︽ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠦᠯ︾ ᠤᠨ ᠲᠤᠬᠠᠢ ᠲᠤᠰᠬᠠᠶ ᠮᠡᠷᠭᠡᠵᠢᠯᠲᠡᠨ ᠤ ᠲᠠᠶᠢᠯᠤᠮᠵᠢ
ᠨᠡᠶᠢᠲᠡᠯᠡᠭᠰᠡᠨ ᠴᠠᠭ᠄
2025/3/23
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ 8 ᠲᠠᠯ᠎ᠠ ᠶᠢᠨ 30 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠡᠷᠬᠢᠨ ᠬᠡᠷᠡᠭᠯᠡᠭᠡᠨ ᠤ ᠢᠲᠡᠭᠡᠯ ᠢ ᠪᠣᠶ ᠪᠣᠯᠭᠠᠵᠤ᠂ ᠰᠠᠭᠤᠭᠠᠯᠢ ᠠᠷᠠᠳ ᠢ ︽ᠵᠣᠷᠢᠭᠲᠠᠶ ᠪᠠᠷ ᠬᠡᠷᠡᠭᠯᠡᠭᠡ ᠬᠢᠯᠭᠡᠬᠦ︾ ᠪᠣᠶ︖ ᠬᠡᠷᠡᠭᠯᠡᠭᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠬᠡᠷᠬᠢᠨ ᠨᠠᠩ ᠰᠠᠶᠢᠨ ᠪᠤᠶᠢᠵᠢᠭᠤᠯᠵᠤ᠂ ᠰᠠᠭᠤᠭᠠᠯᠢ ᠠᠷᠠᠳ ᠢ ︽ᠳᠤᠷᠠᠲᠠᠶ᠎ᠠ ᠬᠡᠷᠡᠭᠯᠡᠭᠡ ᠬᠢᠯᠭᠡᠬᠦ︾ ᠪᠣᠶ︖ ᠬᠡᠷᠬᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠵᠢᠷᠤᠮᠵᠢᠭᠤᠯᠤᠨ ᠬᠥᠲᠥᠯᠥᠨ ᠳᠠᠭᠠᠭᠤᠯᠵᠤ ᠪᠠᠶᠢᠭᠠᠳ ᠰᠠᠭᠤᠭᠠᠯᠢ ᠠᠷᠠᠳ ᠢ ︽ᠪᠠᠶᠠᠷ ᠬᠥᠷ ᠲᠠᠢ ᠬᠡᠷᠡᠭᠯᠡᠭᠡ︾ ᠬᠢᠯᠭᠡᠬᠦ ᠪᠤᠶ︖ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠯᠭ᠎ᠠ ᠠᠴᠠ ᠤᠶᠢᠯᠠᠭᠠᠶ᠎ᠠ᠃    ᠱᠠᠩᠬᠠᠶ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠥᠪᠯᠡᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠲᠠᠩ ᠵᠢᠶᠠᠨ ᠱᠧᠩ ᠤᠨ ᠦᠵᠡᠬᠦ ᠪᠠᠷ᠂ ᠲᠥᠰᠦᠯ ᠨᠢ ᠬᠡᠷᠡᠭᠯᠡᠭᠡᠨ ᠤ ᠪᠦᠲᠦᠴᠡ ᠶᠢᠨ ᠲᠣᠬᠢᠷᠠᠭᠤᠯᠤᠯᠲᠠ ᠳᠤ ᠠᠯᠤᠰ ᠬᠡᠲᠦ ᠶᠢᠨ ᠨᠥᠯᠥᠭᠡ ᠲᠠᠢ᠃ ᠲᠡᠷᠡ᠂ ᠬᠡᠷᠡᠭᠯᠡᠭᠡᠨ ᠤ ᠢᠲᠡᠭᠡᠯ ᠢ ᠳᠡᠭᠡᠭᠰᠢᠯᠡᠭᠦᠯᠬᠦ ᠳᠤ ᠠᠮᠢ ᠠᠬᠤᠶ᠂ ᠬᠠᠨᠳᠤᠰᠢ ᠪᠠ ᠬᠥᠳᠡᠯᠭᠡᠬᠦ ᠬᠦᠴᠦᠨ ᠢ ᠠᠩᠬᠠᠷᠴᠤ᠂ ᠵᠠᠯᠠᠭᠤ ᠬᠡᠷᠡᠭᠯᠡᠭᠡᠨ ᠤ  ᠪᠦᠯᠬᠦᠮ ᠴᠤᠭᠴᠠ ᠶᠢᠨ ᠬᠤᠪᠢᠷᠠᠯᠲᠠ ᠶᠢ ᠳᠠᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠬᠤᠳᠠᠯᠳᠤᠭᠠᠨ ᠤ ᠠᠵᠤ ᠠᠬᠤᠶ ᠶᠢᠨ ᠨᠡᠶᠢᠭᠡᠮᠯᠢᠭ ᠤᠨ ᠳᠡᠳ᠋ ᠳᠠᠷᠤᠭ᠎ᠠ ᠴᠢ ᠰᠢᠶᠤᠤ ᠵᠠᠶ ᠵᠢᠭᠠᠵᠤ ᠭᠠᠷᠭᠠᠭᠰᠠᠨ ᠨᠢ᠂ ᠲᠥᠰᠦᠯ ᠨᠢ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡ ᠶᠢᠨ ᠲᠠᠯ᠎ᠠ ᠪᠠᠷ ᠬᠠᠮᠲᠤ ᠪᠠᠷ ᠬᠦᠴᠦᠯᠡᠵᠦ᠂ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠤᠶᠠᠯᠳᠤᠭᠤᠯᠤᠨ᠎ᠠ᠃ ︽ᠨᠠᠰᠤᠳᠠᠶᠢᠴᠦᠳ ᠬᠡᠦᠬᠡᠳ︾ ᠢ ᠤᠨᠴᠠᠭᠠᠶᠢᠯᠠᠨ ᠠᠩᠬᠠᠷᠴᠤ᠂ ᠨᠠᠰᠤᠲᠠᠶᠢᠴᠤᠳ ᠤᠨ ᠨᠡᠶᠢᠭᠡᠮ ᠲᠣᠭᠤᠷᠢᠭ ᠤᠨ ᠨᠠᠰᠤᠵᠢᠯ᠂ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠢᠯᠬ᠎ᠠ ᠬᠡᠦᠬᠡᠳ ᠢ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠦᠢᠯᠡᠴᠢᠯᠡᠭᠡ ᠶᠢ ᠳᠡᠭᠡᠭᠰᠢᠯᠡᠭᠦᠯᠦᠨ᠂ ᠭᠡᠷ ᠪᠦᠯᠢ ᠶᠢᠨ ᠬᠡᠷᠡᠭᠯᠡᠭᠡ ᠶᠢ ᠠᠬᠢᠭᠤᠯᠤᠨ᠎ᠠ᠃    ᠱᠠᠩᠬᠠᠶ ᠶᠢᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠤᠳᠤᠯᠭᠠᠨ ᠤ ᠬᠦᠷᠢᠶᠡᠯᠡᠩ ᠤᠨ ᠣᠨᠴᠠ ᠤᠷᠢᠭᠰᠠᠨ ᠰᠤᠳᠤᠯᠤᠭᠴᠢ ᠯᠤᠤ ᠭᠦᠸᠧ ᠯᠢᠩ ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠳᠤ ᠬᠠᠨᠳᠤᠭᠤᠯᠵᠤ ᠬᠡᠯᠡᠬᠦ ᠳᠡᠭᠡᠨ᠂ ᠲᠥᠰᠦᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠮᠠᠨ ᠤ ᠤᠯᠤᠰ ᠤᠨ ᠬᠤᠲᠠ ᠶᠢᠨ ᠪᠥᠬᠦ ᠳᠡᠯᠡᠬᠡᠶ ᠶᠢᠨ ᠬᠡᠷᠡᠭᠯᠡᠭᠡᠨ ᠤ ᠨᠤᠲᠤᠭ ᠳᠡᠪᠢᠰᠬᠡᠷ ᠲᠤ ᠴᠢᠬᠤᠯᠠ ᠪᠠᠶᠢᠷᠢ ᠰᠠᠭᠤᠷᠢ ᠡᠵᠡᠯᠡᠬᠦ ᠶᠢ ᠠᠬᠢᠭᠤᠯᠪᠠ ᠭᠡᠵᠡᠶ᠃ ᠡᠳᠡᠭᠡᠷ ᠬᠤᠳᠠ ᠬᠡᠷᠡᠭᠯᠡᠭᠡᠨ ᠤ ᠣᠷᠴᠢᠨ ᠲᠣᠭᠤᠷᠢᠨ ᠤ ᠰᠢᠨ᠎ᠡ ᠶᠢ ᠡᠭᠦᠳᠴᠦ᠂ ᠳᠡᠯᠡᠬᠡᠶᠢᠵᠢᠭᠰᠡᠨ ᠨᠥᠬᠦᠷᠰᠡᠭ ᠬᠤᠳᠠᠯᠳᠤᠭᠠᠨ ᠤ ᠲᠣᠭᠤᠷᠢᠭ ᠢ ᠪᠠᠶᠢᠭᠤᠯᠵᠤ᠂ ᠰᠣᠶᠣᠯ ᠤᠨ ᠣᠶᠢᠯᠠᠭᠠᠯᠲᠠ ᠪᠠᠨ ᠳᠡᠭᠡᠭᠰᠢᠯᠡᠭᠦᠯᠵᠦ᠂ ᠪᠦᠬᠦ ᠪᠥᠮᠪᠥᠷᠴᠡᠭ ᠤᠨ ᠬᠡᠷᠡᠭᠯᠡᠭᠴᠢᠳ ᠢ ᠲᠠᠲᠠᠵᠤ᠂ ᠢᠷᠡᠭᠡᠳᠦᠢ ᠳᠤ ︽ᠳᠤᠮᠳᠠᠳᠤ ᠤᠯᠤᠰ ᠤᠨ ᠰᠢᠨ᠎ᠡᠦᠢᠯᠡᠳᠬᠦᠨ︾ ᠨᠢ ︽ᠪᠦᠬᠦ ᠪᠥᠮᠪᠥᠷᠴᠡᠭ ᠤᠨ ᠰᠢᠨ᠎ᠡ ᠦᠢᠯᠡᠳᠬᠦᠨ︾ ᠪᠣᠯᠬᠤ ᠪᠣᠯᠤᠨ᠎ᠠ᠃    ᠲᠥᠰᠦᠯ ᠤᠨ ᠬᠡᠷᠡᠭᠵᠢᠭᠦᠯᠦᠯᠲᠡ ᠨᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠴᠡᠴᠡᠭᠯᠡᠯ ᠬᠥᠭᠵᠢᠯ ᠢ ᠠᠬᠢᠭᠤᠯᠬᠤ ᠪᠣᠯᠤᠨ᠎ᠠ᠃ ᠢᠷᠡᠭᠡᠳᠦᠶ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠶᠢ ᠳᠠᠭᠠᠯᠳᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠨᠠᠩ ᠥᠷᠨᠢᠨ ᠬᠥᠭᠵᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠠᠮᠢᠳᠤᠷᠠᠯ ᠢ ᠨᠠᠩ ᠢᠯᠡᠭᠦᠦ ᠮᠡᠳᠡᠷᠡᠭᠦᠯᠬᠦ ᠪᠣᠯᠤᠨ᠎ᠠ᠃ ᠡᠯ᠎ᠡ ᠲᠠᠯ᠎ᠠ ᠶᠢᠨ ᠬᠢᠨ ᠲᠥᠰᠦᠯ ᠢ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ᠃ ︵ᠰᠤᠷᠪᠤᠯᠵᠢᠯᠠᠭᠴᠢ ᠵᠧᠦ ᠷᠦᠢ    ᠵᠤᠤ ᠢ ᠾᠧ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号