ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ︵ᠬᠤᠶᠠᠷ︶ ---- ᠨᠢᠭᠡᠴᠡ ᠶᠢᠨ ᠦᠨᠳᠦᠰᠦᠨ ᠪᠠᠶᠢᠳᠠᠯ
ᠨᠡᠶᠢᠲᠡᠯᠡᠭᠰᠡᠨ ᠴᠠᠭ᠄
2025/3/20
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠳᠦᠭᠡ ᠮᠠᠨ ᠤ ᠣᠷᠣᠨ ᠤ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠨᠢᠭᠡᠴᠡ ᠶᠢᠨ ᠪᠠᠶᠢᠳᠠᠯ᠂ ᠠᠵᠢᠯᠯᠠᠭᠰᠠᠳ᠂ ᠡᠳ᠋ ᠬᠥᠷᠥᠩᠭᠡ ᠶᠢᠨ ᠥᠷᠢᠲᠦᠯ ᠤᠨ ᠪᠠᠶᠢᠳᠠᠯ ᠪᠣᠯᠤᠨ ᠡᠵᠡᠩᠨᠡᠯᠲᠡ ᠶᠢᠨ ᠣᠷᠣᠯᠭ᠎ᠠ ᠶᠢ ᠳᠣᠣᠷᠠᠬᠢ ᠮᠡᠲᠦᠨᠡᠶᠢᠲᠡᠯᠡᠪᠡ᠄    ᠨᠢᠭᠡ᠂ ᠨᠢᠭᠡᠴᠡ ᠶᠢᠨ ᠪᠠᠶᠢᠳᠠᠯ    2023 ᠣᠨ ᠤ ᠡᠴᠦᠰ ᠲᠤ᠂ ᠪᠥᠬᠦ ᠣᠷᠣᠨ ᠳᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ  ᠦᠢᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠬᠠᠤᠯᠢ ᠶᠢᠨ ᠡᠷᠬᠡᠲᠡᠨ ᠤ ᠨᠢᠭᠡᠴᠡ ᠨᠡᠶᠢᠲᠡ 40.9 ᠲᠦᠮᠡ ᠪᠠᠶᠢᠵᠤ᠂ 2018 ᠣᠨ ᠤ ᠡᠴᠦᠰ ᠤᠨ ᠬᠢ ᠠᠴᠠ 11.1 ᠲᠦᠮᠡ ᠨᠡᠮᠡᠭᠳᠡᠵᠦ᠂ 37.5% ᠪᠠᠷ ᠨᠡᠮᠡᠭᠳᠡᠪᠡ︔ ᠠᠵᠤ ᠦᠢᠯᠡᠰ ᠤᠨ ᠠᠵᠢᠯᠯᠠᠭᠠᠨ ᠤ ᠨᠢᠭᠡᠴᠡ 46.2 ᠲᠦᠮᠡ ᠪᠣᠯᠵᠤ᠂ 11.2 ᠲᠦᠮᠡ ᠨᠡᠮᠡᠭᠳᠡᠵᠦ᠂ 32.1% ᠪᠠᠷ ᠨᠡᠮᠡᠭᠳᠡᠪᠡ︔ ᠬᠤᠪᠢ ᠶᠢᠨ ᠡᠵᠡᠩᠨᠡᠯᠲᠡ ᠶᠢᠨ ᠡᠷᠦᠬᠡ 165.2 ᠲᠦᠮᠡ ᠪᠣᠯᠵᠣ᠂ 47.3 ᠲᠦᠮᠡ ᠨᠡᠮᠡᠭᠳᠡᠨ᠂ 40.1% ᠪᠠᠷ ᠨᠡᠮᠡᠭᠳᠡᠵᠡᠶ ︵ᠨᠠᠷᠢᠨ ᠪᠠᠶᠢᠳᠠᠯ ᠢ ᠬᠦᠰᠦᠨᠦᠭᠲᠦ 2 - 1 ᠳᠤ ᠦᠵᠡ︶ ᠃    ᠬᠦᠰᠦᠨᠦᠭᠲᠦ 2 - 1    ᠨᠢᠭᠡᠴᠡ ᠶᠢᠨ ᠲᠤᠭ᠎ᠠ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠤᠭ᠎ᠠ 
1-1_03.png
    ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠳᠣᠲᠣᠷ᠎ᠠ᠂ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠠᠵᠢᠯ ᠲᠥᠷᠥᠯ ᠭᠡᠪᠡᠯ᠄ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ 11.7 ᠲᠦᠮᠡ ᠪᠠᠶᠢᠵᠤ᠂ 28.6% ᠶᠢ ᠡᠵᠡᠯᠡᠪᠡ︔ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ 5.6 ᠲᠦᠮᠡ ᠪᠠᠶᠢᠵᠤ᠂ 13.8% ᠶᠢ ᠡᠵᠡᠯᠡᠪᠡ︔ ᠪᠠᠷᠢᠯᠭ᠎ᠠ ᠶᠢᠨ ᠦᠢᠯᠡᠰ 4.7 ᠲᠦᠮᠡ ᠪᠠᠶᠢᠵᠤ᠂ 11.5% ᠶᠢ ᠡᠵᠡᠯᠡᠪᠡ᠃ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠳᠣᠲᠣᠷ᠎ᠠ᠂ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠠᠵᠢᠯ ᠲᠥᠷᠥᠯ ᠭᠡᠪᠡᠯ᠄ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ 69.0 ᠲᠦᠮᠡ ᠪᠠᠶᠢᠵᠤ᠂ 41.8% ᠶᠢ ᠡᠵᠡᠯᠡᠪᠡ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ 28.9 ᠲᠦᠮᠡ ᠪᠠᠶᠢᠵᠤ᠂ 17.5% ᠶᠢ ᠡᠵᠡᠯᠡᠪᠡ︔ ᠰᠠᠭᠤᠭᠠᠯᠢ ᠠᠷᠠᠳ ᠤᠨ ᠦᠢᠯᠡᠴᠢᠯᠡᠭᠡᠨ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ 19.8 ᠲᠦᠮᠡ ᠪᠠᠶᠢᠵᠤ᠂ 12.0% ᠶᠢ ᠡᠵᠡᠯᠡᠪᠡ ︵ᠨᠠᠷᠢᠨ ᠪᠠᠶᠢᠳᠠᠯ ᠢ ᠬᠦᠰᠦᠨᠦᠭᠲᠦ 2 - 2 ᠲᠤ ᠦᠵᠡ︶᠃    ᠬᠦᠰᠦᠨᠦᠭᠲᠦ 2 - 2 ᠠᠵᠢᠯ ᠲᠦᠷᠦᠯ ᠬᠤᠪᠢᠶᠠᠭᠰᠠᠨ ᠬᠠᠤᠯᠢ ᠶᠢᠨ ᠡᠷᠬᠡᠲᠡᠨ ᠤ ᠨᠢᠭᠡ ᠶᠢᠨ ᠲᠤᠭ᠎ᠠ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠤᠭ᠎ᠠ
1-1_02.png
    ᠬᠤᠶᠠᠷ᠂  ᠠᠵᠢᠯᠯᠠᠭᠰᠠᠳ    2023 ᠣᠨ ᠤ ᠡᠴᠦᠰ ᠲᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 549.0 ᠲᠦᠮᠡᠨ ᠬᠥᠮᠦᠨ ᠪᠣᠯᠵᠣ᠂ 2018 ᠣᠨ ᠤ ᠡᠴᠦᠰ ᠤᠨ ᠬᠢ ᠠᠴᠠ 71.5 ᠲᠦᠮᠡᠨ ᠬᠥᠮᠦᠨ ᠨᠡᠮᠡᠭᠳᠡᠵᠦ᠂ 15.0% ᠢᠶᠠᠷ ᠨᠡᠮᠡᠭᠳᠡᠪᠡ᠂ ᠡᠭᠦᠨ ᠳᠤ ᠡᠮᠡᠭᠲᠡᠶ ᠠᠵᠢᠯᠯᠠᠭᠰᠠᠳ 212.5 ᠲᠦᠮᠡᠨ ᠬᠥᠮᠦᠨ ᠪᠠᠶᠢᠨ᠎ᠠ᠃ ᠬᠤᠶᠠᠳᠤᠭᠠᠷ ᠠᠵᠤ ᠦᠢᠯᠡᠰ ᠲᠤ ᠠᠵᠢᠯᠯᠠᠭᠰᠠᠳ 168.4 ᠲᠦᠮᠡᠨ ᠬᠥᠮᠦᠨ ᠪᠠᠶᠢᠵᠤ᠂ 22.8 ᠲᠦᠮᠡᠨ ᠬᠥᠮᠦᠨ ᠨᠡᠮᠡᠭᠳᠡᠵᠦ᠂ 15.6% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠲᠤ ᠠᠵᠢᠯᠯᠠᠭᠰᠠᠳ 380.6 ᠲᠦᠮᠡᠨ ᠬᠥᠮᠦᠨ ᠪᠠᠶᠢᠵᠤ᠂ 48.7 ᠲᠦᠮᠡᠨ ᠬᠥᠮᠦᠨ ᠨᠡᠮᠡᠭᠳᠡᠵᠦ᠂ 14.7% ᠪᠠᠷ ᠨᠡᠮᠡᠭᠳᠡᠪᠡ᠃ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠠᠵᠢᠯᠯᠠᠭᠴᠢ 262.0 ᠲᠦᠮᠡ ᠪᠠᠶᠢᠵᠤ᠂ ᠡᠭᠦᠨ ᠳᠤ ᠡᠮᠡᠭᠲᠡᠶ ᠠᠵᠢᠯᠯᠠᠭᠴᠢ 121.4 ᠲᠦᠮᠡ ᠪᠠᠶᠢᠨ᠎ᠠ᠃    ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ ᠤᠨ ᠳᠣᠲᠣᠷ᠎ᠠ᠂ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠠᠵᠢᠯ ᠲᠥᠷᠥᠯ ᠭᠡᠪᠡᠯ᠄  ᠦᠢᠯᠡᠳᠬᠦ ᠦᠢᠯᠡᠰ ᠲᠤ 83.1 ᠲᠦᠮᠡᠨ ᠬᠥᠮᠦᠨ ᠳᠤ ᠬᠦᠷᠴᠦ᠂ 15.1% ᠶᠢ ᠡᠵᠡᠯᠡᠪᠡ︔ ᠣᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ 76.1 ᠲᠦᠮᠡᠨ ᠬᠥᠮᠦᠨ ᠪᠠᠶᠢᠵᠤ᠂ 13.9% ᠶᠢ ᠡᠵᠡᠯᠡᠪᠡ︔ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠲᠤ 50.8 ᠲᠦᠮᠡᠨ ᠬᠥᠮᠦᠨ ᠳᠤ ᠬᠦᠷᠴᠦ᠂ 9.3% ᠶᠢ ᠡᠵᠡᠯᠡᠪᠡ᠃ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠠᠵᠢᠯᠲᠠᠨ ᠤ ᠳᠣᠲᠣᠷ᠎ᠠ᠂ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠠᠵᠢᠯ ᠲᠥᠷᠥᠯ ᠭᠡᠪᠡᠯ᠄ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠲᠤ 104.9 ᠲᠦᠮᠡᠨ ᠬᠥᠮᠦᠨ ᠳᠤ ᠬᠦᠷᠴᠦ᠂ 40% ᠶᠢ ᠡᠵᠡᠯᠡᠪᠡ︔ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠲᠤ 45.0 ᠲᠦᠮᠡᠨ ᠬᠥᠮᠦᠨ ᠳᠤ ᠬᠦᠷᠴᠦ᠂ 17.2% ᠢ ᠡᠵᠡᠯᠡᠪᠡ︔ ᠰᠠᠭᠤᠭᠠᠯᠢ ᠠᠷᠠᠳ ᠤᠨ ᠦᠢᠯᠡᠴᠢᠯᠡᠭᠡᠨ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ ᠲᠤ 32.7 ᠲᠦᠮᠡᠨ ᠬᠥᠮᠦᠨ ᠪᠠᠶᠢᠵᠤ᠂ 12.5% ᠶᠢ ᠡᠵᠡᠯᠡᠪᠡ ︵ᠨᠠᠷᠢᠨ ᠪᠠᠶᠢᠳᠠᠯ ᠢ ᠬᠦᠰᠦᠨᠦᠭᠲᠦ 2 - 3 ᠳᠤ ᠦᠵᠡ︶᠃    ᠬᠦᠰᠦᠨᠦᠭᠲᠦ 2 - 3     ᠠᠵᠢᠯ ᠲᠦᠷᠦᠯ ᠬᠤᠪᠢᠶᠠᠭᠰᠠᠨ ᠬᠠᠤᠯᠢ ᠶᠢᠨ ᠡᠷᠬᠡᠲᠡᠨ ᠤ ᠨᠢᠭᠡᠴᠡ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠠᠵᠢᠯᠯᠠᠭᠰᠠᠳ
1-1_01.png
    ᠭᠤᠷᠪᠠ᠂ ᠬᠦᠷᠦᠩᠭᠡ ᠥᠷᠢ ᠶᠢᠨ ᠪᠠᠶᠢᠳᠠᠯ ᠪᠠ ᠡᠵᠡᠩᠨᠡᠯᠲᠡ ᠶᠢᠨ ᠣᠷᠣᠯᠭ᠎ᠠ    2023 ᠣᠨ ᠤ ᠡᠴᠦᠰ ᠲᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠨᠢᠭᠡᠴᠡ ᠶᠢᠨ ᠡᠳ᠋ ᠬᠥᠷᠥᠩᠭᠡ ᠨᠡᠶᠢᠲᠡ 194050.1 ᠳ᠋ᠦᠩᠰᠢᠭᠤᠷ ᠲᠥᠭᠦᠷᠢᠭ ᠲᠤ ᠬᠦᠷᠴᠦ᠂ 2018 ᠣᠨ ᠤ ᠡᠴᠦᠰ ᠤᠨ ᠬᠢ ᠠᠴᠠ 55237.4 ᠳ᠋ᠦᠩᠰᠢᠭᠤᠷ ᠲᠥᠭᠦᠷᠢᠭ ᠨᠡᠮᠡᠭᠳᠡᠵᠦ᠂ 39.8% ᠪᠠᠷ ᠨᠡᠮᠡᠭᠳᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠨᠢᠭᠡᠴᠡ ᠶᠢᠨ ᠡᠳ᠋ ᠬᠥᠷᠥᠩᠭᠡ ᠨᠡᠶᠢᠲᠡ 63156.6 ᠳ᠋ᠦᠩᠰᠢᠭᠤᠷ ᠲᠥᠭᠦᠷᠢᠭ ᠲᠤ ᠬᠦᠷᠴᠦ᠂ 20957.5 