ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ | | ︵2017 ᠣᠨ ᠤ 6 ᠰᠠᠷ᠎ᠠ ᠶᠢᠨ 26 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 20 ᠳ᠋ᠤᠭᠠᠷ ᠲᠣᠭᠠᠲᠤ ᠵᠠᠷᠯᠢᠭ ᠢᠶᠠᠷ | ᠨᠡᠶᠢᠲᠡᠯᠡᠪᠡ | | 2019 ᠣᠨ ᠤ 11 ᠰᠠᠷ᠎ᠠ ᠶᠢᠨ 14 ᠤ ᠡᠳᠦᠷ ᠤᠨ ︽ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ︿ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ﹀ ᠳᠤ | ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠤᠨ ᠤᠷᠤᠭᠰᠢᠲᠠᠶ | ᠶᠠᠪᠤᠭᠳᠠᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠪᠠ ᠬᠠᠮᠢᠶᠠᠷᠬᠤ | ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠦᠷᠢᠳᠬᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠂ | ᠳᠠᠷᠤᠮᠠᠯᠯᠠᠨ ᠵᠣᠬᠢᠶᠠᠬᠤ᠂ ᠬᠢᠨᠠᠨ ᠣᠯᠭᠤᠬᠤ᠂ ᠬᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠳᠤ ᠲᠤᠰ ᠠᠷᠭ᠎ᠠ | ᠲᠣᠬᠢᠷᠠᠨ᠎ᠠ᠃ | ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠪᠣᠯ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠳ ᠤᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠬᠠᠤᠯᠢ ᠶᠣᠰᠣᠭᠠᠷ ᠡᠷᠬᠢᠯᠡᠬᠦ ᠳᠡᠭᠡᠨ ᠪᠡᠶ᠎ᠡ ᠭᠠᠷᠤᠯ ᠢᠶᠠᠨ ᠭᠡᠷᠡᠴᠢᠯᠡᠬᠦ ᠬᠦᠴᠦᠨ ᠪᠦᠬᠦᠢ ᠦᠨᠡᠮᠯᠡᠯ | ᠪᠣᠯᠬᠤ ᠪᠥᠭᠡᠳ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢᠨ ᠭᠡᠷᠡᠴᠢ ᠪᠠᠷᠢᠮᠲᠠ ᠪᠣᠯᠤᠨ᠎ᠠ᠃ | ᠳᠥᠷᠪᠡᠳᠦᠭᠡᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠢ ᠬᠢᠵᠦ ᠪᠠᠶᠢᠭ᠎ᠠ ᠠᠵᠢᠯᠲᠠᠨ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠦᠨᠡᠮᠯᠡᠯ ᠣᠯᠤᠭᠰᠠᠨ ᠦᠭᠡᠶ ᠪᠣᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠬᠢᠵᠦ | ᠪᠣᠯᠬᠤ ᠦᠭᠡᠶ᠃ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠠᠵᠢᠯ ᠢ ᠬᠠᠤᠯᠢ ᠶᠣᠰᠣᠭᠠᠷ ᠥᠷᠨᠢᠭᠦᠯᠬᠦ ᠳᠡᠭᠡᠨ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠲᠤ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠦᠵᠡᠭᠦᠯᠬᠦ ᠬᠡᠷᠡᠭᠲᠡᠶ᠃ | ᠲᠠᠪᠤᠳᠤᠭᠠᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠠᠴᠠ ᠪᠦᠬᠦ ᠤᠯᠤᠰ ᠤᠨ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠰ ᠭᠠᠵᠠᠷ ᠣᠷᠣᠨ᠂ ᠲᠤᠰ | ᠰᠢᠰᠲ᠋ᠧᠮ ᠤᠨ ᠢᠶᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠂ ᠬᠢᠨᠠᠬᠤ᠂ | ᠬᠠᠮᠢᠶᠠᠷᠬᠤ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠨᠢ ᠲᠤᠰᠬᠠᠶ ᠬᠡᠷᠡᠭᠯᠡᠬᠦ | ᠠᠷᠠᠰᠤᠨ ᠬᠠᠪᠲᠠᠭ᠎ᠠ ᠪᠣᠯᠤᠨ ᠳᠣᠲᠣᠷ ᠺᠠᠷᠲ ᠢᠶᠠᠷ ᠪᠦᠷᠢᠯᠳᠦᠨ᠎ᠡ᠃ | ᠠᠷᠠᠰᠤᠨ ᠬᠠᠪᠲᠠᠭ᠎ᠠ ᠨᠢ ᠬᠥᠨᠳᠡᠯᠡᠨ ᠮᠠᠶ᠋ᠢᠭ ᠤᠨ ᠬᠠᠷ᠎ᠠ ᠥᠩᠭᠡᠲᠡᠶ ᠠᠷᠠᠰᠤᠨ ᠮᠠᠲ᠋ᠧᠷᠢᠶᠠᠯ ᠪᠠᠶᠢᠵᠤ᠂ ᠭᠠᠳᠠᠷ | ᠲᠠᠯ᠎ᠠ ᠳᠤᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ︾ ᠭᠡᠬᠦ ᠥᠰᠥᠭ ᠢ ᠰᠡᠶᠢᠯᠵᠦ᠂ ᠳᠤᠮᠳᠠ ᠪᠠᠨ | ᠤᠯᠤᠰ ᠤᠨ ᠰᠦᠯᠳᠡ ᠶᠢᠨ ᠵᠢᠷᠤᠭ ᠢ ᠰᠡᠶᠢᠯᠵᠦ᠂ ᠳᠤᠤᠷ᠎ᠠ ᠲᠠᠯ᠎ᠠ ᠳᠤᠨᠢ ︽ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠦᠨᠡᠮᠯᠡᠯ︾ ᠭᠡᠬᠦ ᠥᠰᠥᠭ ᠢ ᠰᠡᠶᠢᠯᠵᠦ᠂ ᠠᠷᠤ ᠲᠠᠯ᠎ᠠ ᠳᠤᠨᠢ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠡᠮᠳᠡᠭ ᠢ ᠰᠡᠶᠢᠯᠵᠦ᠂ ᠳᠤᠤᠷ᠎ᠠ ᠲᠠᠯ᠎ᠠ ᠳᠤᠨᠢ ︽ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠠᠴᠠ ᠣᠯᠭᠤᠭᠰᠠᠨ︾ ᠭᠡᠰᠡᠨ ᠥᠰᠥᠭ ᠢ ᠰᠡᠶᠢᠯᠦᠨ᠎ᠡ︔ ᠲᠤᠳᠤᠷ ᠨᠢ ᠺᠠᠷᠲ ᠢᠶᠠᠨ ᠬᠢᠨ᠎ᠡ᠃ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠵᠡᠭᠦᠨ ᠲᠠᠯ᠎ᠠ ᠨᠢ ᠬᠠᠭᠤᠷᠮᠠᠭ ᠢ ᠰᠡᠷᠭᠡᠶᠢᠯᠡᠬᠦ | ᠰᠦᠯᠢᠶᠣᠣ ᠭᠠᠳᠠᠷ ᠺᠠᠷᠲ ᠪᠠᠶᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ︾ ᠭᠡᠬᠦ ᠥᠰᠥᠭ ᠪᠠ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ᠂ | ᠦᠨᠡᠮᠯᠡᠯ ᠭᠠᠷᠳᠠᠭᠴᠢ ᠶᠢᠨ ᠣᠪᠣᠭ ᠨᠡᠷ᠎ᠡ᠂ ᠴᠢᠨᠠᠷ ᠤᠨ ᠢᠯᠭᠠᠯ᠂ ᠬᠡᠷᠡᠯ ᠵᠢᠷᠤᠭ᠂ ᠪᠠᠶᠢᠭ᠎ᠠ ᠨᠢᠭᠡᠴᠡ᠂ ᠦᠨᠡᠮᠯᠡᠯ | ᠣᠯᠭᠤᠭᠰᠠᠨ ᠪᠠᠶᠢᠭᠤᠯᠭ᠎ᠠ᠂ ᠬᠦᠴᠦᠨ ᠲᠠᠢ ᠬᠤᠭᠤᠴᠠᠭ᠎ᠠ ᠵᠢᠴᠢ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠠᠮᠠᠭ᠎ᠠ ᠶᠢ ᠲᠤᠳᠤᠷᠬᠠᠶᠢᠯᠠᠵᠤ᠂ ᠪᠠᠷᠠᠭᠤᠨ ᠲᠠᠯ᠎ᠠ ᠨᠢ ᠴᠠᠭᠠᠰᠤᠨ ᠺᠠᠷᠲ ᠪᠠᠶᠢᠵᠤ᠂ ᠬᠠᠤᠯᠢ | ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ᠂ ᠡᠷᠬᠡ ᠶᠢᠨ ᠬᠡᠪᠴᠢᠶ᠎ᠡ ᠪᠠ ᠬᠢᠨᠠᠯᠲᠠ ᠲᠠᠯᠪᠢᠬᠤ ᠤᠲᠠᠰᠤ ᠶᠢ | ᠲᠣᠳᠣᠷᠬᠠᠶᠢᠯᠠᠨ᠎ᠠ᠃ | ᠬᠠᠤᠯᠢ ᠬᠡᠷᠡᠭᠵᠢᠭᠦᠯᠬᠦ ᠦᠨᠡᠮᠯᠡᠯ ᠤᠨ ᠬᠡᠪ ᠳᠦᠷᠢᠮ ᠤᠨ ᠲᠤᠬᠠᠶ ᠤᠯᠤᠰ ᠠᠴᠠ ᠤᠨᠴᠠᠭᠠᠢ ᠲᠣᠭᠲᠠᠭᠠᠯ ᠲᠠᠢ ᠪᠣᠯ | ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ | ᠬᠤᠶᠠᠳᠤᠭᠠᠷ ᠪᠦᠯᠦᠭ ᠦᠨᠡᠮᠯᠡᠯ ᠤᠯᠬᠤ ᠪᠠ ᠬᠢᠨᠠᠨ ᠣᠯᠭᠤᠬᠤ | ᠳᠣᠯᠣᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠬᠤ ᠳᠤ ᠳᠣᠣᠷᠠᠬᠢ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠬᠦᠰᠡᠯᠡᠩ ᠢᠲᠡᠭᠡᠯ ᠪᠢᠰᠢᠷᠡᠯ ᠪᠠᠲᠤ ᠴᠢᠩᠭ᠎ᠠ ᠪᠠᠶᠢᠵᠤ᠂ ᠵᠣᠬᠢᠶᠠᠨ ᠪᠠᠶᠢᠭᠤᠯᠤᠯᠲᠠ ᠶᠢᠨ | ᠲᠣᠭᠲᠠᠭᠠᠯ ᠢ ᠡᠷᠡᠰ ᠬᠡᠷᠡᠭᠵᠢᠬᠦᠯᠬᠦ ᠬᠡᠷᠡᠭᠳᠡᠢ︔ | ︵ᠬᠤᠶᠠᠷ︶ ᠵᠠᠷᠴᠢᠮ ᠢ ᠪᠠᠷᠢᠮᠲᠠᠯᠠᠨ᠂ ᠣᠪᠣᠷ ᠰᠤᠷᠲᠠᠯ ᠲᠥᠪ ᠴᠢᠬᠡᠴᠢ ᠪᠠᠶᠢᠵᠤ᠂ ᠡᠭᠦᠷᠭᠡ ᠲᠤᠰᠢᠶᠠᠯ ᠳᠠᠭᠠᠨ | ᠦᠨᠡᠨᠴᠢ ᠰᠢᠳᠤᠷᠭᠤ ᠪᠠᠶᠢᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠬᠡᠷᠡᠭᠲᠡᠢ︔ | ︵ᠭᠤᠷᠪᠠ ︶ ᠴᠢᠬᠤᠯᠠ ᠪᠦᠬᠦᠢ ᠬᠠᠤᠯᠢ ᠴᠠᠭᠠᠵᠠ ᠶᠢᠨ ᠮᠡᠳᠡᠯᠭᠡ ᠲᠠᠢ ᠪᠠᠶᠢᠵᠤ᠂ ᠲᠤᠭ᠎ᠠ ᠪᠦᠷᠢᠳᠬᠡᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠠᠭᠤᠯᠭ᠎ᠠ ᠶᠢ ᠪᠣᠯᠪᠠᠰᠤᠷᠠᠩᠭᠤᠶ ᠡᠵᠡᠮᠰᠢᠭᠰᠡᠨ ᠪᠠᠶᠢᠬᠤ︔ | ︵ᠳᠥᠷᠪᠡ︶ ᠴᠢᠬᠤᠯᠠ ᠪᠦᠬᠦᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠲᠠᠢ ᠪᠠᠶᠢᠵᠤ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠭᠤᠣᠯ ᠠᠭᠤᠯᠭ᠎ᠠ ᠶᠢ ᠰᠠᠶᠢᠨ ᠮᠡᠳᠡᠬᠦ ᠬᠡᠷᠡᠭᠲᠡᠶ︔ | ︵ᠲᠠᠪᠤ ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠴᠤᠪᠤᠷᠠᠯ ᠪᠣᠯᠤᠨ ᠰᠠᠬᠢᠯᠭ᠎ᠠ ᠪᠠᠲᠤ ᠶᠢᠨ | ᠲᠣᠭᠲᠠᠭᠠᠯ ᠢ ᠪᠣᠯᠪᠠᠰᠤᠷᠠᠩᠭᠤᠶ ᠡᠵᠡᠮᠰᠢᠬᠦ ᠬᠡᠷᠡᠭᠲᠡᠶ︔ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ | ᠲᠣᠭᠲᠠᠭᠠᠭᠰᠠᠨ ᠪᠤᠰᠤᠳ ᠨᠥᠬᠦᠴᠡᠯ᠃ | ᠨᠠᠢᠮᠠᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠬᠤ ᠳᠤ ᠳᠣᠣᠷᠠᠬᠢ | ᠮᠡᠲᠦ ᠬᠢᠷᠢ ᠬᠡᠮ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠳᠠᠬᠢ ᠠᠯᠪᠠᠲᠠᠨ ᠪᠤᠶᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠯᠪᠠᠲᠠᠨ ᠤ ᠬᠠᠤᠯᠢ︾ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯᠲᠠᠨ ᠵᠢᠴᠢ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠬᠦ ᠠᠵᠢᠯ ᠬᠢᠬᠦ ᠪᠠᠷ ᠪᠠᠶᠢᠭ᠎ᠠ︔ | ︵ᠬᠤᠶᠠᠷ︶ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ︔ | ︵ᠭᠤᠷᠪᠠ︶ 3 ᠵᠢᠯ ᠠᠴᠠ ᠳᠡᠭᠡᠭᠰᠢ ᠲᠤᠭ᠎ᠠ ᠪᠦᠷᠢᠳᠬᠡᠯ ᠤᠨ ᠠᠵᠢᠯ ᠤᠨ ᠲᠤᠷᠰᠢᠯᠭ᠎ᠠ ᠲᠠᠢ᠂ ᠡᠰᠡᠬᠦᠯ᠎ᠡ | ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠵᠢᠩᠬᠢᠨᠢ ᠠᠩᠭᠢ ᠠᠴᠠ ᠳᠡᠭᠡᠭᠰᠢ ᠰᠤᠷᠤᠯᠴᠠᠭᠰᠠᠨ ᠨᠠᠮᠲᠠᠷ ᠲᠠᠢ | ᠮᠥᠷᠲᠡᠭᠡᠨ 1 ᠵᠢᠯ ᠠᠴᠠ ᠳᠡᠭᠡᠭᠰᠢ ᠲᠤᠭ᠎ᠠ ᠪᠦᠷᠢᠳᠬᠡᠯ ᠤᠨ ᠠᠵᠢᠯ ᠤᠨ ᠲᠤᠷᠰᠢᠯᠭ᠎ᠠ ᠲᠠᠢ᠂ ᠡᠰᠡᠬᠦᠯ᠎ᠡ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠮᠵᠢ ᠳᠤ 1 ᠵᠢᠯ ᠠᠴᠠ ᠳᠡᠭᠡᠭᠰᠢ ᠠᠵᠢᠯᠯᠠᠭᠰᠠᠨ︔ | ︵ᠳᠥᠷᠪᠡ︶ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ | ᠪᠠᠶᠢᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠳᠤ ᠣᠷᠣᠯᠴᠠᠬᠤ ᠶᠢᠨ ᠬᠠᠮᠲᠤ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠰᠢᠯᠭᠠᠯᠲᠠ ᠶᠢ ᠥᠩᠭᠡᠷᠡᠭᠡᠬᠦ ᠬᠡᠷᠡᠭᠲᠡᠶ᠃ | ᠶᠢᠰᠦᠳᠦᠭᠡᠷ ᠵᠦᠢᠯ ᠳᠣᠣᠷᠠᠬᠢ ᠪᠠᠶᠢᠳᠠᠯ ᠲᠠᠢ ᠬᠥᠮᠦᠰ ᠲᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠦᠨᠡᠮᠯᠡᠯ ᠣᠯᠭᠤᠬᠤ ᠦᠭᠡᠶ᠄ | ︵ᠨᠢᠭᠡ︶ 3 ᠵᠢᠯ ᠤᠨ ᠳᠣᠲᠣᠷ᠎ᠠ ᠣᠨ ᠤ ᠬᠢᠨᠠᠨ ᠰᠢᠯᠭᠠᠭᠰᠠᠨ ᠦᠷ᠎ᠡ ᠳ᠋ᠦᠩ ᠨᠢ ᠲᠤᠰᠢᠶᠠᠯ ᠳᠠᠭᠠᠨ ᠦᠯᠦ | ᠲᠡᠩᠴᠡᠭᠰᠡᠨ ᠵᠡᠷᠭᠡ ᠳᠡᠰ ᠲᠠᠢ ᠪᠠᠶᠢᠬᠤ︔ | ︵ᠬᠤᠶᠠᠷ ︶ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠬᠠᠤᠯᠢ ᠠᠴᠠ ᠵᠥᠷᠢᠴᠡᠭᠰᠡᠨ ᠲᠡᠮᠳᠡᠭᠯᠡᠯ ᠲᠠᠢ | ᠪᠠᠶᠢᠬᠤ︔ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠠᠴᠠ ᠪᠣᠯᠵᠤ | ᠰᠢᠢᠳᠭᠡᠭᠳᠡᠭᠰᠡᠨ︔ | ︵ᠳᠥᠷᠪᠡ︶ ᠰᠠᠬᠢᠯᠭ᠎ᠠ ᠪᠠᠲᠤ ᠶᠢ ᠵᠥᠷᠢᠴᠡᠭᠰᠡᠨ ᠠᠴᠠ ᠪᠣᠯᠵᠣ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠬᠦᠨᠳᠦ ᠨᠣᠴᠢᠲᠠᠶ ᠰᠢᠢᠳᠭᠡᠯ ᠣᠯᠤᠭᠰᠠᠨ ᠪᠥᠭᠡᠳ ᠰᠢᠢᠳᠭᠡᠯ ᠤᠨ ᠨᠥᠯᠥᠭᠡᠯᠡᠬᠦ ᠬᠤᠭᠤᠴᠠᠭᠠᠨ ᠳᠤ | ᠪᠠᠶᠢᠬᠤ᠃ | ᠠᠷᠪᠠᠳᠤᠭᠠᠷ ᠵᠦᠢᠯ ᠮᠤᠵᠢ ᠶᠢᠨ ᠱᠠᠲᠤ᠂ ᠬᠤᠲᠠ ᠶᠢᠨ ᠱᠠᠲᠤ᠂ ᠰᠢᠶᠠᠨ ᠤ ᠱᠠᠲᠤᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠳᠤ᠂ | ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠪᠠᠷ ᠪᠠᠶᠢᠭ᠎ᠠ ᠬᠥᠮᠦᠰ ᠤᠨ ᠳᠣᠣᠷᠠᠬᠢ | ᠮᠠᠲ᠋ᠧᠷᠢᠶᠠᠯ ᠤᠳ ᠢ ᠲᠤᠰᠢᠶᠠᠬᠤ ᠬᠡᠷᠡᠭᠳᠡᠢ᠄ | ︵ᠨᠢᠭᠡ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠬᠦᠰᠦᠨᠦᠭᠲᠦ︔ | ︵ᠬᠤᠶᠠᠷ︶ ᠺᠠᠳ᠋ᠷ ᠢ ᠲᠣᠮᠢᠯᠠᠵᠤ ᠪᠠᠭᠤᠯᠭᠠᠬᠤ ᠬᠦᠰᠦᠨᠦᠭᠲᠦ︔ | ︵ᠭᠤᠷᠪᠠ︶ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠬᠠᠭᠤᠯᠪᠤᠷᠢ︔ | ︵ᠳᠥᠷᠪᠡ︶ ᠪᠠᠶᠢᠭ᠎ᠠ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠰᠤᠷᠤᠯᠴᠠᠭᠰᠠᠨ ᠨᠠᠮᠲᠠᠷ᠂ ᠣᠷᠣᠨ | ᠲᠤᠭ᠎ᠠ᠂ ᠲᠤᠰᠢᠶᠠᠯ᠂ ᠣᠨ ᠤ ᠬᠢᠨᠠᠨ ᠰᠢᠯᠭᠠᠭᠰᠠᠨ ᠦᠷ᠎ᠡ ᠳ᠋ᠦᠩ ᠤᠨ ᠲᠤᠬᠠᠶ ᠭᠡᠷᠡᠴᠢ ᠮᠠᠲ᠋ᠧᠷᠢᠶᠠᠯ︔ | ︵ᠲᠠᠪᠤ︶ ᠪᠠᠶᠢᠭ᠎ᠠ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠮᠡᠳᠡᠯᠭᠡ᠂ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠯᠭᠡ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ | ᠪᠣᠯᠤᠨ ᠲᠤᠰ ᠠᠷᠭ᠎ᠠ ᠶᠢᠨ ᠶᠢᠰᠦᠳᠦᠭᠡᠷ ᠵᠦᠢᠯ ᠳᠤ ᠵᠢᠭᠰᠠᠭᠠᠭᠰᠠᠨ ᠪᠠᠶᠢᠳᠠᠯ ᠦᠭᠡᠶ ᠶᠢ ᠭᠡᠷᠡᠴᠢᠯᠡᠬᠦ ᠭᠡᠷᠡᠴᠢ | ᠮᠠᠲ᠋ᠧᠷᠢᠶᠠᠯ᠃ | ᠠᠷᠪᠠᠨ ᠨᠢᠭᠡᠳᠦᠭᠡᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠦᠨᠡᠮᠯᠡᠯ ᠣᠯᠭᠤᠬᠤ ᠪᠠᠷ ᠪᠠᠶᠢᠭ᠎ᠠ ᠬᠥᠮᠦᠰ ᠢ ᠲᠤᠰ ᠠᠷᠭ᠎ᠠ ᠶᠢᠨ ᠳᠣᠯᠣᠳᠤᠭᠠᠷ ᠵᠦᠢᠯ᠂ ᠨᠠᠢᠮᠠᠳᠤᠭᠠᠷ | ᠵᠦᠢᠯ᠂ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠠᠩᠬ᠎ᠠ ᠠᠯᠬᠤᠮ ᠬᠢᠨᠠᠨ ᠪᠠᠶᠢᠴᠠᠭᠠᠬᠤ ᠬᠡᠷᠡᠭᠲᠡᠶ᠃ | ᠨᠥᠬᠦᠴᠡᠯ ᠪᠣᠯᠤᠨ ᠬᠢᠷᠢ ᠬᠡᠮ ᠳᠤ ᠨᠡᠶᠢᠴᠡᠵᠦ ᠪᠠᠶᠢᠪᠠᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠬᠤᠷᠠᠯ ᠤᠨ | ᠳᠦᠷᠢᠮ ᠤᠨ ᠲᠣᠭᠲᠠᠭᠠᠯ ᠶᠣᠰᠣᠭᠠᠷ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠪᠠᠷ | ᠪᠠᠶᠢᠭ᠎ᠠ ᠬᠥᠮᠦᠰ ᠤᠨ ᠨᠡᠷᠡᠰ ᠢ ᠬᠠᠮᠲᠤ ᠪᠠᠷ ᠰᠤᠳᠤᠯᠤᠨ ᠲᠣᠭᠲᠠᠭᠠᠵᠤ᠂ ︽ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠬᠦᠰᠦᠨᠦᠭᠲᠦ︾ ᠶᠢᠨ ᠵᠣᠬᠢᠴᠠᠩᠭᠤᠶ ᠪᠤᠯᠤᠩ ᠳᠤ ᠬᠢᠨᠠᠨ ᠪᠠᠶᠢᠴᠠᠭᠠᠭᠰᠠᠨ | ᠰᠠᠨᠠᠯ ᠢᠶᠠᠨ ᠪᠢᠴᠢᠬᠦ ᠶᠢᠨ ᠬᠠᠮᠲᠤ ᠨᠢᠭᠡᠴᠡ ᠶᠢᠨ ᠲᠠᠮᠠᠭ᠎ᠠ ᠪᠠᠨ ᠳᠠᠷᠤᠵᠤ᠂ ᠮᠤᠵᠢ ᠶᠢᠨ ᠱᠠᠲᠤᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠳᠤ ᠮᠡᠳᠡᠭᠦᠯᠦᠨ ᠬᠦᠷᠭᠡᠵᠦ ᠬᠢᠨᠠᠭᠤᠯᠤᠨ᠎ᠠ᠃ | ᠠᠷᠪᠠᠨ ᠬᠤᠶᠠᠳᠤᠭᠠᠷ ᠵᠦᠢᠯ ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠨᠢ ︽ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠬᠦᠰᠦᠨᠦᠭᠲᠦ︾ ᠶᠢ | ᠣᠯᠤᠭᠰᠠᠨ ᠤ ᠳᠠᠷᠠᠭ᠎ᠠ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ᠂ ᠨᠥᠬᠦᠴᠡᠯ ᠳᠤ | ᠨᠡᠶᠢᠴᠡᠬᠦ ᠪᠠ ᠬᠢᠷᠢ ᠬᠡᠮ ᠪᠠᠶᠢᠪᠠᠯ᠂ ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠤᠰᠢᠶᠠᠵᠤ | ᠬᠤᠷᠠᠯ ᠤᠨ ᠳᠦᠷᠢᠮ ᠤᠨ ᠲᠣᠭᠲᠠᠭᠠᠯ ᠶᠣᠰᠣᠭᠠᠷ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ | ᠣᠯᠭᠤᠬᠤ ᠪᠠᠷ ᠪᠠᠶᠢᠭ᠎ᠠ ᠬᠥᠮᠦᠰ ᠢ ᠬᠠᠮᠲᠤ ᠪᠠᠷ ᠰᠤᠳᠤᠯᠤᠨ ᠲᠣᠭᠲᠠᠭᠠᠬᠤ ᠶᠢᠨ ᠬᠠᠮᠲᠤ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠲᠣᠪᠴᠢᠶ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠨ᠎ᠠ᠃ | ᠠᠷᠪᠠᠨ ᠭᠤᠷᠪᠠᠳᠤᠭᠠᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠯ᠎ᠡ ᠨᠢᠭᠡᠴᠡ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠳᠤ᠂ ᠵᠤᠷᠭᠠᠨ ᠤ ᠱᠠᠲᠤᠨ ᠤ | ᠪᠠᠶᠢᠭᠤᠯᠤᠮᠵᠢ ᠠᠴᠠ ᠲᠤᠰ ᠠᠷᠭ᠎ᠠ ᠶᠢᠨ ᠳᠣᠯᠣᠳᠤᠭᠠᠷ ᠵᠦᠢᠯ᠂ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ | ᠲᠣᠭᠲᠠᠭᠠᠯ ᠢ ᠦᠨᠳᠦᠰᠦᠯᠡᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠪᠠᠷ ᠪᠠᠶᠢᠭ᠎ᠠ | ᠬᠥᠮᠦᠰ ᠢ ᠬᠢᠨᠠᠨ ᠬᠠᠷᠭᠤᠭᠤᠯᠵᠤ᠂ ᠨᠥᠬᠦᠴᠡᠯ ᠪᠣᠯᠤᠨ ᠬᠢᠷᠢ ᠬᠡᠮ ᠳᠤ ᠨᠡᠶᠢᠴᠡᠵᠦ ᠪᠠᠶᠢᠪᠠᠯ᠂ ︽ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾ ᠶᠢᠨ ᠵᠣᠬᠢᠴᠠᠩᠭᠤᠶ | ᠪᠤᠯᠤᠩ ᠳᠤ ᠬᠢᠨᠠᠨ ᠬᠠᠷᠭᠤᠭᠤᠯᠤᠭᠰᠠᠨ ᠰᠠᠨᠠᠯ ᠳᠤ ᠭᠠᠷ ᠤᠨ ᠦᠰᠦᠭ ᠵᠢᠷᠤᠬᠤ ᠶᠢᠨ ᠬᠠᠮᠲᠤ ᠨᠢᠭᠡᠴᠡ ᠶᠢᠨ | ᠲᠠᠮᠠᠭ᠎ᠠ ᠪᠠᠨ ᠳᠠᠷᠤᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠣᠪᠴᠢᠶ᠎ᠠ ᠨᠢ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠢᠨᠠᠨ ᠬᠠᠷᠭᠤᠭᠤᠯᠬᠤ ᠶᠢᠨ ᠬᠠᠮᠲᠤ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠪᠠᠷ ᠪᠠᠶᠢᠭ᠎ᠠ ᠬᠥᠮᠦᠰ ᠤᠨ ᠨᠡᠷᠡᠰ ᠢ ᠬᠠᠮᠲᠤ ᠪᠠᠷ | ᠰᠤᠳᠤᠯᠤᠨ ᠲᠣᠭᠲᠠᠭᠠᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠤᠯᠭ᠎ᠠ ᠳᠤ ᠮᠡᠳᠡᠭᠦᠯᠦᠨ | ᠬᠢᠨᠠᠨ ᠲᠣᠭᠲᠠᠭᠠᠯᠭᠠᠨ᠎ᠠ᠃ | ᠭᠤᠷᠪᠠᠳᠤᠭᠠᠷ ᠪᠦᠯᠦᠭ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠪᠠ ᠰᠢᠯᠭᠠᠯᠲᠠ | ᠠᠷᠪᠠᠨ ᠳᠥᠷᠪᠡᠳᠦᠭᠡᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠦᠬᠦ ᠤᠯᠤᠰ ᠤᠨ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠤᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ᠂ ᠪᠣᠯᠪᠠᠰᠤᠷᠠᠯ ᠤᠨ ᠬᠥᠲᠥᠯᠪᠦᠷᠢ ᠶᠢ ᠲᠣᠭᠲᠠᠭᠠᠬᠤ ᠶᠢ ᠬᠠᠷᠢᠭᠤᠴᠠᠨ᠎ᠠ᠃ | ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠪᠣᠯᠪᠠᠰᠤᠷᠠᠯ ᠤᠨ | ᠲᠥᠯᠥᠪᠵᠢᠭᠦᠯᠭᠡ ᠶᠣᠰᠣᠭᠠᠷ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ | ᠪᠠᠶᠢᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ | ᠪᠣᠯᠪᠠᠰᠤᠷᠠᠯ ᠢ ᠬᠢᠷᠢ ᠬᠡᠮ ᠤᠨ ᠪᠣᠯᠪᠠᠰᠤᠷᠠᠯ ᠪᠣᠯᠤᠨ ᠠᠵᠢᠯ ᠤᠨ ᠪᠠᠶᠢᠷᠢ ᠶᠢᠨ ᠪᠣᠯᠪᠠᠰᠤᠷᠠᠯ ᠭᠡᠵᠦ ᠬᠤᠪᠢᠶᠠᠵᠤ᠂ | ᠪᠣᠯᠪᠠᠰᠤᠷᠠᠯ ᠤᠨ ᠠᠭᠤᠯᠭ᠎ᠠ ᠳᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ | ᠲᠣᠭᠲᠠᠭᠠᠯ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠣᠨᠣᠯ᠂ | ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠮᠡᠳᠡᠯᠭᠡ᠂ ᠲᠤᠬᠠᠶ ᠶᠢᠨ ᠲᠠᠯᠠᠪᠠᠶ ᠶᠢᠨ ᠬᠠᠤᠯᠢ ᠬᠡᠷᠡᠭᠵᠢᠭᠦᠯᠬᠦ | ᠪᠣᠳᠠᠲᠤ ᠶᠠᠪᠤᠳᠠᠯ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠪᠣᠯᠤᠨ ᠠᠵᠢᠯ ᠤᠨ ᠳᠦᠷᠢᠮ ᠵᠡᠷᠭᠡ ᠪᠠᠭᠲᠠᠨ᠎ᠠ᠃ | ᠠᠷᠪᠠᠨ ᠵᠢᠷᠭᠤᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ | ᠪᠣᠯᠪᠠᠰᠤᠷᠠᠭᠤᠯᠬᠤ ᠪᠠᠭᠰᠢ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠮᠤᠵᠢ ᠶᠢᠨ ᠱᠠᠲᠤᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ | ᠭᠤᠤᠯᠯᠠᠭᠴᠢ ᠴᠢᠳᠠᠪᠤᠷᠢᠲᠠᠨ ᠤ ᠬᠥᠮᠥᠷᠭᠡ ᠳᠠᠬᠢ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯᠲᠠᠨ᠂ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ᠂ | ᠬᠠᠤᠯᠢ ᠬᠡᠷᠡᠭᠵᠢᠭᠦᠯᠬᠦ ᠪᠠᠶᠠᠯᠢᠭ ᠲᠤᠷᠰᠢᠯᠭ᠎ᠠ ᠲᠠᠢ᠂ ᠬᠠᠤᠯᠢ ᠬᠡᠷᠡᠭᠵᠢᠭᠦᠯᠬᠦ ᠪᠣᠯᠪᠠᠰᠤᠷᠠᠩᠭᠤᠶ ᠮᠡᠷᠭᠡᠵᠢᠯ | ᠴᠢᠳᠠᠪᠤᠷᠢ ᠲᠠᠢ ᠠᠵᠢᠯᠲᠠᠨ ᠪᠠᠶᠢᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠨᠢ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ ᠶᠢ ᠬᠠᠷᠢᠭᠤᠴᠠᠨ ᠲᠣᠭᠲᠠᠭᠠᠵᠤ᠂ | ᠰᠢᠯᠭᠠᠯᠲᠠ ᠶᠢᠨ ᠰᠡᠳᠦᠪ ᠤᠨ ᠬᠥᠮᠥᠷᠭᠡ ᠶᠢ ᠪᠠᠶᠢᠭᠤᠯᠤᠨ᠎ᠠ᠃ | ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠰᠢᠯᠭᠠᠯᠲᠠ ᠶᠢᠨ | ᠬᠥᠲᠥᠯᠪᠦᠷᠢ ᠶᠣᠰᠣᠭᠠᠷ᠂ ᠲᠤᠰ ᠭᠠᠵᠠᠷ ᠣᠷᠣᠨ᠂ ᠲᠤᠰ ᠰᠢᠰᠲ᠋ᠧᠮ ᠤᠨ ᠢᠶᠠᠨ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠠᠵᠢᠯᠲᠠᠨ ᠢ ᠬᠠᠷᠢᠭᠤᠴᠠᠨ ᠵᠣᠬᠢᠶᠠᠨ ᠪᠠᠶᠢᠭᠤᠯᠵᠤ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠶᠢᠨ | ᠬᠠᠩᠭᠠᠭᠰᠠᠨ ᠰᠢᠯᠭᠠᠯᠲᠠ ᠶᠢᠨ ᠰᠡᠳᠦᠪ ᠢ ᠦᠨᠳᠦᠰᠦᠯᠡᠨ ᠬᠢᠷᠢ ᠬᠡᠮ ᠤᠨ ᠰᠢᠯᠭᠠᠯᠲᠠ ᠬᠢᠵᠦ᠂ ᠨᠢᠭᠡᠳᠦᠯᠲᠡᠶ ᠰᠡᠳᠦᠪ | ᠭᠠᠷᠭᠠᠬᠤ᠂ ᠨᠢᠭᠡᠳᠦᠯᠲᠡᠶ ᠡᠪᠬᠡᠮᠡᠯ ᠵᠣᠬᠢᠶᠠᠬᠤ᠂ ᠨᠢᠭᠡᠳᠦᠯᠲᠡᠶ ᠡᠪᠬᠡᠮᠡᠯ ᠦᠵᠡᠬᠦ ᠶᠢ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ | ᠰᠢᠯᠭᠠᠯᠲᠠ ᠳᠤ ᠬᠠᠤᠯᠢ ᠴᠠᠭᠠᠵᠠ ᠶᠢᠨ ᠰᠠᠭᠤᠷᠢ ᠮᠡᠳᠡᠯᠭᠡ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠲᠤᠰᠬᠠᠶ ᠮᠡᠷᠭᠡᠵᠢᠯ ᠤᠨ ᠮᠡᠳᠡᠯᠭᠡ ᠪᠣᠯᠤᠨ ᠪᠤᠰᠤᠳ ᠬᠠᠮᠢᠶ᠎ᠠ ᠪᠥᠬᠦᠶ ᠮᠡᠳᠡᠯᠭᠡ ᠪᠠᠭᠲᠠᠨ᠎ᠠ᠃ | ᠠᠷᠪᠠ ᠶᠢᠰᠦᠳᠦᠭᠡᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠪᠠᠶᠢᠭᠤᠯᠤᠮᠵᠢ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠭᠲᠠᠭᠠᠯ ᠢ ᠴᠢᠩᠭ᠎ᠠ ᠵᠢᠷᠤᠮᠯᠠᠨ᠂ ᠬᠢᠷᠢ ᠬᠡᠮ ᠤᠨ | ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠯᠭᠠᠭᠤᠯᠤᠭᠰᠠᠳ ᠤᠨ ᠰᠢᠯᠭᠠᠯᠲᠠ ᠶᠢᠨ ᠲᠠᠯᠠᠪᠤᠷ ᠤᠨ | ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠢᠳᠤᠭᠠᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠤᠭᠤᠳ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠪᠠᠶᠢᠷᠢ ᠶᠢᠨ | ᠪᠣᠯᠪᠠᠰᠤᠷᠠᠯ ᠪᠣᠯᠤᠨ ᠬᠢᠷᠢ ᠬᠡᠮ ᠤᠨ ᠰᠢᠯᠭᠠᠯᠲᠠ ᠶᠢ ᠰᠦᠢᠳᠬᠡᠯ ᠬᠤᠷᠢᠶᠠᠬᠤ ᠦᠭᠡᠶ ᠪᠠᠷ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠦᠨᠡᠮᠯᠡᠯ ᠢ ᠬᠠᠮᠢᠶᠠᠷᠬᠤ ᠪᠠ ᠬᠡᠷᠡᠭᠯᠡᠬᠦ | ᠬᠤᠷᠢᠨ ᠨᠢᠭᠡᠳᠦᠭᠡᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠦᠨᠡᠮᠯᠡᠯ ᠲᠠᠢ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠬᠦ ᠦᠨᠡᠮᠯᠡᠯ ᠤᠨ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠶᠢᠨ ᠬᠠᠮᠲᠤ ᠬᠥᠳᠡᠯᠦᠯ | ᠪᠠᠶᠢᠳᠠᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠰ ᠭᠠᠵᠠᠷ ᠣᠷᠣᠨ᠂ ᠲᠤᠰ | ᠰᠢᠰᠲ᠋ᠧᠮ ᠤᠨ ᠢᠶᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠬᠡᠷᠡᠭᠯᠡᠭᠰᠡᠨ ᠪᠠᠶᠢᠳᠠᠯ ᠢᠶᠠᠨ | ᠲᠣᠭᠲᠠᠮᠠᠯ ᠬᠤᠭᠤᠴᠠᠭ᠎ᠠ ᠲᠠᠢ ᠪᠠᠷ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ | ᠳᠠᠩᠰᠠᠯᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠡᠵᠡᠮᠰᠢᠭᠴᠢ ᠶᠢᠨ ᠣᠪᠣᠭ ᠨᠡᠷ᠎ᠡ | ᠪᠣᠯᠤᠨ ᠪᠠᠶᠢᠭ᠎ᠠ ᠨᠢᠭᠡᠴᠡ᠂ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ ᠵᠡᠷᠭᠡ ᠮᠡᠳᠡᠭᠡ ᠵᠠᠩᠭᠢ ᠶᠢ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ᠂ ᠨᠡᠶᠢᠭᠡᠮ ᠨᠡᠶᠢᠲᠡ ᠶᠢᠨ | ᠪᠠᠶᠢᠴᠠᠭᠠᠨ ᠯᠠᠪᠯᠠᠬᠤ ᠳᠤ ᠬᠠᠩᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶ᠎ᠠ ᠠᠴᠠ ᠨᠢᠭᠡᠳᠦᠯᠲᠡᠶ ᠳᠠᠷᠤᠮᠠᠯᠯᠠᠨ ᠵᠣᠬᠢᠶᠠᠵᠤ᠂ ᠪᠦᠬᠦ ᠤᠯᠤᠰ ᠲᠤ ᠨᠢᠭᠡᠳᠦᠯᠲᠡᠶ | ᠳ᠋ᠤᠭᠠᠷᠯᠠᠬᠤ ᠶᠢ ᠬᠡᠷᠡᠭᠵᠢᠭᠦᠯᠦᠨ᠎ᠡ᠃ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠠᠴᠠ ᠨᠢᠭᠡᠳᠦᠯᠲᠡᠶ ᠬᠢᠨᠠᠨ ᠣᠯᠭᠤᠨ᠎ᠠ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ | ᠬᠢᠨᠠᠨ ᠣᠯᠭᠤᠭᠰᠠᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ ᠬᠦᠴᠦᠨ ᠲᠠᠢ᠃ ᠬᠦᠴᠦᠨ ᠲᠠᠢ ᠬᠤᠭᠤᠴᠠᠭ᠎ᠠ ᠨᠢ | ᠳᠦᠭᠦᠷᠦᠭᠰᠡᠨ ᠪᠠᠶᠢᠪᠠᠯ᠂ ᠲᠣᠰ ᠠᠷᠭ᠎ᠠ ᠶᠢ ᠦᠨᠳᠦᠰᠦᠯᠡᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠦᠨᠡᠮᠯᠡᠯ ᠢ ᠳᠠᠭᠢᠵᠤ ᠭᠤᠶᠤᠴᠢᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠦᠨᠡᠮᠯᠡᠯ ᠲᠠᠢ | ᠬᠥᠮᠦᠰ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠬᠢᠬᠦ ᠳᠤ ᠬᠡᠷᠡᠭᠯᠡᠨ᠎ᠡ᠃ | ᠦᠨᠡᠮᠯᠡᠯ ᠲᠠᠢ ᠬᠥᠮᠦᠰ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠶᠣᠰᠣᠭᠠᠷ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠬᠦ ᠦᠨᠡᠮᠯᠡᠯ ᠢ ᠬᠡᠷᠡᠭᠯᠡᠬᠦ ᠬᠡᠷᠡᠭᠲᠡᠶ᠂ ᠪᠠᠯᠠᠯᠤᠨ ᠵᠠᠰᠠᠬᠤ᠂ ᠪᠠᠭᠤᠯᠭᠠᠬᠤ᠂ ᠰᠢᠯᠵᠢᠭᠦᠯᠦᠨ | ᠵᠢᠭᠡᠯᠡᠭᠦᠯᠬᠦ᠂ ᠪᠠᠷᠢᠴᠠᠭᠠᠯᠠᠬᠤ᠂ ᠪᠡᠯᠡᠭᠯᠡᠬᠦ᠂ ᠬᠤᠳᠠᠯᠳᠤᠭᠠᠯᠠᠬᠤ ᠪᠤᠶᠤ ᠵᠣᠷᠢᠭᠤᠳᠠ ᠡᠪᠳᠡᠨ ᠰᠦᠢᠳᠬᠡᠵᠦ ᠪᠣᠯᠬᠤ | ᠦᠭᠡᠶ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠬᠡᠷᠡᠭᠯᠡᠨ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠪᠤᠰᠤ ᠠᠵᠢᠯᠯᠠᠭ᠎ᠠ ᠬᠢᠵᠦ ᠪᠣᠯᠬᠤ ᠦᠭᠡᠶ᠃ | ᠬᠤᠷᠢᠨ ᠲᠠᠪᠤᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠦᠰ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠦᠨᠡᠮᠯᠡᠯ ᠢᠶᠠᠨ ᠲᠣᠬᠢᠲᠠᠶ ᠬᠠᠳᠠᠭᠠᠯᠠᠵᠤ᠂ ᠭᠡᠭᠡᠭᠰᠡᠨ᠂ ᠬᠤᠯᠠᠭᠠᠶᠢᠯᠠᠭᠳᠠᠬᠤ ᠪᠤᠶᠤ ᠰᠦᠢᠳᠭᠡᠭᠳᠡᠬᠦ ᠠᠴᠠ | ᠰᠡᠷᠭᠡᠶᠢᠯᠡᠬᠦ ᠬᠡᠷᠡᠭᠲᠡᠶ᠃ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠡᠭᠡᠭᠰᠡᠨ᠂ ᠬᠤᠯᠠᠭᠠᠶᠢᠯᠠᠭᠳᠠᠭᠰᠠᠨ ᠪᠤᠶᠤ | ᠡᠪᠳᠡᠨ ᠰᠦᠢᠳᠬᠡᠭᠰᠡᠨ ᠪᠠᠶᠢᠪᠠᠯ᠂ ᠦᠨᠡᠮᠯᠡᠯ ᠠᠪᠴᠤ ᠪᠠᠶᠢᠭᠰᠠᠨ ᠬᠥᠮᠦᠨ ᠨᠢ ᠴᠠᠭ ᠲᠤᠬᠠᠢ ᠳᠤᠨᠢ ᠠᠵᠢᠯᠯᠠᠵᠤ | ᠪᠠᠶᠢᠭ᠎ᠠ ᠨᠢᠭᠡᠴᠡ ᠳᠡᠭᠡᠨ ᠮᠡᠳᠡᠭᠦᠯᠵᠦ᠂ ᠠᠵᠢᠯᠯᠠᠵᠤ ᠪᠠᠶᠢᠭ᠎ᠠ ᠨᠢᠭᠡᠴᠡ ᠨᠢ ᠭᠤᠶᠤᠴᠢᠯᠠᠬᠤ ᠵᠢᠷᠤᠮ ᠶᠣᠰᠣᠭᠠᠷ | ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠨᠥᠬᠦᠨ ᠭᠦᠢᠴᠡᠳᠬᠡᠭᠦᠯᠬᠦ ᠪᠠᠷ ᠭᠤᠶᠤᠴᠢᠯᠠᠬᠤ ᠬᠡᠷᠡᠭᠲᠡᠢ᠃ | ᠦᠨᠡᠮᠯᠡᠯ ᠠᠪᠴᠤ ᠪᠠᠶᠢᠭ᠎ᠠ ᠬᠥᠮᠦᠰ ᠤᠨ ᠪᠠᠶᠢᠭ᠎ᠠ ᠨᠢᠭᠡᠴᠡ ᠪᠣᠯᠤᠨ ᠦᠨᠡᠮᠯᠡᠯ ᠣᠯᠭᠤᠬᠤ ᠪᠠᠶᠢᠭᠤᠯᠭ᠎ᠠ ᠨᠢ ᠭᠡᠭᠡᠭᠰᠡᠨ᠂ | ᠬᠤᠯᠠᠭᠠᠶᠢᠯᠠᠭᠳᠠᠭᠰᠠᠨ᠂ ᠡᠪᠳᠡᠭᠳᠡᠭᠰᠡᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠴᠠᠭ | ᠲᠤᠬᠠᠶ ᠳᠤᠨᠢ ᠵᠠᠷᠯᠠᠵᠤ ᠬᠦᠴᠦᠨ ᠦᠭᠡᠶ ᠪᠣᠯᠭᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠦᠰ ᠲᠤ ᠳᠣᠣᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠠᠵᠢᠯᠯᠠᠵᠤ ᠪᠠᠶᠢᠭ᠎ᠠ ᠨᠢᠭᠡᠴᠡ ᠠᠴᠠ ᠨᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠨᠢ | ᠬᠤᠷᠢᠶᠠᠨ ᠠᠪᠬᠤ ᠶᠢᠨ ᠬᠠᠮᠲᠤ ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠦᠨᠡᠮᠯᠡᠯ ᠣᠯᠭᠤᠬᠤ ᠪᠠᠶᠢᠭᠤᠯᠭ᠎ᠠ ᠳᠤ ᠲᠤᠰᠢᠶᠠᠵᠤ ᠬᠦᠴᠦᠨ ᠦᠭᠡᠶ ᠪᠣᠯᠭᠠᠨ᠎ᠠ᠄ | ︵ᠨᠢᠭᠡ︶ ᠨᠠᠰᠤᠨ ᠤ ᠠᠮᠠᠷᠠᠯᠲᠠ ᠠᠪᠤᠭᠰᠠᠨ︔ | ︵ᠬᠤᠶᠠᠷ︶ ᠲᠤᠰᠢᠶᠠᠯ ᠠᠴᠠ ᠪᠠᠨ ᠪᠠᠭᠤᠭᠰᠠᠨ᠂ ᠠᠵᠢᠯ ᠠᠴᠠ ᠨᠢ ᠪᠠᠭᠤᠯᠭᠠᠭᠰᠠᠨ︔ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠢ ᠳᠠᠬᠢᠵᠤ ᠬᠢᠬᠦ ᠦᠭᠡᠶ︔ | ︵ᠳᠥᠷᠪᠡ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ | ᠳᠦᠭᠦᠷᠦᠭᠰᠡᠨ︔ | ︵ᠲᠠᠪᠤ︶ ᠪᠤᠰᠤᠳ ᠰᠢᠯᠲᠠᠭᠠᠨ ᠠᠴᠠ ᠪᠤᠯᠵᠤ ᠬᠤᠷᠢᠶᠠᠨ ᠠᠪᠬᠤ᠃ | ᠲᠠᠪᠤᠳᠤᠭᠠᠷ ᠪᠦᠯᠦᠭ ᠬᠢᠨᠠᠵᠤ ᠪᠠᠶᠢᠴᠠᠭᠠᠬᠤ | ᠬᠤᠷᠢᠨ ᠳᠣᠯᠣᠳᠤᠭᠠᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠨᠢ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠂ ᠬᠢᠨᠠᠨ ᠣᠯᠭᠤᠬᠤ᠂ ᠬᠠᠮᠢᠶᠠᠷᠬᠤ ᠪᠠ ᠬᠡᠷᠡᠭᠯᠡᠬᠦ | ᠠᠵᠢᠯ ᠢ ᠬᠢᠨᠠᠵᠤ ᠪᠠᠶᠢᠴᠠᠭᠠᠨ᠎ᠠ᠃ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ᠂ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠴᠠᠭᠠᠯᠲᠠ ᠶᠢᠨ ᠶᠡᠷᠦᠩᠬᠡᠶ ᠠᠩᠭᠢ ᠨᠢ ᠲᠤᠰ ᠭᠠᠵᠠᠷ | ᠣᠷᠣᠨ᠂ ᠲᠤᠰ ᠰᠢᠰᠲ᠋ᠧᠮ ᠤᠨ ᠢᠶᠠᠨ ᠦᠨᠡᠮᠯᠡᠯ ᠲᠠᠢ ᠬᠥᠮᠦᠰ ᠤᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠦᠨᠡᠮᠯᠡᠯ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ | ᠬᠠᠮᠢᠶᠠᠷᠤᠯᠲᠠ ᠶᠢᠨ ᠠᠵᠢᠯ ᠤᠨ ᠰᠢᠯᠭᠠᠨ ᠬᠢᠨᠠᠬᠤ ᠳᠦᠷᠢᠮ ᠢ ᠪᠠᠶᠢᠭᠤᠯᠬᠤ ᠬᠡᠷᠡᠭᠲᠡᠶ᠃ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠤᠭᠤᠴᠢᠨ ᠪᠠᠶᠢᠴᠠᠭᠠᠵᠤ᠂ ᠵᠢᠯ ᠪᠦᠷᠢ | ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠬᠦ ᠦᠨᠡᠮᠯᠡᠯ ᠤᠨ ᠠᠵᠢᠯ ᠤᠨ ᠪᠠᠶᠢᠳᠠᠯ ᠢ ᠬᠢᠨᠠᠨ ᠰᠢᠯᠭᠠᠨ᠎ᠠ᠃ | ᠬᠤᠷᠢ ᠶᠢᠰᠦᠳᠦᠭᠡᠷ ᠵᠦᠢᠯ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠤᠭᠰᠠᠳ ᠢ | ᠰᠤᠭᠤᠴᠢᠨ ᠪᠠᠶᠢᠴᠠᠭᠠᠬᠤ ᠲᠦᠷᠢᠮ ᠢ ᠪᠠᠶᠢᠭᠤᠯᠬᠤ ᠬᠡᠷᠡᠭᠲᠡᠶ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠠᠴᠠ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠲᠠᠢ ᠬᠡᠰᠡᠭ ᠬᠥᠮᠦᠰ ᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠣᠩᠭᠤᠨ ᠭᠠᠷᠭᠠᠵᠤ᠂ ᠬᠢᠷᠢ ᠬᠡᠮ ᠤᠨ ᠰᠢᠯᠭᠠᠯᠲᠠ ᠶᠢᠨ ᠰᠡᠳᠦᠪ ᠤᠨ ᠬᠡᠪᠴᠢᠶ᠎ᠡ ᠶᠢᠨ | ᠠᠭᠤᠯᠭ᠎ᠠ ᠶᠢ ᠳᠠᠬᠢᠨ ᠪᠠᠶᠢᠴᠠᠭᠠᠨ᠎ᠠ᠃ | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠭᠤᠴᠢᠳᠤᠭᠠᠷ ᠵᠦᠢᠯ ᠦᠨᠡᠮᠯᠡᠯ ᠠᠪᠴᠤ ᠪᠠᠶᠢᠭ᠎ᠠ ᠬᠥᠮᠦᠰ ᠲᠤ ᠳᠣᠣᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠰᠢᠭᠦᠮᠵᠢᠯᠡᠨ | ᠰᠤᠷᠭᠠᠵᠤ᠂ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠨᠢ | ᠲᠦᠷ ᠦᠯᠡᠳᠡᠭᠡᠨ ᠠᠪᠴᠤ ᠪᠣᠯᠤᠨ᠎ᠠ᠄ | ︵ᠨᠢᠭᠡ︶ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠠᠴᠠ ᠳᠠᠪᠠᠵᠤ ᠬᠠᠤᠯᠢ ᠬᠡᠷᠡᠭᠵᠢᠭᠦᠯᠦᠭᠰᠡᠨ ᠪᠤᠶᠤ | ᠬᠠᠤᠯᠢ ᠳᠤ ᠲᠣᠭᠲᠠᠭᠠᠭᠰᠠᠨ ᠳᠠᠷᠠᠭᠠᠯᠠᠯ ᠢ ᠵᠥᠷᠢᠴᠡᠵᠦ ᠬᠠᠤᠯᠢ ᠬᠡᠷᠡᠭᠵᠢᠬᠦᠯᠦᠭᠰᠡᠨ ᠪᠤᠯᠪᠠᠴᠤ ᠬᠦᠨᠳᠦ ᠨᠣᠴᠢᠲᠠᠢ | ᠤᠷᠰᠢᠭ ᠲᠠᠲᠠᠭᠰᠠᠨ ᠦᠭᠡᠢ︔ | ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠪᠤᠰᠤ ᠠᠵᠢᠯᠯᠠᠭ᠎ᠠ ᠳᠤ ᠬᠡᠷᠡᠭᠯᠡᠭᠰᠡᠨ ᠪᠣᠯᠪᠠᠴᠤ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ | ᠦᠭᠡᠶ︔ | ︵ᠭᠤᠷᠪᠠ︶ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠪᠠᠶᠢᠵᠤ ᠬᠡᠷᠡᠭ ᠪᠣᠯᠭᠠᠨ | ᠲᠠᠩᠰᠠᠯᠠᠵᠤ ᠬᠢᠨᠠᠨ ᠪᠠᠶᠢᠴᠠᠭᠠᠭᠳᠠᠭᠰᠠᠨ ᠪᠣᠯᠪᠠᠴᠤ ᠬᠠᠷᠠᠬᠠᠨ ᠳ᠋ᠦᠩᠨᠡᠯᠲᠡ ᠭᠠᠷᠭᠠᠭᠠᠳᠤᠢ ᠪᠠᠶᠢᠬᠤ︔ | ︵ᠲᠦᠷᠪᠡ︶ ᠪᠤᠰᠤᠳ ᠰᠢᠯᠲᠠᠭᠠᠨ ᠠᠴᠠ ᠪᠤᠯᠵᠦ ᠲᠦᠷ ᠦᠯᠡᠳᠡᠭᠡᠵᠦ ᠠᠪᠬᠤ ᠶᠣᠰᠣᠲᠠᠢ᠃ | ᠭᠤᠴᠢᠨ ᠨᠢᠭᠡᠳᠦᠭᠡᠷ ᠵᠦᠢᠯ ᠦᠨᠡᠮᠯᠡᠯ ᠠᠪᠴᠤ ᠪᠠᠶᠢᠭ᠎ᠠ ᠬᠥᠮᠦᠰ ᠲᠤ ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ ᠮᠤᠵᠢ ᠶᠢᠨ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠠᠴᠠ ᠲᠡᠭᠦᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠬᠤᠷᠢᠶᠠᠨ ᠠᠪᠤᠨ᠎ᠠ᠄ | ︵ᠨᠢᠭᠡ︶ ᠬᠠᠤᠯᠢ ᠳᠤ ᠲᠣᠭᠲᠠᠭᠠᠭᠰᠠᠨ ᠡᠷᠬᠡ ᠠᠴᠠ ᠳᠠᠪᠠᠭᠤᠯᠤᠨ ᠬᠠᠤᠯᠢ ᠬᠡᠷᠡᠭᠵᠢᠭᠦᠯᠦᠭᠰᠡᠨ ᠪᠤᠶᠤ | ᠬᠠᠤᠯᠢ ᠳᠤ ᠲᠣᠭᠲᠠᠭᠠᠭᠰᠠᠨ ᠳᠠᠷᠠᠭᠠᠯᠠᠯ ᠠᠴᠠ ᠵᠥᠷᠢᠴᠡᠨ ᠬᠠᠤᠯᠢ ᠬᠡᠷᠡᠭᠵᠢᠭᠦᠯᠦᠭᠡᠳ ᠬᠦᠨᠳᠦ ᠨᠣᠴᠢᠲᠠᠶ ᠦᠷ᠎ᠡ | ᠤᠷᠰᠢᠭ ᠭᠠᠷᠭᠠᠭᠰᠠᠨ︔ | ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠪᠤᠰᠤ ᠠᠵᠢᠯᠯᠠᠭ᠎ᠠ ᠳᠤ ᠬᠡᠷᠡᠭᠯᠡᠵᠦ᠂ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ︔ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠪᠠᠯᠠᠯᠤᠨ ᠵᠠᠰᠠᠬᠤ᠂ ᠪᠠᠭᠤᠯᠭᠠᠬᠤ᠂ | ᠰᠢᠯᠵᠢᠭᠦᠯᠦᠨ ᠵᠢᠭᠡᠯᠡᠭᠦᠯᠬᠦ᠂ ᠪᠠᠷᠢᠴᠠᠭᠠᠯᠠᠬᠤ᠂ ᠪᠡᠯᠡᠭᠯᠡᠨ ᠬᠦᠷᠭᠡᠬᠦ᠂ ᠬᠤᠳᠠᠯᠳᠤᠭᠠᠯᠠᠬᠤ ᠪᠤᠶᠤ ᠵᠣᠷᠢᠭᠤᠳᠠ ᠡᠪᠳᠡᠵᠦ | ᠰᠦᠢᠳᠭᠡᠭᠰᠡᠨ︔ | ︵ᠲᠦᠷᠪᠡ︶ ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ | ᠪᠣᠳᠠᠰ ᠢ ᠨᠡᠬᠡᠵᠦ ᠠᠪᠤᠭᠰᠠᠨ᠂ ᠬᠤᠷᠢᠶᠠᠵᠤ ᠠᠪᠤᠭᠰᠠᠨ ᠲᠣᠷᠭᠠᠭᠤᠯᠢ ᠶᠢᠨ ᠵᠣᠭᠤᠰ ᠢ ᠬᠤᠪᠢᠨ ᠤ ᠪᠠᠨ ᠪᠣᠯᠭᠠᠵᠤ | ᠠᠪᠤᠭᠰᠠᠨ ᠪᠤᠶᠤ ᠬᠠᠤᠯᠢ ᠶᠢ ᠵᠥᠷᠢᠴᠡᠭᠰᠡᠨ ᠪᠤᠰᠤᠳ ᠠᠵᠢᠯᠯᠠᠭ᠎ᠠ ᠬᠢᠭᠰᠡᠨ︔ | ︵ᠲᠠᠪᠤ︶ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ ᠵᠡᠷᠭᠡ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠲᠠᠢ ᠪᠠᠶᠢᠬᠤ︔ | ︵ᠵᠢᠷᠭᠤᠭ᠎ᠠ︶ ᠣᠨ ᠤ ᠬᠢᠨᠠᠨ ᠰᠢᠯᠭᠠᠭᠰᠠᠨ ᠦᠷ᠎ᠡ ᠳ᠋ᠦᠩ ᠨᠢ ᠲᠤᠰᠢᠶᠠᠯ ᠳᠠᠭᠠᠨ ᠲᠡᠩᠴᠡᠭᠰᠡᠨ ᠦᠭᠡᠶ︔ | ︵ᠲᠤᠯᠤᠭ᠎ᠠ︶ ᠵᠠᠰᠠᠭ ᠵᠠᠬᠢᠷᠭᠠᠨ ᠢᠶᠠᠷ ᠲᠦᠷ ᠬᠤᠷᠢᠬᠤ ᠰᠢᠢᠳᠭᠡᠯ᠂ ᠡᠷᠡᠭᠦᠦ ᠶᠢᠨ ᠬᠡᠷᠡᠭ ᠢᠶᠠᠷ ᠲᠦᠷ | ᠬᠤᠷᠢᠬᠤ ᠪᠤᠶᠤ ᠡᠷᠡᠭᠦᠦ ᠰᠢᠢᠳᠭᠡᠯ ᠢᠶᠠᠷ ᠰᠢᠳᠬᠡᠭᠳᠡᠭᠰᠡᠨ︔ | ︵ᠨᠠᠢᠮᠠ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠡᠪᠴᠢᠵᠦ᠂ | ᠬᠠᠷᠰᠢᠯᠠᠵᠤ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠮᠥᠭᠯᠡᠵᠦ᠂ | ᠳᠤᠷ᠎ᠠ ᠪᠠᠷ ᠨᠢ ᠲᠠᠯᠪᠢᠬᠤ︔ | ︵ᠶᠢᠰᠦ︶ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠭᠡᠯ ᠣᠯᠤᠭᠰᠠᠨ︔ | ︵ᠠᠷᠪᠠ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠬᠤᠷᠢᠶᠠᠨ ᠠᠪᠬᠤ ᠶᠣᠰᠣᠲᠠᠢ ᠪᠤᠰᠤᠳ | ᠪᠠᠶᠢᠳᠠᠯ᠃ | ᠭᠤᠴᠢᠨ ᠬᠤᠶᠠᠳᠤᠭᠠᠷ ᠵᠦᠢᠯ ᠶᠠᠮᠠᠷᠪᠠ ᠨᠢᠭᠡᠴᠡ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠢ ᠬᠠᠭᠤᠷᠮᠠᠭ ᠢᠶᠠᠷ ᠵᠣᠬᠢᠶᠠᠭᠰᠠᠨ᠂ ᠬᠤᠪᠢᠷᠠᠭᠤᠯᠤᠨ | ᠵᠣᠬᠢᠶᠠᠭᠰᠠᠨ ᠪᠤᠶᠤ ᠬᠠᠭᠤᠷᠮᠠᠭᠯᠠᠨ ᠬᠡᠷᠡᠭᠯᠡᠭᠰᠡᠨ ᠪᠣᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠤᠶᠤ | ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ ᠳᠣᠩᠭᠤᠳᠴᠤ᠂ | ᠢᠯᠡᠴᠢᠯᠡᠵᠦ ᠪᠣᠯᠤᠨ᠎ᠠ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠨᠢ ᠲᠦᠷᠦ ᠶᠢᠨ ᠠᠵᠢᠯᠳᠡᠠ ᠪᠣᠯᠬᠤ ᠳᠤ ᠬᠦᠷᠪᠡᠯ᠂ ᠲᠣᠮᠢᠯᠠᠵᠤ ᠪᠠᠭᠤᠯᠭᠠᠬᠤ | ᠪᠠᠶᠢᠭᠤᠯᠭ᠎ᠠ ᠪᠤᠶᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠭᠡᠯ ᠥᠭᠭᠦᠨ᠎ᠡ᠃ | ᠭᠤᠴᠢᠨ ᠭᠤᠷᠪᠠᠳᠤᠭᠠᠷ ᠵᠦᠢᠯ ᠲᠤᠰ ᠠᠷᠭ᠎ᠠ ᠶᠢ ᠵᠥᠷᠢᠴᠡᠵᠦ᠂ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠦᠨᠡᠮᠯᠡᠯ ᠢ ᠳᠤᠷ᠎ᠠ ᠪᠠᠷ ᠢᠶᠠᠨ ᠵᠣᠬᠢᠶᠠᠵᠤ᠂ ᠣᠯᠭᠤᠭᠰᠠᠨ ᠪᠠᠶᠢᠪᠠᠯ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠠᠴᠠ ᠵᠠᠷᠯᠢᠭᠳᠠᠨ ᠵᠠᠯᠠᠷᠠᠭᠤᠯᠵᠤ᠂ ᠳᠣᠩᠭᠤᠳᠴᠤ᠂ ᠢᠯᠡᠴᠢᠯᠡᠵᠦ ᠪᠣᠯᠤᠨ᠎ᠠ︔ ᠰᠢᠭᠤᠳ | ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠨᠢ | ᠲᠦᠷᠦ ᠶᠢᠨ ᠠᠵᠢᠯᠳᠡᠠ ᠪᠣᠯᠬᠤ ᠳᠤ ᠬᠦᠷᠪᠡᠯ᠂ ᠲᠣᠮᠢᠯᠠᠵᠤ ᠪᠠᠭᠤᠯᠭᠠᠬᠤ ᠪᠠᠶᠢᠭᠤᠯᠭ᠎ᠠ ᠪᠤᠶᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠯ | ᠥᠭᠭᠦᠨ᠎ᠡ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠣᠯ ᠬᠠᠤᠯᠢ ᠶᠣᠰᠣᠭᠠᠷ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠲᠣᠷᠭᠠᠭᠤᠯᠢ ᠣᠯᠭᠤᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |