ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ︵ᠳᠣᠯᠤᠭ᠎ᠠ︶ — ᠣᠷᠣᠨ ᠪᠦᠰᠡ ᠬᠤᠪᠢᠶᠠᠭᠰᠠᠨ ᠨᠢᠭᠡᠴᠡ ᠪᠣᠯᠤᠨ ᠠᠵᠢᠯᠯᠠᠭᠰᠠᠳ ᠤᠨ ᠪᠠᠶᠢᠳᠠᠯ
ᠨᠡᠶᠢᠲᠡᠯᠡᠭᠰᠡᠨ ᠴᠠᠭ᠄
2025/3/23
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠳᠦᠭᠡ ᠮᠠᠨ ᠤ ᠣᠷᠣᠨ ᠤ ᠣᠷᠣᠨ ᠪᠦᠰᠡ ᠬᠤᠪᠢᠶᠠᠭᠰᠠᠨ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠨᠢᠭᠡᠴᠡ ᠵᠢᠴᠢ ᠠᠵᠢᠯᠯᠠᠭᠰᠠᠳ ᠤᠨ ᠦᠨᠳᠦᠰᠦᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠪᠡ᠄    ᠨᠢᠭᠡ᠂ ᠨᠢᠭᠡᠴᠡ ᠶᠢᠨ ᠦᠨᠳᠦᠰᠦᠨ ᠪᠠᠶᠢᠳᠠᠯ    2023 ᠣᠨ ᠤ ᠡᠴᠦᠰ ᠲᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠡᠷᠭᠢᠯᠡᠵᠦ ᠪᠠᠶᠢᠭ᠎ᠠ ᠬᠠᠤᠯᠢ ᠶᠢᠨ ᠡᠷᠬᠡᠲᠡᠨ ᠤ ᠨᠢᠭᠡᠴᠡ 21.5 ᠲᠦᠮᠡ ᠪᠠᠶᠢᠵᠤ᠂ 52.6% ᠶᠢ ᠡᠵᠡᠯᠡᠵᠦ᠂ 2018 ᠣᠨ ᠤ ᠡᠴᠦᠰ ᠤᠨ ᠬᠢ ᠠᠴᠠ 56.6% ᠪᠠᠷ ᠨᠡᠮᠡᠭᠳᠡᠪᠡ︔ ᠵᠡᠭᠦᠨ ᠬᠡᠰᠡᠭ ᠤᠨ ᠭᠠᠵᠠᠷ ᠣᠷᠣᠨ ᠳᠤ 15.3 ᠲᠦᠮᠡ ᠪᠠᠶᠢᠵᠤ᠂ 37.5% ᠶᠢ ᠡᠵᠡᠯᠡᠨ᠂ 21.1% ᠪᠠᠷ ᠨᠡᠮᠡᠭᠳᠡᠪᠡ︔ ᠪᠤᠰᠤᠳ ᠭᠠᠵᠠᠷ ᠣᠷᠣᠨ ᠳᠤ 4.0 ᠲᠦᠮᠡ ᠪᠠᠶᠢᠵᠤ᠂ 9.9% ᠶᠢ ᠡᠵᠡᠯᠡᠨ᠂ 21.0% ᠢᠶᠠᠷ ᠨᠡᠮᠡᠭᠳᠡᠪᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠭᠠᠵᠠᠷ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠡᠷᠭᠢᠯᠡᠵᠦ ᠪᠠᠶᠢᠭ᠎ᠠ ᠠᠵᠤ ᠦᠢᠯᠡᠰ ᠤᠨ ᠠᠵᠢᠯᠯᠠᠭᠠᠨ ᠤ ᠨᠢᠭᠡᠴᠡ 23.9 ᠲᠦᠮᠡ ᠪᠠᠶᠢᠵᠤ᠂ 51.7% ᠶᠢ ᠡᠵᠡᠯᠡᠵᠦ ᠪᠠᠶᠢᠨ᠎ᠠ︔ ᠵᠡᠭᠦᠨ ᠬᠡᠰᠡᠭ ᠤᠨ ᠭᠠᠵᠠᠷ ᠣᠷᠣᠨ ᠳᠤ 17.7 ᠲᠦᠮᠡ ᠪᠠᠶᠢᠵᠤ᠂ 38.3% ᠶᠢ ᠡᠵᠡᠯᠡᠵᠦ ᠪᠠᠶᠢᠨ᠎ᠠ︔ ᠪᠤᠰᠤᠳ ᠭᠠᠵᠠᠷ ᠣᠷᠣᠨ ᠳᠤ 4.6 ᠲᠦᠮᠡ ᠪᠠᠶᠢᠵᠤ᠂ 10.0% ᠢ ᠡᠵᠡᠯᠡᠪᠡ᠃    ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠳᠣᠲᠣᠷ᠎ᠠ᠂ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠠᠶᠢᠮᠠᠭ ᠬᠤᠲᠠ ᠪᠣᠯ᠄ ᠬᠥᠬᠡᠬᠤᠲᠠ ᠳᠤ 8.0 ᠲᠦᠮᠡ ᠪᠠᠶᠢᠵᠤ᠂ 19.5% ᠶᠢ ᠡᠵᠡᠯᠡᠨ᠎ᠡ︔ ᠪᠤᠭᠤᠲᠤ ᠬᠤᠲᠠ 5.7 ᠲᠦᠮᠡ ᠪᠠᠶᠢᠵᠤ᠂ 14.0% ᠢ ᠡᠵᠡᠯᠡᠪᠡ︔ ᠣᠷᠳᠣᠰ ᠬᠤᠲᠠ 5.3 ᠲᠦᠮᠡ ᠪᠣᠯᠵᠣ᠂ 13.0% ᠢ ᠡᠵᠡᠯᠡᠪᠡ᠃ ᠭᠠᠵᠠᠷ ᠣᠷᠣᠨ ᠢᠶᠠᠷ ᠬᠤᠪᠢᠶᠠᠭᠰᠠᠨ ᠨᠢᠭᠡᠴᠡ ᠶᠢᠨ ᠪᠠᠶᠢᠳᠠᠯ ᠢ ᠬᠦᠰᠦᠨᠦᠭᠲᠦ 7 - 1 ᠳᠤ ᠨᠠᠷᠢᠨ ᠦᠵᠡ᠃    ᠬᠦᠰᠦᠨᠦᠭᠲᠦ 7 - 1    ᠭᠠᠵᠠᠷ ᠣᠷᠣᠨ ᠢᠶᠠᠷ ᠬᠤᠪᠢᠶᠠᠭᠰᠠᠨ ᠬᠠᠤᠯᠢ ᠶᠢᠨ ᠡᠷᠬᠡᠲᠡᠨ ᠤ ᠨᠢᠭᠡᠴᠡ ᠪᠠ ᠠᠵᠤ ᠦᠢᠯᠡᠰ ᠤᠨ ᠠᠵᠢᠯᠯᠠᠭᠠᠨ ᠤ ᠨᠢᠭᠡᠴᠡ
表格700.jpg
表格7_01.jpg
    ᠬᠤᠶᠠᠷ᠂ ᠠᠵᠢᠯᠯᠠᠭᠰᠠᠳ    2023 ᠣᠨ ᠤ ᠡᠴᠦᠰ ᠲᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠭᠠᠵᠠᠷ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠡᠷᠭᠢᠯᠡᠵᠦ ᠪᠠᠶᠢᠭ᠎ᠠ ᠬᠠᠤᠯᠢ ᠶᠢᠨ ᠡᠷᠬᠡᠲᠡᠨ ᠤ  ᠨᠢᠭᠡᠴᠡ ᠳᠤ ᠠᠵᠢᠯᠯᠠᠵᠤ ᠪᠠᠶᠢᠭ᠎ᠠ ᠬᠥᠮᠦᠨ 292.6 ᠲᠦᠮᠡ ᠪᠠᠶᠢᠵᠤ᠂ 53.3% ᠶᠢ ᠡᠵᠡᠯᠡᠵᠦ ᠪᠠᠶᠢᠨ᠎ᠠ︔ ᠵᠡᠭᠦᠨ ᠬᠡᠰᠡᠭ ᠤᠨ ᠲᠠᠪᠤᠨ ᠠᠶᠢᠮᠠᠭ ᠬᠤᠲᠠ ᠶᠢᠨ 184.9 ᠲᠦᠮᠡᠨ ᠬᠥᠮᠦᠨ ᠪᠠᠶᠢᠵᠤ᠂ 33.7% ᠶᠢ ᠡᠵᠡᠯᠡᠪᠡ︔ ᠪᠤᠰᠤᠳ ᠠᠶᠢᠮᠠᠭ ᠬᠤᠲᠠ 55.7 ᠲᠦᠮᠡᠨ ᠬᠥᠮᠦᠨ ᠪᠠᠶᠢᠵᠤ᠂ 10.1% ᠶᠢ ᠡᠵᠡᠯᠡᠪᠡ᠃    ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠲᠠᠨ ᠤ ᠳᠣᠲᠣᠷ᠎ᠠ᠂ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠠᠶᠢᠮᠠᠭ ᠬᠤᠲᠠ ᠪᠣᠯ᠄ ᠬᠥᠬᠡᠬᠤᠲᠠ ᠶᠢᠨ 107.4 ᠲᠦᠮᠡᠨ ᠬᠥᠮᠦᠨ ᠪᠠᠶᠢᠵᠤ᠂ 19.6% ᠶᠢ ᠡᠵᠡᠯᠡᠪᠡ︔ ᠣᠷᠳᠣᠰ ᠬᠤᠲᠠ ᠶᠢᠨ 77.6 ᠲᠦᠮᠡᠨ ᠬᠥᠮᠦᠨ ᠪᠠᠶᠢᠵᠤ᠂ 14.1% ᠶᠢ ᠡᠵᠡᠯᠡᠪᠡ︔ ᠪᠤᠭᠤᠲᠤ ᠬᠤᠲᠠ ᠶᠢᠨ 76.6 ᠲᠦᠮᠡᠨ ᠬᠥᠮᠦᠨ ᠪᠠᠶᠢᠵᠤ᠂ 14.0% ᠢ ᠡᠵᠡᠯᠡᠪᠡ᠃ ᠭᠠᠵᠠᠷ ᠣᠷᠣᠨ ᠢᠶᠠᠷ ᠬᠤᠪᠢᠶᠠᠭᠰᠠᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ ᠤᠨ ᠪᠠᠶᠢᠳᠠᠯ ᠢ ᠬᠦᠰᠦᠨᠦᠭᠲᠦ 7 - 2 ᠲᠤ ᠦᠵᠡ᠃     ᠬᠦᠰᠦᠨᠦᠭᠲᠦ 7 - 2     ᠭᠠᠵᠠᠷ ᠣᠷᠣᠨ ᠢᠶᠠᠷ ᠬᠤᠪᠢᠶᠠᠭᠰᠠᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ
表格7_02.jpg
表格7_03.jpg 
 ᠲᠠᠶᠢᠯᠪᠤᠷᠢ᠄    ︵1︶ ᠵᠡᠭᠦᠨ ᠬᠡᠰᠡᠭ ᠤᠨ ᠭᠠᠵᠠᠷ ᠣᠷᠣᠨ ᠳᠤ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠪᠠᠭᠲᠠᠨ᠎ᠠ︔ ᠪᠤᠰᠤᠳ ᠭᠠᠵᠠᠷ ᠣᠷᠣᠨ ᠳᠤ ᠪᠠᠶᠠᠨᠨᠠᠭᠤᠷ ᠬᠤᠲᠠ᠂ ᠦᠬᠠᠶ ᠬᠤᠳᠠ᠂ ᠠᠯᠠᠱᠠ ᠠᠶᠢᠮᠠᠭ ᠪᠠᠭᠲᠠᠨ᠎ᠠ᠃    ︵2︶ ᠬᠦᠰᠦᠨᠦᠭᠲᠦ ᠳᠠᠬᠢ ᠠᠶᠢᠮᠠᠭ ᠬᠤᠲᠠ ᠶᠢᠨ ᠲᠤᠭ᠎ᠠ ᠪᠠᠷᠢᠮᠲᠠ ᠳᠤ ᠲᠡᠮᠦᠷ ᠵᠠᠮ ᠤᠨ ᠲᠡᠭᠡᠭᠡᠪᠦᠷᠢ ᠶᠢᠨ  ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠵᠢᠴᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠡ ᠶᠢᠨ ᠠᠵᠢᠯᠯᠠᠭᠰᠠᠳ ᠪᠠᠭᠲᠠᠬᠤ ᠥᠬᠡᠶ᠃      ︵3︶ ᠬᠦᠰᠦᠨᠦᠭᠲᠦ ᠳᠠᠬᠢ ᠨᠡᠶᠢᠯᠡᠪᠦᠷᠢ ᠲᠤᠭ᠎ᠠ ᠪᠣᠯᠤᠨ ᠬᠡᠰᠡᠭ ᠪᠤᠳᠤᠯᠭ᠎ᠠ ᠶᠢᠨ ᠲᠤᠭ᠎ᠠ ᠪᠠᠷᠢᠮᠲᠠ ᠨᠢ ᠠᠷᠪᠠᠲᠤ ᠶᠢᠨ ᠪᠤᠲᠠᠷᠬᠠᠶ ᠶᠢᠨ ᠰᠢᠯᠢᠯᠲᠡ ᠠᠴᠠ ᠪᠣᠯᠤᠭᠰᠠᠨ ᠠᠯᠳᠠᠪᠤᠷᠢ ᠳᠤ ᠴᠥᠮ ᠮᠧᠬᠠᠨᠢᠭ ᠲᠤᠬᠢᠷᠠᠭᠤᠯᠤᠯᠳᠠ ᠬᠢᠭᠰᠡᠨ ᠦᠭᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号