1-2 ᠳ᠋ᠤᠭᠠᠷ ᠰᠠᠷ᠎ᠠ ᠳᠤ᠂ ᠪᠥᠬᠦ ᠣᠷᠣᠨ ᠤ ᠡᠯ᠎ᠡ ᠰᠠᠯᠠᠭ᠎ᠠ ᠮᠥᠴᠢᠷ ᠤᠳ ᠲᠥᠪ ᠤᠨ ᠠᠵᠤ ᠠᠬᠤᠶ ᠶᠢᠨ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠸ᠎ᠠ | ᠲᠥᠷᠥ ᠶᠢᠨ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ | ᠬᠥᠭᠵᠢᠭᠡᠨ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠶᠡᠬᠡᠪᠡᠷ ᠪᠤᠶᠢᠵᠢᠭᠤᠯᠵᠤ᠂ ᠪᠥᠬᠦ ᠣᠷᠣᠨ ᠤ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠲᠠᠢ ᠪᠣᠯᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠪᠡ᠃ ᠭᠤᠷᠪᠠᠨ ᠶᠡᠭᠡ ᠲᠥᠷᠥᠯ ᠠᠴᠠ | ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠵᠦ᠂ ᠦᠢᠯᠡᠳᠬᠦ ᠦᠢᠯᠡᠰ 10.3% ᠨᠡᠮᠡᠭᠳᠡᠪᠡ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 7.1% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠣᠰ ᠲᠣᠰ 1.3᠂ 3.2 ᠪᠠ 1.3 ᠵᠠᠭᠤᠨ ᠤ ᠬᠤᠪᠢ ᠶᠢᠨ ᠴᠡᠭ | ᠨᠡᠮᠡᠭᠳᠡᠪᠡ᠃ | ᠬᠤᠶᠠᠷ᠂ ᠵᠢᠷᠭᠤᠭᠠᠨ ᠬᠤᠪᠢ ᠶᠢᠨ ᠠᠵᠢᠯ ᠲᠦᠷᠦᠯ ᠪᠠ ᠦᠢᠯᠡᠳᠬᠦᠨ ᠨᠡᠮᠡᠭᠳᠡᠯ ᠢ ᠪᠡᠶᠡᠯᠡᠬᠦᠯᠪᠡ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 38 | ᠲᠣᠮᠣ ᠲᠥᠷᠥᠯ ᠤᠨ ᠠᠵᠢᠯ ᠲᠥᠷᠥᠯ ᠤᠨ ᠳᠣᠲᠣᠷ᠎ᠠ᠂ 26 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠵᠦ᠂ | 68.4% ᠪᠠᠷ ᠨᠡᠮᠡᠭᠳᠡᠪᠡ᠃ ᠡᠭᠦᠨ ᠳᠤ ᠬᠢᠮᠢ᠂ ᠺᠣᠮᠫᠢᠦ᠋ᠲ᠋ᠧᠷ ᠵᠡᠷᠭᠡ 16 ᠠᠵᠢᠯ ᠲᠥᠷᠥᠯ ᠬᠤᠶᠠᠷ ᠣᠷᠣᠨᠲᠤ | ᠲᠤᠭ᠎ᠠ ᠪᠠᠷ ᠨᠡᠮᠡᠭᠳᠡᠪᠡ᠃ ᠪᠦᠷᠢᠳᠬᠡᠭᠰᠡᠨ 234 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ | 139 ᠵᠦᠢᠯ ᠤᠨ ᠦᠢᠯᠡᠳᠬᠦᠨ ᠤ ᠭᠠᠷᠤᠯᠲᠠ ᠨᠢ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 59.4% ᠪᠠᠶᠢᠪᠠ᠃ | ᠭᠤᠷᠪᠠ᠂ ᠦᠢᠯᠡᠳᠬᠦ ᠦᠢᠯᠡᠰ ᠤᠨ ᠬᠤᠪᠢ ᠨᠡᠮᠡᠷᠢ ᠢᠯᠡᠳᠲᠡ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ | ᠨᠡᠮᠡᠷᠢ ᠶᠢᠨ ᠨᠣᠷᠮ᠎ᠠ ᠨᠢ 55.5% ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠢ ᠲᠤᠯᠭᠠᠭᠤᠷᠢᠯᠠᠬᠤ ᠴᠢᠬᠤᠯᠠ | ᠬᠦᠴᠦᠨ ᠪᠣᠯᠵᠠᠶ᠃ ᠡᠭᠦᠨ ᠳᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠢᠳᠡᠭᠡᠨ ᠡᠳ᠋ᠰᠢᠭᠦᠯᠬᠦ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.0% ᠪᠠᠷ ᠨᠡᠮᠡᠭᠳᠡᠵᠦ᠂ ᠬᠢᠮᠢ ᠶᠢᠨ ᠲᠦᠭᠦᠬᠡᠶ | ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ 10.9% ᠪᠠᠷ ᠨᠡᠮᠡᠭᠳᠡᠵᠦ᠂ ᠡᠮ ᠡᠮᠨᠡᠯᠭᠡ ᠶᠢᠨ | ᠦᠢᠯᠡᠳᠬᠦ ᠦᠢᠯᠡᠰ 18.4% ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠩᠭᠠᠬᠤ | ᠡᠳ᠋ᠰᠢᠭᠦᠯᠬᠦ ᠦᠢᠯᠡᠰ 16.1% ᠪᠠᠷ ᠨᠡᠮᠡᠭᠳᠡᠵᠦ᠂ ᠴᠥᠮ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠦᠢᠯᠡᠳᠬᠦ ᠦᠢᠯᠡᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠪᠠ᠃ | ᠳᠥᠷᠪᠡ᠂ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠪᠠ | ᠨᠢᠭᠡ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠥᠨᠳᠥᠷ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 18.8 ᠵᠠᠭᠤᠨ ᠤ ᠬᠤᠪᠢ ᠶᠢᠨ ᠴᠡᠭ ᠠᠴᠠ ᠥᠨᠳᠥᠷ | ᠪᠣᠯᠵᠣ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠲᠥᠯᠦᠨ | ᠵᠢᠯᠣᠭᠤᠳᠴᠤ ᠰᠢᠨ᠎ᠡ ᠪᠠᠷ ᠬᠥᠭᠵᠢᠪᠡ᠃ ᠬᠤᠶᠠᠷ ᠲᠤ᠂ ᠠᠵᠤ ᠦᠢᠯᠡᠳᠪᠦᠷᠢ ᠶᠢᠨ ᠰᠢᠨ᠎ᠡ ᠬᠥᠳᠡᠯᠭᠡᠭᠴᠢ ᠡᠨᠧᠷᠭᠢ | ᠲᠦᠷᠭᠡᠪᠴᠢᠯᠡᠨ ᠪᠤᠶᠢᠵᠢᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 40.5% | ᠨᠡᠮᠡᠭᠳᠡᠵᠦ᠂ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ 19.5% ᠨᠡᠮᠡᠭᠳᠡᠵᠦ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ | 33.5% ᠨᠡᠮᠡᠭᠳᠡᠵᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ 51.9% | ᠨᠡᠮᠡᠭᠳᠡᠵᠦ᠂ ᠴᠥᠮ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ | ᠲᠦᠪᠰᠢᠨ ᠠᠴᠠ ᠥᠨᠳᠥᠷ ᠪᠣᠯᠪᠠ᠃ ᠭᠤᠷᠪᠠ ᠳᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠨᠡᠷᠡᠨ ᠤ ᠡᠨᠧᠷᠭᠢ ᠶᠢᠨ ᠳ᠋ᠢᠶᠠᠨ ᡂᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.8 ᠳᠠᠬᠢᠨ ᠨᠡᠮᠡᠭᠳᠡᠵᠦ᠂ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 2.4 ᠳᠠᠬᠢᠨ ᠨᠡᠮᠡᠭᠳᠡᠵᠦ᠂ ᠲᠠᠩ ᠲᠠᠯᠠᠰᠲᠤ | ᠴᠠᠬᠢᠭᠤᠷ᠂ ᠣᠯᠠᠨ ᠲᠠᠯᠠᠰᠲᠤ ᠴᠠᠬᠢᠭᠤᠷ ᠪᠣᠯᠤᠨ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠵᠡᠷᠭᠡ | ᠰᠢᠨ᠎ᠡ ᠮᠠᠲ᠋ᠧᠷᠢᠶᠠᠯ ᠤᠨ ᠭᠠᠷᠤᠯᠲᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 43.5%᠂ 47.8% ᠪᠠ | 66.2% ᠨᠡᠮᠡᠭᠳᠡᠪᠡ᠃ |