ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ︵ᠬᠤᠶᠠᠳᠤᠭᠠᠷ ᠪᠦᠯᠦᠭ︶ ᠤ ᠳᠠᠭᠠᠭᠠᠴᠢᠯᠠᠯᠲᠠ ᠵᠠᠷᠯᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/21
    ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ︵ᠬᠤᠶᠠᠳᠤᠭᠠᠷ ᠪᠦᠯᠦᠭ︶ ᠤ ᠳᠠᠭᠠᠭᠠᠴᠢᠯᠠᠯᠲᠠ ᠵᠠᠷᠯᠠᠬᠤ ᠵᠦᠢᠯᠡᠰ ᠢ ᠳᠤᠤᠷᠠᠬᠢ ᠮᠡᠲᠦ ᠵᠠᠷᠯᠠᠶ᠎ᠠ᠄    ᠨᠢᠭᠡ᠂ ᠳᠠᠭᠠᠭᠠᠴᠢᠯᠠᠯᠲᠠ ᠵᠠᠷᠯᠠᠬᠤ ᠨᠢᠭᠡᠴᠡ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠳᠣᠷᠣᠭᠰᠢ ︽ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ︾ ᠭᠡᠵᠦ ᠲᠣᠪᠴᠢᠯᠠᠨ᠎ᠠ︶᠃    ᠬᠤᠶᠠᠷ᠂ ᠳᠠᠭᠠᠭᠠᠴᠢᠯᠠᠯᠲᠠ ᠳᠤ ᠣᠷᠣᠯᠴᠠᠬᠤ ᠨᠢᠭᠡᠴᠡ    ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠢᠭᠡᠴᠡ᠃    ᠭᠤᠷᠪᠠ᠂ ᠰᠡᠳᠦᠪ ᠰᠣᠩᠭᠤᠬᠤ ᠴᠢᠭᠯᠡᠯ     ᠳᠠᠭᠠᠭᠠᠴᠢᠯᠠᠯᠲᠠ ᠬᠦᠯᠢᠶᠡᠬᠦ ᠨᠢᠭᠡᠴᠡ ᠨᠦᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠣᠳᠣᠬᠠᠨ ᠤ ᠭᠤᠤᠯᠳᠠᠯᠭ᠎ᠠ ᠲᠠᠢ᠂ ᠬᠠᠯᠠᠮᠰᠢᠯ ᠪᠠ ᠲᠦᠪᠡᠭᠲᠡᠶ ᠵᠡᠷᠭᠡ ᠠᠰᠠᠭᠤᠳᠠᠯ ᠲᠠᠢ ᠤᠶᠠᠯᠳᠤᠭᠤᠯᠤᠨ ᠰᠡᠳᠦᠪ ᠰᠣᠩᠭᠤᠬᠤ ᠬᠡᠷᠡᠭᠲᠡᠶ᠃ ᠳᠠᠭᠠᠭᠠᠴᠢᠯᠠᠯᠲᠠ ᠬᠦᠯᠢᠶᠡᠬᠦ ᠰᠡᠳᠦᠪ ᠢ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ︵ᠬᠤᠶᠠᠳᠤᠭᠠᠷ ᠪᠦᠯᠦᠭ︶ ᠤ ᠯᠠᠪᠯᠠᠬᠤ ᠴᠢᠭᠯᠡᠯ︾  ︵ᠳᠠᠭᠠᠯᠳᠤᠭᠤᠯᠤᠯ 1 ᠶᠢ ᠦᠵᠡ︶ ᠠᠴᠠ ᠰᠣᠩᠭᠤᠬᠤ ᠬᠡᠷᠡᠭᠲᠡᠶ᠃    ᠳᠥᠷᠪᠡ᠂ ᠰᠡᠳᠦᠪ ᠤᠨ ᠵᠠᠷᠤᠳᠠᠯ    ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠳᠠᠭᠠᠭᠠᠴᠢᠯᠠᠯᠲᠠ ᠣᠯᠤᠭᠰᠠᠨ ᠰᠡᠳᠦᠪ ᠨᠢᠭᠡᠪᠦᠷᠢ ᠳᠤ 4 ᠲᠦᠮᠡᠨ ᠲᠥᠭᠦᠷᠢᠭ ᠤᠨ ᠵᠠᠷᠤᠳᠠᠯ ᠤᠨ ᠲᠤᠰᠠᠯᠠᠮᠵᠢ ᠤᠯᠭᠤᠨ᠎ᠠ᠃    ᠲᠠᠪᠤ᠂ ᠴᠠᠭ ᠤᠨ ᠲᠤᠬᠢᠷᠠᠭᠤᠯᠤᠯᠳᠠ    1 . ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠰᠡᠳᠦᠪ ᠤᠨ ᠭᠤᠶᠤᠴᠢᠯᠠᠯ ᠢ ᠬᠦᠯᠢᠶᠡᠨ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ ᠶᠢᠨ ᠠᠷᠭ᠎ᠠ︾ ︵ᠳᠠᠭᠠᠯᠳᠤᠭᠤᠯᠤᠯ 2 ᠢ ᠦᠵᠡ︶ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠡᠳᠦᠪ ᠤᠨ ᠳᠠᠭᠠᠭᠠᠴᠢᠯᠠᠯᠲᠠ ᠵᠠᠷᠯᠠᠬᠤ᠂ ᠰᠡᠳᠦᠪ ᠲᠣᠭᠲᠠᠭᠠᠬᠤ᠂ ᠬᠢᠨᠠᠨ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠢ ᠪᠡᠶᠡᠯᠡᠭᠦᠯᠦᠨ᠎ᠡ᠃ ᠡᠯ᠎ᠡ ᠳᠠᠭᠠᠭᠠᠴᠢᠯᠠᠯᠲᠠ ᠬᠦᠯᠢᠶᠡᠬᠦ ᠨᠢᠭᠡᠴᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ᠤ ᠭᠤᠶᠤᠴᠢᠯᠠᠯ ᠤᠨ ᠪᠢᠴᠢᠭ︾ ︵ᠳᠣᠷᠣᠭᠰᠢ ᠭᠤᠶᠤᠴᠢᠯᠠᠯ ᠤᠨ ᠪᠢᠴᠢᠭ ᠭᠡᠵᠦ ᠲᠣᠪᠴᠢᠯᠠᠨ᠎ᠠ᠂ ᠳᠠᠭᠠᠯᠳᠤᠭᠤᠯᠤᠯ 3 ᠳᠤ ᠦᠵᠡ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ᠤ ᠨᠤᠲᠠᠯᠠᠯᠲᠠ ᠶᠢᠨ ᠵᠠᠳᠠᠭᠠᠶ ᠬᠠᠭᠤᠳᠠᠰᠤ︾ ︵ᠳᠠᠭᠠᠯᠳᠤᠭᠤᠯᠤᠯ 4 ᠶᠢ ᠦᠵᠡ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ᠤ ᠮᠡᠳᠡᠭᠡ ᠵᠠᠩᠭᠢ ᠶᠢᠨ ᠬᠦᠰᠦᠨᠦᠭᠲᠦ︾ ︵ᠳᠠᠭᠠᠯᠳᠤᠭᠤᠯᠤᠯ 5 ᠶᠢ ᠦᠵᠡ︶ ᠶᠢ ᠪᠠᠭᠤᠯᠭᠠᠵᠤ᠂ 4 ᠰᠠᠷ᠎ᠠ ᠶᠢᠨ 11 ᠤ ᠡᠳᠦᠷ ᠠᠴᠠ ᠡᠮᠦᠨ᠎ᠡ ᠲᠠᠭᠯᠠᠵᠤ ᠪᠠᠷᠠᠭᠰᠠᠨ ᠤ ᠳᠠᠷᠠᠭ᠎ᠠ 1ml@nmgtj.cn ︵ᠢᠮᠧᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ᠭᠤᠶᠤᠴᠢᠯᠠᠭᠴᠢ ᠶᠢᠨ ᠣᠪᠣᠭ ᠨᠡᠷ᠎ᠡ︾ ᠭᠡᠵᠦ ᠨᠡᠷᠡᠶᠢᠳᠦᠨ᠎ᠡ︶ ᠳᠤ ᠢᠯᠡᠭᠡᠨ᠎ᠡ᠂ ᠡᠭᠦᠨ ᠤ ᠬᠠᠮᠲᠤ ᠲᠠᠭᠯᠠᠭᠰᠠᠨ ᠭᠤᠶᠤᠴᠢᠯᠠᠯ ᠤᠨ ᠪᠢᠴᠢᠭ ︵3 ᠬᠤᠪᠢ︶ ᠢᠶᠠᠨ ᠴᠠᠭᠠᠰᠤᠨ ᠤ ᠬᠡᠯᠪᠡᠷᠢ ᠪᠠᠷ ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠲᠤ ᠮᠡᠳᠡᠭᠦᠯᠦᠨ᠎ᠡ ︵ᠢᠯᠡᠭᠡᠭᠰᠡᠨ ᠰᠢᠤᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ︶᠃    2 . ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠰᠡᠳᠦᠪ ᠤᠨ ᠳᠠᠭᠠᠭᠠᠴᠢᠯᠠᠯᠲᠠ ᠬᠦᠯᠢᠶᠡᠬᠦ ᠨᠢᠭᠡᠴᠡ ᠶᠢᠨ ᠰᠡᠳᠦᠪ ᠭᠤᠶᠤᠴᠢᠯᠠᠬᠤ ᠲᠥᠰᠦᠯ ᠪᠣᠯᠤᠨ ᠰᠤᠳᠤᠯᠬᠤ ᠬᠦᠴᠦᠨ ᠢ ᠬᠢᠨᠠᠨ ᠲᠣᠭᠲᠠᠭᠠᠵᠤ᠂ ᠰᠢᠯᠢᠳᠡᠭ ᠢ ᠨᠢ ᠰᠣᠩᠭᠤᠨ ᠰᠡᠳᠦᠪ ᠲᠣᠭᠲᠠᠭᠠᠬᠤ ᠨᠢᠭᠡᠴᠡ ᠶᠢ ᠲᠣᠭᠲᠠᠭᠠᠬᠤ ᠶᠢᠨ ᠬᠠᠮᠲᠤ 4 ᠳ᠋ᠤᠭᠡᠷ ᠰᠠᠷ᠎ᠠ ᠶᠢᠨ ᠰᠡᠭᠦᠯᠴᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠰᠡᠳᠦᠪ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃ ᠳᠠᠭᠠᠭᠠᠴᠢᠯᠠᠯᠲᠠ ᠣᠯᠤᠭᠰᠠᠨ ᠦᠭᠡᠢ ᠪᠠᠶᠢᠭᠤᠯᠭ᠎ᠠ ᠶᠢ ᠳᠠᠬᠢᠨ ᠮᠡᠳᠡᠭᠳᠡᠬᠦ ᠦᠭᠡᠢ᠃    ᠵᠢᠷᠭᠤᠭ᠎ᠠ᠂ ᠪᠤᠰᠤᠳ ᠱᠠᠭᠠᠷᠳᠠᠯᠭ᠎ᠠ    ᠡᠮᠦᠨᠡᠬᠢ ᠬᠤᠭᠤᠴᠠᠭᠠᠨ ᠳᠤ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ᠳᠤ ᠳᠠᠭᠠᠭᠠᠴᠢᠯᠠᠯᠲᠠ ᠣᠯᠤᠭᠰᠠᠨ ᠰᠡᠳᠦᠪ ᠤᠨ ᠬᠠᠷᠢᠭᠤᠴᠠᠯᠭᠠᠲᠠᠨ ᠭᠤᠶᠤᠴᠢᠯᠠᠵᠤ ᠪᠣᠯᠬᠤ ᠦᠭᠡᠶ᠃    ᠲᠤᠯᠤᠭ᠎ᠠ᠂ ᠬᠠᠷᠢᠯᠴᠠᠬᠤ ᠬᠡᠯᠪᠡᠷᠢ    ᠬᠠᠷᠢᠯᠴᠠᠬᠤ ᠬᠥᠮᠦᠨ᠄ ᠯᠦ ᠮᠧᠶ ᠯᠢᠩ᠂ ᠯᠢᠦᠶ ᠶᠠᠩ    ᠬᠠᠷᠢᠯᠴᠠᠬᠤ ᠤᠲᠠᠰᠤ᠄ 0471 - 6945672    ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ 1 ᠳ᠋ᠤᠭᠡᠷ ᠠᠰᠠᠷ ᠤᠨ 413 ᠳ᠋ᠤᠭᠠᠷ ᠥᠷᠥᠭᠡ ︵ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ︶    ᠰᠢᠦᠳᠠᠨ ᠳ᠋ᠤᠭᠠᠷ᠄ 010055     ᠳᠠᠭᠠᠯᠳᠤᠭᠤᠯᠤᠯ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ        ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                2025 ᠣᠨ ᠤ 3 ᠳ᠋ᠤᠭᠠᠷ ᠰᠠᠷ᠎ᠠ ᠶᠢᠨ 20 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号