ᠪᠦᠬᠦ ᠣᠷᠣᠨ ᠤ ᠵᠢᠵᠢᠭᠯᠡᠨ ᠬᠤᠳᠠᠯᠳᠤᠬᠤ ᠦᠢᠯᠡᠰ ᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢᠨ ᠪᠠᠶᠢᠷᠢᠰᠢᠯ ᠤᠯᠠᠮ ᠰᠢᠯᠢᠳᠡᠭᠵᠢᠪᠡ
ᠨᠡᠶᠢᠲᠡᠯᠡᠭᠰᠡᠨ ᠴᠠᠭ᠄
2025/3/28
   ᠣᠶᠢᠷ᠎ᠠ ᠶᠢᠨ ᠵᠢᠯ ᠤᠨ ᠲᠤᠷᠰᠢ᠂ ᠡᠯ᠎ᠡ ᠲᠥᠷᠥᠯ ᠤᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠪᠠᠶᠢᠳᠠᠯ ᠤᠨ ᠬᠥᠭᠵᠢᠨ ᠰᠢᠯᠢᠳᠡᠭᠵᠢᠬᠦ ᠶᠢ ᠳᠠᠭᠠᠯᠳᠤᠨ᠂ ᠣᠯᠠᠨ ᠲᠠᠰ ᠳᠠᠪᠬᠤᠷᠭ᠎ᠠ ᠶᠢᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠥᠪᠥᠷ ᠮᠣᠩᠭᠤᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠲᠣᠭᠲᠠᠭᠤᠨ ᠢᠶᠠᠷ ᠠᠭᠢᠪᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠪᠥᠬᠦ ᠣᠷᠣᠨ ᠤ ᠳᠡᠯᠭᠡᠭᠦᠷ ᠲᠠᠢ ᠵᠢᠵᠢᠭᠯᠡᠨ ᠬᠤᠳᠠᠯᠳᠤᠬᠤ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠡᠳᠦᠶ ᠲᠡᠳᠦᠶ ᠳᠡᠭᠡᠭᠰᠢᠯᠡᠵᠦ᠂ ᠳᠡᠯᠭᠡᠭᠦᠷ ᠥᠬᠡᠶ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠲᠤᠭ᠎ᠠ ᠲᠦᠷᠭᠡᠨ ᠨᠡᠮᠡᠭᠳᠡᠵᠦ᠂ ᠳᠥᠲᠡ ᠳᠡᠯᠭᠡᠭᠦᠷ᠂ ᠲᠤᠰᠬᠠᠶ ᠳᠡᠯᠭᠡᠭᠦᠷ ᠲᠦᠷᠭᠡᠨ ᠥᠷᠭᠡᠵᠢᠵᠦ᠂ ᠪᠦᠷᠢᠨ ᠪᠠᠷᠠᠭᠠᠲᠤ ᠳᠡᠯᠭᠡᠭᠦᠷ ᠵᠡᠷᠭᠡ ᠤᠯᠠᠮᠵᠢᠯᠠᠯᠲᠤ ᠡᠵᠡᠩᠨᠡᠯᠲᠡ ᠶᠢᠨ ᠵᠠᠭᠪᠤᠷ ᠲᠣᠭᠲᠠᠭᠤᠨ ᠢᠶᠠᠷ ᠬᠥᠭᠵᠢᠵᠦ᠂ ᠰᠦᠯᠵᠢᠶᠡᠨ ᠤ ᠵᠢᠵᠢᠭᠯᠡᠨ ᠬᠤᠳᠠᠯᠳᠤᠬᠤ ᠨᠢ ᠨᠢᠭᠡᠨᠲᠡ ᠴᠢᠬᠤᠯᠠ ᠨᠡᠮᠡᠭᠳᠡᠯ ᠤᠨ ᠴᠡᠭ ᠪᠣᠯᠵᠣ᠂ ᠣᠯᠠᠨ ᠵᠦᠢᠯ ᠤᠨ ᠡᠵᠡᠩᠨᠡᠯᠲᠡ ᠶᠢᠨ ᠪᠠᠶᠢᠳᠠᠯ ᠳᠤ ᠬᠠᠮᠲᠤ ᠪᠠᠷ ᠴᠡᠴᠡᠭᠯᠡᠨ ᠬᠥᠭᠵᠢᠬᠦ᠂ ᠲᠡᠩᠴᠡᠭᠦᠷᠢᠲᠡᠶ ᠬᠥᠭᠵᠢᠬᠦ ᠪᠠᠶᠢᠳᠠᠯ ᠢᠯᠡᠷᠡᠪᠡ᠃        ᠨᠢᠭᠡ᠂ ᠳᠡᠯᠭᠡᠭᠦᠷ ᠲᠠᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠮᠵᠢ ᠳᠡᠭᠡᠭᠰᠢᠯᠡᠯᠲᠡ ᠲᠠᠢ ᠪᠣᠯᠵᠣ᠂ ᠳᠡᠯᠭᠡᠭᠦᠷ ᠥᠬᠡᠶ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠲᠤᠭ᠎ᠠ ᠲᠦᠷᠭᠡᠨ ᠨᠡᠮᠡᠭᠳᠡᠪᠡ᠃     2023 ᠣᠨ ᠤ ᠡᠴᠦᠰ ᠲᠤ᠂ ᠪᠥᠬᠦ ᠣᠷᠣᠨ ᠤ ᠳᠡᠯᠭᠡᠭᠦᠷ ᠳᠡᠯᠭᠡᠭᠦᠷ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ 34658 ᠪᠣᠯᠵᠣ᠂ 2018 ᠣᠨ ᠤ ᠡᠴᠦᠰ ︵2018 ᠣᠨ ᠪᠣᠯ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠣᠨ ᠪᠣᠯᠤᠨ᠎ᠠ︶ ᠠᠴᠠ 1.0% ᠢᠶᠠᠷ ᠪᠠᠭᠤᠷᠠᠪᠠ︔ ᠵᠢᠯ ᠤᠨ ᠡᠴᠦᠰ ᠤᠨ ᠵᠢᠵᠢᠭᠯᠡᠨ ᠬᠤᠳᠠᠯᠳᠤᠭᠰᠠᠨ ᠡᠵᠡᠩᠨᠡᠯᠲᠡ ᠶᠢᠨ ᠲᠠᠯᠠᠪᠠᠶ 1051.1 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 2018 ᠣᠨ ᠤ ᠡᠴᠦᠰ ᠤᠨ ᠬᠢ ᠠᠴᠠ 17.3% ᠪᠠᠷ ᠪᠠᠭᠤᠷᠠᠪᠠ︔ ᠡᠳ᠋ ᠬᠥᠷᠥᠩᠭᠡ ᠨᠡᠶᠢᠲᠡ 1155.9 ᠳ᠋ᠦᠩᠰᠢᠭᠤᠷ ᠲᠥᠭᠦᠷᠢᠭ ᠲᠤ ᠬᠦᠷᠴᠦ᠂ 2018 ᠣᠨ ᠤ ᠡᠴᠦᠰ ᠤᠨ ᠬᠢ ᠠᠴᠠ 1.3% ᠪᠠᠷ ᠪᠠᠭᠤᠷᠠᠪᠠ︔ 1824.1 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ 18.9% ᠪᠠᠷᠨᠡᠮᠡᠭᠳᠡᠪᠡ︔ ᠡᠷᠦᠬᠡ ᠶᠢᠨ ᠳᠤᠮᠳᠠᠴᠢ ᠡᠵᠡᠩᠨᠡᠯᠲᠡ ᠶᠢᠨ ᠣᠷᠣᠯᠭ᠎ᠠ 526.3 ᠲᠦᠮᠡᠨ ᠲᠥᠭᠦᠷᠢᠭ ᠲᠤ ᠬᠦᠷᠴᠦ᠂ 2018 ᠣᠨ ᠤ ᠡᠴᠦᠰ ᠤᠨ ᠬᠢ ᠠᠴᠠ 20.1% ᠪᠠᠷ ᠨᠡᠮᠡᠭᠳᠡᠪᠡ᠃ ᠳᠡᠯᠭᠡᠭᠦᠷ ᠲᠠᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠲᠤᠭ᠎ᠠ ᠬᠡᠮᠵᠢᠶ᠎ᠡ᠂ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠲᠠᠯᠠᠪᠠᠶ᠂ ᠡᠳ᠋ ᠬᠥᠷᠥᠩᠭᠡ ᠶᠡᠷᠦᠩᠬᠡᠶ ᠲᠤᠭ᠎ᠠ ᠨᠢ ᠡᠳᠦᠶ ᠲᠡᠳᠦᠶ ᠪᠠᠭᠠᠰᠤᠭᠰᠠᠨ ᠪᠣᠯᠪᠠᠴᠤ ᠡᠷᠦᠬᠡ ᠪᠦᠷᠢ ᠶᠢᠨ ᠳᠤᠮᠳᠠᠴᠢ ᠡᠵᠡᠩᠨᠡᠯᠲᠡ ᠶᠢᠨ ᠣᠷᠣᠯᠭ᠎ᠠ ᠨᠢ ᠢᠯᠡᠳᠲᠡ ᠳᠡᠭᠡᠭᠰᠢᠯᠡᠵᠦ᠂ ᠡᠵᠡᠩᠨᠡᠯᠲᠡ ᠶᠢᠨ ᠠᠮᠵᠢᠯᠲᠠ ᠪᠦᠲᠦᠮᠵᠢ ᠨᠢ ᠡᠳᠦᠶ ᠲᠡᠳᠦᠶ ᠳᠡᠭᠡᠭᠰᠢᠯᠡᠪᠡ᠃    2023 ᠣᠨ ᠤ ᠡᠴᠦᠰ ᠲᠤ᠂ ᠪᠥᠬᠦ ᠣᠷᠣᠨ ᠤ ᠳᠡᠯᠭᠡᠭᠦᠷ ᠳᠡᠯᠭᠡᠭᠦᠷ ᠥᠬᠡᠶ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ 19636 ᠪᠠᠶᠢᠵᠤ᠂ 2018 ᠣᠨ ᠤ ᠡᠴᠦᠰ ᠤᠨ ᠬᠢ ᠠᠴᠠ 86.8% ᠪᠠᠷ ᠨᠡᠮᠡᠭᠳᠡᠪᠡ︔ ᠡᠳ᠋ ᠬᠥᠷᠥᠩᠭᠡ ᠶᠢᠨ ᠶᠡᠷᠦᠩᠬᠡᠶ ᠲᠤᠭ᠎ᠠ 462.8 ᠳ᠋ᠦᠩᠰᠢᠭᠤᠷ ᠲᠥᠭᠦᠷᠢᠭ ᠲᠤᠬᠦᠷᠴᠦ᠂ 2018 ᠣᠨ ᠤ ᠡᠴᠦᠰ ᠤᠨ ᠬᠢ ᠠᠴᠠ 42.2% ᠢᠶᠠᠷ ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠶᠢ 477.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ 61.9% ᠪᠠᠷ ᠨᠡᠮᠡᠭᠳᠡᠪᠡ︔ ᠡᠷᠦᠬᠡ ᠶᠢᠨ ᠳᠤᠮᠳᠠᠴᠢ ᠡᠵᠡᠩᠨᠡᠯᠲᠡ ᠶᠢᠨ ᠣᠷᠣᠯᠭ᠎ᠠ 243.1 ᠲᠦᠮᠡᠨ ᠲᠥᠭᠦᠷᠢᠭ ᠪᠠᠶᠢᠵᠤ᠂ 2018 ᠣᠨ ᠤ ᠡᠴᠦᠰ ᠤᠨ ᠬᠢ ᠠᠴᠠ 13.3% ᠪᠠᠷ ᠪᠠᠭᠤᠷᠠᠪᠠ᠃ ᠳᠡᠯᠭᠡᠭᠦᠷ ᠥᠬᠡᠶ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠲᠤᠭ᠎ᠠ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ᠂ ᠡᠵᠡᠩᠨᠡᠯᠲᠡ ᠶᠢᠨ ᠣᠷᠣᠯᠭ᠎ᠠ ᠢᠯᠡᠳᠲᠡ ᠨᠡᠮᠡᠭᠳᠡᠭᠰᠡᠨ ᠪᠣᠯᠪᠠᠴᠤ ᠨᠢᠭᠡᠴᠢ ᠲᠤᠭ᠎ᠠ ᠨᠢ ᠥᠨᠳᠥᠷ ᠨᠡᠮᠡᠭᠳᠡᠭᠰᠡᠨ ᠪᠠᠶᠢᠳᠠᠯ ᠳᠤᠤᠷ᠎ᠠ ᠡᠷᠦᠬᠡ ᠶᠢᠨ ᠳᠤᠮᠳᠠᠴᠢ ᠡᠵᠡᠩᠨᠡᠯᠲᠡ ᠶᠢᠨ ᠣᠷᠣᠯᠭ᠎ᠠ ᠡᠳᠦᠶ ᠲᠡᠳᠦᠶ ᠪᠠᠭᠤᠷᠠᠪᠠ᠃        ᠬᠤᠶᠠᠷ᠂ ᠳᠥᠲᠡ ᠳᠡᠯᠭᠡᠭᠦᠷ᠂ ᠲᠤᠰᠬᠠᠶ ᠳᠡᠯᠭᠡᠭᠦᠷ ᠲᠦᠷᠭᠡᠨ ᠥᠷᠭᠡᠵᠢᠵᠦ᠂ ᠬᠡᠲᠦ ᠳᠡᠯᠭᠡᠭᠦᠷ᠂ ᠪᠦᠷᠢᠨ ᠪᠠᠷᠠᠭᠠᠲᠤ ᠳᠡᠯᠭᠡᠭᠦᠷ ᠲᠣᠭᠲᠠᠭᠤᠨ ᠢᠶᠠᠷ ᠬᠥᠭᠵᠢᠪᠡ᠃         ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠᠷ ᠭᠤᠣᠯ ᠤᠳᠤᠷᠢᠳᠤᠮᠵᠢ ᠪᠣᠯᠭᠠᠭᠰᠠᠨ ᠳᠥᠭᠦᠮ ᠳᠡᠯᠭᠡᠭᠦᠷ ᠪᠣᠯᠤᠨ ᠲᠦᠷᠦᠯ ᠲᠡᠮᠳᠡᠭ ᠢᠶᠠᠷ ᠪᠦᠷᠢᠨ ᠭᠦᠢᠴᠡᠳ᠂ ᠬᠤᠳᠠᠯᠳᠤᠬᠤ ᠴᠡᠭ ᠢᠶᠠᠷ ᠪᠠᠶᠠᠯᠢᠭ ᠲᠤᠰᠬᠠᠶ ᠳᠡᠯᠭᠡᠭᠦᠷ ᠢ ᠰᠣᠩᠭᠤᠬᠤ ᠪᠣᠯ ᠣᠶᠢᠷ᠎ᠠ ᠶᠢᠨ ᠵᠢᠯ ᠤᠨ ᠲᠤᠷᠰᠢᠬᠢ ᠪᠦᠬᠦ ᠣᠷᠣᠨ ᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠪᠠᠶᠢᠳᠠᠯ ᠲᠥᠯᠥᠪ ᠢ ᠬᠤᠪᠢᠷᠠᠭᠤᠯᠬᠤ ᠭᠤᠣᠯ ᠬᠡᠪ ᠵᠠᠭᠪᠤᠷ ᠪᠣᠯᠤᠨ᠎ᠠ᠃ 2023 ᠣᠨ ᠤ ᠡᠴᠦᠰ ᠲᠤ᠂ ᠪᠥᠬᠦ ᠣᠷᠣᠨ ᠤ ᠳᠡᠯᠭᠡᠭᠦᠷ ᠤᠨ ᠵᠢᠵᠢᠭᠯᠡᠨ ᠬᠤᠳᠠᠯᠳᠤᠬᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠳᠣᠲᠣᠷᠠᠬᠢ ᠲᠥᠬᠦᠮ ᠦᠵᠡᠭᠦᠯᠬᠦ ᠳᠡᠯᠭᠡᠭᠦᠷ 4983 ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ 350.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ ᠲᠣᠰ ᠲᠣᠰ 80.1% ᠪᠠ 27.4% ᠪᠠᠷ ᠨᠡᠮᠡᠭᠳᠡᠪᠡ︔ ᠲᠤᠰᠬᠠᠶ ᠳᠡᠯᠭᠡᠭᠦᠷ 19707 ᠪᠣᠯᠵᠣ᠂ ᠡᠵᠡᠩᠨᠡᠯᠲᠡ ᠶᠢᠨ ᠣᠷᠣᠯᠭ᠎ᠠ ᠶᠢ 792.