ᠶᠡᠷᠦᠩᠬᠡᠶ ᠱᠦᠵᠢ ᠰᠢ ᠶᠢᠨ ᠫᠢᠩ ᠤᠨ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠪᠠ | ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠢᠲᠠᠳ ᠡᠮ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠬᠦᠴᠦᠯᠡᠨ ᠠᠬᠢᠭᠤᠯᠵᠤ᠂ ᠬᠢᠲᠠᠳ | ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠬᠢᠲᠠᠳ ᠡᠮ ᠤᠨ ᠶᠠᠰᠤ ᠴᠢᠨᠠᠷ ᠢ ᠳᠡᠭᠡᠭᠰᠢᠯᠡᠭᠦᠯᠵᠦ | ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ | ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ | ᠠᠭᠤᠯᠭ᠎ᠠ ᠶᠢᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ︽ᠰᠠᠨᠠᠯ︾ ᠢ ᠲᠤᠭᠤᠷᠪᠢᠭᠰᠠᠨ ᠠᠬᠤᠶ ᠪᠠᠶᠢᠳᠠᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠴᠢ | ᠪᠤᠯᠭᠠᠭᠰᠠᠨ ᠨᠠᠮ ᠤᠨ ᠲᠥᠪ ᠬᠤᠷᠢᠶ᠎ᠠ ᠬᠢᠲᠠᠳ ᠡᠮ ᠡᠮᠨᠡᠯᠭᠡ ᠶᠢᠨ ᠠᠵᠢᠯ ᠢ ᠨᠠᠩ ᠲᠣᠪᠤᠶᠢᠮ᠎ᠠ ᠪᠠᠶᠢᠷᠢᠨ ᠳᠤ | ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ᠂ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠵᠢᠮ᠎ᠡ ᠶᠣᠰᠣ ᠶᠢ | ᠵᠢᠷᠤᠮᠯᠠᠵᠤ᠂ ᠤᠬᠢ ᠰᠣᠳᠣ ᠶᠢ ᠨᠢ ᠵᠠᠯᠭᠠᠮᠵᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠢᠲᠠᠳ | ᠡᠮ ᠡᠮᠨᠡᠯᠭᠡ ᠶᠢᠨ ᠣᠳᠣᠬᠢᠴᠢᠯᠠᠯᠲᠠ᠂ ᠠᠵᠤ ᠦᠢᠯᠡᠰᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠯᠢ ᠣᠯᠠᠨ ᠴᠢᠬᠤᠯᠠ | ᠪᠠᠶᠢᠷᠢᠯᠠᠭᠤᠯᠤᠯᠲᠠ ᠬᠢᠵᠦ᠂ ︽ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠷᠢᠳ ᠬᠤᠵᠢᠳ ︽ᠬᠢᠲᠠᠳ ᠡᠮ ᠡᠮᠨᠡᠯᠭᠡ ᠶᠢᠨ ᠤᠨᠴᠠᠯᠢᠬᠳᠤ ᠬᠥᠭᠵᠢᠯᠲᠡ ᠶᠢ | ᠲᠦᠷᠭᠡᠳᠬᠡᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︽︿ᠠᠷᠪᠠᠨ ᠳᠥᠷᠪᠡᠳᠦᠭᠡᠷ ᠲᠠᠪᠤᠨ | ᠵᠢᠯ﹀ ᠤᠨ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠪᠣᠯᠤᠨ ︽ᠬᠢᠲᠠᠳ ᠡᠮ ᠡᠮᠨᠡᠯᠭᠡ ᠶᠢ | ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠪᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠡᠪᠴᠢᠶ᠎ᠡ ᠲᠠᠰᠤᠷᠠᠯᠲᠠ ᠦᠭᠡᠢ | ᠥᠷᠭᠡᠳᠴᠦ᠂ ᠪᠦᠲᠦᠴᠡ ᠪᠠᠶᠢᠷᠢᠰᠢᠯ ᠦᠷᠭᠦᠯᠵᠢᠯᠡᠨ ᠰᠢᠯᠢᠳᠡᠭᠵᠢᠵᠦ᠂ ᠳᠠᠪᠠᠭᠤᠯᠢᠭ ᠢᠶᠠᠨ ᠲᠥᠪᠯᠡᠷᠡᠭᠦᠯᠬᠦ ᠪᠠᠶᠢᠳᠠᠯ | ᠠᠯᠬᠤᠮ ᠠᠯᠬᠤᠮ ᠢᠶᠠᠷ ᠢᠯᠡᠷᠡᠵᠦ᠂ ᠨᠢᠭᠡᠨᠲᠡ ᠮᠠᠨ ᠤ ᠤᠯᠤᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠬᠤᠯᠠ | ᠪᠦᠷᠢᠯᠳᠦᠬᠦᠨ ᠬᠡᠰᠡᠭ ᠪᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ | ᠲᠣᠭᠲᠠᠭᠠᠯ︾ ᠳᠤ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠴᠢᠬᠤᠯᠠ ᠪᠠᠶᠢᠷᠢᠯᠠᠭᠤᠯᠤᠯᠲᠠ ᠬᠢᠵᠦ᠂ ᠡᠨᠡ ᠵᠢᠯ ᠤᠨ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠤ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠪᠠ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠳᠤᠷᠠᠳᠴᠠᠶ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠠᠨᠠᠯ︾ ᠳᠤ ᠠᠯᠢ ᠣᠯᠠᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠳᠤᠷᠠᠳᠴᠤ᠂ ᠬᠢᠲᠠᠳ ᠡᠮ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠰᠠᠭᠤᠷᠢ ᠪᠣᠯᠭᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠵᠤ᠂ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠪᠠᠷ ᠪᠠᠲᠤᠯᠠᠭ᠎ᠠ ᠪᠣᠯᠭᠠᠵᠤ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ | ᠵᠡᠷᠭᠡ ᠪᠠᠷ ᠴᠢᠬᠤᠯᠠᠴᠢᠯᠠᠭᠰᠠᠨ᠂ ᠪᠠᠶᠢᠷᠢᠰᠢᠭᠤᠯᠤᠯᠲᠠ ᠪᠦᠲᠦᠴᠡ ᠨᠢ ᠵᠦᠶ ᠵᠣᠬᠢᠰᠲᠠᠶ᠂ ᠲᠣᠨᠤᠭ ᠲᠥᠬᠦᠭᠡᠷᠦᠮᠵᠢ | ᠦᠢᠯᠡᠳᠬᠦ ᠨᠢ ᠲᠡᠷᠢᠭᠦᠨ ᠤ᠂ ᠶᠠᠰᠤ ᠴᠢᠨᠠᠷ ᠠᠮᠤᠷ ᠲᠦᠪᠰᠢᠨ ᠨᠠᠶᠢᠳᠠᠪᠤᠷᠢᠲᠠᠶ᠂ ᠥᠷᠢᠰᠥᠯᠳᠦᠬᠦ ᠴᠢᠳᠠᠪᠤᠷᠢ ᠴᠢᠩᠭ᠎ᠠ | ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠬᠦᠯᠬᠦ ᠪᠠ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠨᠠᠩ ᠰᠠᠶᠢᠲᠤᠷ ᠦᠢᠯᠡᠴᠢᠯᠡᠪᠡ᠃ | ᠬᠤᠶᠠᠷ᠂ ︽ᠰᠠᠨᠠᠯ︾ ᠤᠨ ᠶᠡᠷᠦᠩᠬᠡᠶ ᠪᠣᠳᠣᠯᠬᠢᠯᠠᠯ ᠪᠠ ᠭᠤᠤᠯ ᠠᠭᠤᠯᠭ᠎ᠠ | ︽ᠰᠠᠨᠠᠯ︾ ᠳᠤ ᠬᠢᠲᠠᠳ ᠡᠮ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠢᠲᠠᠳ ᠡᠮ ᠡᠮᠨᠡᠯᠭᠡ ᠶᠢᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠦ ᠲᠥᠯᠥᠪᠯᠡᠭᠡ ᠬᠢᠵᠦ᠂ ᠪᠥᠬᠦ ᠠᠵᠤ | ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠠᠴᠠ ᠭᠠᠷᠳᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠣᠯᠠᠨ ᠤ | ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠣᠳᠣᠬᠢᠴᠢᠯᠠᠭᠰᠠᠨ ᠬᠢᠲᠠᠳ ᠡᠮ ᠡᠮᠨᠡᠯᠭᠡ ᠶᠢᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠲᠣᠭᠤᠷᠢᠨ ᠳᠤ᠂ ᠨᠢᠭᠡ ᠪᠦᠯᠦᠭ ᠴᠢᠬᠤᠯᠠ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ᠂ ᠴᠢᠬᠤᠯᠠ ᠶᠡᠭᠡ ᠲᠦᠷᠢᠮ ᠲᠣᠭᠲᠠᠴᠠ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠰᠢᠰᠲ᠋ᠧᠮ ᠲᠠᠢ | ᠲᠥᠯᠥᠪᠵᠢᠭᠦᠯᠪᠡ᠃ | ︽ᠰᠠᠨᠠᠯ︾ ᠨᠢ ᠨᠡᠶᠢᠲᠡ ᠭᠤᠷᠪᠠᠨ ᠬᠡᠰᠡᠭ 21 ᠵᠤᠷᠪᠤᠰ ᠲᠠᠢ᠃ ᠨᠢᠭᠡ ᠳᠤ ᠶᠡᠷᠦᠩᠬᠡᠶ ᠱᠠᠭᠠᠷᠳᠠᠯᠭ᠎ᠠ᠂ | ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ | ᠰᠠᠨᠠᠭ᠎ᠠ᠂ ᠶᠡᠷᠦᠩᠬᠡᠶ ᠰᠡᠳᠬᠢᠮᠵᠢ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ ᠬᠤᠶᠠᠷ ᠲᠤ ᠭᠤᠣᠯ | ᠡᠭᠦᠷᠭᠡ᠂ ᠬᠢᠲᠠᠳ ᠡᠮ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ᠂ ᠬᠤᠪᠣᠷ ᠴᠤᠬᠠᠭ ᠬᠢᠲᠠᠳ | ᠡᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠢᠷᠤᠮᠵᠢᠭᠤᠯᠬᠤ᠂ ᠬᠢᠲᠠᠳ ᠡᠮ ᠤᠨ ᠡᠬᠢ ᠪᠠᠶᠠᠯᠢᠭ ᠢ | ᠪᠦᠷᠢᠳᠬᠡᠨ ᠬᠢᠨᠠᠨ ᠬᠡᠮᠵᠢᠬᠦ ᠶᠢ ᠠᠬᠢᠭᠤᠯᠬᠤ᠂ ᠬᠢᠲᠠᠳ ᠡᠮ ᠤᠨ ᠮᠠᠲ᠋ᠧᠷᠢᠶᠠᠯ ᠤᠨ ᠣᠳᠣ ᠦᠶ᠎ᠡ ᠶᠢᠨ ᠦᠷ᠎ᠡ ᠶᠢᠨ | ᠦᠢᠯᠡᠰ ᠢ ᠬᠦᠭᠵᠢᠬᠦᠯᠬᠦ᠂ ᠬᠢᠲᠠᠳ ᠡᠮ ᠤᠨ ᠮᠠᠲ᠋ᠧᠷᠢᠶᠠᠯ ᠤᠨ ᠠᠮᠢ ᠠᠬᠤᠢ ᠶᠢᠨ ᠲᠠᠷᠢᠵᠤ ᠲᠡᠵᠢᠭᠡᠬᠦ ᠶᠢ | ᠠᠬᠢᠭᠤᠯᠬᠤ᠂ ᠬᠢᠲᠠᠳ ᠡᠮ ᠤᠨ ᠮᠠᠲ᠋ᠧᠷᠢᠶᠠᠯ ᠤᠨ ᠭᠦᠢᠯᠭᠡᠭᠡ ᠪᠠ ᠨᠥᠭᠡᠴᠡᠯᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠬᠤ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠬᠦ᠂ ᠬᠢᠲᠠᠳ ᠡᠮ | ᠦᠢᠯᠡᠳᠬᠦ ᠶᠠᠰᠤ ᠴᠢᠨᠠᠷ ᠢ ᠳᠡᠭᠡᠭᠰᠢᠯᠡᠬᠦᠯᠬᠦ᠂ ᠨᠡᠷᠡᠲᠦ ᠰᠢᠯᠢᠳᠡᠭ ᠬᠢᠲᠠᠳ ᠡᠮ ᠤᠨ ᠲᠥᠷᠥᠯ ᠢ ᠪᠤᠶᠢᠵᠢᠭᠤᠯᠬᠤ᠂ | ᠬᠢᠲᠠᠳ ᠡᠮ ᠤᠨ ᠨᠠᠷᠠᠲᠤ ᠲᠡᠮᠳᠡᠭ ᠢ ᠪᠣᠶ ᠪᠤᠯᠭᠠᠬᠤ᠂ ᠡᠮᠴᠢᠯᠡᠭᠡᠨ ᠤ ᠦᠨ᠎ᠡ ᠥᠷᠲᠡᠭ ᠢ ᠦᠨᠡᠯᠡᠨ ᠵᠢᠱᠢᠬᠦ ᠶᠢ | ᠴᠢᠩᠭᠠᠷᠠᠭᠤᠯᠬᠤ᠂ ᠬᠢᠲᠠᠳ ᠡᠮ ᠤᠨ ᠲᠣᠬᠢᠷᠠᠭᠤᠯᠤᠯᠲᠠ ᠬᠡᠷᠡᠭᠯᠡᠯᠲᠡ ᠶᠢ ᠴᠢᠩᠭᠠᠳᠬᠠᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠬᠦᠯᠬᠦ᠂ ᠬᠢᠲᠠᠳ ᠡᠮ ᠤᠨ ᠰᠢᠨ᠎ᠡ ᠶᠢ ᠡᠭᠦᠳᠴᠦ | ᠰᠤᠳᠤᠯᠤᠨ ᠨᠡᠭᠡᠭᠡᠬᠦ ᠶᠢ ᠴᠢᠩᠭᠠᠳᠬᠠᠬᠤ᠂ ᠬᠢᠲᠠᠳ ᠡᠮ ᠤᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠬᠦᠯᠬᠦ᠂ | ᠬᠢᠲᠠᠳ ᠡᠮ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠬᠦᠯᠬᠦ᠂ ᠨᠠᠩ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠠᠬᠢᠭᠤᠯᠬᠤ᠂ ᠠᠵᠤ ᠦᠢᠯᠡᠰ ᠤᠨ ᠬᠥᠭᠵᠢᠯᠲᠡ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ | ᠲᠠᠯ᠎ᠠ ᠪᠠᠷ ᠲᠤᠰ ᠲᠤᠰ ᠪᠠᠶᠢᠷᠢᠯᠠᠭᠤᠯᠤᠯᠲᠠ ᠬᠢᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤᠷᠠᠳᠴᠠᠢ᠃ | ᠭᠤᠷᠪᠠ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠨᠢᠭᠡᠳᠦᠯᠲᠡᠢ ᠲᠥᠯᠥᠪᠵᠢᠭᠦᠯᠦᠨ ᠤᠳᠤᠷᠢᠳᠬᠤ ᠶᠢ | ᠴᠢᠩᠭᠠᠳᠬᠠᠬᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠪᠡᠯᠡ ᠮᠥᠩᠭᠦᠨ ᠤ | ᠳᠡᠮᠵᠢᠯᠭᠡ ᠶᠢ ᠴᠢᠩᠭᠠᠳᠬᠠᠬᠤ ᠵᠡᠷᠭᠡ ᠲᠣᠭᠤᠷᠢᠨ ᠳᠤ ᠪᠠᠶᠢᠷᠢᠯᠠᠭᠤᠯᠤᠯᠲᠠ ᠬᠢᠪᠡ᠃ | ᠭᠤᠷᠪᠠ᠂ ᠬᠢᠲᠠᠳ ᠡᠮ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠠᠯ᠎ᠠ ᠪᠠᠷ ᠶᠠᠮᠠᠷ | ᠶᠠᠮᠠᠷ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠠᠶᠢᠬᠤ ᠪᠣᠶ︖ | ᠬᠢᠲᠠᠳ ᠡᠮ ᠤᠨ ᠡᠬᠢ ᠪᠠᠶᠠᠯᠢᠭ ᠪᠣᠯ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ | ᠴᠢᠬᠤᠯᠠ ᠪᠣᠳᠠᠰ ᠤᠨ ᠰᠠᠭᠤᠷᠢ ᠮᠥᠨ᠃ ᠣᠶᠢᠷ᠎ᠠ ᠶᠢᠨ ᠵᠢᠯ ᠤᠳ ᠲᠤ᠂ ᠬᠢᠲᠠᠳ ᠡᠮ ᠡᠮᠨᠡᠯᠭᠡ ᠶᠢᠨ ᠠᠵᠤ | ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠢᠲᠠᠳ ᠡᠮ ᠤᠨ ᠡᠬᠢ ᠪᠠᠶᠠᠯᠢᠭ ᠤᠨ ᠬᠡᠷᠡᠭᠴᠡᠭᠡᠨ ᠤ | ᠬᠡᠮᠵᠢᠶ᠎ᠡ ᠡᠳᠦᠷ ᠢᠷᠡᠬᠦᠶ᠎ᠡ ᠨᠡᠮᠡᠭᠳᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠲᠠᠳ ᠡᠮ ᠤᠨ ᠡᠬᠢ | ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠬᠤ ᠨᠢ ᠪᠣᠳᠠᠲᠤ ᠲᠤᠯᠭᠠᠮ᠎ᠠ ᠴᠢᠨᠠᠷ ᠪᠣᠯᠤᠨ ᠠᠯᠤᠰ ᠬᠡᠳᠦ ᠶᠢᠨ | ᠲᠡᠦᠬᠡᠲᠦ ᠠᠴᠢ ᠬᠤᠯᠪᠣᠭᠳᠠᠯ ᠲᠠᠢ ᠶᠤᠮ᠃ ︽ᠰᠠᠨᠠᠯ︾ ᠳᠤ ᠬᠢᠲᠠᠳ ᠡᠮ ᠤᠨ ᠡᠬᠢ ᠪᠠᠶᠠᠯᠢᠭ ᠢ ᠬᠠᠮᠠᠭᠠᠯᠠᠬᠤ | ᠡᠷᠴᠢᠮ ᠢ ᠴᠢᠩᠭᠠᠷᠠᠭᠤᠯᠬᠤ᠂ ᠬᠤᠪᠣᠷ ᠴᠤᠬᠠᠭ ᠬᠢᠲᠠᠳ ᠡᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠵᠢᠷᠤᠮᠵᠢᠭᠤᠯᠬᠤ᠂ ᠬᠢᠲᠠᠳ ᠡᠮ ᠤᠨ ᠡᠬᠢ ᠪᠠᠶᠠᠯᠢᠭ ᠢ ᠪᠦᠷᠢᠳᠬᠡᠵᠦ ᠬᠢᠨᠠᠨ ᠬᠡᠮᠵᠢᠬᠦ ᠶᠢ ᠠᠬᠢᠭᠤᠯᠬᠤ ᠵᠡᠷᠭᠡ | ᠲᠠᠯ᠎ᠠ ᠪᠠᠷ ᠬᠠᠮᠢᠶ᠎ᠠ ᠪᠥᠬᠦᠶ ᠠᠷᠭ᠎ᠠ ᠬᠡᠮᠵᠢᠶ᠎ᠡ ᠳᠤᠷᠠᠳᠴᠤ᠂ ᠬᠢᠲᠠᠳ ᠡᠮ ᠤᠨ ᠡᠬᠢ ᠪᠠᠶᠠᠯᠢᠭ ᠢ ᠦᠷᠭᠦᠯᠵᠢᠯᠡᠨ | ᠠᠰᠢᠭᠯᠠᠬᠤ ᠶᠢ ᠠᠬᠢᠭᠤᠯᠪᠠ᠃ | ᠨᠢᠭᠡ ᠳᠤ᠂ ᠬᠢᠲᠠᠳ ᠡᠮ ᠤᠨ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ᠂ ᠬᠢᠲᠠᠳ ᠡᠮ ᠤᠨ ᠡᠬᠢ ᠪᠠᠶᠠᠯᠢᠭ ᠢ | ᠬᠠᠮᠠᠭᠠᠯᠠᠬᠤ ᠪᠠ ᠬᠥᠭᠵᠢᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠬᠡᠭᠡᠷ᠎ᠡ ᠶᠢᠨ ᠡᠮ ᠤᠨ | ᠮᠠᠲ᠋ᠧᠷᠢᠶᠠᠯ ᠤᠨ ᠡᠬᠢ ᠪᠠᠶᠠᠯᠢᠭ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠢᠮ︾ ᠵᠡᠷᠭᠡ ᠶᠢ ᠰᠤᠳᠤᠯᠤᠨ ᠵᠠᠰᠠᠪᠤᠷᠢ | ᠣᠷᠣᠭᠤᠯᠵᠤ᠂ ᠬᠢᠲᠠᠳ ᠡᠮ ᠤᠨ ᠡᠬᠢ ᠪᠠᠶᠠᠯᠢᠭ ᠢ ᠬᠠᠮᠠᠭᠠᠯᠠᠬᠤ ᠦᠵᠦ ᠲᠥᠯᠥᠪᠯᠡᠭᠡ ᠪᠠ ᠲᠦᠷᠢᠮ ᠤᠨ | ᠪᠠᠲᠤᠯᠠᠭ᠎ᠠ ᠶᠢ ᠴᠢᠩᠭᠠᠳᠬᠠᠨ᠎ᠠ᠃ ᠡᠮ ᠳᠤ ᠬᠡᠷᠡᠭᠯᠡᠬᠦ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠶᠢ | ᠲᠤᠬᠠᠶ ᠶᠢᠨ ᠭᠠᠵᠠᠷ ᠲᠤᠨᠢ ᠪᠠ ᠨᠡᠭᠦᠯᠭᠡᠨ ᠬᠠᠮᠠᠭᠠᠯᠠᠬᠤ ᠶᠢ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠶᠢ | ᠵᠡᠷᠭᠡ ᠳᠤᠨᠢ ᠠᠪᠴᠤ ᠪᠠᠶᠢᠭᠠᠳ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠬᠤᠪᠣᠷ ᠴᠤᠬᠠᠭ ᠬᠢᠲᠠᠳ ᠡᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠯ᠎ᠠ ᠪᠠᠷ᠂ ᠬᠠᠤᠯᠢ | ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠵᠤ᠂ ᠬᠤᠪᠣᠷ | ᠴᠤᠬᠠᠭ ᠬᠢᠲᠠᠳ ᠡᠮ ᠤᠨ ᠡᠬᠢ ᠪᠠᠶᠠᠯᠢᠭ ᠢ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠤᠨ ᠮᠡᠳᠡᠭᠡ | ᠵᠠᠩᠭᠢ ᠶᠢᠨ ᠬᠥᠳᠡᠯᠦᠩᠭᠦᠶ ᠡᠵᠡᠮᠰᠢᠯ ᠢ ᠪᠡᠶᠡᠯᠡᠭᠦᠯᠬᠦ ᠬᠡᠷᠡᠭᠲᠡᠶ᠃ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠥᠷᠨᠢᠭᠦᠯᠵᠦ᠂ ᠨᠢᠭᠡ ᠪᠦᠯᠦᠭ ᠬᠤᠪᠣᠷ ᠴᠤᠬᠠᠭ ᠬᠢᠲᠠᠳ ᠡᠮ ᠤᠨ ᠡᠬᠢ ᠪᠠᠶᠠᠯᠢᠭ ᠢ ᠦᠷᠡᠵᠢᠭᠦᠯᠦᠨ | ᠪᠤᠶᠢᠵᠢᠭᠤᠯᠬᠤ᠂ ᠳᠠᠭᠤᠷᠢᠶᠠᠬᠤ᠂ ᠣᠷᠣᠯᠠᠭᠤᠯᠬᠤ ᠮᠡᠷᠭᠡᠵᠢᠯ ᠳᠤ ᠰᠢᠪᠲᠤᠯᠤᠯᠲᠠ ᠬᠢᠵᠦ᠂ ᠬᠡᠭᠡᠷ᠎ᠡ ᠶᠢᠨ ᠡᠬᠢ | ᠪᠠᠶᠠᠯᠢᠭ ᠲᠤ ᠲᠦᠰᠢᠭᠯᠡᠬᠦ ᠬᠡᠮᠵᠢᠶ᠎ᠡ ᠶᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠶ᠃ | ᠭᠤᠷᠪᠠ ᠳᠤ᠂ ᠬᠢᠲᠠᠳ ᠡᠮ ᠤᠨ ᠡᠬᠢ ᠪᠠᠶᠠᠯᠢᠭ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠲᠠᠯ᠎ᠠ | ᠪᠠᠷ᠂ ᠬᠢᠲᠠᠳ ᠡᠮ ᠤᠨ ᠡᠬᠢ ᠪᠠᠶᠠᠯᠢᠭ ᠤᠨ ᠲᠤᠭ᠎ᠠ ᠪᠠᠷᠢᠮᠳᠠ ᠶᠢᠨ ᠬᠥᠮᠥᠷᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠬᠠᠮᠢᠶ᠎ᠠ ᠪᠥᠬᠦᠶ ᠲᠤᠭ᠎ᠠ ᠪᠦᠷᠢᠳᠬᠡᠯ ᠢ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠭᠦᠯᠵᠦ | ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠵᠠᠳᠠᠯᠬᠤ᠂ ᠬᠡᠷᠡᠭᠯᠡᠬᠦ᠂ ᠤᠷᠢᠳᠴᠢᠯᠠᠨ | ᠰᠡᠷᠡᠮᠵᠢᠯᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ | ᠪᠣᠳᠣᠯᠭ᠎ᠠ ᠲᠣᠭᠲᠠᠭᠠᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠳᠥᠷᠪᠡ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠭᠤᠤᠯ ᠠᠷᠭ᠎ᠠ ᠬᠡᠮᠵᠢᠶ᠎ᠡ ᠪᠠᠶᠢᠬᠤ ᠪᠣᠶ︖ | ᠣᠶᠢᠷ᠎ᠠ ᠶᠢᠨ ᠵᠢᠯ ᠤᠳ ᠲᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠢᠴᠢ ᠲᠥᠷᠥ ᠶᠢᠨ | ᠪᠣᠳᠣᠯᠭ᠎ᠠ ᠶᠢᠨ ᠠᠬᠢᠭᠤᠯᠤᠯ ᠢ ᠳᠠᠭᠠᠯᠳᠤᠨ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠲᠣᠭᠲᠠᠭᠤᠨ ᠢᠶᠠᠷ | ᠬᠥᠭᠵᠢᠵᠦ᠂ ᠨᠢᠭᠡᠨᠲᠡ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠬᠦᠴᠦᠨ ᠪᠣᠯᠤᠭᠰᠠᠨ | ᠪᠠᠶᠢᠨ᠎ᠠ᠃ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠤᠯᠠᠮ | ᠳᠡᠭᠡᠭᠰᠢᠯᠡᠭᠦᠯᠬᠦ ᠶᠢᠨ ᠲᠥᠯᠥᠭᠡ᠂ ︽ᠰᠠᠨᠠᠯ︾ ᠳᠤ ᠭᠤᠷᠪᠠᠨ ᠲᠠᠯ᠎ᠠ ᠠᠴᠠ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ | ᠳᠤᠷᠠᠳᠪᠠ᠃ | ᠨᠢᠭᠡ ᠳᠤ᠂ ᠬᠢᠲᠠᠳ ᠡᠮ ᠤᠨ ᠮᠠᠲ᠋ᠧᠷᠢᠶᠠᠯ ᠤᠨ ᠦᠷ᠎ᠡ ᠶᠢᠨ ᠦᠢᠯᠡᠰ ᠤᠨ ᠲᠠᠯ᠎ᠠ ᠪᠠᠷ᠂ ᠬᠢᠲᠠᠳ ᠡᠮ ᠤᠨ | ᠮᠠᠲ᠋ᠧᠷᠢᠶᠠᠯ ᠤᠨ ᠦᠷ᠎ᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠢᠲᠠᠳ ᠡᠮ ᠤᠨ ᠮᠠᠲ᠋ᠧᠷᠢᠶᠠᠯ ᠤᠨ | ᠦᠷ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠠᠵᠤ ᠦᠢᠯᠡᠰ ᠢ ᠬᠥᠭᠵᠢᠭᠦᠯᠬᠦ ᠳᠤ ᠲᠦᠷᠢᠮ ᠤᠨ ᠪᠠᠲᠤᠯᠠᠭ᠎ᠠ | ᠬᠠᠩᠭᠠᠬᠤ ᠬᠡᠷᠡᠭᠲᠡᠶ᠃ ᠬᠢᠲᠠᠳ ᠡᠮ ᠤᠨ ᠮᠠᠲ᠋ᠧᠷᠢᠶᠠᠯ ᠤᠨ ᠦᠷ᠎ᠡ ᠪᠤᠶᠢᠵᠢᠭᠤᠯᠬᠤ ᠪᠣᠭᠤᠮᠲᠠ ᠰᠢᠪᠲᠤᠯᠬᠤ ᠶᠢ | ᠵᠣᠷᠢᠭᠵᠢᠭᠤᠯᠤᠨ ᠥᠷᠨᠢᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠦᠷ᠎ᠡ ᠶᠢᠨ ᠦᠢᠯᠡᠰ ᠤᠨ ᠰᠠᠭᠤᠷᠢᠨ | ᠭᠠᠵᠠᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠶ ᠰᠠᠶᠢᠨ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠢᠨᠠᠷ ᠰᠠᠶᠢᠲᠠᠶ ᠦᠷ᠎ᠡ ᠴᠢᠬᠢ ᠶᠢᠨ ᠬᠠᠩᠭᠠᠯᠭ᠎ᠠ ᠶᠢ | ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠬᠤᠶᠠᠷ ᠲᠤ᠂ ᠬᠢᠲᠠᠳ ᠡᠮ ᠤᠨ ᠮᠠᠲ᠋ᠧᠷᠢᠶᠠᠯ ᠢ ᠳᠠᠷᠢᠵᠤ ᠲᠡᠵᠢᠭᠡᠬᠦ ᠲᠠᠯ᠎ᠠ ᠪᠠᠷ᠂ ︽ᠬᠢᠲᠠᠳ ᠡᠮ ᠤᠨ | ᠮᠠᠲ᠋ᠧᠷᠢᠶᠠᠯ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠢ ᠦᠷᠭᠦᠯᠵᠢᠯᠡᠨ | ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠣᠶ ᠰᠢᠭᠤᠶ ᠡᠪᠡᠰᠦ ᠬᠢᠲᠠᠳ | ᠡᠮ ᠤᠨ ᠮᠠᠲ᠋ᠧᠷᠢᠶᠠᠯ ᠢ ᠬᠥᠭᠵᠢᠭᠦᠯᠵᠦ᠂ ᠨᠥᠬᠦᠴᠡᠯ ᠳᠤ ᠨᠡᠶᠢᠴᠡᠭᠰᠡᠨ ᠣᠶ ᠰᠢᠭᠤᠶ ᠶᠢᠨ ᠲᠠᠯᠠᠪᠠᠶ ᠳᠤ ᠲᠦᠰᠢᠭᠯᠡᠨ | ᠡᠮ ᠤᠨ ᠮᠠᠲ᠋ᠧᠷᠢᠶᠠᠯ ᠤᠨ ᠠᠮᠢ ᠠᠬᠤᠶ ᠶᠢᠨ ᠲᠠᠷᠢᠮᠠᠯ᠂ ᠬᠡᠭᠡᠷ᠎ᠡ ᠶᠢᠨ ᠥᠰᠬᠡᠨ ᠪᠤᠶᠢᠵᠢᠭᠤᠯᠬᠤ᠂ ᠬᠡᠭᠡᠷ᠎ᠡ ᠶᠢᠨ | ᠳᠠᠭᠤᠷᠢᠶᠠᠮᠠᠯ ᠲᠠᠷᠢᠮᠠᠯ ᠢ ᠬᠥᠭᠵᠢᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠪᠠᠷ | ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠢᠶᠠᠷ ᠡᠮ ᠬᠡᠷᠡᠭᠯᠡᠬᠦ ᠶᠢ ᠬᠡᠷᠡᠭᠵᠢᠭᠦᠯᠵᠦ᠂ ᠬᠢᠲᠠᠳ ᠡᠮ ᠤᠨ | ᠮᠠᠲ᠋ᠧᠷᠢᠶᠠᠯ ᠢ ᠵᠢᠷᠤᠮᠵᠢᠭᠤᠯᠤᠨ ᠳᠠᠷᠢᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ ᠳᠤ᠂ ᠬᠢᠲᠠᠳ ᠡᠮ ᠤᠨ ᠮᠠᠲ᠋ᠧᠷᠢᠶᠠᠯ ᠤᠨ ᠭᠦᠢᠯᠭᠡᠭᠡ ᠪᠠ ᠨᠥᠭᠡᠴᠡᠯᠡᠯᠲᠡ ᠶᠢᠨ ᠲᠠᠯ᠎ᠠ ᠪᠠᠷ᠂ ᠨᠢᠭᠡ | ᠪᠦᠯᠦᠭ ᠭᠠᠷᠤᠯᠲᠠ ᠶᠢᠨ ᠣᠷᠣᠨ ᠤ ᠪᠣᠯᠪᠠᠰᠤᠷᠠᠭᠤᠯᠬᠤ ᠰᠠᠭᠤᠷᠢᠨ ᠭᠠᠵᠠᠷ ᠢ ᠵᠢᠯᠣᠭᠤᠳᠤᠨ ᠪᠦᠲᠦᠭᠡᠨ ᠪᠠᠶᠢᠭᠤᠯᠵᠤ᠂ | ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠂ ᠭᠤᠷᠪᠠᠳᠠᠬᠢ | ᠡᠲᠡᠭᠡᠳ ᠤᠨ ᠰᠢᠯᠭᠠᠨ ᠪᠠᠶᠢᠴᠠᠭᠠᠬᠤ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠬᠢᠲᠠᠳ ᠡᠮ ᠤᠨ | ᠮᠠᠲ᠋ᠧᠷᠢᠶᠠᠯ ᠤᠨ ᠭᠦᠢᠯᠭᠡᠭᠡᠨ ᠤ ᠡᠮᠬᠢ ᠵᠢᠷᠤᠮ ᠢ ᠵᠢᠷᠤᠮᠵᠢᠭᠤᠯᠤᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠤᠨ᠎ᠠ᠃ ᠬᠢᠲᠠᠳ ᠡᠮ ᠤᠨ ᠮᠠᠲ᠋ᠧᠷᠢᠶᠠᠯ ᠤᠨ ᠦᠨ᠎ᠡ ᠬᠠᠩᠰᠢ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠨ᠎ᠡ ᠬᠠᠩᠰᠢ ᠶᠢ ᠲᠦᠷᠬᠢᠭᠦᠯᠦᠨ ᠥᠰᠬᠡᠬᠦ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠲᠠᠳ ᠡᠮ ᠤᠨ | ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠬᠠᠮᠠᠭᠠᠯᠠᠬᠤ | ᠬᠡᠷᠡᠭᠲᠡᠶ᠃ ᠬᠢᠲᠠᠳ ᠡᠮ ᠤᠨ ᠮᠠᠲ᠋ᠧᠷᠢᠶᠠᠯ ᠤᠨ ᠨᠥᠭᠡᠴᠡᠯᠡᠬᠦ ᠪᠠ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠢ ᠵᠢᠯᠣᠭᠤᠳᠤᠨ ᠶᠡᠭᠡ ᠬᠡᠮᠵᠢᠶᠡᠨ ᠤ ᠬᠢᠲᠠᠳ ᠡᠮ ᠤᠨ ᠮᠠᠲ᠋ᠧᠷᠢᠶᠠᠯ ᠤᠨ | ᠭᠠᠷᠤᠯᠲᠠ ᠶᠢᠨ ᠣᠷᠣᠨ ᠳᠤ ᠨᠢᠭᠡ ᠪᠦᠯᠦᠭ ᠨᠥᠭᠡᠴᠡᠯᠡᠬᠦ ᠬᠥᠮᠥᠷᠭᠡ ᠪᠠᠶᠢᠭᠤᠯᠵᠤ᠂ ᠵᠠᠰᠠᠭ ᠤᠨ ᠣᠷᠳᠣᠨ ᠬᠥᠲᠥᠯᠥᠨ | ᠵᠢᠯᠣᠭᠤᠳᠬᠤ᠂ ᠵᠠᠬ᠎ᠠ ᠳᠡᠯᠭᠡᠭᠦᠷ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠲᠠᠳ ᠡᠮ ᠤᠨ | ᠮᠠᠲ᠋ᠧᠷᠢᠶᠠᠯ ᠤᠨ ᠨᠥᠭᠡᠴᠡᠯᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠲᠠᠪᠤ᠂ ᠬᠢᠲᠠᠳ ᠡᠮ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ | ᠠᠬᠢᠭᠤᠯᠬᠤ ᠲᠠᠯ᠎ᠠ ᠪᠠᠷ ᠶᠠᠮᠠᠷ ᠶᠠᠮᠠᠷ ᠭᠤᠤᠯ ᠠᠷᠭ᠎ᠠ ᠬᠡᠮᠵᠢᠶ᠎ᠡ ᠪᠠᠶᠢᠬᠤ ᠪᠣᠶ︖ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ | ᠲᠣᠭᠲᠠᠭᠠᠯ︾ ᠳᠤ᠂ ᠠᠵᠤ ᠠᠬᠤᠶᠢᠯᠠᠯ ᠤᠨ ᠲᠤᠭᠠᠴᠢᠯᠠᠭᠰᠠᠨ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ ᠢᠶᠠᠷ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠳᠡᠮᠵᠢᠨ᠎ᠡ ᠭᠡᠵᠦ ᠳᠤᠷᠠᠳᠤᠨ ᠭᠠᠷᠭᠠᠪᠠ᠃ | ᠬᠢᠲᠠᠳ ᠡᠮ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ | ᠲᠥᠯᠥᠭᠡ᠂ ︽ᠰᠠᠨᠠᠯ︾ ᠳᠤ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠬᠢᠲᠠᠳ ᠡᠮ ᠦᠢᠯᠡᠳᠬᠦ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠰᠢᠯᠢᠳᠡᠭ ᠬᠢᠲᠠᠳ ᠡᠮ ᠤᠨ ᠲᠥᠷᠥᠯ ᠵᠦᠢᠯ ᠢ | ᠪᠤᠶᠢᠵᠢᠭᠤᠯᠬᠤ᠂ ᠬᠢᠲᠠᠳ ᠡᠮ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠵᠡᠷᠭᠡ ᠳᠥᠷᠪᠡᠨ ᠲᠠᠯ᠎ᠠ ᠪᠠᠷ ᠬᠠᠮᠢᠶ᠎ᠠ | ᠪᠥᠬᠦᠶ ᠠᠷᠭ᠎ᠠ ᠬᠡᠮᠵᠢᠶ᠎ᠡ ᠳᠤᠷᠠᠳᠪᠠ᠃ | ᠨᠢᠭᠡ ᠳᠤ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ᠂ | ᠬᠢᠲᠠᠳ ᠡᠮ ᠤᠨ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠵᠢᠭᠰᠠᠯ ᠢ ᠦᠷᠭᠦᠯᠵᠢᠯᠡᠨ ᠰᠢᠨᠡᠳᠬᠡᠵᠦ᠂ ᠬᠡᠯᠬᠢᠶ᠎ᠡ ᠶᠢ | ᠴᠢᠩᠭᠠᠳᠬᠠᠨ ᠬᠡᠯᠬᠢᠶ᠎ᠡ ᠶᠢ ᠨᠥᠬᠦᠪᠥᠷᠢᠯᠡᠬᠦ ᠶᠢ ᠠᠬᠢᠭᠤᠯᠵᠤ᠂ ︽ᠬᠡᠯᠬᠢᠶ᠎ᠡ ᠭᠤᠤᠯ︾ ᠪᠠ ︽ᠬᠡᠯᠬᠢᠶ᠎ᠡ ᠣᠷᠳᠣ︾ | ᠠᠵᠤ ᠠᠬᠤᠶᠢᠯᠠᠯ ᠢ ᠴᠢᠬᠤᠯᠠᠴᠢᠯᠠᠨ ᠪᠤᠵᠠᠭᠠᠶᠢᠷᠠᠭᠤᠯᠵᠤ᠂ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ | ᠬᠥᠭᠵᠢᠭᠦᠯᠦᠨ᠂ ᠦᠨᠳᠦᠰᠦᠲᠡᠨ ᠤ ᠡᠮ ᠤᠨ ᠣᠨᠴᠠᠯᠢᠭᠲᠤ ᠠᠵᠤ ᠦᠢᠯᠡᠰ ᠤᠨ ᠥᠨᠳᠦᠷᠯᠢᠭ ᠭᠠᠵᠠᠷ ᠢ ᠪᠣᠶ | ᠪᠣᠯᠭᠠᠨ᠎ᠠ︔ ᠪᠠᠰᠠ ᠲᠤᠰᠬᠠᠢ ᠨᠠᠷᠢᠯᠢᠭ ᠣᠨᠴᠠᠭᠠᠢ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ | ᠬᠥᠭᠵᠢᠭᠦᠯᠬᠦ ᠶᠢ ᠴᠢᠬᠤᠯᠠᠴᠢᠯᠠᠵᠤ᠂ ᠨᠠᠷᠢᠨ ᠬᠤᠪᠢᠶᠠᠭᠰᠠᠨ ᠬᠦᠷᠢᠶᠡᠨ ᠳᠠᠬᠢ ᠥᠪᠡᠷᠮᠢᠴᠡ ᠳᠠᠪᠠᠭᠤᠯᠢᠭ ᠢᠶᠠᠨ | ᠪᠠᠳᠠᠷᠠᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠬᠠᠮᠲᠤ ᠪᠠᠷ | ᠠᠬᠢᠭᠤᠯᠤᠨ᠎ᠠ᠃ | ᠬᠤᠶᠠᠷ ᠲᠤ᠂ ᠬᠢᠲᠠᠳ ᠡᠮ ᠦᠢᠯᠡᠳᠬᠦ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ ᠲᠣᠭᠠᠴᠢᠯᠠᠭᠰᠠᠨ | ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ ᠢ ᠬᠡᠷᠡᠭᠯᠡᠨ ᠪᠥᠬᠦ ᠠᠵᠤ ᠦᠢᠯᠡᠰ ᠤᠨ ᠬᠡᠯᠬᠢᠶ᠎ᠡ ᠳᠤ ᠬᠦᠴᠦᠨ ᠨᠡᠮᠡᠷᠢᠯᠡᠵᠦ᠂ | ᠥᠨᠳᠥᠷ ᠲᠦᠪᠰᠢᠨ ᠪᠥᠬᠦᠶ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠪᠠ ᠤᠶᠤᠨᠲᠤ ᠦᠢᠯᠡᠳᠪᠦᠷᠢ᠂ | ᠪᠣᠬᠢᠷᠲᠤᠯ ᠥᠬᠡᠶ ᠦᠢᠯᠡᠳᠪᠦᠷᠢ ᠶᠢ ᠪᠠᠶᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ | ᠪᠠᠳᠠᠷᠠᠭᠤᠯᠤᠨ᠎ᠠ᠃ ᠬᠢᠲᠠᠳ ᠡᠮ ᠤᠨ ᠠᠵᠤ ᠠᠬᠤᠶᠢᠯᠠᠯ ᠤᠨ ᠬᠢᠲᠠᠳ ᠡᠮ ᠤᠨ ᠮᠠᠲ᠋ᠧᠷᠢᠶᠠᠯ ᠤᠨ ᠭᠠᠷᠤᠯᠲᠠ ᠶᠢᠨ | ᠣᠷᠣᠨ ᠳᠠᠰᠢ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠳᠡᠮᠵᠢᠵᠦ᠂ ᠪᠥᠬᠦ ᠠᠵᠤ ᠦᠢᠯᠡᠰ ᠤᠨ | ᠬᠡᠯᠬᠢᠶ᠎ᠡ ᠶᠢᠨ ᠮᠦᠷᠳᠡᠬᠦ ᠰᠢᠰᠲ᠋ᠧᠮᠵᠢ ᠶᠢ ᠪᠦᠷᠢᠨᠰᠢᠬᠦᠯᠥᠨ᠂ ᠬᠢᠲᠠᠳ ᠡᠮ ᠤᠨ ᠦᠢᠯᠡᠳᠪᠦᠷᠢᠯᠡᠯ ᠤᠨ ᠪᠥᠬᠦ | ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠶᠠᠰᠤ ᠴᠢᠨᠠᠷ ᠤᠨ ᠪᠠᠲᠤᠯᠠᠭ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠶ᠃ | ᠭᠤᠷᠪᠠ ᠳᠤ᠂ ᠨᠡᠷᠡᠲᠦ ᠰᠢᠯᠢᠳᠡᠭ ᠬᠢᠲᠠᠳ ᠡᠮ ᠤᠨ ᠲᠥᠷᠥᠯ ᠢ ᠪᠤᠶᠢᠵᠢᠭᠤᠯᠬᠤ ᠲᠠᠯ᠎ᠠ ᠪᠠᠷ᠂ ᠬᠢᠲᠠᠳ ᠡᠮ | ᠦᠢᠯᠡᠳᠬᠦ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠨᠴᠠᠯᠢᠭᠲᠤ | ᠮᠡᠷᠭᠡᠵᠢᠯ ᠢ ᠠᠭᠤᠳᠠᠯᠬᠤ ᠪᠠ ᠬᠤᠪᠢᠷᠠᠭᠤᠯᠬᠤ ᠶᠢ ᠴᠢᠩᠭᠠᠳᠬᠠᠨ᠎ᠠ᠃ ᠬᠢᠲᠠᠳ ᠡᠮ ᠤᠨ ᠲᠣᠮᠣ ᠲᠥᠷᠥᠯ ᠵᠦᠢᠯ ᠤᠨ | ᠰᠢᠨ᠎ᠡ ᠶᠢ ᠡᠭᠦᠳᠦᠨ ᠰᠠᠶᠢᠵᠢᠷᠠᠭᠤᠯᠬᠤ ᠶᠢ ᠳᠡᠮᠵᠢᠵᠦ᠂ ᠡᠷᠲᠡᠨ ᠤ ᠰᠣᠩᠭᠤᠳᠠᠭ ᠨᠠᠷᠠᠲᠤ ᠵᠣᠷ ᠬᠢᠲᠠᠳ ᠡᠮ ᠤᠨ | ᠬᠤᠯᠢᠮᠠᠭ ᠨᠠᠶᠢᠷᠠᠯᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠶᠢᠨ ᠬᠠᠮᠲᠤ ᠵᠠᠬ᠎ᠠ ᠳᠡᠯᠭᠡᠭᠦᠷ ᠲᠤ ᠭᠠᠷᠭᠠᠭᠰᠠᠨ ᠤ | ᠳᠠᠷᠠᠭᠠᠬᠢ ᠡᠮᠴᠢᠯᠡᠭᠡᠨ ᠤ ᠰᠤᠳᠤᠯᠭᠠᠨ ᠢ ᠥᠷᠨᠢᠭᠦᠯᠵᠦ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ | ᠬᠠᠩᠭᠠᠨ᠎ᠠ᠃ | ᠳᠥᠷᠪᠡ ᠳᠤ᠂ ᠨᠠᠷᠠᠲᠤ ᠬᠢᠲᠠᠳ ᠡᠮ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠲᠠᠯ᠎ᠠ ᠪᠠᠷ᠂ ᠬᠢᠲᠠᠳ | ᠡᠮ ᠤᠨ ᠬᠠᠭᠤᠴᠢᠨ ᠨᠠᠷᠠᠲᠤ ᠠᠵᠤ ᠠᠬᠤᠶᠢᠯᠠᠯ ᠤᠨ ᠰᠣᠶᠣᠯ ᠤᠨ ᠤᠯᠠᠮᠵᠢᠯᠠᠯ ᠪᠠ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠵᠤ᠂ ᠬᠢᠲᠠᠳ ᠡᠮ ᠤᠨ ᠲᠠᠸᠠᠷ ᠤᠨ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠤ ᠳᠠᠪᠠᠭᠤᠯᠢᠭ ᠣᠷᠣᠨ | ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠵᠣᠷᠢᠭᠵᠢᠭᠤᠯᠵᠤ᠂ ᠬᠢᠲᠠᠳ ᠡᠮ ᠤᠨ ᠨᠠᠷᠠᠲᠤ ᠲᠥᠷᠥᠯ | ᠲᠡᠮᠳᠡᠭᠲᠦ ᠶᠢᠨ ᠥᠷᠲᠡᠭ ᠤᠨ ᠳᠡᠭᠡᠭᠰᠢᠯᠡᠯᠲᠡ ᠶᠢ ᠠᠬᠢᠭᠤᠯᠵᠤ᠂ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠵᠢᠷᠭᠤᠭ᠎ᠠ᠂ ᠬᠢᠲᠠᠳ ᠡᠮ ᠤᠨ ᠵᠦᠢᠯ ᠤᠨ ᠥᠷᠲᠡᠭ ᠢ ᠦᠨᠡᠯᠡᠨ ᠵᠢᠱᠢᠬᠦ ᠪᠠ ᠳᠣᠭᠢᠷᠠᠭᠤᠯᠤᠨ ᠬᠡᠷᠡᠭᠯᠡᠬᠦ ᠶᠢ | ᠠᠬᠢᠭᠤᠯᠬᠤ ᠲᠠᠯ᠎ᠠ ᠪᠠᠷ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠣᠶᠢᠷ᠎ᠠ ᠶᠢᠨ ᠵᠢᠯ ᠳᠤ᠂ ᠬᠢᠲᠠᠳ ᠡᠮᠨᠡᠯᠭᠡ ᠶᠢᠨ ᠡᠮᠴᠢᠯᠡᠭᠡᠨ ᠤ ᠦᠨᠡᠯᠡᠯᠲᠡ ᠶᠢᠨ ᠰᠤᠳᠤᠯᠭᠠᠨ ᠴᠢᠬᠤᠯᠠ | ᠠᠬᠢᠴᠠ ᠲᠠᠢ ᠪᠣᠯᠵᠣ᠂ ᠵᠢᠷᠦᠬᠡ ᠲᠠᠷᠢᠬᠢᠨ ᠤ ᠴᠢᠰᠤᠨ ᠰᠤᠳᠠᠯ᠂ ᠰᠣᠯᠢᠯᠴᠠᠭ᠎ᠠ᠂ ᠰᠢᠩᠭᠡᠭᠡᠯᠲᠡ ᠵᠡᠷᠭᠡ ᠣᠯᠠᠨ | ᠡᠪᠡᠳᠴᠢᠨ ᠡᠮᠭᠡᠭ ᠤᠨ ᠬᠦᠷᠢᠶᠡᠨ ᠳᠤ ᠴᠢᠨᠠᠷ ᠰᠠᠶᠢᠲᠠᠶ ᠭᠡᠷᠡᠴᠢᠯᠡᠯ ᠤᠨ ᠰᠤᠳᠤᠯᠭᠠᠨ ᠥᠷᠨᠢᠭᠦᠯᠵᠦ᠂ ᠠᠯᠢ ᠣᠯᠠᠨ | ᠴᠢᠬᠤᠯᠠ ᠦᠷ᠎ᠡ ᠪᠦᠲᠦᠭᠡᠯ ᠤᠯᠪᠠ᠃ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠪᠠᠭᠤᠯᠢᠭ ᠢ ᠨᠠᠩ ᠰᠠᠶᠢᠨ | ᠪᠠᠳᠠᠷᠠᠭᠤᠯᠬᠤ ᠶᠢᠨ ᠲᠥᠯᠥᠭᠡ᠂ ︽ᠰᠠᠨᠠᠯ︾ ᠳᠤ ᠡᠮᠴᠢᠯᠡᠭᠡᠨ ᠤ ᠥᠷᠲᠡᠭ ᠢ ᠦᠨᠡᠯᠡᠨ ᠵᠢᠱᠢᠬᠦ ᠶᠢ ᠴᠢᠩᠭᠠᠳᠬᠠᠬᠤ᠂ | ᠬᠢᠲᠠᠳ ᠡᠮ ᠢ ᠳᠣᠭᠢᠷᠠᠭᠤᠯᠤᠨ ᠬᠡᠷᠡᠭᠯᠡᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠬᠤᠯᠪᠣᠭᠳᠠᠯ ᠪᠥᠬᠦᠶ ᠠᠷᠭ᠎ᠠ | ᠬᠡᠮᠵᠢᠶ᠎ᠡ ᠳᠤᠷᠠᠳᠴᠠᠶ᠃ | ᠨᠢᠭᠡ ᠳᠤ᠂ ᠡᠮᠴᠢᠯᠡᠭᠡᠨ ᠤ ᠦᠨ᠎ᠡ ᠥᠷᠲᠡᠭ ᠢ ᠦᠨᠡᠯᠡᠨ ᠵᠢᠱᠢᠬᠦ ᠲᠠᠯ᠎ᠠ ᠪᠠᠷ᠂ ᠬᠢᠲᠠᠳ ᠡᠮ ᠡᠮᠨᠡᠯᠭᠡ ᠶᠢᠨ | ᠡᠮᠴᠢᠯᠡᠭᠡᠨ ᠤ ᠦᠷ᠎ᠡ ᠪᠦᠲᠦᠮᠵᠢ ᠶᠢ ᠦᠨᠡᠯᠡᠬᠦ ᠲᠣᠮᠣ ᠵᠠᠭᠪᠤᠷ ᠢ ᠨᠡᠭᠡᠭᠡᠨ ᠬᠥᠭᠵᠢᠭᠦᠯᠵᠦ᠂ ᠬᠥᠮᠦᠨ ᠤ ᠬᠡᠷᠡᠭᠯᠡᠭᠰᠡᠨ | ᠲᠤᠷᠰᠢᠯᠭ᠎ᠠ ᠶᠢ ᠡᠮᠴᠢᠯᠡᠭᠡᠨ ᠤ ᠭᠡᠷᠡᠴᠢ ᠪᠠᠷᠢᠮᠲᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠬᠢᠲᠠᠳ ᠡᠮ | ᠡᠮᠨᠡᠯᠭᠡ ᠶᠢᠨ ᠡᠮᠴᠢᠯᠡᠭᠡᠨ ᠤ ᠦᠷ᠎ᠡ ᠠᠰᠢᠭ ᠲᠤ ᠬᠦᠴᠦᠲᠡᠶ ᠭᠡᠷᠡᠴᠢ ᠪᠠᠷᠢᠮᠲᠠ ᠶᠢᠨ ᠳᠡᠮᠵᠢᠯᠭᠡ ᠬᠠᠩᠭᠠᠨ᠎ᠠ᠃ | ᠬᠢᠲᠠᠳ ᠡᠮ ᠤᠨ ᠡᠮᠴᠢᠯᠡᠭᠡᠨ ᠤ ᠦᠨ᠎ᠡ ᠥᠷᠲᠡᠭ ᠢ ᠳᠣᠪᠤᠶᠢᠯᠭᠠᠵᠤ᠂ ᠬᠢᠲᠠᠳ ᠪᠡᠯᠡᠨ ᠡᠮ ᠤᠨ ᠡᠮᠴᠢᠯᠡᠭᠡᠨ ᠤ | ᠶᠡᠷᠦᠩᠬᠡᠶᠢᠯᠡᠨ ᠦᠨᠡᠯᠡᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠪᠠ ᠦᠨᠡᠯᠡᠬᠦ ᠠᠷᠭ᠎ᠠ ᠵᠠᠮ ᠢ ᠪᠠᠶᠢᠭᠤᠯᠵᠤ᠂ | ᠡᠮᠴᠢᠯᠡᠭᠡᠨ ᠤ ᠦᠨ᠎ᠡ ᠥᠷᠲᠡᠭ ᠢ ᠦᠨᠡᠯᠡᠨ ᠵᠢᠱᠢᠬᠦ ᠳᠤ ᠲᠤᠯᠭᠠᠭᠤᠷᠢᠯᠠᠯ ᠬᠠᠩᠭᠠᠨ᠎ᠠ᠃ | ᠬᠤᠶᠠᠷ ᠲᠤ᠂ ᠬᠢᠲᠠᠳ ᠡᠮ ᠢ ᠲᠣᠬᠢᠷᠠᠭᠤᠯᠤᠨ ᠬᠡᠷᠡᠭᠯᠡᠬᠦ ᠲᠠᠯ᠎ᠠ ᠪᠠᠷ᠂ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠬᠤ᠂ ᠬᠢᠲᠠᠳ ᠧᠦ᠋ᠷᠣᠫᠠ ᠡᠮ ᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠬᠢᠲᠠᠳ ᠡᠮᠨᠡᠯᠭᠡ᠂ ᠬᠢᠲᠠᠳ | ᠧᠦ᠋ᠷᠣᠫᠠ ᠡᠮᠨᠡᠯᠭᠡ ᠶᠢ ᠤᠶᠠᠯᠳᠤᠭᠤᠯᠬᠤ ᠡᠮᠴᠢᠯᠡᠭᠡᠨ ᠤ ᠣᠨᠣᠰᠢᠯᠠᠨ ᠡᠮᠨᠡᠬᠦ ᠵᠢᠷᠤᠮᠵᠢᠯ ᠪᠠ ᠵᠦᠭᠯᠡᠭᠦᠷ ᠤᠨ | ᠬᠡᠷᠡᠭᠯᠡᠯᠲᠡ ᠶᠢ ᠴᠢᠩᠭᠠᠳᠬᠠᠨ᠎ᠠ᠃ ᠬᠢᠲᠠᠳ ᠡᠮ ᠢ ᠲᠥᠪᠯᠡᠷᠡᠭᠦᠯᠦᠨ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠨ | ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠳᠤᠨᠢ ᠰᠠᠶᠢᠨ ᠦᠨ᠎ᠡ | ᠥᠭᠬᠦ ᠶᠢ ᠪᠡᠶᠡᠯᠡᠭᠦᠯᠦᠨ᠎ᠡ᠃ ᠣᠨᠴᠠᠯᠢᠭᠲᠤ ᠳᠠᠪᠠᠭᠤᠯᠢᠭ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠤᠨ | ᠨᠠᠶᠢᠷᠠᠯᠲᠠ ᠶᠢ ᠬᠠᠤᠯᠢ ᠶᠣᠰᠣᠭᠠᠷ ᠲᠣᠬᠢᠷᠠᠭᠤᠯᠤᠨ ᠬᠡᠷᠡᠭᠯᠡᠬᠦ ᠶᠢ ᠳᠡᠮᠵᠢᠵᠦ᠂ ᠦᠨᠳᠦᠰᠦᠨ ᠱᠠᠲᠤᠨ ᠤ ᠬᠢᠲᠠᠳ | ᠡᠮ ᠤᠨ ᠳᠡᠯᠭᠡᠭᠦᠷ ᠢ ᠬᠠᠮᠲᠤ ᠪᠠᠷ ᠭᠥᠷᠳᠡᠬᠦ ᠶᠢ ᠵᠣᠷᠢᠭᠵᠢᠭᠤᠯᠤᠨ᠂ ᠴᠢᠨᠠᠷ ᠰᠠᠶᠢᠲᠠᠶ ᠡᠬᠢ ᠪᠠᠶᠠᠯᠢᠭ ᠢᠶᠠᠷ ᠥᠷᠭᠡᠨ | ᠣᠯᠠᠨ ᠡᠪᠡᠳᠴᠢᠲᠡᠨ ᠳᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠤᠨ᠎ᠠ᠃ | ᠲᠤᠯᠤᠭ᠎ᠠ᠂ ᠬᠢᠲᠠᠳ ᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠡᠷᠬᠢᠨ ᠲᠦᠯᠬᠢᠨ | ᠠᠬᠢᠭᠤᠯᠬᠤ ᠪᠤᠢ︖ | ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠬᠤᠶᠠᠷ | ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ | ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠬᠢᠲᠠᠳ ᠡᠮ ᠡᠮᠨᠡᠯᠭᠡ ᠪᠣᠯ ᠮᠠᠨ ᠤ ᠤᠯᠤᠰ ᠤᠨ ᠤᠤᠭᠠᠯ ᠡᠭᠦᠳᠦᠯᠲᠡ ᠶᠢᠨ | ᠳᠠᠪᠠᠭᠤᠯᠢᠭ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠮᠥᠨ᠂ ᠤᠢᠢᠷ᠎ᠠ ᠶᠢᠨ ᠵᠢᠯ ᠳᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ | ᠬᠥᠭᠵᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠪᠦᠷᠢᠯᠡᠯ ᠤᠨ | ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ | ᠬᠥᠭᠵᠢᠯᠲᠡ ᠶᠢᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ᠰᠠᠨᠠᠯ︾ ᠨᠢ | ᠡᠯ᠎ᠡ ᠲᠠᠯ᠎ᠠ ᠶᠢᠨ ᠬᠦᠴᠦᠨ ᠢ ᠤᠯᠠᠮ ᠴᠢᠨᠠᠭᠰᠢᠳᠠ ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠵᠤ ᠦᠢᠯᠡᠰ ᠤᠨ ᠪᠥᠬᠦ ᠬᠡᠯᠬᠢᠶ᠎ᠡ ᠪᠥᠬᠦ ᠭᠤᠭᠴᠤᠭ᠎ᠠ ᠳᠤ | ᠲᠤᠭᠤᠰᠢᠯᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠶ ᠠᠭᠤᠰᠤᠯᠴᠠᠭᠤᠯᠬᠤ ᠶᠢ | ᠠᠬᠢᠭᠤᠯᠪᠠ᠃ | ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ | ᠪᠠᠷ᠂ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠤᠯᠠᠨ | ᠰᠢᠨᠵᠢᠯᠡᠭᠡᠨ ᠤ ᠰᠠᠯᠠᠭ᠎ᠠ᠂ ᠤᠯᠠᠨ ᠰᠠᠯᠠᠭ᠎ᠠ ᠮᠥᠴᠢᠷ ᠬᠠᠮᠲᠤᠷᠠᠨ ᠪᠣᠭᠤᠮᠲᠠ ᠰᠢᠪᠲᠤᠯᠬᠤ ᠶᠢ ᠠᠬᠢᠭᠤᠯᠵᠤ᠂ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠬᠢᠷᠢ ᠲᠦᠪᠰᠢᠨ ᠢ ᠲᠦᠷᠭᠡᠪᠴᠢᠯᠡᠨ | ᠳᠡᠭᠡᠭᠰᠢᠯᠡᠭᠦᠯᠦᠨ᠎ᠡ᠃ ᠬᠢᠲᠠᠳ ᠡᠮ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ | ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ | ᠬᠤᠶᠠᠷ ᠲᠤ᠂ ᠬᠢᠲᠠᠳ ᠡᠮ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠶᠢ ᠴᠢᠩᠭᠠᠳᠬᠠᠬᠤ ᠲᠠᠯ᠎ᠠ ᠪᠠᠷ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠢᠲᠠᠳ ᠡᠮ ᠢ ᠳᠡᠮᠵᠢᠬᠦ ᠡᠷᠴᠢᠮ ᠢ | ᠴᠢᠩᠭᠠᠷᠠᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠠᠬᠢᠭᠤᠯᠤᠨ᠎ᠠ᠃ ᠬᠢᠲᠠᠳ | ᠡᠮᠨᠡᠯᠭᠡ ᠶᠢᠨ ᠳᠠᠪᠠᠭᠤᠯᠢᠭ ᠡᠪᠡᠳᠴᠢᠨ ᠤ ᠲᠥᠷᠥᠯ ᠲᠠᠢ ᠤᠶᠠᠯᠳᠤᠭᠤᠯᠤᠨ᠂ ᠬᠦᠨᠳᠦ ᠶᠡᠭᠡ ᠤᠵᠢᠭ ᠡᠪᠡᠳᠴᠢᠨ᠂ | ᠬᠦᠨᠳᠦ ᠶᠡᠭᠡ ᠬᠦᠴᠢᠷ ᠲᠦᠪᠡᠭᠲᠡᠶ ᠡᠪᠡᠳᠴᠢᠨ ᠡᠮᠭᠡᠭ᠂ ᠰᠢᠨ᠎ᠡ ᠪᠠᠷ ᠡᠭᠦᠰᠬᠦ ᠭᠡᠨᠡᠳᠲᠡ ᠡᠭᠦᠰᠬᠦ ᠬᠠᠯᠳᠠᠪᠤᠷᠢᠲᠤ | ᠡᠪᠡᠳᠴᠢᠨ᠂ ᠤᠨᠴᠠᠭᠠᠢ ᠣᠷᠴᠢᠨ ᠲᠣᠭᠤᠷᠢᠨ ᠤ ᠡᠪᠡᠳᠴᠢᠨ ᠡᠮᠭᠡᠭ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠨᠢᠭᠡ ᠪᠦᠯᠦᠭ ᠡᠮᠴᠢᠯᠡᠭᠡᠨ ᠤ ᠦᠷ᠎ᠡ ᠪᠦᠲᠦᠮᠵᠢ ᠪᠠᠷ ᠲᠣᠪᠤᠶᠢᠮ᠎ᠠ᠂ ᠥᠷᠢᠰᠥᠯᠳᠦᠭᠡᠨ ᠤ ᠳᠠᠪᠠᠭᠤᠯᠢᠭ ᠢᠶᠠᠷ ᠢᠯᠡᠷᠬᠡᠶ | ᠬᠢᠲᠠᠳ ᠡᠮ ᠤᠨ ᠰᠢᠨ᠎ᠡ ᠶᠢ ᠡᠭᠦᠳᠬᠦ ᠡᠮ ᠢ ᠭᠠᠷᠭᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠤᠨ | ᠨᠠᠶᠢᠷᠠᠯᠲᠠ᠂ ᠬᠢᠲᠠᠳ ᠡᠮ ᠤᠨ ᠰᠢᠨ᠎ᠡ ᠶᠢ ᠡᠭᠦᠳᠬᠦ ᠳᠤᠮᠳᠠᠬᠢ ᠨᠠᠷᠠᠲᠤ ᠡᠮᠴᠢ ᠶᠢᠨ ᠲᠤᠷᠰᠢᠯᠭᠠᠲᠤ ᠵᠣᠷ ᠤᠨ ︽ | ᠨᠡᠪᠴᠢᠭᠦᠯᠦᠭᠦᠷ︾ ᠤᠨ ᠦᠢᠯᠡᠳᠦᠯ ᠢ ᠪᠠᠳᠠᠷᠠᠭᠤᠯᠵᠤ᠂ ᠠᠭᠤᠳᠠᠯᠬᠤ ᠪᠠ ᠤᠯᠠᠷᠢᠭᠤᠯᠬᠤ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ | ᠨᠠᠢᠮᠠ᠂ ᠬᠢᠲᠠᠳ ᠡᠮ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠶᠠᠮᠠᠷ | ᠶᠠᠮᠠᠷ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠠᠶᠢᠬᠤ ᠪᠣᠶ︖ | ᠬᠢᠲᠠᠳ ᠡᠮ ᠤᠨ ᠴᠢᠨᠠᠷ ᠴᠢᠨᠰᠠᠭ᠎ᠠ ᠨᠢ ᠡᠮᠴᠢᠯᠡᠭᠡᠨ ᠤ ᠠᠴᠢ ᠲᠤᠰᠠ ᠲᠠᠢ ᠰᠢᠭᠤᠳ ᠬᠤᠯᠪᠣᠭᠳᠠᠨ᠎ᠠ᠃ | ᠣᠶᠢᠷ᠎ᠠ ᠶᠢᠨ ᠵᠢᠯ ᠤᠳ ᠲᠤ᠂ ᠬᠢᠲᠠᠳ ᠡᠮ ᠤᠨ ᠶᠠᠰᠤ ᠴᠢᠨᠠᠷ ᠢ ᠳᠡᠭᠡᠭᠰᠢᠯᠡᠭᠦᠯᠬᠦ ᠭᠡᠬᠦ ᠡᠨᠡ ᠬᠦ ᠨᠡᠶᠢᠭᠡᠮ | ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠴᠡᠭ ᠪᠠ ᠬᠦᠴᠢᠷᠲᠡᠶ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠬᠢᠲᠠᠳ ᠡᠮ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ ᠪᠠᠶᠢᠨ᠎ᠠ᠃ ᠬᠢᠲᠠᠳ | ᠡᠮ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠬᠤ ᠶᠢᠨ ᠲᠥᠯᠥᠭᠡ᠂ ︽ᠰᠠᠨᠠᠯ︾ ᠳᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ ᠳᠤ᠂ ᠬᠢᠲᠠᠳ ᠡᠮ ᠤᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ᠂ ᠬᠢᠲᠠᠳ | ᠡᠮ ᠤᠨ ᠪᠠᠷᠢᠮᠵᠢᠶᠠᠵᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠬᠢᠲᠠᠳ | ᠡᠮ ᠤᠨ ᠮᠠᠲ᠋ᠧᠷᠢᠶᠠᠯ ᠤᠨ ᠶᠠᠰᠤ ᠴᠢᠨᠠᠷ ᠤᠨ ᠵᠢᠷᠤᠮᠵᠢᠯ᠂ ᠦᠷ᠎ᠡ ᠴᠢᠬᠢ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠂ ︽ | ᠤᠯᠤᠰ ᠤᠨ ᠬᠢᠲᠠᠳ ᠴᠢᠨᠠᠬᠤ ᠡᠮ ᠤᠨ ᠨᠣᠮᠣᠬᠠᠳᠬᠠᠬᠤ ᠵᠢᠷᠤᠮᠵᠢᠯ︾ ᠳᠤ ᠵᠠᠰᠠᠪᠤᠷᠢ ᠣᠷᠣᠭᠤᠯᠵᠤ᠂ ᠬᠢᠲᠠᠳ | ᠡᠮ ᠤᠨ ᠪᠠᠷᠢᠮᠵᠢᠶ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠢᠲᠠᠳ | ᠡᠮ ᠤᠨ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠵᠢᠴᠢ ᠬᠢᠲᠠᠳ ᠡᠮ ᠡᠮᠨᠡᠯᠭᠡ ᠶᠢᠨ ᠠᠵᠢᠯ | ᠲᠦᠷᠦᠯ ᠤᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠴᠢᠩᠭᠠᠳᠬᠠᠨ᠎ᠠ᠃ ᠲᠤᠭᠠᠴᠢᠯᠠᠯᠳᠠ ᠪᠠᠷ | ᠬᠦᠴᠦᠨ ᠨᠡᠮᠡᠷᠢᠯᠡᠬᠦ ᠶᠢ ᠴᠢᠩᠭᠠᠷᠠᠭᠤᠯᠵᠤ᠂ ᠬᠢᠲᠠᠳ ᠡᠮ ᠤᠨ ᠤᠯᠤᠰ ᠤᠨ ᠪᠠᠷᠢᠮᠵᠢᠶ᠎ᠠ ᠶᠢᠨ ᠬᠥᠳᠡᠯᠦᠩᠭᠦᠶ ᠲᠤᠭ᠎ᠠ | ᠪᠠᠷᠢᠮᠳᠠ ᠶᠢᠨ ᠬᠥᠮᠥᠷᠭᠡ ᠶᠢ ᠲᠡᠭᠦᠯᠳᠡᠷᠵᠢᠭᠦᠯᠵᠦ᠂ ᠬᠢᠲᠠᠳ ᠡᠮ ᠤᠨ ᠲᠣᠭᠠᠴᠢᠯᠠᠭᠰᠠᠨ ᠪᠠᠷᠢᠮᠵᠢᠶ᠎ᠠ ᠶᠢ | ᠳᠡᠯᠭᠡᠷᠡᠭᠦᠯᠬᠦ ᠶᠢ ᠲᠦᠷᠭᠡᠳᠬᠡᠨ᠎ᠡ᠃ | ᠬᠤᠶᠠᠷ ᠲᠤ᠂ ᠬᠢᠲᠠᠳ ᠡᠮ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠬᠦ ᠲᠠᠯ᠎ᠠ ᠪᠠᠷ᠂ | ᠬᠢᠲᠠᠳ ᠡᠮ ᠤᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ᠬᠢᠲᠠᠳ ᠡᠮ ᠤᠨ | ᠰᠢᠨ᠎ᠡ ᠡᠮ ᠤᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠨ᠎ᠡ᠃ ᠬᠢᠲᠠᠳ ᠡᠮ ᠤᠨ ᠪᠦᠲᠦᠭᠡᠭᠳᠡᠬᠦᠨ ᠤ | ᠦᠢᠯᠡᠳᠪᠦᠷᠢᠯᠡᠯ ᠭᠦᠢᠯᠭᠡᠭᠡᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠲᠠᠳ ᠪᠡᠯᠡᠨ ᠡᠮ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠳ᠋ᠤᠭᠠᠷ ᠢᠶᠠᠷ ᠪᠤᠴᠠᠭᠠᠨ | ᠭᠠᠷᠭᠠᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠨᠢᠭᠡ ᠪᠦᠯᠦᠭ ᠢ ᠵᠢᠯᠣᠭᠤᠳᠤᠨ | ᠰᠠᠶᠢᠵᠢᠷᠠᠭᠤᠯᠵᠤ᠂ ᠨᠢᠭᠡ ᠪᠦᠯᠦᠭ ᠢ ᠬᠠᠤᠯᠢ ᠶᠣᠰᠣᠭᠠᠷ ᠰᠢᠭᠰᠢᠭᠳᠡᠭᠦᠯᠦᠨ᠂ ᠬᠢᠲᠠᠳ ᠪᠡᠯᠡᠨ ᠡᠮ ᠤᠨ ᠶᠠᠰᠤ ᠴᠢᠨᠠᠷ | ᠪᠠ ᠡᠮᠴᠢᠯᠡᠭᠡᠨ ᠤ ᠦᠢᠯᠡᠳᠦᠯ ᠤᠨ ᠳᠡᠭᠡᠭᠰᠢᠯᠡᠯᠲᠡ ᠶᠢ ᠤᠯᠠᠮ ᠠᠬᠢᠭᠤᠯᠬᠤ ᠬᠡᠷᠡᠭᠲᠡᠶ᠃ | ᠶᠢᠰᠦ᠂ ᠬᠢᠲᠠᠳ ᠡᠮ ᠤᠨ ᠨᠡᠭᠡᠭᠡᠯᠲᠡᠲᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ | ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠠᠶᠢᠬᠤ ᠪᠣᠶ︖ | ᠤᠢᠢᠷ᠎ᠠ ᠶᠢᠨ ᠵᠢᠯ ᠠᠴᠠ᠂ ᠬᠢᠲᠠᠳ ᠡᠮ ᠡᠮᠨᠡᠯᠭᠡ ᠶᠢᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ | ᠡᠳᠦᠷ ᠢᠷᠡᠬᠦᠶ᠎ᠡ ᠬᠥᠭᠵᠢᠶᠡᠨᠲᠡᠢ ᠪᠤᠯᠵᠥ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ | ᠪᠠᠶᠢᠭᠤᠯᠬᠤ ᠳᠤ ᠴᠢᠨᠠᠷ ᠰᠠᠶᠢᠲᠠᠢ ᠠᠭᠤᠰᠤᠯᠴᠠᠵᠤ᠂ ᠨᠢᠭᠡᠨᠲᠡ 196 ᠤᠯᠤᠰ ᠪᠠ ᠭᠠᠵᠠᠷ ᠣᠷᠣᠨ ᠳᠤ | ᠤᠯᠠᠮᠵᠢᠯᠠᠭᠳᠠᠵᠤ᠂ ᠮᠠᠨ ᠤ ᠤᠯᠤᠰ 40 ᠭᠠᠷᠤᠢ ᠭᠠᠳᠠᠭᠠᠳᠤ ᠤᠯᠤᠰ ᠤᠨ ᠵᠠᠰᠠᠭ ᠤᠨ ᠣᠷᠳᠣᠨ᠂ ᠭᠠᠵᠠᠷ | ᠣᠷᠣᠨ ᠤ ᠭᠤᠣᠯᠯᠠᠨ ᠬᠠᠮᠢᠶᠠᠷᠬᠤ ᠪᠠᠶᠢᠭᠤᠯᠤᠮᠵᠢ ᠪᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠲᠤᠰᠬᠠᠢ | ᠬᠢᠲᠠᠳ ᠡᠮ ᠡᠮᠨᠡᠯᠭᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ︽ᠰᠠᠨᠠᠯ︾ ᠳᠤ ᠬᠢᠲᠠᠳ ᠡᠮ ᠤᠨ | ᠨᠡᠭᠡᠭᠡᠯᠲᠡᠲᠦ ᠬᠥᠭᠵᠢᠯᠲᠡ ᠶᠢ ᠠᠬᠢᠭᠤᠯᠬᠤ ᠲᠤᠬᠠᠶ᠂ ᠨᠢᠭᠡ ᠲᠠᠯ᠎ᠠ ᠪᠠᠷ᠂ ᠬᠢᠲᠠᠳ ᠡᠮ ᠡᠮᠨᠡᠯᠭᠡ ᠶᠢᠨ ᠣᠯᠠᠨ | ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ | ᠠᠷᠠᠯᠵᠢᠶ᠎ᠠ ᠶᠢ ᠬᠥᠭᠵᠢᠭᠦᠯᠵᠦ᠂ ᠬᠢᠲᠠᠳ ᠡᠮ ᠡᠮᠨᠡᠯᠭᠡ ᠶᠢᠨ ︽ᠭᠠᠳᠠᠭᠰᠢ ᠭᠠᠷᠬᠤ︾ ᠶᠢ ᠴᠢᠨᠠᠷ ᠰᠠᠶᠢᠲᠠᠶ | ᠠᠬᠢᠭᠤᠯᠤᠨ᠎ᠠ︔ ᠨᠦᠬᠦᠭᠡ ᠲᠠᠯ᠎ᠠ ᠪᠠᠷ᠂ ᠬᠢᠲᠠᠳ ᠡᠮ ᠤᠨ ᠬᠦᠷᠢᠶᠡᠨ ᠤ ᠬᠠᠮᠠᠭᠠᠯᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠠᠵᠤ ᠦᠢᠯᠡᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠵᠤ ᠦᠢᠯᠡᠰ ᠤᠨ ᠡᠷᠡᠭᠦᠯ ᠪᠥᠭᠡᠳ ᠦᠷᠭᠦᠯᠵᠢᠯᠡᠬᠦ ᠬᠥᠭᠵᠢᠯᠲᠡ ᠶᠢ | ᠠᠬᠢᠭᠤᠯᠤᠨ᠎ᠠ᠃ | ᠠᠷᠪᠠ᠂ ︽ᠰᠠᠨᠠᠯ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠡᠩ ᠰᠠᠶᠢᠲᠤᠷ | ᠳᠠᠶᠢᠴᠢᠯᠠᠵᠤ᠂ ᠪᠦᠬᠦᠯᠢ ᠴᠣᠭᠴᠠ ᠪᠠᠷ ᠨᠢ ᠠᠬᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠲᠤᠰᠠᠳᠠ᠂ ︽ | ᠰᠠᠨᠠᠯ︾ ᠳᠤ ᠶᠡᠷᠦᠩᠬᠡᠶᠢᠯᠡᠨ ᠵᠠᠰᠠᠬᠤ ᠴᠢᠳᠠᠪᠤᠷᠢ ᠪᠣᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠠᠴᠠ | ᠡᠭᠦᠰᠴᠦ᠂ ᠨᠢᠭᠡᠳᠦᠯᠲᠡᠶ ᠲᠥᠯᠥᠪᠯᠡᠨ ᠤᠳᠤᠷᠢᠳᠬᠤ ᠶᠢ ᠴᠢᠩᠭᠠᠳᠬᠠᠬᠤ᠂ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠠᠬᠢᠭᠤᠯᠬᠤ᠂ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠪᠠᠷ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ | ᠳᠤᠷᠠᠳᠪᠠ᠃ | ᠨᠢᠭᠡ ᠳᠤ᠂ ᠨᠢᠭᠡᠳᠦᠯᠲᠡᠶ ᠲᠥᠯᠥᠪᠯᠡᠨ ᠤᠳᠤᠷᠢᠳᠬᠤ ᠪᠠᠨ ᠴᠢᠩᠭᠠᠳᠬᠠᠨ᠎ᠠ᠃ ᠬᠢᠲᠠᠳ ᠡᠮ ᠤᠨ ᠬᠠᠮᠢᠶᠠᠷᠤᠯᠲᠠ | ᠪᠠ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢᠨ ᠦᠵᠦ ᠲᠥᠯᠥᠪᠯᠡᠭᠡ ᠪᠠ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠡᠯ᠎ᠡ | ᠭᠠᠵᠠᠷ ᠤᠨ ᠬᠢᠨ ᠢ ᠵᠢᠭᠠᠨ ᠵᠢᠯᠣᠭᠤᠳᠴᠤ ᠪᠠᠶᠢᠭᠠᠳ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠠᠵᠢᠯ ᠲᠥᠷᠥᠯ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠤᠯᠪᠣᠭᠠᠰᠤ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ | ᠪᠠᠳᠠᠷᠠᠭᠤᠯᠤᠨ᠎ᠠ᠃ | ᠬᠤᠶᠠᠷ ᠲᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠢᠲᠠᠳ ᠡᠮ ᠤᠨ ᠠᠵᠤ | ᠦᠢᠯᠡᠰ ᠤᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠢᠭᠡ | ᠪᠦᠯᠦᠭ ᠥᠨᠳᠥᠷ ᠬᠡᠪ ᠪᠣᠯᠪᠠᠰᠤᠷᠠᠯ ᠲᠠᠢ᠂ ᠥᠨᠳᠥᠷ ᠤᠷ᠎ᠠ ᠮᠡᠷᠭᠡᠵᠢᠯ ᠲᠠᠢ ᠬᠠᠮ ᠴᠢᠳᠠᠪᠤᠷᠢᠲᠠᠨ ᠢ ᠬᠥᠮᠦᠵᠢᠭᠦᠯᠵᠦ᠂ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ᠭᠤᠷᠪᠠ ᠳᠤ᠂ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠨ᠎ᠠ᠃ ᠣᠯᠠᠨ ᠠᠷᠭ᠎ᠠ ᠵᠠᠮ ᠪᠦᠬᠦᠢ ᠪᠡᠯᠡ | ᠮᠥᠩᠭᠦ ᠶᠢ ᠨᠢᠭᠡᠳᠦᠯᠲᠡᠶ ᠲᠥᠯᠥᠪᠯᠡᠨ ᠬᠢᠲᠠᠳ ᠡᠮ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠢᠲᠠᠳ ᠡᠮ ᠤᠨ ᠮᠠᠲ᠋ᠧᠷᠢᠶᠠᠯ ᠲᠠᠷᠢᠬᠤ᠂ ᠰᠢᠨ᠎ᠡ | ᠡᠮ ᠰᠤᠳᠤᠯᠤᠨ ᠨᠡᠭᠡᠭᠡᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠡᠷᠴᠢᠮ ᠢ | ᠨᠡᠮᠡᠭᠳᠡᠭᠦᠯᠦᠨ᠎ᠡ᠃ | |