ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ | ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠪᠥᠬᠦ ᠵᠢᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠶᠢ ᠬᠢᠨᠠᠮᠠᠭᠠᠶ ᠰᠤᠳᠤᠯᠤᠨ᠂ | ᠣᠨ ᠤ ᠬᠠᠤᠯᠢ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ | ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠠᠵᠢᠯ ᠤᠨ ᠬᠠᠤᠯᠢ ᠪᠠᠷ ᠵᠠᠰᠠᠬᠤ᠂ ᠳᠦᠷᠢᠮᠵᠢᠭᠦᠯᠬᠦ᠂ | ᠵᠢᠷᠤᠮᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠠᠬᠢᠭᠤᠯᠤᠨ ᠰᠢᠨ᠎ᠡ ᠳᠡᠭᠲᠡᠷ ᠲᠤ ᠭᠠᠷᠭᠠᠪᠠ᠃ | ᠨᠢᠭᠡ᠂ ᠤᠷᠢᠳ ᠢᠶᠠᠷ ᠬᠠᠤᠯᠢ ᠲᠣᠭᠲᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠪᠦᠷᠢᠳᠬᠡᠯ ᠤᠨ | ᠣᠲᠣ ᠦᠶ᠎ᠡ ᠶᠢᠨ ᠬᠠᠤᠯᠢᠵᠢᠯ ᠤᠨ ᠰᠢᠰᠲ᠋ᠧᠮ ᠢ ᠪᠦᠷᠢᠨᠰᠢᠭᠦᠯᠦᠨ᠎ᠡ᠃ | ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ︾ ︵ᠳᠣᠷᠣᠭᠰᠢ ︽ᠲᠤᠭ᠎ᠠ ᠪᠦᠷᠢᠳᠬᠡᠯ ᠤᠨ ᠬᠠᠤᠯᠢ︾ ᠭᠡᠵᠦ ᠲᠣᠪᠴᠢᠯᠠᠨ᠎ᠠ︶ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠳᠦᠷᠢᠮ ᠤᠨ | ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠬᠤ ᠶᠢ ᠡᠨᠡ ᠵᠢᠯ ᠤᠨ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠬᠠᠤᠯᠢ ᠬᠡᠷᠡᠭᠵᠢᠭᠦᠯᠬᠦ | ᠲᠤᠬᠠᠶᠢᠯᠠᠭᠰᠠᠨ ᠠᠵᠢᠯ ᠤᠨ ᠭᠤᠣᠯᠯᠠᠭᠴᠢ᠂ ᠬᠠᠤᠯᠢ ᠴᠠᠭᠠᠵᠠ ᠶᠢᠨ ᠵᠥᠪᠯᠡᠭᠴᠢ ᠶᠢ ᠵᠣᠬᠢᠶᠠᠨ ᠪᠠᠶᠢᠭᠤᠯᠤᠨ ︽ | ᠳᠦᠷᠢᠮ︾ ᠳᠤ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠵᠦ᠂ ᠪᠦᠬᠦ ᠣᠷᠣᠨ ᠤ ᠲᠤᠭ᠎ᠠ ᠪᠦᠷᠢᠳᠬᠡᠯ ᠤᠨ | ᠠᠵᠢᠯ ᠤᠨ ᠪᠣᠳᠠᠲᠤ ᠪᠠᠶᠢᠳᠠᠯ ᠲᠠᠢ ᠭᠦᠢᠴᠡᠳ ᠤᠶᠠᠯᠳᠤᠭᠤᠯᠤᠨ᠂ ︽ᠳᠦᠷᠢᠮ︾ ᠤᠨ ᠲᠥᠰᠦᠯ ᠢ ᠲᠤᠭᠤᠷᠪᠢᠨ | ᠪᠢᠴᠢᠬᠦ ᠠᠵᠢᠯ ᠢ ᠨᠢᠭᠡᠨᠲᠡ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠯᠤᠭ᠎ᠠ ᠰᠢᠰᠲ᠋ᠧᠮ ᠲᠠᠢ ᠢᠵᠢ | ᠪᠦᠷᠢᠳᠦᠭᠦᠯᠬᠦ᠂ ᠪᠦᠲᠦᠮᠵᠢᠲᠡᠶ ᠵᠣᠯᠭᠠᠭᠤᠯᠬᠤ᠂ ᠪᠣᠳᠠᠲᠠᠶ ᠶᠢ ᠡᠷᠬᠢᠮᠯᠡᠨ ᠬᠡᠷᠡᠭᠴᠡᠭᠡ ᠲᠠᠢ ᠪᠠᠶᠢᠯᠭᠠᠬᠤ ᠶᠢ ᠦᠨᠡᠨᠬᠦ | ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠰᠢᠰᠲ᠋ᠧᠮᠵᠢ ᠶᠢ ᠤᠯᠠᠮ | ᠲᠡᠭᠦᠯᠳᠡᠷᠵᠢᠬᠦᠯᠪᠡ᠃ | ᠬᠤᠶᠠᠷ᠂ ᠨᠠᠷᠢᠯᠢᠭ ᠣᠨᠣᠴᠠᠲᠠᠶ ᠪᠠᠷ ᠬᠠᠤᠯᠢ ᠲᠦᠭᠡᠮᠡᠯᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠠᠷᠠᠳ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠰᠠᠭᠤᠷᠢ ᠶᠢ ᠪᠠᠲᠤ ᠴᠣᠭᠴᠠᠯᠠᠨ᠎ᠠ᠃ | ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠪᠥᠬᠦ | ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠨ᠎ᠠ᠃ ᠨᠢᠭᠡ ᠳᠤ᠂ ︽ᠵᠠᠩᠭᠢᠯᠠᠭ᠎ᠠ ᠶᠢᠨ ᠴᠥᠭᠡᠨ | ᠲᠣᠭᠠᠲᠠᠨ︾ ᠢ ᠲᠣᠪᠤᠶᠢᠮ᠎ᠠ ᠠᠩᠬᠠᠷᠴᠤ᠂ ᠲᠤᠭ᠎ᠠ ᠪᠦᠷᠢᠳᠬᠡᠯ ᠤᠨ ᠬᠠᠤᠯᠢ ᠶᠢ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶ ᠳᠤ ᠣᠷᠣᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠡᠯ᠎ᠡ ᠱᠠᠲᠤᠨ ᠤ ᠨᠠᠮ ᠤᠨ ᠰᠤᠷᠭᠠᠭᠤᠯᠢ ︵ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ | ᠰᠤᠷᠭᠠᠭᠤᠯᠢ ᠶᠢᠨ ᠤᠳᠤᠷᠢᠳᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠳᠤ | ᠣᠷᠣᠭᠤᠯᠵᠤ᠂ ᠲᠤᠭ᠎ᠠ ᠪᠦᠷᠢᠳᠬᠡᠯ ᠤᠨ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠤᠳᠤᠷᠢᠳᠬᠤ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠨ᠎ᠡ᠃ ᠬᠤᠶᠠᠷ ᠲᠤ᠂ ᠲᠤᠭ᠎ᠠ ᠪᠦᠷᠢᠳᠬᠡᠯ ᠤᠨ ᠠᠵᠢᠯᠲᠠᠨ ᠤ | ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠰᠢᠰᠲ᠋ᠧᠮ ᠤᠨ ᠲᠤᠰᠬᠠᠶ ᠮᠡᠷᠭᠡᠵᠢᠯ ᠤᠨ | ᠪᠣᠯᠪᠠᠰᠤᠷᠠᠯ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠵᠠᠪᠠᠯ | ᠰᠤᠷᠬᠤ ᠠᠭᠤᠯᠭ᠎ᠠ ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠡᠷᠭᠢᠯᠡᠭᠰᠡᠳ ᠤᠨ ᠬᠠᠤᠯᠢ ᠴᠠᠭᠠᠵᠠ ᠶᠢᠨ ᠬᠡᠪ | ᠪᠣᠯᠪᠠᠰᠤᠷᠠᠯ ᠪᠠ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠬᠠᠤᠯᠢ ᠪᠠᠷ ᠵᠠᠰᠠᠬᠤ ᠣᠨᠣᠯᠵᠢᠬᠤᠨ ᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠡᠳᠦᠷ ᠲᠤᠲᠤᠮ ᠤᠨ | ᠠᠵᠢᠯ ᠳᠤ ᠲᠤᠭᠤᠰᠢᠯᠠᠭᠤᠯᠤᠨ᠎ᠠ᠃ ᠭᠤᠷᠪᠠ ᠳᠤ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠢ ᠴᠢᠬᠤᠯᠠᠴᠢᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠪᠡᠯᠡᠭᠯᠡᠵᠦ᠂ ᠠᠵᠢᠯᠲᠠᠨ ᠲᠣᠬᠢᠷᠠᠭᠤᠯᠤᠨ ᠬᠠᠮᠢᠶ᠎ᠠ | ᠪᠥᠬᠦᠶ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠰᠠᠯᠠᠭ᠎ᠠ ᠮᠥᠴᠢᠷ ᠤᠨ | ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠭᠤᠷᠪᠠ᠂ ᠣᠯᠠᠨ ᠵᠦᠢᠯ ᠤᠨ ᠬᠡᠯᠪᠡᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠪᠦᠷᠢᠳᠬᠡᠯ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ | ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠠᠷᠭ᠎ᠠ ᠪᠠᠷᠢᠯ ᠤᠨ | ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠴᠢᠭᠯᠡᠭᠦᠯᠦᠯᠲᠦ ᠴᠢᠨᠠᠷ | ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠨ᠎ᠠ᠃ ᠨᠢᠭᠡ ᠳᠤ᠂ ᠰᠢᠨ᠎ᠡ ᠵᠠᠭᠤᠴᠢᠯᠠᠭᠤᠷ ᠢ ᠥᠷᠭᠡᠨ ᠢᠶᠠᠷ | ᠠᠰᠢᠭᠯᠠᠨ ᠤᠬᠠᠭᠤᠯᠭ᠎ᠠ ᠬᠢᠵᠦ᠂ ᠠᠮᠢᠳᠤᠯᠢᠭ ᠪᠥᠭᠡᠳ ᠰᠣᠨᠢᠷᠬᠠᠯᠲᠠᠶ ᠬᠠᠤᠯᠢ ᠲᠦᠭᠡᠮᠡᠯᠵᠢᠭᠦᠯᠬᠦ ᠣᠬᠤᠷ ᠸᠢᠳᠢᠣ᠋ | ᠵᠣᠬᠢᠶᠠᠵᠤ᠂ ᠰᠦᠯᠵᠢᠶᠡᠨ ᠳᠡᠭᠡᠷ᠎ᠡ ᠬᠠᠤᠯᠢ ᠲᠦᠭᠡᠮᠡᠯᠵᠢᠭᠦᠯᠬᠦ ᠶᠢ ᠥᠷᠨᠢᠭᠦᠯᠵᠦ᠂ ᠰᠢᠨ᠎ᠡ ᠵᠠᠭᠤᠴᠢᠯᠠᠭᠤᠷ ᠤᠨ | ᠮᠡᠷᠭᠡᠵᠢᠯ ᠢ ᠠᠰᠢᠭᠯᠠᠨ ᠬᠠᠤᠯᠢ ᠲᠦᠭᠡᠮᠡᠯᠵᠢᠭᠦᠯᠬᠦ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ | ᠳᠡᠭᠡᠭᠰᠢᠯᠡᠬᠦᠯᠪᠡ᠃ ᠬᠤᠶᠠᠷ ᠲᠤ᠂ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ | ᠰᠦᠯᠵᠢᠶᠡᠨ ᠭᠠᠳᠠᠨᠠᠬᠢ ᠤᠬᠠᠭᠤᠯᠭ᠎ᠠ ᠶᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ᠂ ︽ | 12.8︾ ᠲᠤᠭ᠎ᠠ ᠪᠦᠷᠢᠳᠬᠡᠯ ᠤᠨ ᠬᠠᠤᠯᠢ ᠶᠢ ᠨᠡᠶᠢᠲᠡᠯᠡᠭᠰᠡᠨ ᠳᠤᠷᠠᠰᠬᠠᠯ ᠤᠨ ᠡᠳᠦᠷ ᠵᠡᠷᠭᠡ ᠲᠤᠬᠠᠶ ᠶᠢᠨ | ᠲᠠᠯᠠᠪᠠᠶ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ | ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ | ᠦᠷᠭᠡᠳᠭᠡᠪᠡ᠃ ᠭᠤᠷᠪᠠ ᠳᠤ᠂ ᠡᠳᠦᠷ ᠲᠤᠲᠤᠮ ᠤᠨ ᠠᠵᠢᠯ ᠤᠨ ᠳᠤᠮᠳᠠ ︽ᠰᠢᠭᠢᠳᠬᠡᠯᠳᠦ ᠮᠠᠶ᠋ᠢᠭ︾ ᠤᠨ ᠬᠠᠤᠯᠢ | ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ | ᠤᠬᠠᠭᠤᠯᠭ᠎ᠠ ᠬᠢᠭᠡᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠭ᠎ᠠ ᠪᠠᠷᠢᠮᠲᠠ ᠶᠢ ᠬᠠᠷᠭᠤᠭᠤᠯᠤᠨ | ᠪᠠᠶᠢᠴᠠᠭᠠᠬᠤ ᠵᠡᠷᠭᠡ ᠠᠵᠢᠯ ᠢ ᠬᠠᠷᠢᠯᠴᠠᠨ ᠤᠶᠠᠯᠳᠤᠭᠤᠯᠵᠤ᠂ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ᠂ | ᠤᠬᠠᠭᠤᠯᠭ᠎ᠠ ᠶᠢᠨ ᠳᠡᠪᠲᠡᠷ ᠵᠡᠷᠭᠡ ᠮᠠᠲ᠋ᠧᠷᠢᠶᠠᠯ ᠢ ᠲᠤᠬᠠᠶ ᠶᠢᠨ ᠲᠠᠯᠠᠪᠠᠶ ᠳᠤ ᠲᠠᠷᠬᠠᠭᠠᠨ ᠥᠭᠴᠦ᠂ ᠠᠵᠤ ᠠᠬᠤᠶᠢᠯᠠᠯ | ᠵᠡᠷᠭᠡ ᠪᠠᠶᠢᠴᠠᠭᠠᠭᠳᠠᠬᠤ ᠡᠲᠡᠭᠡᠳ ᠲᠤ ᠬᠠᠨᠳᠤᠭᠤᠯᠤᠨ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠥᠷᠨᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠣᠶᠢᠯᠠᠭᠠᠯᠲᠠ ᠪᠠ | ᠳᠡᠮᠵᠢᠯᠭᠡ ᠶᠢ ᠨᠡᠮᠡᠭᠳᠡᠭᠦᠯᠦᠨ᠎ᠡ᠃ |