ᠳ᠋ᠦᠩᠰᠢᠭᠤᠷ ᠲᠥᠭᠦᠷᠢᠭ ᠨᠡᠮᠡᠭᠳᠡᠨ᠂ 49.7% ᠪᠠᠷ ᠨᠡᠮᠡᠭᠳᠡᠵᠡᠶ︔ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠡᠳ᠋ ᠬᠥᠷᠥᠩᠭᠡ ᠨᠡᠶᠢᠲᠡ 130893.6 ᠳ᠋ᠦᠩᠰᠢᠭᠤᠷ ᠲᠥᠭᠦᠷᠢᠭ ᠲᠤ ᠬᠦᠷᠴᠦ᠂ 34279.9 ᠳ᠋ᠦᠩᠰᠢᠭᠤᠷ ᠲᠥᠭᠦᠷᠢᠭ ᠨᠡᠮᠡᠭᠳᠡᠨ᠂ 35.5% ᠪᠠᠷ ᠨᠡᠮᠡᠭᠳᠡᠪᠡ᠃    2023 ᠣᠨ ᠤ ᠡᠴᠦᠰ ᠲᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠥᠷᠢ ᠥᠭᠴᠡᠭᠡ ᠨᠡᠶᠢᠲᠡ 82334.2 ᠳ᠋ᠦᠩᠰᠢᠭᠤᠷ ᠲᠥᠭᠦᠷᠢᠭ ᠲᠤ ᠬᠦᠷᠴᠦ᠂ 2018 ᠣᠨ ᠤ ᠡᠴᠦᠰ ᠤᠨ ᠬᠢ ᠠᠴᠠ 21063.6 ᠳ᠋ᠦᠩᠰᠢᠭᠤᠷ ᠲᠥᠭᠦᠷᠢᠭ ᠨᠡᠮᠡᠭᠳᠡᠵᠦ᠂ 34.4% ᠪᠠᠷ ᠨᠡᠮᠡᠭᠳᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠥᠷᠢ ᠥᠭᠴᠡᠭᠡ ᠨᠡᠶᠢᠲᠡ 3799.0 ᠳ᠋ᠦᠩᠰᠢᠭᠤᠷ ᠲᠥᠭᠦᠷᠢᠭ ᠲᠤ ᠬᠦᠷᠴᠦ᠂ 11955.5 ᠳ᠋ᠦᠩᠰᠢᠭᠤᠷ ᠲᠥᠭᠦᠷᠢᠭ ᠨᠡᠮᠡᠭᠳᠡᠨ᠂ 47.4% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠳᠡᠨ ᠤ ᠨᠢᠭᠡᠴᠡ ᠶᠢᠨ ᠥᠷᠢ ᠥᠭᠴᠡᠭᠡ ᠨᠡᠶᠢᠳᠡ 45135.2 ᠳ᠋ᠦᠩᠰᠢᠭᠤᠷ ᠲᠥᠭᠦᠷᠢᠭ ᠲᠤ ᠬᠦᠷᠴᠦ᠂ 9108.1 ᠳ᠋ᠦᠩᠰᠢᠭᠤᠷ ᠲᠥᠭᠦᠷᠢᠭ ᠨᠡᠮᠡᠭᠳᠡᠨ᠂ 25.3% ᠪᠠᠷ ᠨᠡᠮᠡᠭᠳᠡᠪᠡ᠃    2023 ᠣᠨ ᠳᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠡᠵᠡᠩᠨᠡᠯᠲᠡ ᠶᠢᠨ ᠣᠷᠣᠯᠭ᠎ᠠ 57833.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2018 ᠣᠨ ᠤ ᠬᠢ ᠠᠴᠠ 25807.4 ᠳ᠋ᠦᠩᠰᠢᠭᠤᠷ ᠲᠥᠭᠦᠷᠢᠭ ᠨᠡᠮᠡᠭᠳᠡᠵᠦ᠂ 80.6% ᠪᠠᠷ ᠨᠡᠮᠡᠭᠳᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ 34288.6 ᠳ᠋ᠦᠩᠰᠢᠭᠤᠷ ᠲᠥᠭᠦᠷᠢᠭ ᠬᠦᠷᠴᠦ ᠂ 16258.1 ᠳ᠋ᠦᠩᠰᠢᠭᠤᠷ ᠲᠥᠭᠦᠷᠢᠭ ᠨᠡᠮᠡᠭᠳᠡᠨ᠂ 90.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ 23544.5 ᠳ᠋ᠦᠩᠰᠢᠭᠤᠷ ᠲᠥᠭᠦᠷᠢᠭ ᠲᠤ ᠬᠦᠷᠴᠦ᠂ 9549.3 ᠳ᠋ᠦᠩᠰᠢᠭᠤᠷ ᠲᠥᠭᠦᠷᠢᠭ ᠨᠡᠮᠡᠭᠳᠡᠨ᠂ 68.2% ᠢᠶᠠᠷ ᠨᠡᠮᠡᠭᠳᠡᠪᠡ ︵ᠨᠠᠷᠢᠨ ᠪᠠᠶᠢᠳᠠᠯ ᠢ ᠬᠦᠰᠦᠨᠦᠭᠲᠦ 2 - 4 ᠳᠤ ᠦᠵᠡ︶᠃    ᠬᠦᠰᠦᠨᠦᠭᠲᠦ 2 - 4 ᠠᠵᠢᠯ ᠲᠦᠷᠦᠯ ᠬᠤᠪᠢᠶᠠᠭᠰᠠᠨ ᠨᠢᠭᠡᠴᠡ ᠶᠢᠨ ᠭᠤᠤᠯ ᠪᠤᠯᠬᠤ ᠵᠢᠭᠠᠯᠲᠠ ᠲᠤᠭ᠎ᠠ
