︽3.8︾ ᠤ ᠡᠮᠡᠭᠲᠡᠶᠢᠴᠦᠳ ᠤᠨ ᠪᠠᠶᠠᠷ ᠤᠨ ᠣᠨᠴᠠᠭᠠᠶ ᠠᠵᠢᠯᠯᠠᠭ᠎ᠠ ᠪᠠᠷ ᠬᠠᠶᠢᠷ᠎ᠠ ᠬᠠᠯᠠᠮᠵᠢ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2025/3/7
    ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠡᠮᠡᠭᠲᠡᠢ ᠠᠵᠢᠯᠲᠠᠳ ᠲᠤ ᠬᠠᠯᠠᠮᠵᠢᠯᠠᠯ ᠪᠠ ᠲᠠᠯᠠᠷᠬᠠᠯ ᠢᠶᠠᠨ ᠢᠯᠡᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠡᠮᠡᠭᠲᠡᠶᠢᠴᠦᠳ ᠤᠨ ᠵᠥᠪᠯᠡᠯ 3 ᠰᠠᠷ᠎ᠠ ᠶᠢᠨ 7 ᠤ ᠦᠳᠡ ᠶᠢᠨ ᠬᠤᠶᠢᠨ᠎ᠠ ︽ᠰᠤᠷᠭᠤᠭ ᠴᠡᠴᠡᠭ ᠬᠦᠷᠭᠡᠬᠦ︾ ᠭᠤᠣᠯ ᠰᠡᠳᠦᠪᠲᠦ ᠠᠵᠢᠯᠯᠠᠭ᠎ᠠ ᠶᠢ ᠨᠢᠮᠪᠠᠢ ᠵᠣᠬᠢᠶᠠᠨ ᠪᠠᠶᠢᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠨᠢᠭᠡᠴᠡ ᠶᠢᠨ ᠡᠮᠡᠭᠲᠡᠶ ᠠᠵᠢᠯᠲᠠᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠳᠠᠮᠵᠢᠭᠤᠯᠪᠠ᠃
自治区统计局开展“三八”妇女节特别活动传递温暖与关爱1.png
    ᠠᠵᠢᠯᠯᠠᠭ᠎ᠠ ᠶᠢᠨ ᠲᠤᠬᠠᠶ ᠶᠢᠨ ᠡᠳᠦᠷ᠂ ᠲᠣᠪᠴᠢᠶ᠎ᠠ ᠶᠢᠨ ᠡᠯ᠎ᠡ ᠭᠠᠵᠠᠷ ᠲᠠᠰᠤᠭ ᠠᠴᠠ ᠡᠷᠡᠭᠲᠡᠶ ᠠᠵᠢᠯᠳᠠᠨ ᠤ ᠲᠦᠯᠦᠭᠡᠯᠡᠭᠴᠢ ᠶᠢ ᠰᠣᠩᠭᠤᠨ ᠲᠣᠮᠢᠯᠠᠵᠤ᠂ ᠲᠠᠳᠠ ᠭᠠᠷ ᠲᠠᠭᠠᠨ ᠰᠣᠷᠭᠤᠭ ᠴᠡᠴᠡᠭ ᠪᠠᠷᠢᠵᠤ᠂ ᠡᠯ᠎ᠡ ᠠᠵᠢᠯᠯᠠᠬᠤ ᠭᠠᠵᠠᠷ ᠢᠶᠠᠷ ᠬᠦᠷᠴᠦ᠂ ᠡᠮᠡᠭᠲᠡᠶ ᠬᠠᠮᠲᠤ ᠠᠵᠢᠯᠯᠠᠭᠴᠢ ᠨᠢᠭᠡᠪᠦᠷᠢ ᠳᠤ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠢ ᠬᠦᠷᠭᠡᠪᠡ᠃ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠡᠮᠡᠭᠲᠡᠢ ᠠᠵᠢᠯᠲᠠᠳ ᠶᠠᠭᠠᠷᠠᠯᠲᠠᠢ ᠠᠵᠢᠯ ᠤᠨ ᠳᠤᠮᠳᠠ ᠪᠠᠨ ᠡᠨᠡᠬᠦ ᠰᠠᠨᠠᠭᠠᠨ ᠳᠤ ᠦᠭᠡᠢ ᠪᠡᠯᠡᠭ ᠢ ᠲᠤᠰᠤᠭᠰᠠᠨ ᠳᠠᠭᠠᠨ ᠴᠢᠷᠠᠢ ᠳᠤᠨᠢ ᠵᠣᠯ ᠵᠢᠷᠭᠠᠯᠲᠤ ᠢᠨᠢᠶᠡᠮᠰᠦᠭᠯᠡᠯ ᠲᠤᠳᠤᠷᠠᠵᠤ ᠪᠠᠶᠢᠯ᠎ᠠ᠃    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠡᠮᠡᠭᠲᠡᠶ ᠠᠵᠢᠯᠲᠠᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠭᠡ ᠳᠠᠭᠤᠨ ᠦᠭᠡᠶ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠵᠠᠳᠠᠯᠬᠤ ᠪᠠ ᠮᠡᠳᠡᠭᠦᠯᠬᠦ ᠵᠡᠷᠭᠡ ᠠᠵᠢᠯ ᠤᠨ ᠳᠤᠮᠳᠠ ᠳᠤᠲᠠᠭᠳᠠᠵᠤ ᠪᠣᠯᠤᠰᠢ ᠦᠭᠡᠶ ᠦᠢᠯᠡᠳᠦᠯ ᠢᠶᠠᠨ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠳᠤ ︽ᠲᠥᠷᠥ ᠶᠢᠨ ᠬᠠᠭᠠᠰ ᠲᠤᠯᠭᠠᠭᠤᠷᠢ︾ ᠶᠢᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠮᠡᠭᠲᠡᠶ ᠠᠵᠢᠯᠳᠠᠳ ᠤᠨ ᠬᠠᠷᠢᠶᠠᠯᠠᠭᠳᠠᠬᠤ ᠰᠡᠳᠬᠢᠯᠭᠡ ᠪᠣᠯᠤᠨ ᠨᠢᠭᠲᠠᠷᠠᠯ ᠤᠨ ᠬᠦᠴᠦᠨ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠶ᠂ ᠲᠡᠳᠡᠨ ᠢ ᠵᠣᠷᠢᠭᠵᠢᠭᠤᠯᠤᠨ ᠢᠷᠡᠭᠡᠳᠦᠶ ᠶᠢᠨ ᠠᠵᠢᠯ ᠤᠨ ᠳᠤᠮᠳᠠ ᠦᠷᠭᠦᠯᠵᠢᠯᠡᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠲᠤᠭ᠎ᠠ ᠪᠦᠷᠢᠳᠬᠡᠯ ᠤᠨ ᠦᠢᠯᠡᠰ ᠲᠤ ᠬᠦᠴᠦ ᠨᠡᠮᠡᠷᠢᠯᠡᠭᠦᠯᠬᠦ ᠪᠣᠯᠤᠨ᠎ᠠ᠃
自治区统计局开展“三八”妇女节特别活动传递温暖与关爱2.png
    ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠡᠮᠡᠭᠲᠡᠶ ᠠᠵᠢᠯᠲᠠᠳ ᠤᠨ ᠠᠵᠢᠯ ᠠᠮᠢᠳᠤᠷᠠᠯ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠨᠠᠩ ᠣᠯᠠᠨ ᠪᠠᠶᠠᠯᠢᠭ ᠰᠠᠶᠢᠬᠠᠨ ᠠᠵᠢᠯᠯᠠᠭ᠎ᠠ ᠡᠷᠭᠢᠯᠡᠵᠦ᠂ ᠥᠷᠭᠡᠨ ᠣᠯᠠᠨ ᠡᠮᠡᠭᠲᠡᠶ ᠠᠵᠢᠯᠲᠠᠳ ᠲᠤ ᠨᠠᠩ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠪᠠ ᠬᠥᠭᠵᠢᠯᠲᠡ ᠶᠢᠨ ᠣᠷᠣᠨ ᠵᠠᠶ ᠬᠠᠩᠭᠠᠵᠤ᠂ ᠠᠵᠢᠯ ᠤᠨ ᠲᠠᠯ᠎ᠠ ᠪᠠᠷ ᠲᠡᠳᠡᠨ ᠳᠤ ᠭᠦᠢᠴᠡᠳ ᠳᠡᠮᠵᠢᠯᠭᠡ ᠪᠠ ᠪᠠᠲᠤᠯᠠᠭ᠎ᠠ ᠬᠠᠩᠭᠠᠵᠤ᠂ ᠲᠡᠳᠡᠨ ᠤ ᠲᠤᠰᠬᠠᠶ ᠮᠡᠷᠭᠡᠵᠢᠯ ᠤᠨ ᠴᠢᠳᠠᠪᠤᠷᠢ ᠳᠠᠭᠠᠨ ᠲᠦᠰᠢᠭᠯᠡᠨ ᠲᠤᠭ᠎ᠠ ᠪᠦᠷᠢᠳᠭᠡᠯ ᠤᠨ ᠠᠵᠢᠯ ᠢ ᠰᠠᠶᠢᠳᠤᠷ ᠬᠢᠬᠦ ᠳᠤ ᠬᠦᠴᠦᠨ ᠨᠡᠮᠡᠷᠢᠯᠡᠬᠦ ᠪᠠᠷ ᠪᠠᠷᠠᠬᠤ ᠥᠬᠡᠶ᠂ ᠠᠮᠢᠳᠤᠷᠠᠯ ᠤᠨ ᠲᠠᠯ᠎ᠠ ᠪᠠᠷ ᠬᠠᠶᠢᠷ᠎ᠠ ᠬᠠᠯᠠᠮᠵᠢ ᠬᠦᠷᠲᠡᠭᠡᠵᠦ᠂ ᠵᠣᠯ ᠵᠢᠷᠭᠠᠯ ᠪᠠ ᠰᠠᠶᠢᠨ ᠰᠠᠶᠢᠬᠠᠨ ᠢ ᠳᠦᠭᠦᠷᠡᠩ ᠡᠳ᠋ᠯᠡᠭᠦᠯᠦᠨ᠂ ᠨᠠᠩ ᠠᠭᠤᠵᠢᠭᠤ ᠲᠠᠯᠪᠢᠭᠤ ᠢᠲᠡᠭᠡᠯ ᠵᠣᠷᠢᠭ ᠤᠨ ᠳᠦᠷᠢ ᠲᠥᠷᠬᠦ ᠪᠠᠷ ᠬᠡᠷᠡᠯ ᠰᠠᠴᠤᠷᠠᠩᠭᠤᠶ ᠡᠮᠡᠭᠲᠡᠶᠢᠴᠦᠳ ᠤᠨ ᠢᠷᠠᠭᠤ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号