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ ᠲᠣᠰ ᠲᠣᠰ 22.3% ᠪᠠ 58.8% ᠪᠠᠷ ᠨᠡᠮᠡᠭᠳᠡᠪᠡ᠃    ᠬᠡᠲᠦ ᠳᠡᠯᠭᠡᠭᠦᠷ᠂ ᠪᠦᠷᠢᠨ ᠪᠠᠷᠠᠭᠠᠲᠤ ᠳᠡᠯᠭᠡᠭᠦᠷ ᠢᠶᠠᠷ ᠲᠥᠯᠥᠭᠡᠯᠡᠭᠦᠯᠦᠭᠰᠡᠨ ᠤᠯᠠᠮᠵᠢᠯᠠᠯᠲᠤ ᠡᠵᠡᠩᠨᠡᠯᠲᠡ ᠶᠢᠨ ᠵᠠᠭᠪᠤᠷ ᠲᠣᠭᠲᠠᠭᠤᠨ ᠢᠶᠠᠷ ᠬᠥᠭᠵᠢᠵᠦ᠂ ᠬᠡᠲᠦ ᠳᠡᠯᠭᠡᠭᠦᠷ ᠤᠨ ᠡᠷᠦᠬᠡ ᠪᠦᠷᠢ ᠶᠢᠨ ᠳᠤᠮᠳᠠᠴᠢ ᠬᠡᠪᠴᠢᠶ᠎ᠡ ᠢᠯᠡᠳᠲᠡ ᠪᠤᠵᠠᠭᠠᠶᠢᠷᠠᠵᠤ᠂ ᠪᠦᠷᠢᠨ ᠪᠠᠷᠠᠭᠠᠲᠤ ᠳᠡᠯᠭᠡᠭᠦᠷ ᠨᠠᠩ ᠳᠥᠭᠦᠮ ᠳᠥᠲᠡ ᠪᠣᠯᠪᠠ᠃ 2023 ᠣᠨ ᠤ ᠡᠴᠦᠰ ᠲᠤ᠂ ᠪᠥᠬᠦ ᠣᠷᠣᠨ ᠤ ᠳᠡᠯᠭᠡᠭᠦᠷ ᠫᠦᠰᠡ ᠶᠢᠨ ᠵᠢᠵᠢᠭᠯᠡᠨ ᠬᠤᠳᠠᠯᠳᠤᠬᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ  ᠶᠢᠨ ᠳᠣᠲᠣᠷᠠᠬᠢ ᠬᠡᠲᠦ ᠳᠡᠯᠭᠡᠭᠦᠷ 1439 ᠪᠠᠶᠢᠵᠤ᠂ 2018 ᠣᠨ ᠤ ᠡᠴᠦᠰ ᠤᠨ ᠬᠢ ᠠᠴᠠ 16.9% ᠪᠠᠷ ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠶᠢ 145.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ 259.3% ᠪᠠᠷ ᠨᠡᠮᠡᠭᠳᠡᠪᠡ︔ ᠡᠷᠦᠬᠡ ᠳᠤᠮᠳᠠᠴᠢ ᠪᠠᠷ 1011.5 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ 2018 ᠣᠨ ᠤ ᠡᠴᠦᠰ ᠤᠨ 3.1 ᠳᠠᠬᠢᠨᠪᠣᠯᠪᠠ᠃ ᠪᠦᠷᠢᠨ ᠪᠠᠷᠠᠭᠠᠲᠤ ᠳᠡᠯᠭᠡᠭᠦᠷ 5661 ᠪᠣᠯᠵᠣ᠂ 2018 ᠣᠨ ᠤ ᠡᠴᠦᠰ ᠤᠨ ᠬᠢ ᠠᠴᠠ 14.5% ᠪᠠᠷ ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠶᠢ 121.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ 1.0% ᠢᠶᠠᠷ ᠨᠡᠮᠡᠭᠳᠡᠪᠡ︔ ᠡᠷᠦᠬᠡ ᠶᠢᠨ ᠳᠤᠮᠳᠠᠴᠢ ᠡᠵᠡᠩᠨᠡᠯᠲᠡ ᠶᠢᠨ ᠣᠷᠣᠯᠭ᠎ᠠ 215.0 ᠲᠦᠮᠡᠨ ᠲᠥᠭᠦᠷᠢᠭ ᠪᠠᠶᠢᠵᠤ᠂ 2018 ᠣᠨ ᠤ ᠡᠴᠦᠰ ᠤᠨ ᠬᠢ ᠠᠴᠠ 11.8% ᠪᠠᠷ ᠪᠠᠭᠤᠷᠠᠪᠠ᠃        