ᠪᠤᠭᠤᠲᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠲᠠ ᠶᠢᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠬᠢᠨᠠᠨ ᠰᠢᠯᠭᠠᠵᠤ ᠰᠢᠯᠭᠠᠨ ᠠᠪᠬᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/3/7
    ᠪᠥᠬᠦ ᠬᠤᠲᠠ ᠶᠢᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠤᠯᠠᠮ ᠳᠡᠭᠡᠭᠰᠢᠯᠡᠭᠦᠯᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭᠠᠷᠠᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 4 ᠤ ᠡᠳᠦᠷ᠂ ᠪᠤᠭᠤᠲᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠲᠠ ᠶᠢᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠥᠨᠳᠥᠷ ᠪᠦᠲᠦᠮᠵᠢᠲᠡᠶ᠂ ᠵᠥᠪ ᠣᠨᠣᠪᠴᠢᠲᠠᠶ ᠪᠠᠷ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠢ ᠥᠷᠨᠢᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠪᠠ᠃    ᠪᠣᠯᠪᠠᠰᠤᠷᠠᠯ ᠤᠨ ᠠᠩᠭᠢ ᠨᠢ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠵᠤᠷᠭᠠᠨ ᠤ ᠨᠡᠶᠢᠲᠡᠯᠡᠭᠰᠡᠨ ︽2024 ᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮᠵᠢᠯᠠᠵᠤ᠂ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠤᠨ ᠶᠡᠷᠦᠩᠬᠡᠶ ᠬᠠᠷᠠᠯᠲᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠪᠠ᠃ ᠡᠭᠦᠨ ᠤ ᠬᠠᠮᠲᠤ᠂ ᠪᠤᠭᠤᠲᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠪᠠᠶᠢᠴᠠᠭᠠᠨ ᠯᠠᠪᠯᠠᠬᠤ᠂ ᠬᠤᠷᠢᠶᠠᠩᠭᠤᠶᠢᠯᠠᠨ ᠦᠨᠡᠯᠡᠨ ᠵᠢᠱᠢᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠨᠠᠷᠢᠨ ᠪᠠᠶᠢᠷᠢᠯᠠᠭᠤᠯᠤᠯᠲᠠ ᠪᠠ ᠲᠠᠶᠢᠯᠤᠮᠵᠢ ᠬᠢᠪᠠ᠃    ᠪᠣᠯᠪᠠᠰᠤᠷᠠᠯ ᠤᠨ ᠠᠩᠭᠢ ᠨᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠠᠪᠤᠴᠠ ᠪᠠ ᠠᠩᠬᠠᠷᠬᠤ ᠵᠦᠢᠯᠡᠰ ᠢ ᠭᠤᠤᠯᠳᠠᠯᠭ᠎ᠠ ᠲᠠᠢ ᠲᠠᠨᠢᠯᠴᠠᠭᠤᠯᠪᠠ᠂ ᠡᠭᠦᠨ ᠳᠤ ᠬᠡᠪ ᠤᠨ ᠪᠤᠰᠤ ᠲᠤᠭ᠎ᠠ ᠪᠠᠷᠢᠮᠲᠠ ᠶᠢ ᠢᠯᠭᠠᠨ ᠲᠠᠨᠢᠬᠤ᠂ ᠲᠤᠭ᠎ᠠ ᠪᠠᠷᠢᠮᠲᠠ ᠶᠢ ᠬᠠᠷᠢᠴᠠᠭᠤᠯᠬᠤ ᠪᠠ ᠵᠠᠳᠠᠯᠬᠤ ᠵᠡᠷᠭᠡ ᠶᠢ ᠪᠠᠭᠲᠠᠭᠠᠨ᠎ᠠ᠃ ᠪᠣᠳᠠᠲᠤ ᠵᠢᠱᠢᠶ᠎ᠡ ᠶᠢ ᠵᠠᠳᠠᠯᠬᠤ ᠪᠠ ᠠᠬᠤᠶ ᠲᠠᠯᠠᠪᠠᠶ ᠶᠢᠨ ᠦᠵᠡᠭᠦᠯᠭᠡ ᠪᠠᠷ ᠳᠠᠮᠵᠢᠭᠤᠯᠤᠨ᠂ ᠬᠤᠰᠢᠭᠤ ᠰᠢᠶᠠᠨ ᠲᠣᠭᠤᠷᠢᠭ ᠤᠨ ᠲᠤᠬᠠᠶᠢᠯᠠᠭᠰᠠᠨ ᠠᠵᠢᠯ ᠤᠨ ᠠᠵᠢᠯᠲᠠᠳ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠤᠨ ᠪᠣᠳᠠᠲᠠᠶ ᠬᠢᠬᠦ ᠠᠯᠬᠤᠮ ᠳᠠᠷᠠᠭ᠎ᠠ ᠶᠢ ᠭᠦᠨᠵᠡᠭᠡᠶ ᠣᠶᠢᠯᠠᠭᠠᠬᠤ ᠶᠢᠨ ᠬᠠᠮᠲᠤ ᠬᠤᠰᠢᠭᠤ ᠰᠢᠶᠠᠨ ᠲᠣᠭᠤᠷᠢᠭ ᠢ ᠬᠢᠨᠠᠨ ᠬᠠᠷᠭᠤᠭᠤᠯᠵᠤ ᠰᠢᠯᠭᠠᠨ ᠠᠪᠬᠤ ᠪᠠᠷᠢᠮᠵᠢᠶ᠎ᠠ ᠶᠣᠰᠣᠭᠠᠷ ᠬᠠᠮᠢᠶ᠎ᠠ ᠪᠥᠬᠦᠶ ᠠᠵᠢᠯ ᠢᠶᠠᠨ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃    ᠪᠣᠯᠪᠠᠰᠤᠷᠠᠯ ᠢᠶᠠᠷ ᠳᠡᠮᠵᠢᠨ᠂ ᠬᠤᠰᠢᠭᠤ ᠰᠢᠶᠠᠨ ᠲᠣᠭᠤᠷᠢᠭ ᠤᠨ ᠲᠤᠬᠠᠶᠢᠯᠠᠭᠰᠠᠨ ᠠᠵᠢᠯ ᠤᠨ ᠠᠵᠢᠯᠲᠠᠳ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠤᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠬᠡᠷᠡᠭᠯᠡᠭᠡᠨ ᠤ ᠬᠢᠨᠠᠨ ᠬᠠᠷᠭᠤᠭᠤᠯᠬᠤ ᠠᠷᠭ᠎ᠠ ᠶᠢ ᠡᠵᠡᠮᠰᠢᠵᠦ᠂ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠨᠠᠨ ᠬᠠᠷᠭᠤᠭᠤᠯᠬᠤ ᠲᠦᠪᠰᠢᠨ ᠢ ᠤᠯᠠᠮᠳᠡᠭᠡᠭᠰᠢᠯᠡᠭᠦᠯᠪᠡ᠃    ᠡᠯ᠎ᠡ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ ᠪᠠᠶᠢᠭ᠎ᠠ ᠲᠤᠬᠠᠶᠢᠯᠠᠭᠰᠠᠨ ᠠᠵᠢᠯ ᠤᠨ ᠠᠵᠢᠯᠲᠠᠨ᠂ ᠬᠤᠲᠠ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠬᠢᠭᠡᠳ ᠲᠠᠷᠢᠶᠠᠯᠠᠬᠤ ᠮᠠᠯᠵᠢᠬᠤ ᠣᠷᠣᠨ ᠤ ᠲᠤᠭ᠎ᠠ ᠪᠦᠷᠢᠳᠬᠡᠯ ᠤᠨ ᠰᠠᠯᠠᠭᠠᠨ ᠤ ᠪᠦᠬᠦ ᠠᠵᠢᠯᠲᠠᠨ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ᠪᠤᠭᠤᠲᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号