ᠬᠠᠤᠯᠢ ᠪᠠᠷ ᠵᠠᠰᠠᠬᠤ ᠬᠦᠴᠦᠨ ᠢᠶᠠᠷ ᠲᠤᠭ᠎ᠠ ᠪᠦᠷᠢᠳᠬᠡᠯ ᠤᠨ ᠰᠠᠭᠤᠷᠢ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2025/3/7
   ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠪᠣᠯ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠵᠥᠪ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠪᠠᠶᠢᠬᠤ ᠶᠢ ᠪᠠᠲᠤᠯᠠᠬᠤ ᠵᠠᠩᠭᠢᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠮᠥᠨ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠠᠰᠤᠷᠠᠯᠲᠠ ᠥᠬᠡᠶ ᠰᠦᠪᠡᠭᠴᠢᠯᠡᠨ ᠰᠢᠨ᠎ᠡ ᠶᠢ ᠡᠭᠦᠳᠴᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ᠃    ᠨᠢᠭᠡ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃     ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ︽ᠠᠷᠭ᠎ᠠ︾᠂ ︽ᠲᠣᠭᠲᠠᠭᠠᠯ︾᠂ ︽ᠬᠢᠨᠠᠯᠲᠠ ᠲᠠᠯᠪᠢᠬᠤ ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠬᠤ ᠪᠠᠷ ᠳᠠᠮᠵᠢᠨ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ᠲᠤᠭ᠎ᠠ ᠪᠦᠷᠢᠳᠬᠡᠯ ᠤᠨ ᠬᠠᠤᠯᠢ ᠶᠢ ᠨᠠᠮ ᠤᠨ ᠰᠤᠷᠭᠠᠭᠤᠯᠢ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠤᠳᠤᠷᠢᠳᠬᠤ ᠺᠠᠳ᠋ᠷ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠬᠢᠬᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠢ ᠵᠠᠰᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃    ᠬᠤᠶᠠᠷ᠂ ᠤᠬᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠢ ᠪᠤᠯᠭᠠᠪᠠ᠃     ᠵᠢᠯ ᠪᠦᠷᠢ ︽ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾᠂ ︽12 . 8 ᠲᠤᠭ᠎ᠠ ᠪᠦᠷᠢᠳᠬᠡᠯ ᠤᠨ ᠬᠠᠤᠯᠢ ᠶᠢ ᠨᠡᠶᠢᠲᠡᠯᠡᠬᠦ ᠡᠳᠦᠷ︾ ᠵᠡᠷᠭᠡ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠤ ᠣᠯᠠᠨ ᠶᠠᠩᠵᠤ ᠬᠡᠯᠪᠡᠷᠢ ᠶᠢᠨ ᠲᠤᠬᠠᠶ ᠶᠢᠨ ᠲᠠᠯᠠᠪᠠᠶ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠯᠪᠠᠨᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠮᠡᠳᠡᠭᠡ ᠵᠠᠩᠭᠢ᠂ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾᠂ ︽ᠵᠢᠷᠤᠭ ᠢᠶᠠᠷ ᠬᠠᠤᠯᠢ ᠶᠢ ᠲᠠᠶᠢᠯᠪᠤᠷᠢᠯᠠᠬᠤ︾ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠵᠦ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠪᠠ ᠨᠡᠶᠢᠭᠡᠮ ᠤᠨ ᠣᠯᠠᠨ ᠨᠡᠶᠢᠲᠡ ᠳᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠳᠡᠭᠡᠭᠰᠢᠯᠡᠬᠦᠯᠪᠡ᠃    ᠭᠤᠷᠪᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠳᠠᠯᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠠᠭᠠᠯᠠᠪᠠ᠃     ᠬᠠᠤᠯᠢ ᠬᠡᠷᠡᠭᠵᠢᠭᠦᠯᠬᠦ ᠭᠤᠣᠯᠯᠠᠬᠤ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠣᠯᠤᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠬᠦᠯᠪᠡ᠃ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠦᠭᠡᠶ ᠣᠪᠣᠷ ᠢ ᠪᠠᠷᠢᠮᠲᠠᠯᠠᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠨᠡᠪᠲᠡᠷᠡᠭᠦᠯᠦᠨ ᠣᠯᠠᠨ ᠳᠤ ᠢᠯᠡ ᠦᠵᠡᠬᠦᠯᠪᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠠᠵᠢᠯ ᠤᠨ ᠨᠡᠶᠢᠯᠡᠮᠡᠯ ᠬᠦᠴᠦᠨ ᠢ ᠪᠣᠶ ᠪᠤᠯᠭᠠᠪᠠ᠃    ᠳᠥᠷᠪᠡ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠢᠰᠲ᠋ᠧᠮᠵᠢ ᠶᠢ ᠲᠡᠭᠦᠯᠳᠡᠷᠵᠢᠬᠦᠯᠪᠡ᠃     ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠢᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭᠠᠲᠤ ᠭᠤᠤᠯ ᠴᠣᠭᠴᠠ ᠶᠢ ᠲᠤᠳᠤᠷᠬᠠᠶᠢᠯᠠᠪᠠ︔ ᠲᠤᠭ᠎ᠠ ᠪᠦᠷᠢᠳᠬᠡᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠬᠥᠬᠢᠭᠦᠯᠦᠨ ᠵᠣᠷᠢᠭᠵᠢᠭᠤᠯᠵᠤ᠂ ᠲᠤᠭ᠎ᠠ ᠪᠦᠷᠢᠳᠬᠡᠯ ᠤᠨ ᠲᠠᠯ᠎ᠠ ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠪᠠ︔ ᠲᠤᠭ᠎ᠠ ᠪᠦᠷᠢᠳᠬᠡᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠠᠮᠢᠶᠠᠷᠬᠤ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠠᠵᠢᠯ ᠤᠨ ᠵᠢᠷᠤᠮᠯᠠᠬᠤ ᠠᠴᠠ ᠳᠦᠷᠢᠮ ᠲᠠᠢ᠂ ᠦᠨᠳᠦᠰᠦᠯᠡᠬᠦ ᠠᠴᠠ ᠦᠨᠳᠦᠰᠦᠯᠡᠯ ᠲᠠᠢ ᠪᠠᠶᠢᠬᠤ ᠶᠢ ᠦᠨᠡᠨᠬᠦ ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠪᠠᠲᠤ ᠰᠠᠬᠢᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠮᠡᠳᠡᠭᠦᠯᠦᠯᠲᠡ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠪᠠᠲᠤ ᠪᠠᠬᠢ ᠨᠠᠶᠢᠳᠠᠪᠤᠷᠢᠲᠠᠶ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号