ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ | ᠬᠠᠮᠢᠶᠠᠷᠤᠯᠲᠠ ᠶᠢᠨ ᠠᠷᠭ᠎ᠠ | ︵2022 ᠣᠨ ᠤ 4 ᠰᠠᠷ᠎ᠠ ᠶᠢᠨ 14 ᠤ ᠡᠳᠦᠷ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶᠠᠨ ᠤ 35 ᠳ᠋ᠤᠭᠠᠷ ᠵᠠᠷᠯᠢᠭ ᠢᠶᠠᠷ ᠨᠡᠶᠢᠲᠡᠯᠡᠨ ᠬᠡᠷᠡᠭᠵᠢᠭᠦᠯᠪᠡ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠤᠭ᠎ᠠ ᠪᠦᠷᠢᠳᠬᠡᠯ ᠤᠨ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠤᠨ | ᠢᠲᠡᠭᠡᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠯ ᠠᠯᠳᠠᠭᠰᠠᠨ ᠢ | ᠬᠢᠵᠠᠭᠠᠷᠯᠠᠬᠤ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠠᠵᠤ ᠠᠬᠤᠶᠢᠯᠠᠯ ᠤᠨ | ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠴᠢ ᠮᠡᠳᠡᠭᠡ ᠵᠠᠩᠭᠢ ᠶᠢ | ᠮᠠᠭᠠᠳᠯᠠᠨ ᠲᠣᠭᠲᠠᠭᠠᠬᠤ᠂ ᠲᠡᠮᠳᠡᠭᠯᠡᠬᠦ᠂ ᠴᠤᠭᠯᠠᠭᠤᠯᠤᠨ ᠨᠡᠶᠢᠯᠡᠭᠦᠯᠬᠦ᠂ ᠬᠠᠮᠲᠤ ᠳᠤ ᠪᠠᠨ ᠡᠳ᠋ᠯᠡᠬᠦ᠂ ᠢᠯᠡ | ᠪᠣᠯᠭᠠᠬᠤ᠂ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠶᠢ ᠨᠢ ᠰᠡᠷᠭᠦᠭᠡᠬᠦ ᠵᠡᠷᠭᠡ ᠠᠵᠢᠯᠯᠠᠭ᠎ᠠ ᠳᠤ ᠬᠡᠷᠡᠭᠯᠡᠭᠳᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠲᠤᠭ᠎ᠠ ᠪᠦᠷᠢᠳᠬᠡᠯ ᠤᠨ ᠪᠠᠶᠢᠭᠤᠯᠤᠮᠵᠢ ᠭᠡᠳᠡᠭ ᠨᠢ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠵᠢᠴᠢ ᠲᠣᠮᠢᠯᠠᠭᠰᠠᠨ ᠪᠠᠶᠢᠴᠠᠭᠠᠬᠤ ᠪᠠᠶᠢᠭᠤᠯᠤᠮᠵᠢ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ | ᠵᠢᠭᠠᠵᠤ ᠪᠤᠶ᠃ | ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠭᠡᠳᠡᠭ ᠨᠢ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ | ᠲᠤᠭ᠎ᠠ ᠪᠦᠷᠢᠳᠬᠡᠯ ᠤᠨ ᠠᠵᠢᠯᠯᠠᠭ᠎ᠠ ᠶᠢᠨ ᠳᠤᠮᠳᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠮᠡᠳᠡᠭᠦᠯᠦᠨ ᠬᠦᠷᠭᠡᠬᠦ | ᠡᠭᠦᠷᠭᠡ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠢ ᠵᠢᠭᠠᠵᠤ ᠪᠤᠶ᠃ | ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ | ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠳᠤ ︽ᠬᠡᠨ ᠮᠠᠭᠠᠳᠯᠠᠨ ᠲᠤᠭᠳᠠᠭᠠᠪᠠᠯ᠂ ᠬᠡᠨ ᠬᠠᠮᠢᠶᠠᠷᠴᠤ᠂ ᠬᠡᠨ | ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠬᠠᠤᠯᠢ ᠲᠣᠭᠲᠠᠭᠠᠯ ᠶᠣᠰᠣᠭᠠᠷ᠂ ᠡᠷᠬᠡ ᠠᠰᠢᠭ ᠢᠶᠠᠨ ᠬᠠᠮᠠᠭᠠᠯᠠᠵᠤ᠂ | ᠪᠣᠯᠭᠤᠮᠵᠢᠲᠠᠶ ᠪᠥᠭᠡᠳ ᠵᠣᠬᠢᠰᠲᠠᠶ ᠪᠠᠶᠢᠬᠤ ᠶᠡᠷᠦᠩᠬᠡᠶ ᠰᠡᠳᠬᠢᠴᠡ ᠶᠣᠰᠣᠭᠠᠷ ᠵᠣᠬᠢᠶᠠᠨ ᠪᠠᠶᠢᠭᠤᠯᠤᠨ | ᠬᠡᠷᠡᠭᠵᠢᠬᠦᠯᠦᠨ᠎ᠡ᠃ | ᠳᠥᠷᠪᠡᠳᠦᠭᠡᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠦᠬᠦ ᠤᠯᠤᠰ ᠤᠨ ᠲᠤᠭ᠎ᠠ | ᠪᠦᠷᠢᠳᠬᠡᠯ ᠤᠨ ᠢᠲᠡᠭᠡᠯ ᠢᠶᠠᠨ ᠬᠦᠨᠳᠦ ᠨᠣᠴᠢᠲᠠᠶ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ | ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠤᠳᠤᠷᠢᠳᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠤᠭ᠎ᠠ ᠪᠦᠷᠢᠳᠬᠡᠯ ᠤᠨ | ᠲᠠᠯ᠎ᠠ ᠪᠠᠷ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠮᠢᠯᠠᠭᠰᠠᠨ | ᠪᠠᠶᠢᠴᠠᠭᠠᠯᠲᠠ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠠᠵᠢᠯᠯᠠᠭ᠎ᠠ ᠳᠤᠮᠳᠠ ᠭᠠᠷᠤᠭᠰᠠᠨ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠶᠢ ᠲᠤᠰ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠭᠰᠡᠨ ᠪᠠᠶᠢᠴᠠᠭᠠᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠯᠠᠭ᠎ᠠ | ᠳᠤᠮᠳᠠ ᠣᠯᠵᠤ ᠮᠡᠳᠡᠭᠰᠡᠨ ᠲᠤᠭ᠎ᠠ ᠪᠦᠷᠢᠳᠬᠡᠯ ᠤᠨ ᠲᠠᠯ᠎ᠠ ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠶᠢᠨ ᠰᠦᠪᠡᠭᠴᠢ ᠶᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠬᠦᠯᠦᠨ᠎ᠡ᠃ | ᠲᠠᠪᠤᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠶᠠᠪᠤᠴᠠ ᠳᠤ ᠴᠤᠭᠯᠠᠭᠤᠯᠤᠭᠰᠠᠨ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ | ᠠᠵᠤ ᠠᠬᠤᠶᠢᠯᠠᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠬᠠᠳᠠᠭᠠᠯᠠᠵᠤ᠂ ᠤᠯᠤᠰ ᠤᠨ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠬᠠᠮᠲᠤ ᠳᠤ ᠪᠠᠨ ᠡᠳ᠋ᠯᠡᠬᠦ ᠶᠢ ᠬᠡᠷᠡᠭᠵᠢᠭᠦᠯᠬᠦ ᠬᠡᠷᠡᠭᠲᠡᠶ᠃ | ᠬᠤᠶᠠᠳᠤᠭᠠᠷ ᠪᠦᠯᠦᠭ ᠦᠨᠡᠮᠰᠢᠬᠦ ᠨᠥᠬᠦᠴᠡᠯ ᠪᠠ ᠳᠡᠰ ᠳᠠᠷᠠᠭᠠᠯᠠᠯ | ᠵᠢᠷᠭᠤᠳᠤᠭᠠᠷ ᠵᠦᠢᠯ ᠠᠵᠤ ᠠᠬᠤᠶᠢᠯᠠᠯ ᠳᠤ ᠳᠣᠣᠷᠠᠬᠢ ᠮᠡᠲᠦ ᠲᠤᠭ᠎ᠠ ᠪᠦᠷᠢᠳᠬᠡᠯ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠬᠤ ᠮᠥᠷᠲᠡᠭᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠤᠨ ᠲᠠᠪᠢᠳᠤᠭᠠᠷ ᠵᠦᠢᠯ ᠳᠤ | ᠵᠢᠭᠰᠠᠭᠠᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠳᠤ ᠲᠤᠭᠠᠴᠠᠭᠳᠠᠪᠠᠯ ᠲᠤᠭ᠎ᠠ ᠪᠦᠷᠢᠳᠬᠡᠯ ᠤᠨ | ᠪᠠᠶᠢᠭᠤᠯᠤᠮᠵᠢ ᠠᠴᠠ ᠲᠡᠭᠦᠨ ᠢ ᠲᠤᠭ᠎ᠠ ᠪᠦᠷᠢᠳᠬᠡᠯ ᠤᠨ ᠲᠠᠯ᠎ᠠ ᠪᠠᠷ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ | ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠬᠤ ᠬᠡᠷᠡᠭᠲᠡᠶ᠃ | ᠨᠢᠭᠡ᠂ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠬᠤ ᠶᠢ ᠲᠡᠪᠴᠢᠭᠰᠡᠨ ᠪᠤᠶᠤ ᠮᠡᠳᠡᠭᠦᠯᠬᠦ ᠶᠢ | ᠰᠢᠮᠳᠠᠭᠤᠯᠤᠭᠰᠠᠨ ᠪᠠᠶᠢᠲᠠᠯ᠎ᠠ ᠮᠥᠨ ᠬᠦ ᠲᠤᠭ᠎ᠠ ᠪᠦᠷᠢᠳᠬᠡᠯ ᠤᠨ ᠮᠠᠲ᠋ᠧᠷᠢᠶᠠᠯ ᠢᠶᠠᠨ ᠴᠠᠭ ᠲᠠᠭᠠᠨ ᠬᠠᠩᠭᠠᠭᠰᠠᠨ | ᠦᠭᠡᠶ︔ | ᠬᠤᠶᠠᠷ᠂ ᠦᠨᠡᠨ ᠪᠣᠳᠠᠲᠠᠶ ᠪᠤᠰᠤ ᠪᠤᠶᠤ ᠪᠦᠷᠢᠨ ᠪᠤᠰᠤ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠭᠰᠠᠨ︔ | ᠭᠤᠷᠪᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠪᠠᠶᠢᠴᠠᠭᠠᠨ ᠯᠠᠪᠯᠠᠬᠤ ᠪᠢᠴᠢᠭ ᠲᠤ ᠬᠠᠷᠢᠭᠤᠯᠲᠠ | ᠥᠭᠬᠦ ᠶᠢ ᠲᠡᠪᠴᠢᠭᠰᠡᠨ ᠪᠤᠶᠤ ᠦᠨᠡᠨ ᠪᠣᠳᠠᠲᠠᠶ ᠪᠠᠷ ᠬᠠᠷᠢᠭᠤᠯᠲᠠ ᠥᠭᠭᠦᠭᠰᠡᠨ ᠦᠭᠡᠶ︔ | ᠳᠥᠷᠪᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠪᠠᠶᠢᠴᠠᠭᠠᠨ ᠦᠵᠡᠬᠦ ᠶᠢ | ᠲᠡᠪᠴᠢᠵᠦ᠂ ᠬᠠᠷᠰᠢᠯᠠᠭᠰᠠᠨ︔ | ᠲᠠᠪᠤ᠂ ᠤᠭ ᠲᠡᠮᠳᠡᠭᠯᠡᠯ ᠪᠣᠯᠤᠨ ᠭᠡᠷᠡᠴᠢ ᠪᠠᠷᠢᠮᠲᠠ᠂ ᠲᠤᠭ᠎ᠠ ᠪᠦᠷᠢᠳᠬᠡᠯ ᠤᠨ ᠡᠬᠡ ᠳᠠᠩᠰᠠ᠂ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠬᠦᠰᠦᠨᠦᠭᠲᠦ ᠵᠢᠴᠢ ᠪᠤᠰᠤᠳ ᠬᠠᠮᠢᠶ᠎ᠠ ᠪᠦᠬᠦᠢ ᠭᠡᠷᠡᠴᠢ ᠪᠣᠯᠤᠨ | ᠮᠠᠲ᠋ᠧᠷᠢᠶᠠᠯ ᠢᠶᠠᠨ ᠰᠢᠯᠵᠢᠭᠦᠯᠬᠦ᠂ ᠨᠢᠭᠤᠬᠤ᠂ ᠬᠤᠪᠢᠷᠠᠭᠤᠯᠬᠤ᠂ ᠰᠦᠢᠳᠬᠡᠬᠦ ᠪᠤᠶᠤ ᠬᠠᠩᠭᠠᠬᠤ ᠶᠢ ᠲᠡᠪᠴᠢᠭᠰᠡᠨ︔ | ᠵᠢᠷᠭᠤᠭ᠎ᠠ᠂ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠪᠤᠰᠤᠳ ᠦᠢᠯᠡ | ᠠᠵᠢᠯᠯᠠᠭ᠎ᠠ᠃ | ᠳᠣᠯᠣᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠲᠠᠯ᠎ᠠ ᠪᠠᠷ | ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠳᠤ ᠲᠤᠰ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ | ᠬᠦᠴᠦᠨ ᠲᠠᠢ ᠪᠣᠯᠤᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠲᠤᠭ᠎ᠠ ᠪᠦᠷᠢᠳᠬᠡᠯ ᠤᠨ ᠲᠠᠯ᠎ᠠ ᠪᠠᠷ | ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠢ ᠮᠠᠭᠠᠳᠯᠠᠨ ᠲᠤᠭᠳᠠᠭᠠᠭᠰᠠᠨ ᠢ ᠮᠡᠳᠡᠭᠳᠡᠬᠦ ᠪᠢᠴᠢᠭ | ᠵᠣᠬᠢᠶᠠᠵᠤ᠂ ᠤᠴᠢᠷ ᠰᠢᠯᠲᠠᠭᠠᠨ᠂ ᠦᠨᠳᠦᠰᠦᠯᠡᠯ᠂ ᠦᠷ᠎ᠡ ᠳ᠋ᠦᠩ ᠵᠢᠴᠢ ᠪᠤᠢ ᠪᠦᠬᠦᠢ ᠲᠤᠭᠠᠴᠠᠯᠲᠠ ᠬᠢᠬᠦ᠂ | ᠲᠣᠳᠣᠷᠬᠠᠶᠢᠯᠠᠬᠤ ᠡᠷᠬᠡ ᠶᠢ ᠮᠡᠳᠡᠭᠳᠡᠬᠦ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠵᠠᠷᠭᠤ ᠶᠢᠨ ᠬᠠᠤᠯᠢ︾ ᠳᠤ ᠲᠣᠭᠲᠠᠭᠠᠭᠰᠠᠨ ᠬᠦᠷᠭᠡᠬᠦ ᠠᠷᠭ᠎ᠠ ᠮᠠᠶ᠋ᠢᠭ ᠢᠶᠠᠷ ᠬᠦᠷᠭᠡᠬᠦ ᠬᠡᠷᠡᠭᠲᠡᠶ᠃ | ᠨᠠᠢᠮᠠᠳᠤᠭᠠᠷ ᠵᠦᠢᠯ ᠠᠵᠤ ᠠᠬᠤᠶᠢᠯᠠᠯ ᠨᠢ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠢ ᠮᠠᠭᠠᠳᠯᠠᠨ ᠲᠤᠭᠲᠠᠭᠠᠭᠰᠠᠨ ᠮᠡᠳᠡᠭᠳᠡᠯ ᠤᠨ ᠪᠢᠴᠢᠭ ᠢ ᠭᠠᠷᠳᠠᠭᠰᠠᠨ ᠡᠳᠦᠷ ᠠᠴᠠ ᠡᠬᠢᠯᠡᠨ 5 | ᠠᠵᠢᠯᠯᠠᠬᠤ ᠡᠳᠦᠷ ᠤᠨ ᠳᠣᠲᠣᠷ᠎ᠠ᠂ ᠮᠠᠭᠠᠳᠯᠠᠨ ᠲᠤᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ | ᠲᠤᠭᠠᠴᠠᠯᠲᠠ ᠬᠢᠬᠦ ᠪᠠ ᠵᠥᠪᠲᠦᠭᠡᠨ ᠲᠣᠳᠣᠷᠬᠠᠶᠢᠯᠠᠵᠤ ᠪᠣᠯᠤᠨ᠎ᠠ᠃ | ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠠᠵᠤ ᠠᠬᠤᠶᠢᠯᠠᠯ ᠤᠨ ᠲᠤᠰᠢᠶᠠᠭᠰᠠᠨ ᠲᠤᠭᠠᠴᠠᠯᠲᠠ᠂ | ᠵᠥᠪᠲᠦᠭᠡᠨ ᠲᠣᠳᠣᠷᠬᠠᠶᠢᠯᠠᠬᠤ ᠮᠠᠲ᠋ᠧᠷᠢᠶᠠᠯ ᠢ ᠪᠦᠷᠢᠨ ᠪᠤᠰᠤ ᠭᠡᠵᠦ ᠦᠵᠡᠪᠡᠯ᠂ ᠬᠠᠮᠢᠶ᠎ᠠ ᠪᠦᠬᠦᠢ ᠮᠠᠲ᠋ᠧᠷᠢᠶᠠᠯ ᠢ | ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠨᠥᠬᠦᠪᠥᠷᠢᠯᠡᠬᠦ ᠶᠢ ᠠᠵᠤ ᠠᠬᠤᠶᠢᠯᠠᠯ ᠳᠤ ᠮᠡᠳᠡᠭᠳᠡᠬᠦ ᠬᠡᠷᠡᠭᠲᠡᠶ᠃ | ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠠᠵᠤ ᠠᠬᠤᠶᠢᠯᠠᠯ ᠤᠨ ᠰᠠᠨᠠᠯ ᠢ ᠭᠦᠢᠴᠡᠳ ᠰᠣᠨᠣᠰᠴᠤ᠂ ᠠᠵᠤ | ᠠᠬᠤᠶᠢᠯᠠᠯ ᠤᠨ ᠳᠤᠷᠠᠳᠤᠭᠰᠠᠨ ᠪᠣᠳᠠᠲᠤ ᠬᠡᠷᠡᠭ᠂ ᠰᠢᠯᠲᠠᠭᠠᠨ ᠪᠣᠯᠤᠨ ᠭᠡᠷᠡᠴᠢ ᠪᠠᠷᠢᠮᠲᠠ ᠶᠢ ᠳᠠᠬᠢᠨ ᠬᠢᠨᠠᠬᠤ | ᠬᠡᠷᠡᠭᠲᠡᠶ︔ ᠠᠵᠤ ᠠᠬᠤᠶᠢᠯᠠᠯ ᠤᠨ ᠳᠤᠷᠠᠳᠤᠭᠰᠠᠨ ᠪᠣᠳᠠᠲᠤ ᠬᠡᠷᠡᠭ᠂ ᠰᠢᠯᠲᠠᠭᠠᠨ ᠪᠤᠶᠤ ᠭᠡᠷᠡᠴᠢ ᠪᠠᠷᠢᠮᠲᠠ ᠨᠢ | ᠲᠣᠭᠲᠠᠵᠤ ᠴᠢᠳᠠᠪᠠᠯ ᠲᠤᠭ᠎ᠠ ᠪᠦᠷᠢᠳᠬᠡᠯ ᠤᠨ ᠪᠠᠶᠢᠭᠤᠯᠤᠮᠵᠢ ᠬᠦᠯᠢᠶᠡᠨ ᠠᠪᠬᠤ ᠬᠡᠷᠡᠭᠲᠡᠶ᠃ | ᠶᠢᠰᠦᠳᠦᠭᠡᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠠᠵᠤ ᠠᠬᠤᠶᠢᠯᠠᠯ ᠤᠨ ᠲᠤᠭᠠᠴᠠᠯᠲᠠ᠂ | ᠵᠥᠪᠲᠦᠭᠡᠨ ᠲᠣᠳᠣᠷᠬᠠᠶᠢᠯᠠᠬᠤ ᠮᠠᠲ᠋ᠧᠷᠢᠶᠠᠯ ᠢᠶᠠᠨ ᠲᠤᠰᠢᠶᠠᠬᠤ ᠴᠠᠭ ᠬᠤᠭᠤᠴᠠᠭ᠎ᠠ ᠨᠢ ᠲᠤᠯᠤᠭᠰᠠᠨ ᠡᠳᠦᠷ ᠠᠴᠠ | ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠶ᠃ ᠲᠤᠭ᠎ᠠ ᠪᠦᠷᠢᠳᠬᠡᠯ ᠤᠨ | ᠪᠠᠶᠢᠭᠤᠯᠤᠮᠵᠢ ᠠᠴᠠ ᠠᠵᠤ ᠠᠬᠤᠶᠢᠯᠠᠯ ᠢ ᠲᠤᠭ᠎ᠠ ᠪᠦᠷᠢᠳᠬᠡᠯ ᠤᠨ ᠲᠠᠯ᠎ᠠ ᠪᠠᠷ ᠬᠦᠨᠳᠦ ᠨᠣᠴᠢᠲᠠᠶ ᠢᠲᠡᠭᠡᠯ | ᠠᠯᠳᠠᠭᠰᠠᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠰᠠᠨ ᠪᠠᠶᠢᠪᠠᠯ᠂ ᠲᠤᠭ᠎ᠠ ᠪᠦᠷᠢᠳᠬᠡᠯ ᠤᠨ ᠲᠠᠯ᠎ᠠ ᠪᠠᠷ | ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠭᠰᠠᠨ ᠲᠣᠭᠲᠠᠭᠠᠯ ᠤᠨ ᠪᠢᠴᠢᠭ | ᠵᠣᠬᠢᠶᠠᠵᠤ᠂ ᠳᠤᠤᠷᠠᠬᠢ ᠵᠦᠢᠯᠡᠰ ᠢ ᠲᠣᠳᠣᠷᠬᠠᠶ ᠲᠡᠮᠳᠡᠭᠯᠡᠬᠦ ᠬᠡᠷᠡᠭᠲᠡᠶ᠄ | ᠠᠵᠤ ᠠᠬᠤᠶᠢᠯᠠᠯ ᠤᠨ ᠨᠡᠷᠡᠶᠢᠳᠦᠯ ᠬᠢᠭᠡᠳ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ | ᠬᠠᠷᠢᠭᠤᠴᠠᠯᠭᠠᠲᠠᠨ︔ | ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠺᠣᠳ᠋︔ | ᠮᠠᠭᠠᠳᠯᠠᠨ ᠲᠣᠭᠲᠠᠭᠠᠭᠰᠠᠨ ᠤᠴᠢᠷ ᠰᠢᠯᠲᠠᠭᠠᠨ᠂ ᠦᠨᠳᠦᠰᠦᠯᠡᠯ︔ | ᠢᠯᠡ ᠨᠡᠶᠢᠲᠡᠯᠡᠬᠦ ᠠᠷᠭ᠎ᠠ ᠵᠠᠮ᠂ ᠬᠤᠭᠤᠴᠠᠭ᠎ᠠ ᠬᠢᠵᠠᠭᠠᠷ ᠪᠠ ᠪᠤᠰᠤᠳ ᠬᠦᠨᠳᠦ ᠨᠣᠴᠢᠲᠠᠶ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ︔ | ᠢᠲᠡᠭᠡᠮᠵᠢ ᠰᠡᠷᠭᠦᠭᠡᠬᠦ ᠨᠥᠬᠦᠴᠡᠯ ᠪᠠ ᠠᠯᠬᠤᠮ ᠳᠠᠷᠠᠭᠠᠯᠠᠯ︔ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠠ ᠵᠠᠰᠠᠭ ᠵᠠᠬᠢᠷᠭᠠᠨ ᠤ ᠵᠠᠷᠭᠤ ᠬᠢᠬᠦ ᠠᠷᠭ᠎ᠠ | ᠵᠠᠮ ᠪᠠ ᠬᠤᠭᠤᠴᠠᠭ᠎ᠠ︔ | ᠮᠠᠭᠠᠳᠯᠠᠨ ᠲᠣᠭᠲᠠᠭᠠᠭᠰᠠᠨ ᠲᠣᠭᠲᠠᠭᠠᠯ ᠭᠠᠷᠭᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠨᠡᠷᠡᠶᠢᠳᠦᠯ | ᠪᠠ ᠮᠠᠭᠠᠳᠯᠠᠨ ᠲᠣᠭᠲᠠᠭᠠᠭᠰᠠᠨ ᠡᠳᠦᠷ ᠬᠤᠭᠤᠴᠠᠭ᠎ᠠ᠃ | ᠲᠤᠭ᠎ᠠ ᠪᠦᠷᠢᠳᠬᠡᠯ ᠨᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠢ ᠮᠠᠭᠠᠳᠯᠠᠨ | ᠲᠤᠭᠲᠠᠭᠠᠭᠰᠠᠨ ᠲᠣᠭᠲᠠᠭᠠᠯ ᠤᠨ ᠪᠢᠴᠢᠭ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠵᠠᠷᠭᠤ ᠶᠢᠨ ᠬᠠᠤᠯᠢ︾ ᠳᠤ ᠲᠣᠭᠲᠠᠭᠠᠭᠰᠠᠨ ᠬᠦᠷᠭᠡᠬᠦ ᠠᠷᠭ᠎ᠠ ᠮᠠᠶ᠋ᠢᠭ ᠢᠶᠠᠷ ᠬᠦᠷᠭᠡᠬᠦ ᠬᠡᠷᠡᠭᠲᠡᠶ᠃ | ᠭᠤᠷᠪᠠᠳᠤᠭᠠᠷ ᠪᠦᠯᠦᠭ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠪᠠ ᠰᠡᠷᠭᠦᠭᠡᠬᠦ | ᠠᠷᠪᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠦᠨᠳᠦ ᠨᠣᠴᠢᠲᠠᠶ | ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠲᠣᠭᠲᠠᠭᠠᠯ ᠭᠠᠷᠭᠠᠭᠰᠠᠨ ᠡᠳᠦᠷ ᠠᠴᠠ | ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ᠂ ᠡᠭᠦᠨ ᠳᠤ ᠳᠤᠤᠷᠠᠬᠢ ᠠᠭᠤᠯᠭ᠎ᠠ ᠪᠠᠭᠲᠠᠨ᠎ᠠ᠄ | ︵ᠨᠢᠭᠡ︶ ᠠᠵᠤ ᠠᠬᠤᠶᠢᠯᠠᠯ ᠤᠨ ᠦᠨᠳᠦᠰᠦᠨ ᠮᠡᠳᠡᠭᠡ ᠵᠠᠩᠭᠢ᠂ ᠡᠭᠦᠨ ᠳᠤ ᠠᠵᠤ ᠠᠬᠤᠶᠢᠯᠠᠯ ᠤᠨ ᠨᠡᠷᠡᠶᠢᠳᠦᠯ᠂ | ᠬᠠᠶ᠋ᠢᠭ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠵᠡᠷᠭᠡ ᠪᠠᠭᠲᠠᠨ᠎ᠠ︔ | ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ︔ | ︵ᠭᠤᠷᠪᠠ︶ ᠬᠠᠤᠯᠢ ᠶᠣᠰᠣᠭᠠᠷ ᠰᠢᠢᠳᠪᠦᠷᠢᠯᠡᠭᠰᠡᠨ ᠪᠠᠶᠢᠳᠠᠯ︔ | ︵ᠳᠥᠷᠪᠡ︶ ᠪᠤᠰᠤᠳ ᠬᠠᠮᠢᠶ᠎ᠠ ᠪᠥᠬᠦᠶ ᠮᠡᠳᠡᠭᠡ ᠵᠠᠩᠭᠢ᠃ | ᠠᠷᠪᠠᠨ ᠨᠢᠭᠡᠳᠦᠭᠡᠷ ᠵᠦᠢᠯ ᠨᠡᠶᠢᠲᠡ ᠳᠤ ᠵᠠᠷᠯᠠᠬᠤ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ | ᠬᠤᠪᠢ ᠬᠥᠮᠦᠨ ᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠶ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠶ᠃ | ᠠᠷᠪᠠᠨ ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠣᠰ ᠪᠠᠶᠢᠭᠤᠯᠤᠮᠵᠢ ᠶᠢᠨ ᠢᠶᠠᠨ | ᠫᠤᠷᠲ᠋ᠧᠯ ᠰᠦᠯᠵᠢᠶᠡᠨ ᠥᠷᠲᠡᠭᠡ ᠳᠡᠭᠡᠨ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ | ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠤᠰᠬᠠᠶ ᠪᠤᠯᠤᠩ ᠪᠠᠶᠢᠭᠤᠯᠵᠤ ᠲᠤᠭ᠎ᠠ ᠪᠦᠷᠢᠳᠬᠡᠯ ᠤᠨ | ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ᠂ | ᠢᠯᠡ ᠨᠡᠶᠢᠲᠡᠯᠡᠬᠦ ᠮᠡᠳᠡᠭᠡ ᠵᠠᠩᠭᠢ ᠶᠢ ᠳᠡᠭᠡᠷ᠎ᠡ ᠨᠢᠭᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠢᠯᠡ | ᠨᠡᠶᠢᠲᠡᠯᠡᠬᠦ ᠲᠤᠰᠬᠠᠶ ᠪᠤᠯᠤᠩ ᠳᠤ ᠬᠦᠷᠭᠡᠬᠦ ᠬᠡᠷᠡᠭᠲᠡᠶ᠃ | ᠫᠤᠷᠲ᠋ᠧᠯ ᠰᠦᠯᠵᠢᠶ᠎ᠡ ᠨᠡᠭᠡᠭᠡᠭᠰᠡᠨ ᠦᠭᠡᠶ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠰ | ᠪᠠᠶᠢᠭᠤᠯᠤᠮᠵᠢ ᠶᠢᠨ ᠢᠶᠠᠨ ᠮᠠᠭᠠᠳᠯᠠᠨ ᠲᠤᠭᠳᠠᠭᠠᠭᠰᠠᠨ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠳᠡᠭᠡᠷ᠎ᠡ ᠨᠢᠭᠡ ᠱᠠᠲᠤᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠵᠠᠷᠯᠠᠨ ᠨᠡᠶᠢᠲᠡᠯᠡᠬᠦ ᠲᠤᠰᠬᠠᠶ ᠪᠤᠯᠤᠩ ᠳᠤ ᠵᠠᠷᠯᠠᠨ ᠨᠡᠶᠢᠲᠡᠯᠡᠬᠦ ᠬᠡᠷᠡᠭᠲᠡᠶ᠃ | ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠣᠰ ᠪᠠᠶᠢᠭᠤᠯᠤᠮᠵᠢ ᠵᠢᠴᠢ ᠬᠤᠲᠠ᠂ | ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠮᠠᠭᠠᠳᠯᠠᠨ ᠲᠣᠭᠲᠠᠭᠠᠭᠰᠠᠨ ᠲᠤᠭ᠎ᠠ | ᠪᠦᠷᠢᠳᠬᠡᠯ ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ ᠴᠤᠭᠯᠠᠭᠤᠯᠵᠤ᠂ ᠱᠠᠭᠠᠷᠳᠠᠯᠭ᠎ᠠ ᠶᠣᠰᠣᠭᠠᠷ ᠮᠠᠭᠠᠳᠯᠠᠨ ᠲᠣᠭᠲᠠᠭᠠᠭᠰᠠᠨ ᠤ ᠳᠠᠷᠠᠭᠠᠬᠢ 10 ᠠᠵᠢᠯᠯᠠᠬᠤ | ᠡᠳᠦᠷ ᠤᠨ ᠳᠣᠲᠣᠷ᠎ᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶ᠎ᠠ ᠠᠴᠠ ᠲᠣᠭᠲᠠᠭᠠᠯ ᠶᠣᠰᠣᠭᠠᠷ ᠪᠥᠬᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠲᠤᠪᠠᠷ ᠡᠳ᠋ᠯᠡᠬᠦ ᠲᠠᠪᠴᠠᠩ ᠪᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠤ ᠲᠠᠨᠢᠯᠴᠠᠭᠤᠯᠤᠨ ᠬᠦᠷᠭᠡᠬᠦ ᠶᠢᠨ ᠬᠠᠮᠲᠤ᠂ ︽ᠢᠲᠡᠭᠡᠮᠵᠢᠲᠦ | ᠳᠤᠮᠳᠠᠳᠤ ᠤᠯᠤᠰ︾ ᠰᠦᠯᠵᠢᠶᠡᠨ ᠥᠷᠲᠡᠭᠡ ᠳᠤ ᠨᠡᠶᠢᠲᠡ ᠳᠤ ᠵᠠᠷᠯᠠᠨ᠎ᠠ᠃ | ᠠᠷᠪᠠᠨ ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ | ᠠᠵᠤ ᠠᠬᠤᠶᠢᠯᠠᠯ ᠤᠨ ᠨᠡᠶᠢᠲᠡ ᠳᠤ ᠵᠠᠷᠯᠠᠬᠤ ᠬᠤᠭᠤᠴᠠᠭ᠎ᠠ ᠨᠢ 1 ᠵᠢᠯ ᠪᠣᠯᠤᠨ᠎ᠠ᠃ ᠨᠡᠶᠢᠲᠡᠯᠡᠬᠦ ᠬᠤᠭᠤᠴᠠᠭ᠎ᠠ ᠨᠢ | ᠳᠦᠭᠦᠷᠦᠭᠰᠡᠨ ᠤ ᠳᠠᠷᠠᠭ᠎ᠠ 3 ᠡᠳᠦᠷ ᠤᠨ ᠳᠣᠲᠣᠷ᠎ᠠ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ | ᠪᠦᠷᠢᠳᠬᠡᠯ ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠮᠡᠳᠡᠭᠡ ᠵᠠᠩᠭᠢ ᠶᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠫᠤᠷᠲ᠋ᠧᠯ ᠰᠦᠯᠵᠢᠶ᠎ᠡ ᠠᠴᠠ ᠰᠢᠯᠵᠢᠭᠦᠯᠦᠨ ᠭᠠᠷᠭᠠᠬᠤ ᠶᠢᠨ ᠬᠠᠮᠲᠤ ᠰᠢᠯᠵᠢᠭᠦᠯᠦᠨ ᠭᠠᠷᠭᠠᠭᠰᠠᠨ | ᠮᠡᠳᠡᠭᠡ ᠵᠠᠩᠭᠢ ᠶᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠡᠳ᠋ᠯᠡᠬᠦ ᠲᠠᠪᠴᠠᠩ ᠪᠠ | ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠤ | ᠵᠡᠷᠭᠡ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃ | ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠢᠶᠠᠷ ᠮᠠᠭᠠᠳᠯᠠᠨ | ᠲᠤᠭᠲᠠᠭᠠᠭᠳᠠᠭᠰᠠᠨ ᠡᠳᠦᠷ ᠠᠴᠠ ᠡᠬᠢᠯᠡᠨ 2 ᠵᠢᠯ ᠤᠨ ᠳᠣᠲᠣᠷ᠎ᠠ᠂ ᠠᠵᠤ ᠠᠬᠤᠶᠢᠯᠠᠯ ᠨᠢ ᠲᠤᠭ᠎ᠠ ᠪᠦᠷᠢᠳᠬᠡᠯ ᠤᠨ | ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠢᠶᠠᠷ ᠳᠠᠬᠢᠨᠲᠠ ᠮᠠᠭᠠᠳᠯᠠᠨ ᠲᠤᠭᠲᠠᠭᠠᠭᠳᠠᠭᠰᠠᠨ | ᠪᠣᠯ ᠳᠠᠬᠢᠨᠲᠠ ᠮᠠᠭᠠᠳᠯᠠᠨ ᠲᠤᠭᠲᠠᠭᠠᠭᠰᠠᠨ ᠡᠳᠦᠷ ᠠᠴᠠ ᠡᠬᠢᠯᠡᠨ 3 ᠵᠢᠯ ᠵᠠᠷᠯᠠᠨ ᠨᠡᠶᠢᠲᠡᠯᠡᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠨᠡᠶᠢᠲᠡ ᠳᠤ ᠵᠠᠷᠯᠠᠬᠤ ᠬᠤᠭᠤᠴᠠᠭᠠᠨ ᠳᠤ᠂ ᠮᠠᠭᠠᠳᠯᠠᠨ ᠲᠤᠭᠲᠠᠭᠠᠭᠰᠠᠨ | ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ | ᠠᠵᠤ ᠠᠬᠤᠶᠢᠯᠠᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠤᠭᠤᠴᠢᠨ | ᠪᠠᠶᠢᠴᠠᠭᠠᠬᠤ ᠳᠠᠪᠲᠠᠮᠵᠢ ᠤᠳᠠᠭ᠎ᠠ ᠪᠠᠨ ᠵᠣᠬᠢᠰᠲᠠᠶ ᠳᠡᠭᠡᠭᠰᠢᠯᠡᠭᠦᠯᠵᠦ᠂ ᠠᠵᠤ ᠠᠬᠤᠶᠢᠯᠠᠯ ᠢ ᠵᠢᠯᠣᠭᠤᠳᠤᠨ ᠲᠤᠭ᠎ᠠ | ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ | ᠠᠬᠤᠶᠢᠯᠠᠯ ᠢ ᠨᠡᠶᠢᠲᠡ ᠳᠤ ᠵᠠᠷᠯᠠᠭᠠᠳ ᠪᠦᠬᠦᠯᠢ 6 ᠰᠠᠷ᠎ᠠ ᠪᠣᠯᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢᠨ ᠲᠣᠭᠲᠠᠭᠠᠯ ᠢ ᠨᠢᠭᠡᠨᠲᠡ ᠭᠦᠢᠴᠡᠳᠬᠡᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠵᠠᠯᠠᠷᠠᠭᠤᠯᠤᠭᠰᠠᠨ ᠮᠥᠷᠲᠡᠭᠡᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠠᠬᠢᠵᠤ ᠭᠠᠷᠤᠭᠰᠠᠨ ᠦᠭᠡᠶ ᠪᠣᠯ ᠮᠠᠭᠠᠳᠯᠠᠨ ᠲᠤᠭᠲᠠᠭᠠᠭᠰᠠᠨ ᠲᠤᠭ᠎ᠠ ᠪᠦᠷᠢᠳᠬᠡᠯ ᠤᠨ | ᠪᠠᠶᠢᠭᠤᠯᠤᠮᠵᠢ ᠳᠤ ᠢᠲᠡᠭᠡᠮᠵᠢ ᠪᠠᠨ ᠰᠡᠷᠭᠦᠭᠡᠬᠦ ᠭᠤᠶᠤᠴᠢᠯᠠᠯ ᠳᠤᠷᠠᠳᠴᠤ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠢᠲᠡᠭᠡᠮᠵᠢ ᠪᠠᠨ ᠰᠡᠷᠭᠦᠭᠡᠬᠦ ᠪᠠᠷ ᠭᠤᠶᠤᠴᠢᠯᠠᠭᠰᠠᠨ ᠠᠵᠤ ᠠᠬᠤᠶᠢᠯᠠᠯ ᠨᠢ | ᠮᠠᠭᠠᠳᠯᠠᠨ ᠲᠤᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠢᠲᠡᠭᠡᠮᠵᠢ ᠪᠠᠨ ᠰᠡᠷᠭᠦᠭᠡᠬᠦ | ᠭᠤᠶᠤᠴᠢᠯᠠᠯ ᠤᠨ ᠪᠢᠴᠢᠭ ᠲᠤᠰᠢᠶᠠᠬᠤ ᠬᠡᠷᠡᠭᠲᠡᠶ᠂ ᠡᠭᠦᠨ ᠳᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ | ᠲᠣᠭᠲᠠᠭᠠᠯ ᠢ ᠭᠦᠢᠴᠡᠳᠭᠡᠬᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠭᠡᠷᠡᠴᠢ ᠮᠠᠲ᠋ᠧᠷᠢᠶᠠᠯ ᠵᠢᠴᠢ | ᠲᠤᠭ᠎ᠠ ᠪᠦᠷᠢᠳᠬᠡᠯ ᠤᠨ ᠢᠲᠡᠭᠡᠮᠵᠢ ᠪᠠᠨ ᠰᠠᠬᠢᠭᠰᠠᠨ ᠠᠮᠠᠯᠠᠯᠲᠠ ᠵᠡᠷᠭᠡ ᠠᠭᠤᠯᠭ᠎ᠠ ᠪᠠᠭᠲᠠᠨ᠎ᠠ᠃ | ᠠᠷᠪᠠᠨ ᠳᠣᠯᠣᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠠᠵᠤ ᠠᠬᠤᠶᠢᠯᠠᠯ ᠤᠨ | ᠢᠲᠡᠭᠡᠮᠵᠢ ᠪᠠᠨ ᠰᠡᠷᠭᠦᠭᠡᠬᠦ ᠭᠤᠶᠤᠴᠢᠯᠠᠯ ᠤᠨ ᠪᠢᠴᠢᠭ ᠢ ᠭᠠᠷᠳᠠᠭᠰᠠᠨ ᠡᠳᠦᠷ ᠠᠴᠠ ᠡᠬᠢᠯᠡᠨ 20 ᠠᠵᠢᠯᠯᠠᠬᠤ | ᠡᠳᠦᠷ ᠤᠨ ᠳᠣᠲᠣᠷ᠎ᠠ᠂ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠤᠨ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠲᠣᠭᠲᠠᠭᠠᠯ ᠭᠠᠷᠭᠠᠬᠤ ᠬᠡᠷᠡᠭᠲᠡᠶ᠃ | ᠢᠲᠡᠭᠡᠮᠵᠢ ᠪᠠᠨ ᠰᠡᠷᠭᠦᠭᠡᠬᠦ ᠶᠢ ᠵᠥᠪᠰᠢᠶᠡᠷᠡᠭᠰᠡᠨ ᠪᠠᠶᠢᠪᠠᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ | ᠪᠦᠷᠢᠳᠬᠡᠯ ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠮᠡᠳᠡᠭᠡ ᠵᠠᠩᠭᠢ ᠶᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠫᠤᠷᠲ᠋ᠧᠯ ᠰᠦᠯᠵᠢᠶ᠎ᠡ ᠠᠴᠠ ᠴᠠᠭ ᠲᠤᠬᠠᠶ ᠳᠤᠨᠢ ᠰᠢᠯᠵᠢᠭᠦᠯᠦᠨ ᠭᠠᠷᠭᠠᠬᠤ ᠶᠢᠨ ᠬᠠᠮᠲᠤ᠂ | ᠰᠡᠷᠭᠦᠭᠡᠭᠰᠡᠨ ᠮᠡᠳᠡᠭᠡ ᠵᠠᠩᠭᠢ ᠶᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠡᠳ᠋ᠯᠡᠬᠦ | ᠲᠠᠪᠴᠠᠩ ᠪᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ | ᠰᠢᠰᠲ᠋ᠧᠮ ᠳᠤ ᠵᠡᠷᠭᠡ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃ | ᠢᠲᠡᠭᠡᠮᠵᠢ ᠪᠠᠨ ᠰᠡᠷᠭᠦᠭᠡᠬᠦ ᠶᠢ ᠵᠥᠪᠰᠢᠶᠡᠷᠡᠬᠦ ᠦᠭᠡᠶ ᠪᠣᠯ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ | ᠪᠢᠴᠢᠭ ᠢᠶᠠᠷ ᠠᠵᠤ ᠠᠬᠤᠶᠢᠯᠠᠯ ᠳᠤ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ | ᠠᠬᠤᠶᠢᠯᠠᠯ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠶᠢᠭᠠᠳ ᠢᠲᠡᠭᠡᠮᠵᠢ ᠪᠠᠨ ᠰᠡᠷᠭᠦᠭᠡᠭᠰᠡᠨ ᠪᠣᠯ ᠮᠠᠭᠠᠳᠯᠠᠨ | ᠲᠤᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠢᠲᠡᠭᠡᠮᠵᠢ ᠪᠠᠨ ᠰᠡᠷᠭᠦᠭᠡᠭᠰᠡᠨ ᠲᠣᠭᠲᠠᠭᠠᠯ ᠢ | ᠬᠦᠴᠦᠨ ᠦᠭᠡᠶ ᠪᠣᠯᠭᠠᠬᠤ ᠶᠢᠨ ᠬᠠᠮᠲᠤ ᠬᠦᠴᠦᠨ ᠦᠭᠡᠶ ᠪᠣᠯᠭᠠᠭᠰᠠᠨ ᠡᠳᠦᠷ ᠠᠴᠠ ᠡᠬᠢᠯᠡᠨ ᠳᠠᠬᠢᠨ 1 ᠵᠢᠯ | ᠨᠡᠶᠢᠲᠡᠯᠡᠬᠦ ᠬᠡᠷᠡᠭᠲᠡᠶ᠃ | ᠳᠥᠷᠪᠡᠳᠦᠭᠡᠷ ᠪᠦᠯᠦᠭ ᠲᠡᠳᠬᠦᠮᠵᠢ ᠦᠵᠡᠭᠦᠯᠬᠦ ᠪᠠ ᠬᠢᠨᠠᠯᠲᠠ ᠲᠠᠯᠪᠢᠬᠤ | ᠠᠷᠪᠠ ᠶᠢᠰᠦᠳᠦᠭᠡᠷ ᠵᠦᠢᠯ ᠮᠠᠭᠠᠳᠯᠠᠨ ᠲᠤᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ | ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠢ ᠮᠠᠭᠠᠳᠯᠠᠨ ᠲᠤᠭᠲᠠᠭᠠᠭᠰᠠᠨ | ᠦᠨᠳᠦᠰᠦᠯᠡᠯ ᠪᠤᠶᠤ ᠨᠡᠶᠢᠲᠡᠯᠡᠭᠰᠡᠨ ᠮᠡᠳᠡᠭᠡ ᠵᠠᠩᠭᠢ ᠨᠢ ᠣᠨᠣᠪᠴᠢ ᠦᠭᠡᠶ ᠪᠠᠶᠢᠬᠤ ᠶᠢ ᠣᠯᠵᠤ ᠮᠡᠳᠡᠪᠡᠯ᠂ 2 | ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠬᠤ ᠬᠡᠷᠡᠭᠲᠡᠶ᠃ | ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠳᠣᠤᠷᠠᠳᠤ ᠱᠠᠲᠤᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠮᠠᠭᠠᠳᠯᠠᠨ ᠲᠤᠭᠲᠠᠭᠠᠭᠰᠠᠨ ᠦᠨᠳᠦᠰᠦᠯᠡᠯ ᠪᠤᠶᠤ ᠨᠡᠶᠢᠲᠡᠯᠡᠭᠰᠡᠨ ᠮᠡᠳᠡᠭᠡ ᠵᠠᠩᠭᠢ ᠨᠢ ᠣᠨᠣᠪᠴᠢ | ᠦᠭᠡᠶ ᠪᠠᠶᠢᠬᠤ ᠶᠢ ᠣᠯᠵᠤ ᠮᠡᠳᠡᠪᠡᠯ᠂ ᠳᠣᠤᠷᠠᠳᠤ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ 2 | ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠬᠤ ᠪᠠᠷ ᠱᠠᠭᠠᠷᠳᠠᠬᠤ ᠬᠡᠷᠡᠭᠲᠡᠶ᠃ | ᠲᠤᠭ᠎ᠠ ᠪᠦᠷᠢᠳᠬᠡᠯ ᠤᠨ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠨᠢ ᠲᠡᠭᠦᠨ ᠤ ᠮᠠᠭᠠᠳᠯᠠᠨ | ᠲᠣᠭᠲᠠᠭᠠᠭᠰᠠᠨ ᠦᠨᠳᠦᠰᠦᠯᠡᠯ ᠪᠤᠶᠤ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠨᠢ ᠣᠨᠣᠪᠴᠢ ᠦᠭᠡᠢ ᠪᠠᠶᠢᠬᠤ ᠶᠢ | ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠪᠠᠯ᠂ ᠮᠠᠭᠠᠳᠯᠠᠨ ᠲᠣᠭᠲᠠᠭᠠᠭᠰᠠᠨ ᠲᠣᠭᠲᠠᠭᠠᠯ ᠭᠠᠷᠭᠠᠭᠰᠠᠨ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠠᠷ ᠵᠠᠯᠠᠷᠠᠭᠤᠯᠤᠭᠤᠯᠬᠤ ᠪᠠᠷ ᠱᠠᠭᠠᠷᠳᠠᠵᠤ ᠪᠣᠯᠤᠨ᠎ᠠ᠃ ᠲᠤᠭ᠎ᠠ ᠪᠦᠷᠢᠳᠬᠡᠯ ᠤᠨ | ᠪᠠᠶᠢᠭᠤᠯᠤᠮᠵᠢ ᠬᠢᠨᠠᠨ ᠬᠠᠷᠭᠤᠭᠤᠯᠤᠭᠠᠳ ᠮᠡᠳᠡᠭᠡ ᠵᠠᠩᠭᠢ ᠶᠢ ᠣᠨᠣᠪᠴᠢ ᠦᠭᠡᠶ ᠭᠡᠵᠦ ᠨᠤᠲᠠᠯᠠᠭᠰᠠᠨ ᠪᠣᠯ 2 | ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠬᠤ ᠬᠡᠷᠡᠭᠲᠡᠶ᠃ | ᠬᠤᠷᠢᠳᠤᠭᠠᠷ ᠵᠦᠢᠯ ᠲᠤᠭ᠎ᠠ ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ | ᠠᠬᠤᠶᠢᠯᠠᠯ ᠨᠢ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠭᠠᠷᠭᠠᠭᠰᠠᠨ ᠮᠠᠭᠠᠳᠯᠠᠨ ᠲᠤᠭᠲᠠᠭᠠᠭᠰᠠᠨ ᠲᠣᠭᠲᠠᠭᠠᠯ | ᠪᠤᠶᠤ ᠢᠲᠡᠭᠡᠮᠵᠢ ᠪᠠᠨ ᠰᠡᠷᠭᠦᠭᠡᠬᠦ ᠲᠣᠭᠲᠠᠭᠠᠯ ᠢ ᠵᠥᠪᠰᠢᠶᠡᠷᠡᠬᠦ ᠦᠭᠡᠶ ᠪᠣᠯ ᠬᠠᠤᠯᠢ ᠶᠣᠰᠣᠭᠠᠷ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | ᠬᠤᠷᠢᠨ ᠨᠢᠭᠡᠳᠦᠭᠡᠷ ᠵᠦᠢᠯ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠪᠠ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠲᠤᠭ᠎ᠠ ᠪᠦᠷᠢᠳᠬᠡᠯ ᠳᠠᠬᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ | ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠨ ᠮᠡᠳᠡᠭᠦᠯᠬᠦ ᠡᠷᠬᠡ ᠲᠠᠢ᠃ | ᠬᠤᠷᠢᠨ ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠲᠤᠰ ᠠᠷᠭ᠎ᠠ ᠶᠢᠨ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠣᠯ ᠳᠡᠭᠡᠷ᠎ᠡ ᠨᠢᠭᠡ ᠱᠠᠲᠤᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠠᠴᠠ | ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ᠂ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠪᠠᠶᠢᠭᠤᠯᠤᠮᠵᠢ ᠨᠤᠭᠤᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠭᠠᠵᠠᠷ ᠣᠷᠣᠨ᠂ ᠲᠤᠰ ᠰᠢᠰᠲ᠋ᠧᠮ ᠤᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠤ | ᠠᠬᠤᠶᠢᠯᠠᠯ ᠳᠤ ᠲᠤᠭ᠎ᠠ ᠪᠦᠷᠢᠳᠬᠡᠯ ᠤᠨ ᠢᠲᠡᠭᠡᠮᠵᠢ ᠶᠢᠨ ᠦᠨᠡᠯᠡᠯᠲᠡ ᠬᠢᠵᠦ᠂ ᠢᠲᠡᠭᠡᠮᠵᠢ ᠶᠢᠨ ᠱᠠᠲᠤ ᠬᠤᠪᠢᠶᠠᠭᠰᠠᠨ | ᠬᠠᠮᠢᠶᠠᠷᠤᠯᠲᠠ ᠶᠢ ᠬᠡᠷᠡᠭᠵᠢᠭᠦᠯᠵᠦ ᠪᠣᠯᠤᠨ᠎ᠠ᠃ | ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ ᠮᠤᠵᠢ ᠶᠢᠨ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠴᠠᠭᠠᠯᠲᠠ ᠶᠢᠨ | ᠶᠡᠷᠦᠩᠬᠡᠶ ᠠᠩᠭᠢ ᠨᠢ ᠲᠤᠰ ᠠᠷᠭ᠎ᠠ ᠶᠢ ᠦᠨᠳᠦᠰᠦᠯᠡᠨ ᠲᠤᠰ ᠭᠠᠵᠠᠷ ᠣᠷᠣᠨ᠂ ᠲᠤᠰ ᠰᠢᠰᠲ᠋ᠧᠮ ᠤᠨ ᠢᠶᠠᠨ ᠲᠤᠭ᠎ᠠ | ᠪᠦᠷᠢᠳᠬᠡᠯ ᠤᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠶᠢᠨ ᠬᠠᠮᠲᠤ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ ᠪᠣᠯᠤᠨ᠎ᠠ᠃ | ᠬᠤᠷᠢᠨ ᠲᠠᠪᠤᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ | ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ︵ᠤᠯᠤᠰ | ᠪᠦᠷᠢᠳᠬᠡᠯ ᠦᠰᠦᠭ ﹇2019﹈ 33 ᠳ᠋ᠤᠭᠠᠷ ᠲᠣᠭᠠᠲᠤ︶᠂ ︽ᠲᠤᠭ᠎ᠠ ᠪᠦᠷᠢᠳᠬᠡᠯ ᠤᠨ ᠠᠵᠢᠯ | ᠡᠷᠬᠢᠯᠡᠭᠰᠡᠳ ᠤᠨ ᠲᠤᠭ᠎ᠠ ᠪᠦᠷᠢᠳᠬᠡᠯ ᠤᠨ ᠢᠲᠡᠭᠡᠮᠵᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︵ | ᠤᠯᠤᠰ ᠪᠦᠷᠢᠳᠬᠡᠯ ᠦᠰᠦᠭ ﹇2019﹈ 34 ᠳ᠋ᠤᠭᠡᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ | ᠪᠣᠯᠭᠠᠨ᠎ᠠ᠃ |