᠨ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠲᠠᠯ᠎ᠠ ᠳᠤ ᠬᠡᠷᠡᠭᠯᠡᠬᠦ ᠵᠠᠷᠤᠯᠭ᠎ᠠ ᠶᠢᠨ ᠭᠦᠢᠴᠡᠳᠬᠡᠯ ᠲᠤᠭ᠎ᠠ ᠨᠢ | ᠴᠥᠮ ᠵᠠᠰᠠᠭ ᠤᠨ ᠣᠷᠳᠣᠨ ᠠᠴᠠ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠲᠤᠬᠢᠷᠠᠭᠤᠯᠬᠤ ᠶᠢ | ᠲᠤᠰᠬᠠᠵᠤ᠂ ᠰᠠᠭᠤᠭᠠᠯᠢ ᠠᠷᠠᠳ ᠢᠯᠠᠩᠭᠤᠶ᠎ᠠ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ ᠣᠷᠣᠯᠭ᠎ᠠ ᠶᠢᠨ | ᠲᠦᠪᠰᠢᠨ ᠢ ᠳᠡᠭᠡᠭᠰᠢᠯᠡᠭᠦᠯᠬᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠵᠦᠷᠢᠶ᠎ᠡ ᠶᠢ ᠪᠠᠭᠠᠰᠬᠠᠬᠤ᠂ ᠨᠡᠶᠢᠭᠡᠮ ᠤᠨ | ᠡᠶ᠎ᠡ ᠵᠣᠬᠢᠴᠠᠯ ᠢ ᠠᠬᠢᠭᠤᠯᠬᠤ ᠳᠤ ᠠᠰᠢᠭᠲᠠᠢ ᠶᠤᠮ᠃ | |