1-2 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 895.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ | ᠨᠢᠭᠡ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠵᠡᠷᠭᠡ ᠪᠠᠷ ᠨᠡᠮᠡᠭᠳᠡᠪᠡ | ᠬᠤᠲᠠ ᠬᠥᠳᠡᠭᠡ ᠶᠢᠨ ᠵᠠᠬ᠎ᠠ ᠳᠡᠯᠭᠡᠭᠦᠷ ᠬᠠᠮᠲᠤ ᠪᠠᠷ ᠪᠤᠵᠠᠭᠠᠶᠢᠷᠠᠵᠤ᠂ ᠬᠥᠳᠡᠭᠡ ᠲᠣᠰᠬᠤᠨ ᠬᠤᠲᠠ | ᠪᠠᠯᠭᠠᠰᠤ ᠠᠴᠠ ᠵᠢᠭᠠᠬᠠᠨ ᠲᠦᠷᠭᠡᠨ ᠪᠣᠯᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠤᠲᠠ ᠪᠠᠯᠭᠠᠰᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 804.1 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠲᠤᠭ᠎ᠠ 91.3 ᠳ᠋ᠦᠩᠰᠢᠭᠤᠷ ᠲᠥᠭᠦᠷᠢᠭ ᠲᠤ ᠬᠦᠷᠴᠦ᠂ 5.4% ᠪᠠᠷ ᠨᠡᠮᠡᠭᠳᠡᠪᠡ᠃ | ᠬᠤᠶᠠᠷ᠂ ᠢᠳᠡᠭᠡᠨ ᠤᠮᠳᠠᠭᠠᠨ ᠤ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ︽ᠪᠢᠲᠡᠭᠦᠨ ᠤ ᠬᠤᠭᠤᠯᠠ︾ ᠤᠷᠢᠳᠴᠢᠯᠠᠨ | ᠵᠠᠬᠢᠶᠠᠯᠠᠬᠤ ᠪᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠶ ᠪᠠᠶᠢᠵᠤ᠂ ᠢᠳᠡᠭᠡᠨ | ᠤᠮᠳᠠᠭᠠᠨ ᠤ ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠪᠠ᠃ 1-2 ᠳ᠋ᠤᠭᠠᠷ ᠰᠠᠷ᠎ᠠ ᠳᠤ᠂ ᠪᠥᠬᠦ | ᠣᠷᠣᠨ ᠤ ᠢᠳᠡᠭᠡᠨ ᠤᠮᠳᠠᠭᠠᠨ ᠤ ᠣᠷᠣᠯᠭ᠎ᠠ 111.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠃ | ᠭᠤᠷᠪᠠ᠂ ᠨᠠᠢᠮᠠᠨ ᠬᠤᠪᠢ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠤᠷᠤᠯᠠᠭᠤᠯᠭ᠎ᠠ ᠶᠠᠪᠤᠳᠠᠯ ᠨᠡᠮᠡᠭᠳᠡᠯ ᠢᠶᠠᠨ | ᠪᠠᠲᠤᠯᠠᠪᠠ | 1 - 2 ᠳ᠋ᠤᠭᠠᠷ ᠰᠠᠷ᠎ᠠ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠪᠣᠷᠣᠯᠠᠭᠤᠯᠤᠯᠲᠠ 784.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠶᠢᠨ ᠨᠠᠢᠮᠠᠨ | ᠬᠤᠪᠢ ᠶᠢ ᠳᠠᠪᠠᠭ᠋ᠤ ᠬᠠᠨᠳᠤᠰᠢ ᠢᠯᠡᠷᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠲᠤ᠂ ᠠᠮᠤ ᠲᠣᠰᠣ | ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ᠂ ᠬᠤᠪᠴᠠᠰᠤ ᠬᠤᠨᠠᠷ ᠱᠠᠬᠠᠶ | ᠮᠠᠯᠠᠭᠠᠶ ᠵᠡᠭᠦᠦ ᠨᠡᠬᠡᠮᠡᠯ ᠤᠨ ᠲᠥᠷᠥᠯ ᠪᠠ ᠡᠳᠦᠷ ᠲᠤᠲᠤᠮ ᠤᠨ ᠬᠡᠷᠡᠭᠯᠡᠭᠡᠨ ᠤ ᠲᠥᠷᠥᠯ ᠤᠨ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠲᠣᠰ ᠲᠣᠰ 5.4%᠂ 6.3%᠂ 14.4%᠂ 3.9% ᠪᠠ 1.4% ᠪᠠᠷ | ᠨᠡᠮᠡᠭᠳᠡᠪᠡ︔ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠳᠣᠲᠣᠷ᠎ᠠ᠂ ᠨᠣᠮ ᠰᠣᠨᠢᠨ ᠰᠡᠳᠬᠦᠯ ᠤᠨ ᠲᠥᠷᠥᠯ᠂ | ᠰᠣᠶᠣᠯ ᠠᠯᠪᠠᠨ ᠬᠡᠷᠡᠭᠰᠡᠯ ᠤᠨ ᠲᠥᠷᠥᠯ ᠪᠠ ᠡᠯᠧᠺᠲᠷᠣᠨ ᠬᠡᠪᠯᠡᠭᠳᠡᠬᠦᠨ ᠵᠢᠴᠢ ᠲᠠᠭᠤ ᠳᠦᠷᠰᠦ ᠰᠢᠩᠭᠡᠭᠡᠯᠲᠡ ᠶᠢᠨ | ᠦᠢᠯᠡᠳᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 34.7%᠂ 37. | 1% ᠪᠠ 57.9% ᠪᠠᠷ ᠨᠡᠮᠡᠭᠳᠡᠪᠡ᠃ | ᠳᠥᠷᠪᠡ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠢ ᠬᠡᠷᠡᠭᠯᠡᠭᠡᠨ ᠤ ᠳᠠᠯᠳᠠ ᠴᠢᠳᠠᠪᠤᠷᠢ ᠶᠢ ᠪᠠᠳᠠᠷᠠᠭᠤᠯᠪᠠ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠦᠴᠦᠯᠡᠴᠡ ᠪᠠᠨ ᠨᠡᠮᠡᠭᠳᠡᠭᠦᠯᠦᠨ ᠬᠦᠷᠢᠶ᠎ᠡ | ᠬᠡᠪᠴᠢᠶ᠎ᠡ ᠪᠠᠨ ᠥᠷᠭᠡᠳᠬᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠣᠯᠠᠩᠬᠢ ᠬᠠᠮᠢᠶ᠎ᠠ | ᠪᠦᠬᠦᠢ ᠲᠠᠸᠠᠷ ᠤᠨ ᠪᠣᠷᠣᠯᠠᠭᠤᠯᠭ᠎ᠠ ᠰᠠᠶᠢᠵᠢᠷᠠᠵᠠᠢ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ | ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠮᠡᠳᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ ᠪᠠᠷᠢᠯᠭ᠎ᠠ ᠵᠢᠴᠢ ᠴᠢᠮᠡᠭᠯᠡᠯ ᠤᠨ ᠮᠠᠲ᠋ᠧᠷᠢᠶᠠᠯ ᠤᠨ ᠲᠥᠷᠥᠯ ᠪᠠ | ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | ᠲᠣᠰ ᠲᠣᠰ 22.5%᠂ 64.5%᠂ 75% ᠪᠠ 9.5% ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ | ᠲᠠᠸᠠᠷ ᠲᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 65.9% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 34.7% ᠪᠣᠯᠵᠣ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 11.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | | | |