ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠲᠠᠰᠤᠷᠠᠯᠲᠠ ᠥᠬᠡᠶ | ᠭᠦᠨᠵᠡᠭᠡᠶᠢᠷᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ | ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠲᠠᠰᠤᠷᠠᠯᠲᠠ ᠥᠬᠡᠶ | ᠨᠡᠮᠡᠭᠳᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠤᠯᠠᠮ ᠪᠠᠳᠠᠷᠠᠪᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ︵ᠳᠣᠷᠣᠭᠰᠢ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠭᠡᠵᠦ | ᠲᠣᠪᠴᠢᠯᠠᠨ᠎ᠠ︶ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 2019-2023 ᠣᠨ ᠳᠤ᠂ ᠪᠥᠬᠦ ᠣᠷᠣᠨ ᠳᠤ | ᠰᠢᠨ᠎ᠡ ᠪᠠᠷ ᠪᠠᠶᠢᠭᠤᠯᠤᠭᠳᠠᠭᠰᠠᠨ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ | ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ 19.9 ᠲᠦᠮᠡ ᠪᠠᠶᠢᠵᠤ᠂ ᠲᠠᠪᠤᠳᠤᠭᠠᠷ | ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ 58. | 1% ᠶᠢ ᠡᠵᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ᠳᠥᠷᠪᠡᠳᠦᠭᠡᠷ ᠤᠳᠠᠭᠠᠨ ᠤ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠭᠡᠵᠦ ᠲᠣᠪᠴᠢᠯᠠᠨ᠎ᠠ︶ ᠠᠴᠠ 3.9 ᠲᠦᠮᠡ ᠨᠡᠮᠡᠭᠳᠡᠨ᠂ ᠡᠳᠦᠷ ᠪᠦᠷᠢ | ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠪᠠᠷᠤᠭ 109 ᠡᠷᠦᠬᠡ ᠪᠠᠶᠢᠵᠤ᠂ ᠪᠥᠬᠦ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠣᠯᠭᠤᠪᠠ᠃ ᠰᠢᠨ᠎ᠡ ᠪᠠᠷ | ᠪᠠᠶᠢᠭᠤᠯᠤᠭᠳᠠᠭᠰᠠᠨ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠬᠢᠯᠡᠵᠦ | ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠭᠤᠣᠯᠳᠠᠭᠤ ᠳᠣᠣᠷᠠᠬᠢ ᠳᠥᠷᠪᠡᠨ ᠶᠡᠭᠡ ᠣᠨᠴᠠᠯᠢᠭ ᠲᠠᠢ᠄ | ᠨᠢᠭᠡ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠭᠤᠷᠪᠠᠳᠤᠭᠠᠷ | ᠠᠵᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠨ᠎ᠠ᠃ | ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ ᠨᠠᠰᠢ᠂ ᠪᠥᠬᠦ ᠣᠷᠣᠨ ᠤ ᠰᠢᠨ᠎ᠡ ᠪᠠᠷ | ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠶᠡᠷᠦᠩᠬᠡᠶ ᠬᠡᠮᠵᠢᠶ᠎ᠡ ᠲᠠᠰᠤᠷᠠᠯᠲᠠ ᠥᠬᠡᠶ | ᠳᠡᠭᠡᠭᠰᠢᠯᠡᠪᠡ᠃ 2019 - 2023 ᠣᠨ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠳᠠᠭᠰᠠᠨ ᠠᠵᠤ | ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ ᠲᠣᠰ 3.0 ᠲᠦᠮᠡᠨ ᠡᠷᠦᠬᠡ᠂ 3.5 ᠲᠦᠮᠡᠨ ᠡᠷᠦᠬᠡ᠂ 4.1 | ᠲᠦᠮᠡᠨ ᠡᠷᠦᠬᠡ᠂ 4.4 ᠲᠦᠮᠡᠨ ᠡᠷᠦᠬᠡ᠂ 4.9 ᠲᠦᠮᠡᠨ ᠡᠷᠦᠬᠡ ᠪᠠᠶᠢᠵᠤ᠂ ᠵᠢᠯ ᠪᠦᠷᠢ ᠳᠤᠮᠳᠠᠴᠢ ᠪᠠᠷ 14. | 3% ᠨᠡᠮᠡᠭᠳᠡᠪᠡ᠃ | ᠭᠤᠷᠪᠠᠨ ᠠᠵᠤ ᠦᠢᠯᠡᠰ ᠠᠴᠠ ᠦᠵᠡᠪᠡᠯ᠂ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠭᠤᠣᠯᠳᠠᠭᠤ ᠭᠤᠷᠪᠠᠳᠤᠭᠠᠷ ᠠᠵᠤ ᠦᠢᠯᠡᠰ ᠲᠤ ᠲᠥᠪᠯᠡᠷᠡᠵᠦ᠂ ᠨᠡᠶᠢᠲᠡ 15.6 ᠲᠦᠮᠡᠨ | ᠡᠷᠦᠬᠡ ᠪᠠᠶᠢᠵᠤ᠂ ᠡᠵᠡᠯᠡᠬᠦ ᠬᠠᠷᠢᠴᠠᠯ ᠨᠢ 78.3% ᠪᠣᠯᠤᠨ᠎ᠠ︔ ᠬᠤᠶᠠᠳᠤᠭᠠᠷ ᠠᠵᠤ ᠦᠢᠯᠡᠰ 4.3 ᠲᠦᠮᠡᠨ | ᠡᠷᠦᠬᠡ ᠳᠤ ᠬᠦᠷᠴᠦ᠂ 21.7% ᠶᠢ ᠡᠵᠡᠯᠡᠪᠡ᠃ ᠰᠢᠨ᠎ᠡ ᠪᠠᠷ ᠪᠠᠶᠢᠭᠤᠯᠤᠭᠳᠠᠭᠰᠠᠨ ᠭᠤᠷᠪᠠᠳᠤᠭᠠᠷ ᠠᠵᠤ | ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠵᠢᠯ ᠳᠤᠮᠳᠠᠴᠢ ᠪᠠᠷ 14.7% ᠪᠠᠷ ᠨᠡᠮᠡᠭᠳᠡᠵᠦ᠂ | ᠬᠤᠶᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠡᠮᠡᠭᠳᠡᠯ ᠤᠨ ᠬᠤᠷᠳᠤᠴᠠ ᠠᠴᠠ | 2.0 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ | ᠬᠤᠶᠠᠷ᠂ ᠬᠥᠬᠡᠬᠤᠲᠠ ᠪᠤᠭᠤᠲᠤ ᠣᠷᠳᠣᠰ ᠭᠠᠵᠠᠷ ᠣᠷᠣᠨ ᠤ ᠲᠥᠪᠯᠡᠷᠡᠭᠰᠡᠨ ᠦᠢᠯᠡᠳᠦᠯ ᠢ ᠪᠠᠳᠠᠷᠠᠭᠤᠯᠵᠤ᠂ | ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠪᠥᠬᠦ ᠣᠷᠣᠨ ᠤ ᠲᠠᠪᠤᠨ ᠬᠤᠪᠢ ᠰᠢᠬᠠᠮ ᠢ ᠡᠵᠡᠯᠡᠪᠡ᠃ | ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠢ ᠲᠠᠲᠠᠬᠤ | ᠬᠦᠴᠦᠨ ᠨᠡᠯᠢᠶᠡᠳ ᠶᠡᠭᠡ ᠪᠠᠶᠢᠨ᠎ᠠ᠃ 2019 - 2023 ᠣᠨ ᠳᠤ᠂ ᠬᠥᠬᠡᠬᠤᠲᠠ᠂ ᠪᠤᠭᠤᠲᠤ ᠬᠤᠲᠠ ᠪᠠ | ᠣᠷᠳᠣᠰ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ | ᠨᠡᠯᠢᠶᠡᠳ ᠣᠯᠠᠨ ᠪᠠᠶᠢᠵᠤ᠂ ᠲᠣᠰ ᠲᠣᠰ 4.2 ᠲᠦᠮᠡᠨ ᠡᠷᠦᠬᠡ᠂ 2.8 ᠲᠦᠮᠡᠨ ᠡᠷᠦᠬᠡ ᠪᠠ 2.7 ᠲᠦᠮᠡᠨ | ᠡᠷᠦᠬᠡ ᠪᠠᠶᠢᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ | ᠲᠤᠭ᠎ᠠ ᠳᠤ ᠡᠵᠡᠯᠡᠬᠦ ᠬᠤᠪᠢ ᠶᠢᠨ ᠵᠢᠩ ᠨᠢ ᠴᠥᠮ 10% ᠠᠴᠠ ᠳᠡᠭᠡᠭᠰᠢ ᠪᠠᠶᠢᠵᠤ᠂ ᠨᠡᠶᠢᠲᠡ 49.1% ᠶᠢ | ᠡᠵᠡᠯᠡᠵᠦ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ 6.5 ᠵᠠᠭᠤᠨ ᠤ | ᠬᠤᠪᠢ ᠶᠢᠨ ᠴᠡᠭ ᠳᠡᠭᠡᠭᠰᠢᠯᠡᠪᠡ︔ ᠬᠢᠩᠭᠠᠨ ᠠᠶᠢᠮᠠᠭ᠂ ᠦᠬᠠᠶ ᠬᠤᠲᠠ᠂ ᠠᠯᠠᠱᠠ ᠠᠶᠢᠮᠠᠭ ᠤᠨ ᠰᠢᠨ᠎ᠡ ᠪᠠᠷ | ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠨᠡᠯᠢᠶᠡᠳ ᠴᠥᠭᠡᠨ ᠪᠠᠶᠢᠵᠤ᠂ ᠴᠥᠮ 1 | ᠲᠦᠮᠡᠨ ᠡᠷᠦᠬᠡ ᠠᠴᠠ ᠳᠣᠷᠣᠭᠰᠢ ᠪᠠᠶᠢᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠲᠤᠭ᠎ᠠ ᠳᠤ ᠡᠵᠡᠯᠡᠬᠦ ᠬᠤᠪᠢ ᠶᠢᠨ ᠵᠢᠩ ᠨᠢ ᠨᠡᠶᠢᠲᠡ 8.6% ᠪᠠᠶᠢᠵᠤ᠂ ᠳᠥᠷᠪᠡᠳᠦᠭᠡᠷ | ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ 0.7 ᠵᠠᠭᠤᠨ ᠤ ᠬᠤᠪᠢ ᠶᠢᠨ ᠴᠡᠭ ᠪᠠᠭᠤᠷᠠᠪᠠ᠃ | ᠭᠤᠷᠪᠠ᠂ ᠠᠵᠢᠯ ᠲᠥᠷᠥᠯ ᠤᠨ ᠣᠨᠴᠠᠯᠢᠭ ᠢᠶᠠᠷ ᠢᠯᠡᠷᠬᠡᠶ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠯᠡᠬᠦ ᠬᠠᠷᠢᠴᠠᠯ ᠲᠡᠷᠢᠭᠦᠨ | ᠪᠠᠶᠢᠷᠢᠨ ᠳᠤ ᠪᠠᠶᠢᠨ᠎ᠠ᠃ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠭᠤᠣᠯᠳᠠᠭᠤ ᠤᠯᠠᠮᠵᠢᠯᠠᠯᠲᠤ ᠠᠵᠢᠯ ᠲᠥᠷᠥᠯ ᠳᠤ ᠲᠥᠪᠯᠡᠷᠡᠵᠦ ᠪᠠᠶᠢᠨ᠎ᠠ᠃ 2019 - 2023 ᠣᠨ | ᠳᠤ᠂ ᠰᠢᠨ᠎ᠡ ᠪᠠᠷ ᠪᠠᠶᠢᠭᠤᠯᠤᠭᠰᠠᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ | ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ ᠲᠣᠰ 6.7 ᠲᠦᠮᠡᠨ ᠡᠷᠦᠬᠡ᠂ 3.1 ᠲᠦᠮᠡᠨ ᠡᠷᠦᠬᠡ ᠪᠠ 3. | 0 ᠲᠦᠮᠡᠨ ᠡᠷᠦᠬᠡ ᠪᠠᠶᠢᠵᠤ᠂ ᠲᠣᠰ ᠲᠣᠰ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠲᠤᠭ᠎ᠠ ᠶᠢᠨ 33.6%᠂ 15.5% ᠪᠠ 14.9% ᠶᠢ ᠡᠵᠡᠯᠡᠪᠡ᠃ ᠠᠭᠤᠷᠬᠠᠶ | ᠮᠠᠯᠲᠠᠬᠤ ᠦᠢᠯᠡᠰ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠮᠥᠩᠭᠦᠨ | ᠭᠦᠢᠯᠭᠡᠭᠡᠨ ᠤ ᠦᠢᠯᠡᠰ ᠵᠡᠷᠭᠡ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ | ᠬᠡᠳᠦ ᠴᠥᠭᠡᠨ ᠪᠠᠶᠢᠵᠤ᠂ ᠨᠡᠶᠢᠲᠡ 0.2 ᠲᠦᠮᠡᠨ ᠡᠷᠦᠬᠡ ᠪᠠᠶᠢᠵᠤ᠂ ᠡᠵᠡᠯᠡᠬᠦ ᠬᠠᠷᠢᠴᠠᠯ ᠨᠢ 0.9% ᠪᠣᠯᠤᠨ᠎ᠠ᠃ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ | ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ | ᠬᠥᠮᠦᠨ ᠤ ᠲᠤᠭ᠎ᠠ ᠨᠡᠯᠢᠶᠡᠳ ᠲᠦᠷᠭᠡᠨ ᠨᠡᠮᠡᠭᠳᠡᠵᠦ᠂ ᠵᠢᠯ ᠳᠤᠮᠳᠠᠴᠢ ᠪᠠᠷ ᠲᠣᠰ ᠲᠣᠰ 26.9%᠂ 25.6% | ᠪᠠ 23.4% ᠨᠡᠮᠡᠭᠳᠡᠪᠡ᠃ ᠠᠭᠤᠷᠬᠠᠶ ᠮᠠᠯᠲᠠᠬᠤ ᠦᠢᠯᠡᠰ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ | ᠮᠥᠩᠭᠦᠨ ᠭᠦᠢᠯᠭᠡᠭᠡᠨ ᠤ ᠦᠢᠯᠡᠰ ᠤᠨ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ | ᠲᠤᠭ᠎ᠠ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠡᠯᠢᠶᠡᠳ ᠤᠳᠠᠭᠠᠨ ᠪᠠᠶᠢᠵᠤ᠂ ᠵᠢᠯ ᠪᠦᠷᠢ ᠳᠤᠮᠳᠠᠴᠢ ᠪᠠᠷ ᠲᠣᠰ | ᠲᠣᠰ 3.0%᠂ 1.7% ᠪᠠᠷ ᠨᠡᠮᠡᠭᠳᠡᠭᠰᠡᠨ ᠪᠠ 0.6% ᠪᠠᠷ ᠪᠠᠭᠤᠷᠠᠪᠠ᠃ | ᠳᠥᠷᠪᠡ᠂ ᠬᠤᠪᠢ ᠡᠵᠡᠮᠳᠡᠭᠰᠡᠨ ᠲᠥᠷᠥᠯ ᠬᠡᠯᠪᠡᠷᠢ ᠲᠥᠪᠯᠡᠷᠡᠵᠦ᠂ ᠬᠤᠪᠢ ᠬᠥᠮᠦᠨ ᠤ ᠬᠤᠪᠢ ᠡᠵᠡᠮᠳᠡᠭᠰᠡᠨ | ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠡᠮᠡᠭᠳᠡᠯ ᠤᠨ ᠬᠤᠷᠳᠤᠴᠠ ᠲᠡᠷᠢᠭᠦᠯᠡᠪᠡ᠃ ᠬᠤᠪᠢ ᠬᠥᠮᠦᠨ ᠤ | ᠬᠤᠪᠢ ᠡᠵᠡᠮᠳᠡᠭᠰᠡᠨ ᠠᠵᠤ ᠠᠬᠤᠶᠢᠯᠠᠯ ᠤᠨ ᠴᠡᠴᠡᠭᠯᠡᠯ ᠬᠥᠭᠵᠢᠯ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠦᠷᠭᠦᠯᠵᠢᠯᠡᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠰᠢᠨ᠎ᠡ ᠪᠠᠷ ᠪᠠᠶᠢᠭᠤᠯᠤᠭᠳᠠᠭᠰᠠᠨ ᠬᠤᠪᠢ | ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠦᠳᠲᠡᠷ ᠲᠦᠷᠭᠡᠨ ᠬᠥᠭᠵᠢᠵᠦ᠂ ᠲᠤᠭ᠎ᠠ ᠬᠡᠮᠵᠢᠶᠡᠨ ᠤ ᠡᠵᠡᠯᠡᠬᠦ | ᠬᠠᠷᠢᠴᠠᠯ ᠨᠢ 98.8% ᠳᠤ ᠬᠦᠷᠴᠡᠶ᠃ 2019-2023 ᠣᠨ ᠳᠤ᠂ ᠪᠥᠬᠦ ᠣᠷᠣᠨ ᠤ ᠰᠢᠨ᠎ᠡ ᠪᠠᠷ | ᠪᠠᠶᠢᠭᠤᠯᠤᠭᠳᠠᠭᠰᠠᠨ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ | ᠲᠣᠰ 3.0 ᠲᠦᠮᠡᠨ ᠡᠷᠦᠬᠡ᠂ 3.4 ᠲᠦᠮᠡᠨ ᠡᠷᠦᠬᠡ᠂ 4.1 ᠲᠦᠮᠡᠨ ᠡᠷᠦᠬᠡ᠂ 4.3 ᠲᠦᠮᠡᠨ ᠡᠷᠦᠬᠡ᠂ 4.9 | ᠲᠦᠮᠡᠨ ᠡᠷᠦᠬᠡ ᠪᠠᠶᠢᠵᠤ᠂ ᠨᠡᠶᠢᠲᠡ 19.7 ᠲᠦᠮᠡᠨ ᠡᠷᠦᠬᠡ ᠪᠣᠯᠵᠣ᠂ ᠵᠢᠯ ᠳᠤᠮᠳᠠᠴᠢ ᠪᠠᠷ 14.5% ᠪᠠᠷ | ᠨᠡᠮᠡᠭᠳᠡᠨ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ | ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ | ᠰᠢᠨ᠎ᠡ ᠪᠠᠷ ᠪᠠᠶᠢᠭᠤᠯᠤᠭᠰᠠᠨ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠤ ᠣᠨᠴᠠᠯᠢᠭ ᠨᠢ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ | ᠣᠨᠴᠠᠯᠢᠭ ᠯᠤᠭ᠎ᠠ ᠦᠨᠳᠦᠰᠦᠨ ᠳᠡᠭᠡᠨ ᠨᠢᠭᠡᠳᠦᠯᠲᠡᠶ ᠪᠠᠶᠢᠵᠤ᠂ ᠭᠤᠤᠯᠳᠠᠭᠤ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ ᠦᠢᠯᠡᠰ᠂ ᠪᠠᠷᠢᠯᠭ᠎ᠠ ᠶᠢᠨ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠳᠤ ᠲᠥᠪᠯᠡᠷᠡᠵᠦ᠂ ᠭᠤᠤᠯᠳᠠᠭᠤ ᠬᠥᠬᠡᠬᠤᠲᠠ᠂ ᠪᠤᠭᠤᠲᠤ | ᠬᠤᠲᠠ ᠪᠣᠯᠤᠨ ᠣᠷᠳᠣᠰ ᠬᠤᠲᠠ ᠳᠤ ᠲᠠᠷᠬᠠᠵᠤ ᠪᠣᠶ᠃ | |