ᠭᠤᠷᠪᠠ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠨᠢ ᠴᠢᠬᠤᠯᠠ ᠨᠡᠮᠡᠭᠳᠡᠯ ᠤᠨ ᠴᠡᠭ ᠪᠣᠯᠪᠠ᠃        ᠣᠶᠢᠷ᠎ᠠ ᠶᠢᠨ ᠵᠢᠯ ᠤᠳ ᠲᠤ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠴᠠᠭ ᠲᠤᠬᠠᠶ ᠳᠤᠨᠢ ᠵᠢᠵᠢᠭᠯᠡᠨ ᠬᠤᠳᠠᠯᠳᠤᠬᠤ ᠵᠡᠷᠭᠡ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠵᠠᠭᠪᠤᠷ ᠲᠠᠰᠤᠷᠠᠯᠲᠠ ᠥᠬᠡᠶ ᠥᠷᠭᠡᠳᠴᠦ᠂ ᠰᠦᠯᠵᠢᠶᠡᠨ ᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠨᠢᠭᠡᠨᠲᠡ ᠵᠢᠵᠢᠭᠯᠡᠨ ᠬᠤᠳᠠᠯᠳᠤᠬᠤ ᠦᠢᠯᠡᠰ ᠤᠨ ᠴᠢᠬᠤᠯᠠ ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃ 2023 ᠣᠨ ᠤ ᠡᠴᠦᠰ ᠲᠤ᠂ ᠪᠥᠬᠦ ᠣᠷᠣᠨ ᠤ ᠳᠡᠯᠭᠡᠭᠦᠷ ᠫᠦᠰᠡ ᠥᠬᠡᠶ ᠵᠢᠵᠢᠭᠯᠡᠨ ᠬᠤᠳᠠᠯᠳᠤᠬᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠳᠣᠲᠣᠷ᠎ᠠ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 1139 ᠪᠠᠶᠢᠵᠤ᠂ 2018 ᠣᠨ ᠤ ᠡᠴᠦᠰ ᠤᠨ ᠬᠢ ᠠᠴᠠ 40.3% ᠪᠠᠷ ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ 49.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2018 ᠣᠨ ᠤ ᠡᠴᠦᠰ ᠤᠨ ᠬᠢ ᠠᠴᠠ 141.2% ᠢᠶᠠᠷ ᠨᠡᠮᠡᠭᠳᠡᠨ᠂ ᠵᠢᠯ ᠳᠤᠮᠳᠠᠴᠢ ᠪᠠᠷ 19.3% ᠪᠠᠷ ᠨᠡᠮᠡᠭᠳᠡᠵᠦ᠂ ᠵᠢᠵᠢᠭᠯᠡᠨ ᠬᠤᠳᠠᠯᠳᠤᠬᠤ ᠦᠢᠯᠡᠰ ᠤᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ 14.2 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号