1-1_00.png
    ᠲᠠᠶᠢᠯᠪᠤᠷᠢ᠄ ᠬᠦᠰᠦᠨᠦᠭᠳᠦ ᠳᠤ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠳᠤ ᠵᠥᠪᠬᠡᠨ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠶᠢᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ ᠬᠢᠬᠦ ᠨᠢᠭᠡᠴᠡ ᠶᠢᠨ ᠲᠤᠭ᠎ᠠ ᠪᠠᠷᠢᠮᠲᠠ ᠪᠠᠭᠲᠠᠨ᠎ᠠ᠃ ᠬᠦᠰᠦᠨᠦᠭᠲᠦ ᠳᠠᠬᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠡ ᠳᠤ ᠪᠠᠶᠢᠭᠤᠯᠤᠮᠵᠢ ᠶᠢᠨ ᠲᠦᠷᠦᠯ ᠵᠦᠢᠯ ᠨᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠡ ᠵᠢᠴᠢ ᠠᠵᠤ ᠠᠬᠤᠶᠢᠯᠠᠯ ᠤᠨ ᠨᠢᠭᠲᠠᠯᠠᠨ ᠪᠤᠳᠤᠬᠤ ᠲᠦᠷᠢᠮ ᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠡ ᠪᠠ ᠰᠠᠭᠤᠷᠢ ᠮᠥᠩᠭᠦᠨ ᠤ ᠨᠡᠶᠢᠭᠡᠮᠯᠢᠭ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠠᠴᠠ ᠭᠠᠳᠠᠨᠠᠬᠢ ᠪᠠᠶᠢᠭᠤᠯᠤᠮᠵᠢ ᠶᠢᠨ ᠲᠦᠷᠦᠯ ᠵᠦᠢᠯ ᠨᠢ ᠪᠤᠰᠤᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠨᠢᠭᠡᠴᠡ ᠪᠠᠭᠲᠠᠨ᠎ᠠ᠃ ᠬᠦᠰᠦᠨᠦᠭᠲᠦ ᠳᠠᠬᠢ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠦᠢᠯᠡᠰ ᠲᠤ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠡᠵᠡᠩᠨᠡᠯᠲᠡ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠭᠤᠴᠢ ᠦᠢᠯᠡᠴᠢᠯᠡᠭᠡ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠲᠦᠷᠢᠶᠡᠰᠦᠯᠡᠨ ᠡᠵᠡᠩᠨᠡᠬᠦ ᠪᠠ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠪᠤᠰᠤᠳ ᠦᠢᠯᠡᠰ ᠪᠠᠭᠲᠠᠨ᠎ᠠ᠃ ᠬᠦᠰᠦᠨᠦᠭᠲᠦ ᠳᠠᠬᠢ ᠮᠥᠩᠭᠦᠨ ᠭᠦᠢᠯᠭᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠥᠷᠢᠲᠦᠯ ᠢ  ᠮᠤᠵᠢ ᠶᠢᠨ ᠲᠤᠭ᠎ᠠ ᠪᠠᠷᠢᠮᠲᠠ ᠬᠤᠪᠢᠶᠠᠭᠰᠠᠨ ᠦᠭᠡᠢ᠃    ᠲᠠᠶᠢᠯᠪᠤᠷᠢ᠄     ﹇1﹈ ᠭᠤᠷᠪᠠᠨ ᠠᠵᠤ ᠦᠢᠯᠡᠰ ᠤᠨ ᠬᠤᠪᠢᠶᠠᠷᠢᠯᠠᠯ    ᠨᠢᠭᠡᠳᠦᠭᠡᠷ ᠠᠵᠤ ᠦᠢᠯᠡᠰ ᠭᠡᠳᠡᠭ ᠨᠢ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ︵ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭ᠎ᠠ ᠪᠠᠭᠲᠠᠬᠤ ᠦᠭᠡᠢ︶ ᠶᠢ ᠵᠢᠭᠠᠵᠤ ᠪᠠᠶᠢᠨ᠎ᠠ︔    ᠬᠤᠶᠠᠳᠤᠭᠠᠷ ᠠᠵᠤ ᠦᠢᠯᠡᠰ ᠭᠡᠳᠡᠭ ᠨᠢ ᠠᠭᠤᠷᠬᠠᠶ ᠮᠠᠯᠲᠠᠬᠤ ᠦᠢᠯᠡᠰ ︵ᠨᠡᠭᠡᠭᠡᠨ ᠮᠠᠯᠲᠠᠬᠤ ᠲᠤᠰᠬᠠᠶ ᠠᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ ᠪᠠᠭᠲᠠᠬᠤ ᠦᠭᠡᠶ︶᠂ ᠦᠢᠯᠡᠳᠬᠦ ᠦᠢᠯᠡᠰ ︵ᠲᠡᠮᠦᠷᠯᠢᠭ ᠦᠢᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠪᠠᠭᠲᠠᠬᠤ ᠦᠭᠡᠶ︶᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ ᠢ ᠵᠢᠭᠠᠵᠤ ᠪᠤᠶ︔    ᠭᠤᠷᠪᠠᠳᠤᠭᠠᠷ ᠠᠵᠤ ᠦᠢᠯᠡᠰ ᠪᠣᠯ ᠦᠢᠯᠡᠴᠢᠯᠡᠭᠡᠨ ᠤ ᠦᠢᠯᠡᠰ ᠢ ᠵᠢᠭᠠᠵᠤ ᠪᠠᠶᠢᠨ᠎ᠠ᠂ ᠳᠠᠷᠤᠢ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠠᠴᠠ ᠭᠠᠳᠠᠨᠠᠬᠢ ᠪᠤᠰᠤᠳ ᠠᠵᠢᠯ ᠲᠥᠷᠥᠯ ᠢ ᠵᠢᠭᠠᠵᠤ ᠪᠠᠶᠢᠨ᠎ᠠ᠂ ᠭᠤᠷᠪᠠᠳᠤᠭᠠᠷ ᠠᠵᠤ ᠦᠢᠯᠡᠰ ᠲᠤ᠄ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ ᠬᠤᠨᠤᠭ ᠪᠠ ᠢᠳᠡᠭᠡᠨ ᠤᠮᠳᠠᠭᠠᠨ ᠤ ᠦᠢᠯᠡᠰ᠂ ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠦ᠋ᠷᠦᠩᠭᠡ ᠶᠢᠨ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠬᠤ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠤᠯᠡᠠ ᠤᠯᠤᠰ ᠤᠨ ᠵᠣᠬᠢᠶᠠᠨ ᠪᠠᠶᠢᠭᠤᠯᠤᠯᠲᠠ᠂ ᠵᠢᠴᠢ ᠲᠠᠷᠢᠶᠠᠴᠢᠨ᠂ᠤᠢ᠂ ᠮᠠᠯ᠂ ᠵᠢᠭᠠᠰᠤᠨ ᠠᠵᠤ ᠠᠬᠤᠶ ᠳᠠᠬᠢ ᠲᠠᠷᠢᠶᠠᠯᠠᠩ᠂ ᠤᠢ᠂ ᠮᠠᠯ᠂ ᠵᠢᠭᠠᠰᠤᠨ ᠠᠵᠤ ᠠᠬᠤᠶ ᠶᠢᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ᠂ ᠠᠭᠤᠷᠬᠠᠶ ᠮᠠᠯᠲᠠᠬᠤ ᠦᠢᠯᠡᠰ ᠲᠠᠬᠢ ᠠᠭᠤᠷᠬᠠᠶ ᠮᠠᠯᠲᠠᠬᠤ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ᠂ ᠦᠢᠯᠡᠳᠬᠦ ᠦᠢᠯᠡᠰ ᠲᠠᠬᠢ ᠲᠡᠮᠦᠷᠯᠢᠭ ᠦᠢᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠪᠠᠭᠳᠠᠨ᠎ᠠ᠃     ﹇2﹈  ᠨᠢᠭᠡᠴᠡ ᠶᠢᠨ ᠬᠤᠪᠢᠶᠠᠷᠢᠯᠠᠯ    ᠬᠠᠤᠯᠢ ᠶᠢᠨ ᠡᠷᠬᠡᠲᠡᠨ ᠤ ᠨᠢᠭᠡᠴᠡ ᠭᠡᠳᠡᠭ ᠨᠢ ᠡᠳ᠋ ᠭᠦᠷᠦᠩᠭᠡ ᠲᠠᠢ ᠪᠠᠶᠢᠬᠤ᠂ ᠥᠷᠢ ᠰᠢᠷᠢ ᠶᠢ ᠡᠭᠦᠷᠭᠡᠯᠡᠬᠦ ᠡᠷᠬᠡ ᠲᠠᠢ ᠪᠥᠭᠡᠳ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ︵ᠡᠰᠡᠬᠦᠯ᠎ᠡ ᠪᠤᠰᠤᠳ ᠨᠢᠭᠡᠴᠡ ᠲᠠᠢ ᠠᠷᠠᠯᠵᠢᠶ᠎ᠠ ᠬᠢᠬᠦ︶ ᠶᠢ ᠪᠡᠶ᠎ᠡ ᠪᠠᠨ ᠳᠠᠭᠠᠭᠠᠵᠤ ᠬᠢᠬᠦ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃ ᠬᠠᠤᠯᠢ ᠶᠢᠨ ᠡᠷᠬᠡᠲᠡᠨ ᠤ ᠨᠢᠭᠡᠴᠡ ᠨᠢ ᠳᠣᠣᠷᠠᠬᠢ ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠶ᠄    ︵1︶ ᠬᠠᠤᠯᠢ ᠶᠣᠰᠣᠭᠠᠷ ᠪᠠᠶᠢᠭᠤᠯᠤᠭᠳᠠᠭᠰᠠᠨ᠂ ᠥᠪᠡᠷ ᠤᠨ ᠨᠡᠷᠡᠶᠢᠳᠦᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠲᠠᠯᠠᠪᠤᠷ ᠲᠠᠢ ᠪᠠᠶᠢᠵᠤ᠂ ᠥᠷᠢ ᠥᠭᠴᠡᠭᠡ ᠪᠠ ᠪᠤᠰᠤᠳ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠵᠦ ᠴᠢᠳᠠᠬᠤ︔    ︵2︶ ᠲᠤᠰᠠᠭᠠᠷ ᠡᠵᠡᠮᠰᠢᠬᠦ ᠪᠠ ᠬᠡᠷᠡᠭᠯᠡᠬᠦ ︵ᠪᠤᠶᠤ ᠡᠷᠬᠡ ᠣᠯᠭᠤᠵᠤ ᠬᠡᠷᠡᠭᠯᠡᠭᠦᠯᠬᠦ︶ ᠡᠳ᠋ ᠬᠦᠷᠦᠩᠭᠡ ᠨᠢ ᠪᠤᠰᠤᠳ ᠨᠢᠭᠡᠴᠢ ᠲᠠᠢ ᠭᠡᠷ᠎ᠡ ᠲᠣᠭᠲᠠᠭᠠᠬᠤ ᠡᠷᠬᠡ ᠲᠠᠢ︔    ︵3︶ ᠨᠢᠭᠲᠠᠯᠠᠨ ᠪᠤᠳᠦᠬᠤ ᠲᠠᠯ᠎ᠠ ᠪᠠᠷ ᠲᠤᠰᠠᠭᠠᠷ ᠲᠣᠭᠠᠴᠠᠭ᠎ᠠ ᠬᠢᠵᠦ᠂ ᠪᠡᠯᠠ ᠬᠦᠷᠦᠩᠭᠡ ᠥᠷᠢ ᠥᠭᠴᠡᠭᠡ ᠶᠢᠨ ᠬᠦᠰᠦᠨᠦᠭᠲᠦ ᠵᠡᠷᠭᠡ ᠨᠢᠭᠲᠠᠯᠠᠨ ᠪᠤᠳᠦᠬᠰᠡᠠ ᠮᠡᠳᠡᠭᠦᠯᠦᠯᠲᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ ᠴᠢᠳᠠᠬᠤ᠃    ᠬᠠᠤᠯᠢ ᠶᠢᠨ ᠡᠷᠬᠡᠲᠡᠨ ᠤ ᠨᠢᠭᠡᠴᠡ ᠳᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ᠂ ᠪᠠᠶᠢᠭᠤᠯᠭ᠎ᠠ ᠶᠢᠨ ᠬᠠᠤᠯᠢ ᠶᠢᠨ ᠡᠷᠬᠡᠲᠡᠨ᠂ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠬᠡᠲᠡᠨ᠂ ᠪᠤᠰᠤᠳ ᠬᠠᠤᠯᠢ ᠶᠢᠨ ᠡᠷᠬᠡᠲᠡᠨ ᠵᠡᠷᠭᠡ ᠪᠠᠭᠲᠠᠨ᠎ᠠ᠃    ᠠᠵᠤ ᠦᠢᠯᠡᠰ ᠤᠨ ᠠᠵᠢᠯᠯᠠᠭᠠᠨ ᠤ ᠨᠢᠭᠡᠴᠡ ᠭᠡᠳᠡᠭ ᠪᠣᠯ ᠨᠢᠭᠡ ᠭᠠᠵᠠᠷ ᠲᠤ ᠣᠷᠣᠰᠢᠵᠤ᠂ ᠨᠢᠭᠡ ᠵᠦᠢᠯ ᠤᠨ ᠪᠤᠶᠤ ᠭᠤᠣᠯᠳᠠᠭᠤ ᠨᠢᠭᠡ ᠵᠦᠢᠯ ᠤᠨ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠬᠢᠵᠦ ᠪᠠᠶᠢᠭ᠎ᠠ ᠵᠣᠬᠢᠶᠠᠨ ᠪᠠᠶᠢᠭᠤᠯᠤᠯᠲᠠ ᠪᠤᠶᠤ ᠵᠣᠬᠢᠶᠠᠨ ᠪᠠᠶᠢᠭᠤᠯᠤᠯᠲᠠ ᠶᠢᠨ ᠨᠢᠭᠡ ᠬᠡᠰᠡᠭ ᠢ ᠵᠢᠭᠠᠵᠤ ᠪᠠᠶᠢᠨ᠎ᠠ᠃ ᠠᠵᠤ ᠦᠢᠯᠡᠰ ᠤᠨ ᠠᠵᠢᠯᠯᠠᠭᠠᠨ ᠤ ᠨᠢᠭᠡᠴᠡ ᠨᠢ ᠳᠣᠣᠷᠠᠬᠢ ᠨᠥᠬᠦᠴᠡᠯ ᠤᠳ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠢ᠄    ︵1︶ ᠨᠢᠭᠡ ᠲᠠᠯᠠᠪᠤᠷ ᠲᠤ ᠨᠢᠭᠡ ᠵᠦᠢᠯ ᠤᠨ ᠪᠤᠶᠤ ᠭᠤᠣᠯᠳᠠᠭᠤ ᠨᠢᠭᠡ ᠵᠦᠢᠯ ᠤᠨ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠬᠢᠬᠦ︔    ︵2︶ ᠦᠢᠯᠡᠳᠪᠦᠷᠢᠯᠡᠯ ᠤᠨ ᠠᠵᠢᠯᠯᠠᠭ᠎ᠠ ᠪᠤᠶᠤ ᠡᠵᠡᠩᠨᠡᠯᠲᠡ ᠶᠢᠨ ᠠᠵᠢᠯᠯᠠᠭ᠎ᠠ ᠶᠢ ᠬᠠᠷᠢᠴᠠᠩᠭᠤᠢ ᠪᠠᠷ ᠪᠡᠶ᠎ᠡ ᠪᠠᠨ ᠳᠠᠭᠠᠭᠠᠵᠤ ᠵᠣᠬᠢᠶᠠᠨ ᠪᠠᠶᠢᠭᠤᠯᠤᠨ᠎ᠠ︔    ︵3︶ ᠣᠷᠣᠯᠭ᠎ᠠ ᠪᠤᠶᠤ ᠵᠠᠷᠤᠯᠭ᠎ᠠ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ ᠳᠡᠶᠢᠯᠬᠦ᠃    ᠠᠵᠤ ᠦᠢᠯᠡᠰ ᠤᠨ ᠠᠵᠢᠯᠯᠠᠭᠠᠨ ᠤ ᠨᠢᠭᠡᠴᠢ ᠪᠣᠯ ᠬᠠᠤᠯᠢ ᠶᠢᠨ ᠡᠷᠬᠡᠲᠡᠨ ᠤ ᠨᠢᠭᠡᠴᠡ ᠶᠢᠨ ᠪᠦᠷᠢᠯᠳᠦᠬᠦᠨ ᠬᠡᠰᠡᠭ ᠮᠥᠨ᠃ ᠵᠥᠪᠬᠡᠨ ᠨᠢᠭᠡ ᠯᠡ ᠠᠵᠤ ᠦᠢᠯᠡᠰ ᠤᠨ ᠠᠵᠢᠯᠯᠠᠭᠠᠨ  ᠤ ᠨᠢᠭᠡᠴᠡ ᠶᠢ ᠪᠠᠭᠲᠠᠭᠠᠭᠰᠠᠨ ᠬᠠᠤᠯᠢ ᠶᠢᠨ ᠡᠷᠬᠡᠲᠡᠨ ᠤ ᠨᠢᠭᠡᠴᠡ ᠶᠢ ᠭᠠᠭᠴᠠ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠭᠡᠳᠡᠭ᠂ ᠲᠤᠰ ᠬᠠᠤᠯᠢ ᠶᠢᠨ ᠡᠷᠬᠡᠲᠡᠨ ᠤ ᠨᠢᠭᠡᠴᠡ ᠪᠣᠯ ᠮᠥᠨ ᠴᠦ ᠨᠢᠭᠡ ᠠᠵᠤ ᠦᠢᠯᠡᠰ ᠤᠨ ᠠᠵᠢᠯᠯᠠᠭᠠᠨ ᠤ ᠨᠢᠭᠡᠴᠡ ᠮᠥᠨ︔ ᠬᠤᠶᠠᠷ ᠠᠴᠠ ᠳᠡᠭᠡᠭᠰᠢᠬᠢ ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠠᠷ ᠪᠦᠷᠢᠯᠳᠦᠭᠰᠡᠨ ᠬᠠᠤᠯᠢ ᠶᠢᠨ ᠡᠷᠬᠡᠲᠡᠨ ᠤ ᠨᠢᠭᠡᠴᠡ ᠶᠢ ᠤᠯᠠᠨ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠭᠡᠨ᠎ᠡ᠃ ᠲᠤᠰ ᠠᠯᠪᠠᠨ ᠮᠡᠳᠡᠭᠡ ᠳᠠᠬᠢ ᠠᠵᠤ ᠦᠢᠯᠡᠰ ᠤᠨ ᠠᠵᠢᠯᠯᠠᠭᠠᠨ ᠤ ᠨᠢᠭᠡᠴᠡ ᠳᠤ ᠳᠠᠩ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠪᠠ ᠣᠯᠠᠨ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠬᠠᠷᠢᠶ᠎ᠠ ᠪᠦᠬᠦᠢ ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠠᠭᠲᠠᠨ᠎ᠠ᠃     ﹇3﹈ ᠲᠤᠭ᠎ᠠ ᠪᠠᠷᠢᠮᠲᠠ ᠶᠢᠨ ᠣᠨᠣᠪᠴᠢ ᠶᠢᠨ ᠬᠡᠮᠵᠢᠶ᠎ᠡ ᠶᠢ ᠪᠠᠲᠤᠯᠠᠬᠤ ᠶᠢᠨ ᠲᠥᠯᠥᠭᠡ᠂ ᠣᠨᠴᠠ ᠵᠠᠷᠢᠮ ᠲᠤᠭ᠎ᠠ ᠪᠠᠷᠢᠮᠲᠠ ᠳᠤ 2 - 3 ᠣᠷᠣᠨᠲᠤ ᠠᠷᠪᠠᠲᠤ ᠶᠢᠨ ᠪᠤᠲᠠᠷᠬᠠᠶ ᠶᠢ ᠦᠯᠡᠳᠡᠭᠡᠵᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号