︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠪᠣᠯᠤᠨ ︽ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠣᠷᠣᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠵᠤᠬᠢᠶᠠᠨ | ᠪᠠᠶᠢᠭᠤᠯᠤᠨ ᠦᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ | ᠰᠠᠷ᠎ᠠ ᠶᠢᠨ 31 ᠤ ᠡᠳᠦᠷ ᠪᠣᠯᠤᠨ᠎ᠠ᠂ ᠨᠡᠶᠢᠳᠡᠮ ᠪᠠᠶᠢᠴᠠᠭᠠᠯᠲᠠ ᠶᠢᠨ ᠴᠠᠭ ᠬᠤᠭᠤᠴᠠᠭᠠᠨ ᠤ ᠮᠠᠲ᠋ᠧᠷᠢᠶᠠᠯ ᠨᠢ | 2023 ᠣᠨ ᠪᠣᠯᠤᠨ᠎ᠠ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠪᠦᠬᠦ ᠣᠷᠣᠨ ᠤ ᠬᠤᠶᠠᠳᠤᠭᠠᠷ ᠠᠵᠤ | ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠬᠦ ᠪᠦᠬᠦ ᠬᠠᠤᠯᠢ ᠶᠢᠨ ᠡᠷᠬᠡᠲᠡᠨ ᠤ ᠨᠢᠭᠡᠴᠡ᠂ | ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠵᠢᠯᠣᠭᠤᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠤᠤᠷ᠎ᠠ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠥᠷᠭᠡᠨ ᠣᠯᠠᠨ ᠨᠡᠶᠢᠳᠡᠮ | ᠪᠠᠶᠢᠴᠠᠭᠠᠯᠲᠠ ᠶᠢᠨ ᠠᠵᠢᠯᠲᠠᠨ ᠤ ᠬᠤᠶᠠᠷ ᠵᠢᠯ ᠤᠨ ᠲᠤᠷᠰᠢᠬᠢ ᠬᠠᠮᠲᠤ ᠶᠢᠨ ᠴᠢᠷᠮᠠᠶᠢᠯᠭ᠎ᠠ᠂ ᠨᠡᠶᠢᠳᠡᠮ | ᠪᠠᠶᠢᠴᠠᠭᠠᠯᠲᠠ ᠶᠢᠨ ᠡᠲᠡᠭᠡᠳ ᠤᠨ ᠢᠳᠡᠪᠬᠢᠲᠡᠶ ᠬᠠᠮᠵᠢᠯᠴᠠᠭ᠎ᠠ ᠶᠢᠨ ᠳᠤᠤᠷ᠎ᠠ᠂ ᠮᠠᠨ ᠤ ᠣᠷᠣᠨ ᠤ ᠲᠠᠪᠤᠳᠤᠭᠠᠷ | ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠬᠦ | ᠲᠦᠰᠦᠪ ᠲᠣᠭᠲᠠᠭᠠᠬᠤ᠂ ᠨᠢᠭᠡᠴᠡ ᠶᠢ ᠢᠯᠭᠠᠷᠠᠭᠤᠯᠤᠨ ᠪᠠᠶᠢᠴᠠᠭᠠᠬᠤ᠂ ᠨᠡᠶᠢᠳᠡᠮ ᠪᠠᠶᠢᠴᠠᠭᠠᠵᠤ ᠳᠠᠩᠰᠠᠯᠠᠬᠤ᠂ | ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ ᠦᠨᠡᠯᠡᠨ ᠵᠢᠱᠢᠬᠦ | ᠵᠡᠷᠭᠡ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠵᠦ᠂ ᠢᠯᠡᠷᠬᠡᠶ ᠠᠮᠵᠢᠯᠲᠠ ᠣᠯᠪᠠ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ | 2023 ᠣᠨ ᠤ 4 ᠳ᠋ᠤᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠪᠠᠶᠢᠭᠤᠯᠤᠭᠳᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠣᠭᠢᠷᠠᠭᠤᠯᠵᠤ᠂ ᠪᠥᠬᠦ ᠣᠷᠣᠨ ᠤ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠶ | ᠲᠥᠯᠥᠪᠯᠡᠵᠡᠶ᠃ ︽ᠪᠦᠬᠦ ᠤᠯᠤᠰ ᠠᠴᠠ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ ᠠᠵᠢᠯ ᠢᠶᠠᠨ | ᠬᠤᠪᠢᠳᠠᠨ ᠬᠠᠮᠵᠢᠯᠴᠠᠬᠤ᠂ ᠣᠷᠣᠨ ᠨᠤᠲᠤᠭ ᠤᠨ ᠬᠢᠨ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ | ᠬᠠᠮᠲᠤᠪᠠᠷ ᠣᠷᠣᠯᠴᠠᠬᠤ︾ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠠᠷᠴᠢᠮ ᠶᠣᠰᠣᠭᠠᠷ᠂ | ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠴᠥᠮ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ | ᠥᠷᠨᠢᠭᠦᠯᠬᠦ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠨ᠂ ᠨᠠᠷᠢᠨ ᠨᠢᠮᠪᠠᠶ | ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠠᠵᠢᠯᠲᠠᠨ ᠢ ᠪᠣᠳᠠᠲᠠᠶᠢᠵᠢᠭᠤᠯᠬᠤ᠂ ᠵᠠᠷᠤᠳᠠᠯ ᠢ ᠪᠣᠳᠠᠲᠠᠶᠢᠵᠢᠭᠤᠯᠬᠤ᠂ | ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠪᠠ᠃ ᠨᠡᠶᠢᠳᠡᠮ ᠪᠠᠶᠢᠴᠠᠭᠠᠯᠲᠠ ᠶᠢᠨ ᠠᠵᠢᠯ ᠳᠤ ᠣᠷᠣᠯᠴᠠᠭᠰᠠᠨ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ | ᠭᠦᠢᠴᠡᠳᠬᠡᠵᠦ᠂ ᠲᠤᠰ ᠲᠤᠰ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢ ᠴᠢᠩᠭᠠᠷᠠᠭᠤᠯᠵᠤ᠂ ᠣᠯᠠᠨ ᠲᠠᠯ᠎ᠠ ᠶᠢᠨ ᠪᠠᠲᠤᠯᠠᠭ᠎ᠠ ᠬᠠᠩᠭᠠᠨ᠂ ᠨᠡᠶᠢᠳᠡᠮ ᠪᠠᠶᠢᠴᠠᠭᠠᠯᠲᠠ ᠶᠢᠨ | ᠤᠷᠤᠭᠰᠢᠲᠠᠶ ᠬᠡᠷᠡᠭᠵᠢᠭᠦᠯᠦᠭᠳᠡᠬᠦ ᠶᠢ ᠬᠠᠮᠲᠤᠪᠠᠷ ᠲᠦᠯᠬᠢᠨ ᠠᠬᠢᠭᠤᠯᠪᠠ᠃ | ᠬᠤᠶᠠᠷ᠂ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠪᠠ᠃ | 2024 ᠣᠨ ᠤ 1 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ | ᠣᠷᠣᠨ ᠤ 3.7 ᠲᠦᠮᠡᠨ ᠨᠡᠶᠢᠳᠡᠮ ᠪᠠᠶᠢᠴᠠᠭᠠᠭᠴᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠤᠳᠬᠠᠵᠤ᠂ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠮᠠᠨ ᠤ ᠣᠷᠣᠨ ᠤ ᠬᠢᠯᠢ ᠳᠣᠲᠣᠷᠠᠬᠢ ᠬᠤᠶᠠᠳᠤᠭᠠᠷ ᠠᠵᠤ ᠦᠢᠯᠡᠰ ᠪᠣᠯᠤᠨ | ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠬᠠᠤᠯᠢ ᠶᠢᠨ ᠡᠷᠬᠡᠲᠡᠨ ᠤ ᠨᠢᠭᠡᠴᠡ᠂ ᠠᠵᠤ | ᠦᠢᠯᠡᠰ ᠤᠨ ᠠᠵᠢᠯᠯᠠᠭᠠᠨ ᠤ ᠨᠢᠭᠡᠴᠡ ᠪᠠ ᠰᠣᠩᠭᠤᠨ ᠠᠪᠤᠭᠰᠠᠨ ᠬᠤᠪᠢ ᠶᠢᠨ ᠡᠵᠡᠩᠨᠡᠯᠲᠡ ᠶᠢᠨ ᠡᠷᠦᠬᠡ᠂ ᠵᠢᠴᠢ | ᠰᠣᠩᠭᠤᠭᠰᠠᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠨᠢᠭᠡᠴᠡ ᠳᠤ ᠨᠡᠶᠢᠳᠡᠮ ᠪᠠᠶᠢᠴᠠᠭᠠᠯᠲᠠ ᠶᠢᠨ | ᠳᠠᠩᠰᠠᠯᠠᠯ ᠢ ᠠᠯᠬᠤᠮ ᠠᠯᠬᠤᠮ ᠢᠶᠠᠷ ᠪᠡᠶᠡᠯᠡᠬᠦᠯᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠠᠳᠠᠯᠢ ᠪᠤᠰᠤ | ᠲᠥᠷᠥᠯ ᠵᠦᠢᠯ ᠢ ᠦᠨᠳᠦᠰᠦᠯᠡᠨ᠂ ᠲᠡᠭᠦᠨ ᠤ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ | ᠠᠵᠢᠯᠲᠠᠨ ᠤ ᠴᠠᠯᠢᠩ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ | ᠰᠤᠷᠪᠤᠯᠵᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ᠂ ᠰᠤᠳᠤᠯᠤᠨ | ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢ ᠬᠤᠯᠪᠣᠭᠠᠨ ᠤ ᠮᠡᠷᠭᠡᠵᠢᠯ ᠤᠨ ᠬᠡᠷᠡᠭᠯᠡᠯᠲᠡ ᠪᠠ ᠲᠣᠭᠠᠴᠢᠯᠠᠭᠰᠠᠨ ᠬᠡᠯᠪᠡᠷᠢ | ᠬᠤᠪᠢᠷᠠᠭᠠᠯᠲᠠ ᠶᠢᠨ ᠪᠠᠶᠢᠳᠠᠯ᠂ ᠲᠣᠭᠠᠴᠢᠯᠠᠭᠰᠠᠨ ᠠᠵᠤ ᠠᠬᠤᠶ ᠶᠢᠨ ᠠᠵᠢᠯᠯᠠᠭ᠎ᠠ᠂ ᠣᠷᠣᠭᠤᠯᠤᠯᠲᠠ ᠭᠠᠷᠭᠠᠯᠲᠠ ᠶᠢᠨ | ᠪᠠᠶᠢᠳᠠᠯ ᠵᠡᠷᠭᠡ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠴᠤᠭᠯᠠᠭᠤᠯᠪᠠ᠃ ᠡᠨᠡ ᠤᠳᠠᠭᠠᠨ ᠤ ᠨᠡᠶᠢᠳᠡᠮ | ᠪᠠᠶᠢᠴᠠᠭᠠᠯᠲᠠ ᠪᠠᠷ ᠳᠠᠮᠵᠢᠨ᠂ ᠮᠠᠨ ᠤ ᠣᠷᠣᠨ ᠤ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ | ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠭᠤᠯᠤᠯ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ | ᠪᠠᠶᠢᠴᠠᠭᠠᠵᠤ᠂ ᠡᠯ᠎ᠡ ᠲᠥᠷᠥᠯ ᠤᠨ ᠨᠢᠭᠡᠴᠡ ᠶᠢᠨ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠤᠯᠤᠰ | ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠶ ᠶᠢᠨ ᠬᠠᠷᠢᠴᠠᠭ᠎ᠠ ᠶᠢ | ᠡᠵᠡᠮᠰᠢᠪᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠣᠳᠣᠬᠢᠴᠢᠯᠠᠭᠰᠠᠨ ᠠᠵᠤ ᠠᠬᠤᠶ ᠶᠢᠨ | ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠥᠬᠦᠶ | ᠭᠠᠳᠠᠭᠠᠳᠤ ᠨᠡᠭᠡᠭᠡᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ | ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠪᠠ᠃ | ᠭᠤᠷᠪᠠ᠂ ᠰᠢᠨᠵᠢᠯᠡᠬᠦ ᠤᠬᠠᠭᠠᠨᠴᠢ ᠵᠢᠷᠤᠮᠵᠢᠭᠤᠨ ᠬᠡᠷᠡᠭᠵᠢᠬᠦᠯᠪᠡ᠃ | ᠤᠳᠠᠭ᠎ᠠ ᠪᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠮᠵᠢᠯᠲᠠ ᠲᠠᠢ ᠲᠤᠷᠰᠢᠯᠭ᠎ᠠ ᠪᠠᠷ ᠭᠦᠢᠴᠡᠳ ᠲᠣᠯᠢ | ᠪᠣᠯᠭᠠᠭᠰᠠᠨ ᠰᠠᠭᠤᠷᠢᠨ ᠳᠡᠭᠡᠷ᠎ᠡ᠂ ᠪᠦᠬᠦ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠨᠠᠷᠢᠯᠢᠭᠵᠢᠭᠤᠯᠤᠨ᠂ ᠨᠡᠶᠢᠳᠡᠮ | ᠪᠠᠶᠢᠴᠠᠭᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠵᠢᠷᠤᠮᠵᠢᠯ ᠤᠨ ᠴᠢᠨᠠᠷ ᠢ ᠬᠦᠴᠦᠯᠡᠨ ᠳᠡᠭᠡᠭᠰᠢᠯᠡᠬᠦᠯᠪᠡ᠃ | ᠦᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠳᠣᠷᠣᠭᠰᠢ ᠥᠪᠡᠷᠲᠡᠭᠡᠨ ᠵᠠᠰᠠᠬᠤ ᠣᠷᠣᠨ ᠤ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠭᠡᠵᠦ ᠲᠣᠪᠴᠢᠯᠠᠨ᠎ᠠ︶ ᠤᠷᠢᠳ ᠬᠤᠵᠢᠳ ︽ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠦᠰᠦᠪ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠦᠰᠦᠪ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠵᠢᠯ ᠤᠨ ᠪᠡᠯᠡᠳᠬᠡᠯ | ᠲᠦᠰᠦᠪ︾ ᠵᠡᠷᠭᠡ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ᠂ ᠪᠥᠬᠦ ᠣᠷᠣᠨ ᠤ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠮᠬᠢ ᠵᠢᠷᠤᠮ ᠲᠠᠢ ᠥᠷᠨᠢᠭᠦᠯᠬᠦ ᠳᠤ ᠲᠦᠷᠢᠮ ᠤᠨ ᠪᠠᠲᠤᠯᠠᠭ᠎ᠠ ᠬᠠᠩᠭᠠᠪᠠ᠃ | ᠠᠷᠭ᠎ᠠ ᠶᠢ ᠬᠡᠷᠡᠭᠯᠡᠬᠦ ᠲᠠᠯ᠎ᠠ ᠪᠠᠷ᠂ ᠤᠷᠢᠳᠠᠪᠠᠷ ᠨᠢᠭᠡᠴᠡ ᠶᠢ ᠢᠯᠭᠠᠷᠠᠭᠤᠯᠤᠨ ᠪᠠᠶᠢᠴᠠᠭᠠᠵᠤ ᠳᠠᠷᠠᠭ᠎ᠠ ᠨᠢ ᠨᠡᠶᠢᠳᠡᠮ | ᠪᠠᠶᠢᠴᠠᠭᠠᠯᠲᠠ ᠶᠢᠨ ᠳᠠᠩᠰᠠᠯᠠᠯ ᠬᠢᠬᠦ ᠠᠷᠭ᠎ᠠ ᠮᠠᠶ᠋ᠢᠭ ᠢ ᠠᠪᠴᠤ᠂ ᠮᠠᠨ ᠤ ᠣᠷᠣᠨ ᠤ ᠬᠡᠪᠴᠢᠶᠡᠨ ᠳᠣᠲᠣᠷᠠᠬᠢ ᠪᠦᠬᠦ | ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠣᠯᠤᠨ ᠬᠤᠶᠠᠳᠤᠭᠠᠷ ᠠᠵᠤ | ᠦᠢᠯᠡᠰ᠂ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠬᠤᠪᠢ ᠶᠢᠨ ᠡᠵᠡᠩᠨᠡᠯᠲᠡ ᠶᠢᠨ | ᠡᠷᠦᠬᠡ ᠳᠤ ᠲᠤᠶᠢᠯᠪᠤᠷᠢᠲᠡᠢ ᠢᠯᠭᠠᠷᠠᠭᠤᠯᠤᠨ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ | ᠡᠲᠡᠭᠡᠳ ᠤᠨ ᠲᠥᠷᠥᠯ ᠬᠡᠯᠪᠡᠷᠢ ᠶᠢ ᠵᠠᠭᠠᠭᠯᠠᠨ ᠲᠣᠭᠲᠠᠭᠠᠬᠤ ᠳᠠᠭᠠᠨ ᠣᠨᠣᠪᠴᠢᠲᠠᠶ᠂ ᠨᠡᠶᠢᠳᠡᠮ ᠪᠠᠶᠢᠴᠠᠭᠠᠯᠲᠠ ᠶᠢᠨ | ᠨᠢᠭᠡᠴᠡ ᠶᠢ ᠳᠠᠪᠬᠤᠷᠳᠠᠭᠤᠯᠬᠤ ᠦᠭᠡᠶ ᠣᠷᠬᠢᠭᠳᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠪᠠ᠃ ᠨᠢᠭᠡᠴᠡ ᠶᠢ | ᠢᠯᠭᠠᠷᠠᠭᠤᠯᠤᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ | ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠬᠠᠤᠯᠢ ᠶᠢᠨ ᠡᠷᠬᠡᠲᠡᠨ ᠤ ᠨᠢᠭᠡᠴᠡ ᠪᠣᠯᠤᠨ ᠠᠵᠤ ᠦᠢᠯᠡᠰ ᠤᠨ | ᠠᠵᠢᠯᠯᠠᠭ᠎ᠠ ᠶᠢᠨ ᠨᠢᠭᠡᠴᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠤᠪᠢ ᠶᠢᠨ ᠡᠵᠡᠩᠨᠡᠯᠲᠡ ᠶᠢᠨ ᠡᠷᠦᠬᠡ ᠳᠤ | ᠦᠯᠢᠭᠡᠷ ᠠᠪᠴᠤ ᠪᠠᠶᠢᠴᠠᠭᠠᠯᠲᠠ ᠬᠢᠵᠦ᠂ ᠰᠣᠩᠭᠤᠭᠰᠠᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ | ᠨᠢᠭᠡᠴᠡ ᠳᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠡᠷᠭᠡ ᠳᠤᠨᠢ ᠦᠷᠨᠢᠬᠦᠯᠪᠡ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠤᠰ ᠠᠵᠢᠯ ᠲᠥᠷᠥᠯ ᠤᠨ ᠢᠶᠠᠨ ᠬᠦᠷᠢᠶᠡᠨ ᠳᠠᠬᠢ ᠨᠡᠶᠢᠳᠡᠮ ᠪᠠᠶᠢᠴᠠᠭᠠᠭᠳᠠᠬᠤ ᠡᠲᠡᠭᠡᠳ ᠲᠤ | ᠪᠠᠶᠢᠴᠠᠭᠠᠯᠲᠠ ᠬᠢᠪᠡ᠃ ᠮᠡᠷᠭᠡᠵᠢᠯ ᠤᠨ ᠠᠷᠭ᠎ᠠ ᠪᠠᠷᠢᠯ ᠤᠨ ᠲᠠᠯ᠎ᠠ ᠪᠠᠷ᠂ ᠪᠥᠬᠦ ᠤᠯᠤᠰ ᠤᠨ ᠨᠢᠭᠡᠳᠦᠯᠲᠡᠶ᠂ ᠬᠤᠷᠠᠮᠠᠯ | ᠥᠨᠳᠥᠷ ᠪᠦᠲᠦᠮᠵᠢᠲᠡᠶ᠂ ᠠᠮᠤᠷ ᠲᠦᠪᠰᠢᠨ ᠨᠠᠶᠢᠳᠠᠪᠤᠷᠢᠲᠠᠶ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠴᠤᠭᠯᠠᠭᠤᠯᠤᠨ ᠰᠢᠢᠳᠪᠦᠷᠢᠯᠡᠬᠦ ᠲᠠᠪᠴᠠᠩ ᠢ ᠠᠰᠢᠭᠯᠠᠨ᠂ ᠰᠢᠯᠵᠢᠮᠡᠯ ᠦᠵᠦᠭᠦᠷ ᠬᠡᠷᠡᠭᠯᠡᠭᠡᠨ ᠤ ᠵᠢᠵᠢᠭ ᠫᠷᠤᠭ᠍ᠷᠠᠮ ᠢ | ᠬᠡᠷᠡᠭᠯᠡᠨ ᠦᠨᠳᠦᠰᠦᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠵᠤ᠂ ᠨᠡᠶᠢᠳᠡᠮ | ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠶᠢ ᠳᠡᠮᠵᠢᠵᠦ᠂ | ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ | ᠬᠡᠷᠡᠭᠯᠡᠯᠲᠡ ᠶᠢ ᠠᠬᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠠᠮᠢᠶᠠᠷᠤᠯᠲᠠ ᠬᠢᠭᠡᠳ ᠪᠣᠯᠪᠠᠰᠤᠷᠠᠯ ᠤᠨ | ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠪᠡ᠃ ᠮᠠᠨ ᠤ ᠣᠷᠣᠨ AI ᠤᠶᠤᠨᠲᠤ ᠠᠪᠢᠶ᠎ᠠ ᠶᠢᠨ | ᠳᠠᠭᠤᠳᠠᠯᠲᠠ᠂ ᠶᠡᠭᠡ ᠲᠤᠭ᠎ᠠ ᠪᠠᠷᠢᠮᠲᠠ ᠶᠢᠨ ᠬᠠᠪᠰᠤᠷᠤᠮᠵᠢ ᠪᠠᠶᠢᠴᠠᠭᠠᠯᠲᠠ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠪᠠᠷ | ᠰᠢᠨ᠎ᠡ ᠶᠢ ᠡᠭᠦᠳᠦᠨ ᠬᠡᠷᠡᠭᠯᠡᠵᠦ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠲᠤᠭ᠎ᠠ ᠪᠦᠷᠢᠳᠬᠡᠯ ᠤᠨ | ᠲᠦᠷᠢᠮ ᠤᠨ ᠠᠷᠭ᠎ᠠ ᠶᠢ ᠰᠠᠶᠢᠵᠢᠷᠠᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠲᠤᠭ᠎ᠠ ᠪᠦᠷᠢᠳᠬᠡᠯ ᠤᠨ ᠬᠢᠨᠠᠨ | ᠬᠡᠮᠵᠢᠯᠲᠡ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ | ᠳᠥᠷᠪᠡ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃ | ᠪᠥᠬᠦ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ | ᠪᠥᠬᠦ ᠶᠠᠪᠤᠴᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠶᠢ ᠬᠡᠷᠡᠭᠵᠢᠬᠦᠯᠪᠡ᠃ ᠥᠪᠡᠷᠲᠡᠭᠡᠨ ᠵᠠᠰᠠᠬᠤ | ᠣᠷᠣᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠶᠠᠰᠤ ᠴᠢᠨᠠᠷ ᠤᠨ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠲᠤᠭ᠎ᠠ | ᠪᠠᠷᠢᠮᠲᠠ ᠶᠢᠨ ᠶᠠᠰᠤ ᠴᠢᠨᠠᠷ ᠤᠨ ᠲᠤᠰᠬᠠᠶ ᠪᠠᠶᠢᠴᠠᠭᠠᠯᠲᠠ ᠶᠢ ᠱᠠᠲᠤ ᠦᠶ᠎ᠡ ᠬᠤᠪᠢᠶᠠᠨ ᠦᠷᠨᠢᠬᠦᠯᠪᠡ᠃ ᠡᠯ᠎ᠡ | ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠡᠬᠢ ᠢᠷᠡᠯᠲᠡ ᠶᠢᠨ ᠲᠤᠭ᠎ᠠ ᠪᠠᠷᠢᠮᠲᠠ ᠶᠢᠨ ᠶᠠᠰᠤ | ᠴᠢᠨᠠᠷ ᠢ ᠴᠢᠩᠭ᠎ᠠ ᠠᠳᠬᠤᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠡᠭᠡᠭᠰᠢ | ᠮᠡᠳᠡᠭᠦᠯᠬᠦ ᠶᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠡᠬᠢ ᠢᠷᠡᠯᠲᠡ ᠶᠢᠨ ᠲᠤᠭ᠎ᠠ ᠪᠠᠷᠢᠮᠲᠠ ᠶᠢ | ᠥᠪᠡᠰᠦᠪᠡᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ ᠥᠷᠨᠢᠭᠦᠯᠵᠦ᠂ ᠬᠠᠮᠲᠤᠷᠠᠨ ᠬᠥᠳᠡᠯᠦᠯᠴᠡᠵᠦ ᠬᠢᠨᠠᠨ | ᠬᠠᠷᠭᠤᠭᠤᠯᠬᠤ ᠶᠢ ᠪᠠᠷᠢᠮᠲᠠᠯᠠᠨ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠠᠤᠯᠢ ᠰᠠᠬᠢᠯᠭ᠎ᠠ ᠠᠴᠠ ᠵᠥᠷᠢᠴᠡᠭᠰᠡᠨ | ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ | ᠪᠠᠲᠤᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠣᠬᠢᠶᠠᠨ | ᠪᠠᠶᠢᠭᠤᠯᠤᠭᠰᠠᠨ ᠪᠦᠬᠦ ᠤᠯᠤᠰ ᠤᠨ ᠬᠡᠷᠡᠭ ᠤᠨ ᠳᠠᠷᠠᠭᠠᠬᠢ ᠶᠠᠰᠤ ᠴᠢᠨᠠᠷ ᠤᠨ ᠰᠤᠭᠤᠴᠢᠨ ᠪᠠᠶᠢᠴᠠᠭᠠᠯᠲᠠ ᠳᠤ᠂ | ᠮᠠᠨ ᠤ ᠣᠷᠣᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠨᠢ ᠤᠯᠤᠰ ᠤᠨ ᠶᠠᠰᠤ ᠴᠢᠨᠠᠷ ᠢ | ᠡᠵᠡᠮᠳᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃ | ᠶᠡᠷᠦᠩᠬᠡᠶ ᠳᠤᠨᠢ ᠠᠪᠴᠤ ᠦᠵᠡᠪᠡᠯ᠂ ᠪᠥᠬᠦ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠨᠢ ᠵᠢᠷᠤᠮᠵᠢᠭᠤᠨ | ᠪᠥᠭᠡᠳ ᠡᠮᠬᠢ ᠵᠢᠷᠤᠮ ᠲᠠᠢ᠂ ᠨᠡᠶᠢᠳᠡᠮ ᠪᠠᠶᠢᠴᠠᠭᠠᠯᠲᠠ ᠶᠢᠨ ᠶᠠᠪᠤᠴᠠ ᠨᠢ ᠢᠯᠡ ᠲᠣᠳᠣ ᠪᠠᠶᠢᠵᠤ᠂ ᠮᠠᠨ ᠤ | ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠪᠠᠶᠢᠳᠠᠯ ᠢ ᠪᠥᠬᠦ ᠲᠠᠯ᠎ᠠ ᠪᠠᠷ | ᠲᠣᠳᠣᠷᠬᠠᠶ ᠣᠶᠢᠯᠠᠭᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠡᠨ | ᠪᠣᠳᠠᠲᠠᠶ ᠪᠠᠷ ᠲᠤᠰᠬᠠᠵᠤ᠂ ᠵᠢᠱᠢᠭᠰᠡᠨ ᠬᠠᠷᠠᠯᠲᠠ ᠳᠤ ᠬᠥᠷᠪᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠳᠤ | ᠢᠯᠡᠷᠡᠭᠦᠯᠦᠭᠰᠡᠨ ᠢᠶᠠᠷ᠂ 2023 ᠣᠨ ᠤ ᠡᠴᠦᠰ ᠲᠤ᠂ ᠪᠥᠬᠦ ᠣᠷᠣᠨ ᠳᠤ ᠬᠤᠶᠠᠳᠤᠭᠠᠷ ᠠᠵᠤ ᠦᠢᠯᠡᠰ ᠪᠠ | ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠬᠠᠤᠯᠢ ᠶᠢᠨ ᠡᠷᠬᠡᠲᠡᠨ ᠤ ᠨᠢᠭᠡᠴᠢ ᠨᠡᠶᠢᠲᠡ | 40.9 ᠲᠦᠮᠡ ᠪᠠᠶᠢᠵᠤ᠂ 2018 ᠣᠨ ᠤ ᠡᠴᠦᠰ ︵2018 ᠣᠨ ᠪᠣᠯ ᠳᠥᠷᠪᠡᠳᠦᠭᠡᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠣᠨ ᠪᠣᠯᠤᠨ᠎ᠠ᠂ ᠳᠣᠷᠣᠭᠰᠢ ᠠᠳᠠᠯᠢ︶ ᠲᠠᠢ | ᠬᠠᠷᠢᠴᠠᠭᠤᠯᠪᠠᠯ᠂ 37.5% ᠪᠠᠷ ᠨᠡᠮᠡᠭᠳᠡᠵᠦ᠂ ᠠᠵᠢᠯᠯᠠᠵᠤ ᠪᠠᠶᠢᠭ᠎ᠠ ᠬᠥᠮᠦᠨ 549.0 ᠲᠦᠮᠡ ᠪᠠᠶᠢᠵᠤ᠂ | 15.0% ᠢᠶᠠᠷ ᠨᠡᠮᠡᠭᠳᠡᠵᠡᠶ︔ ᠬᠤᠪᠢ ᠶᠢᠨ ᠡᠵᠡᠩᠨᠡᠯᠲᠡ ᠶᠢᠨ ᠡᠷᠦᠬᠡ 165.2 ᠲᠦᠮᠡ ᠪᠠᠶᠢᠵᠤ᠂ ᠠᠵᠢᠯ | ᠡᠷᠭᠢᠯᠡᠭᠰᠡᠳ 262.0 ᠲᠦᠮᠡ ᠪᠠᠶᠢᠨ᠎ᠠ᠃ | |