ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠲᠠᠪᠤᠨ ᠵᠢᠯ ᠤᠨ ᠲᠤᠷᠰᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠣᠯᠭᠤᠯᠲᠠ ᠶᠢ ᠥᠷᠭᠡᠳᠬᠡᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠠᠩ ᠴᠢᠨᠠᠷ ᠰᠠᠶᠢᠲᠠᠶ ᠭᠦᠢᠴᠡᠳ ᠠᠵᠢᠯ | ᠣᠯᠭᠤᠯᠲᠠ ᠶᠢ ᠠᠬᠢᠭᠤᠯᠪᠠ᠃ ᠪᠥᠬᠦ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠠᠴᠠ ᠦᠵᠡᠪᠡᠯ᠂ 2019 - 2023 ᠣᠨ ᠳᠤ ᠪᠥᠬᠦ ᠣᠷᠣᠨ ᠤ ᠠᠵᠢᠯ ᠣᠯᠭᠤᠯᠲᠠ ᠶᠢᠨ | ᠬᠡᠪᠴᠢᠶ᠎ᠡ ᠦᠷᠭᠦᠯᠵᠢᠯᠡᠨ ᠥᠷᠭᠡᠳᠴᠦ᠂ ᠠᠵᠢᠯ ᠣᠯᠭᠤᠯᠲᠠ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ᠂ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠶ ᠨᠡᠶᠢᠭᠡᠮ ᠤᠨ | ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠳᠤ ᠰᠠᠶᠢᠨ ᠰᠠᠭᠤᠷᠢ ᠲᠠᠯᠪᠢᠵᠠᠢ᠃ | ᠨᠢᠭᠡ᠂ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠵᠢᠪᠡ | ᠠᠵᠤ ᠠᠬᠤᠶ ᠶᠢᠨ ᠲᠦᠷᠭᠡᠨ ᠬᠥᠭᠵᠢᠬᠦ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠳᠠᠭᠠᠯᠳᠤᠨ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠲᠠᠰᠤᠷᠠᠯᠲᠠ ᠤᠢᠭᠡᠢ ᠨᠡᠮᠡᠭᠳᠡᠵᠦ᠂ ᠪᠦᠬᠦ | ᠣᠷᠣᠨ ᠤ ᠠᠵᠢᠯ ᠣᠯᠭᠤᠬᠤ ᠬᠡᠪᠴᠢᠶ᠎ᠡ ᠦᠷᠭᠦᠯᠵᠢᠯᠡᠨ ᠥᠷᠭᠡᠳᠪᠡ᠃ 2023 ᠣᠨ ᠤ ᠰᠡᠭᠦᠯᠴᠢ ᠪᠣᠯᠬᠤ ᠳᠤ᠂ | ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ | ᠨᠢᠭᠡᠴᠡ ᠶᠢᠨ ᠠᠵᠢᠯᠯᠠᠭᠰᠠᠳ 549.0 ᠲᠦᠮᠡᠨ ᠬᠥᠮᠦᠨ ᠪᠣᠯᠵᠣ᠂ 2018 ᠣᠨ ᠤ ᠰᠡᠭᠦᠯᠴᠢ ︵2018 | ᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠣᠨ︶ | ᠠᠴᠠ 71.5 ᠲᠦᠮᠡᠨ ᠬᠥᠮᠦᠨ ᠨᠡᠮᠡᠭᠳᠡᠵᠦ᠂ 15.0% ᠢᠶᠠᠷ ᠨᠡᠮᠡᠭᠳᠡᠪᠡ᠃ ᠡᠭᠦᠨ ᠳᠤ ᠬᠤᠶᠠᠳᠤᠭᠠᠷ ᠠᠵᠤ | ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ 168.4 ᠲᠦᠮᠡᠨ ᠬᠥᠮᠦᠨ᠂ | ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ 380.6 ᠲᠦᠮᠡᠨ | ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ ᠲᠣᠰ ᠲᠣᠰ 22.8 ᠲᠦᠮᠡᠨ ᠬᠥᠮᠦᠨ ᠪᠠ 48.7 | ᠲᠦᠮᠡᠨ ᠬᠥᠮᠦᠨ ᠨᠡᠮᠡᠭᠳᠡᠵᠦ᠂ ᠲᠣᠰ ᠲᠣᠰ 15.6% ᠪᠠ 14.7% ᠪᠠᠷ ᠨᠡᠮᠡᠭᠳᠡᠪᠡ᠃ ᠬᠤᠶᠠᠳᠤᠭᠠᠷ᠂ | ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠬᠠᠷᠢᠴᠠᠯ 30.67᠄ 69.33 ᠪᠣᠯᠵᠣ᠂ 2018 | ᠣᠨ ᠤ ᠡᠴᠦᠰ ᠲᠠᠢ ᠦᠨᠳᠦᠰᠦᠨ ᠳᠡᠭᠡᠨ ᠲᠡᠩᠴᠡᠪᠡ᠃ | ᠬᠤᠶᠠᠷ᠂ ᠬᠤᠶᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ︽ᠰᠠᠭᠤᠷᠢ ᠴᠢᠯᠠᠭᠤ︾ ᠶᠢᠨ | ᠦᠢᠯᠡᠳᠦᠯ ᠢ ᠤᠯᠠᠮ ᠨᠢᠭᠡ ᠠᠯᠬᠤᠮ ᠪᠠᠬᠢᠵᠢᠭᠦᠯᠪᠡ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ ᠤᠨ ᠲᠠᠰ ᠳᠡᠪᠰᠢᠵᠦ ᠬᠡᠯᠪᠡᠷᠢ ᠪᠠᠨ ᠬᠤᠪᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠦᠢᠯᠡᠳᠬᠦ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠠᠵᠢᠯ ᠲᠥᠷᠥᠯ ᠤᠨ ᠠᠵᠢᠯ ᠣᠯᠭᠤᠯᠲᠠ ᠶᠢᠨ | ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ 2023 ᠣᠨ ᠤ ᠡᠴᠦᠰ ᠲᠤ᠂ ᠪᠥᠬᠦ ᠣᠷᠣᠨ ᠤ ᠦᠢᠯᠡᠳᠬᠦ | ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠳᠤ ᠠᠵᠢᠯᠯᠠᠵᠤ ᠪᠠᠶᠢᠭ᠎ᠠ ᠬᠥᠮᠦᠨ 83.1 ᠲᠦᠮᠡ ᠪᠠᠶᠢᠵᠤ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠳᠤ ᠠᠵᠢᠯᠯᠠᠵᠤ ᠪᠠᠶᠢᠭ᠎ᠠ | ᠬᠥᠮᠦᠨ ᠤ 15.1% ᠶᠢ ᠡᠵᠡᠯᠡᠵᠦ᠂ ᠡᠯ᠎ᠡ ᠠᠵᠢᠯ ᠲᠥᠷᠥᠯ ᠤᠨ ᠲᠡᠷᠢᠭᠦᠨ ᠳᠤ ᠣᠷᠣᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠴᠢᠬᠤᠯᠠ ᠦᠢᠯᠡᠳᠦᠯ ᠢ ᠦᠷᠭᠦᠯᠵᠢᠯᠡᠨ ᠪᠠᠳᠠᠷᠠᠭᠤᠯᠪᠠ᠃ ᠪᠠᠷᠢᠯᠭ᠎ᠠ ᠶᠢᠨ ᠦᠢᠯᠡᠰ ᠤᠨ | ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 42.6 ᠲᠦᠮᠡᠨ ᠬᠥᠮᠦᠨ ᠪᠠᠶᠢᠵᠤ᠂ 2018 ᠣᠨ ᠤ | ᠡᠴᠦᠰ ᠤᠨ ᠬᠢ ᠠᠴᠠ 7.9 ᠲᠦᠮᠡᠨ ᠬᠥᠮᠦᠨ ᠨᠡᠮᠡᠭᠳᠡᠵᠦ᠂ 22.8% ᠪᠠᠷ ᠨᠡᠮᠡᠭᠳᠡᠪᠡ᠃ ᠴᠠᠬᠢᠯᠭᠠᠨ ᠬᠦᠴᠦᠨ᠂ | ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠬᠠᠤᠯᠢ ᠶᠢᠨ | ᠡᠷᠬᠡᠲᠡᠨ ᠤ ᠨᠢᠭᠡᠴᠡ ᠶᠢᠨ ᠠᠵᠢᠯᠯᠠᠭᠴᠢ ᠨᠢ 19.3 ᠲᠦᠮᠡᠨ ᠬᠥᠮᠦᠨ᠂ ᠠᠭᠤᠷᠬᠠᠶ ᠮᠠᠯᠲᠠᠬᠤ ᠦᠢᠯᠡᠰ ᠨᠢ 25.8 | ᠲᠦᠮᠡᠨ ᠬᠥᠮᠦᠨ ᠪᠠᠶᠢᠵᠤ᠂ ᠲᠣᠰ ᠲᠣᠰ 2018 ᠣᠨ ᠤ ᠡᠴᠦᠰ ᠤᠨ ᠬᠢ ᠠᠴᠠ 0.6 ᠲᠦᠮᠡᠨ ᠬᠥᠮᠦᠨ ᠪᠠ 0. | 04 ᠲᠦᠮᠡᠨ ᠬᠥᠮᠦᠨ ᠨᠡᠮᠡᠭᠳᠡᠪᠡ᠃ | ᠭᠤᠷᠪᠠ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ | ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠠᠬᠤᠶ᠂ ᠰᠢᠨ᠎ᠡ ᠬᠥᠳᠡᠯᠭᠡᠭᠴᠢ ᠡᠨᠧᠷᠭᠢ ᠶᠢᠨ ᠦᠷᠭᠦᠯᠵᠢᠯᠡᠨ | ᠬᠦᠴᠦᠯᠡᠬᠦ ᠶᠢ ᠳᠠᠭᠠᠯᠳᠤᠨ᠂ ᠪᠥᠬᠦ ᠣᠷᠣᠨ ᠤ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠤᠨ ᠠᠵᠢᠯ | ᠣᠯᠭᠤᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠬᠤᠪᠢ ᠶᠢᠨ ᠵᠢᠩ ᠨᠢ ᠲᠣᠭᠲᠠᠭᠤᠨ ᠢᠶᠠᠷ ᠳᠡᠭᠡᠭᠰᠢᠯᠡᠨ᠂ | ᠪᠦᠲᠦᠴᠡ ᠨᠢ ᠢᠯᠡᠳᠲᠡ ᠰᠢᠯᠢᠳᠡᠭᠵᠢᠵᠦ᠂ ᠪᠥᠬᠦ ᠣᠷᠣᠨ ᠤ ᠠᠵᠤ ᠠᠬᠤᠶ ᠶᠢᠨ ᠨᠡᠮᠡᠭᠳᠡᠯ ᠢ ᠳᠠᠶᠢᠴᠢᠯᠠᠨ᠂ ᠠᠵᠢᠯ | ᠣᠯᠤᠭᠰᠠᠳ ᠢ ᠰᠢᠩᠭᠡᠭᠡᠨ ᠠᠪᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ 2023 ᠣᠨ ᠤ ᠡᠴᠦᠰ ᠲᠤ᠂ | ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠮᠡᠳᠡᠭᠡ ᠵᠠᠩᠭᠢ ᠶᠢᠨ | ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦ ᠭᠦᠢᠯᠭᠡᠭᠡᠨ ᠤ | ᠦᠢᠯᠡᠰ ᠢᠶᠠᠷ ᠭᠤᠤᠯ ᠪᠣᠯᠭᠠᠭᠰᠠᠨ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠠᠵᠢᠯ ᠡᠷᠭᠢᠯᠡᠭᠰᠡᠳ | 89.7 ᠲᠦᠮᠡ ᠳᠤ ᠬᠦᠷᠴᠦ᠂ ᠪᠥᠬᠦ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ | ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ ᠤᠨ 16.3% ᠶᠢ ᠡᠵᠡᠯᠡᠵᠦ᠂ 2018 ᠣᠨ ᠤ | ᠡᠴᠦᠰ ᠤᠨ ᠬᠢ ᠠᠴᠠ 7.0% ᠢᠶᠠᠷ ᠨᠡᠮᠡᠭᠳᠡᠪᠡ᠃ ᠡᠭᠦᠨ ᠳᠤ᠂ ᠲᠦᠷᠢᠶᠡᠰᠦᠯᠡᠯ ᠪᠠ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 34.8 | ᠲᠦᠮᠡᠨ ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ 9.8 ᠲᠦᠮᠡᠨ ᠬᠥᠮᠦᠨ ᠨᠡᠮᠡᠭᠳᠡᠵᠦ᠂ 39. | 1% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠴᠢ 18.5 ᠲᠦᠮᠡᠨ ᠬᠥᠮᠦᠨ ᠪᠠᠶᠢᠵᠤ᠂ 2018 ᠣᠨ ᠤ | ᠡᠴᠦᠰ ᠤᠨ ᠬᠢ ᠠᠴᠠ 5.7 ᠲᠦᠮᠡᠨ ᠬᠥᠮᠦᠨ ᠨᠡᠮᠡᠭᠳᠡᠵᠦ᠂ 44.3% ᠪᠠᠷ ᠨᠡᠮᠡᠭᠳᠡᠪᠡ︔ ᠮᠡᠳᠡᠭᠡ ᠵᠠᠩᠭᠢ | ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 9.8 ᠲᠦᠮᠡᠨ ᠬᠥᠮᠦᠨ ᠪᠠᠶᠢᠵᠤ᠂ 2018 ᠣᠨ ᠤ | ᠡᠴᠦᠰ ᠤᠨ ᠬᠢ ᠠᠴᠠ 2.1 ᠲᠦᠮᠡᠨ ᠬᠥᠮᠦᠨ ᠨᠡᠮᠡᠭᠳᠡᠵᠦ᠂ 27.2% ᠢᠶᠠᠷ ᠨᠡᠮᠡᠭᠳᠡᠪᠡ᠃ ᠰᠢᠨ᠎ᠡ ᠪᠠᠷ ᠮᠠᠨᠳᠤᠭᠰᠠᠨ | ᠦᠢᠯᠡᠴᠢᠯᠡᠭᠡᠨ ᠤ ᠦᠢᠯᠡᠰ ᠠᠵᠢᠯ ᠣᠯᠭᠤᠯᠲᠠ ᠶᠢ ᠥᠷᠭᠡᠳᠬᠡᠬᠦ ᠳᠤ ᠰᠢᠨ᠎ᠡ ᠠᠵᠠ ᠲᠣᠬᠢᠶᠠᠯ ᠬᠠᠩᠭᠠᠪᠠ᠃ | ᠳᠥᠷᠪᠡ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠲᠠ ᠶᠢᠨ ᠰᠦᠷᠦᠭᠵᠢᠯ ᠤᠨ ᠠᠵᠢᠯ | ᠣᠯᠭᠤᠯᠲᠠ ᠶᠢᠨ ᠲᠠᠲᠠᠬᠤ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ | ᠬᠥᠬᠡᠬᠤᠲᠠ ᠪᠤᠭᠤᠲᠤ ᠣᠷᠳᠣᠰ ᠦᠬᠠᠶ ᠶᠢᠨ ᠬᠤᠲᠠ ᠶᠢᠨ ᠪᠥᠭᠡᠮᠨᠡᠷᠡᠯ ᠤᠨ ᠣᠷᠣᠨ ᠪᠦᠰᠡ ᠶᠢᠨ ᠬᠠᠮᠵᠢᠯᠴᠠᠨ | ᠬᠤᠯᠪᠣᠭᠠᠯᠠᠨ ᠬᠥᠭᠵᠢᠬᠦ ᠶᠢ ᠳᠠᠭᠠᠯᠳᠤᠨ᠂ ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠪᠠ | ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠭᠤᠯᠤᠯ ᠲᠠᠰᠤᠷᠠᠯᠲᠠ ᠥᠬᠡᠶ ᠰᠢᠯᠢᠳᠡᠭᠵᠢᠵᠦ᠂ ᠣᠷᠣᠨ | ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ | 2023 ᠣᠨ ᠤ ᠡᠴᠦᠰ ᠲᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠷᠣᠨ ᠤ ᠬᠠᠤᠯᠢ ᠶᠢᠨ ᠡᠷᠬᠡᠲᠡᠨ ᠤ | ᠨᠢᠭᠡᠴᠡ ᠶᠢᠨ ᠠᠵᠢᠯ ᠡᠷᠭᠢᠯᠡᠭᠰᠡᠳ 292.6 ᠲᠦᠮᠡᠨ ᠬᠥᠮᠦᠨ ᠪᠣᠯᠵᠣ᠂ ᠪᠥᠬᠦ ᠣᠷᠣᠨ ᠤ ᠬᠤᠶᠠᠳᠤᠭᠠᠷ᠂ | ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ ᠤᠨ 53.3% ᠶᠢ | ᠡᠵᠡᠯᠡᠵᠦ᠂ ᠠᠵᠢᠯ ᠣᠯᠭᠤᠯᠲᠠ ᠶᠢᠨ ᠬᠡᠪᠴᠢᠶ᠎ᠡ ᠨᠢ 2018 ᠣᠨ ᠤ ᠡᠴᠦᠰ ᠤᠨ ᠬᠢ ᠠᠴᠠ 75.6 ᠲᠦᠮᠡᠨ | ᠬᠥᠮᠦᠨ ᠨᠡᠮᠡᠭᠳᠡᠵᠦ᠂ 34.8% ᠪᠠᠷ ᠨᠡᠮᠡᠭᠳᠡᠪᠡ᠃ ᠡᠭᠦᠨ ᠳᠤ᠂ ᠬᠥᠬᠡᠬᠤᠲᠠ ᠶᠢᠨ ᠬᠠᠤᠯᠢ ᠶᠢᠨ ᠡᠷᠬᠡᠲᠡᠨ ᠤ | ᠨᠢᠭᠡᠴᠡ ᠶᠢᠨ ᠠᠵᠢᠯᠯᠠᠭᠰᠠᠳ 107.4 ᠲᠦᠮᠡᠨ ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ 39. | 1 ᠲᠦᠮᠡᠨ ᠬᠥᠮᠦᠨ ᠨᠡᠮᠡᠭᠳᠡᠵᠦ᠂ 57.2% ᠢᠶᠠᠷ ᠨᠡᠮᠡᠭᠳᠡᠨ᠂ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠪᠠ | ᠨᠡᠮᠡᠭᠳᠡᠯ ᠤᠨ ᠬᠤᠷᠳᠤᠴᠠ ᠨᠢ ᠴᠥᠮ ᠡᠯ᠎ᠡ ᠠᠶᠢᠮᠠᠭ ᠬᠤᠲᠠ ᠶᠢᠨ ᠲᠡᠷᠢᠭᠦᠨ ᠳᠤ ᠣᠷᠣᠪᠠ᠃ ᠵᠡᠭᠦᠨ ᠬᠡᠰᠡᠭ ᠤᠨ | ᠭᠠᠵᠠᠷ ᠣᠷᠣᠨ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠬᠠᠤᠯᠢ ᠶᠢᠨ ᠬᠥᠮᠦᠨ ᠤ ᠨᠢᠭᠡᠴᠡ ᠶᠢᠨ ᠠᠵᠢᠯ ᠡᠷᠭᠢᠯᠡᠭᠰᠡᠳ ᠲᠣᠰ ᠲᠣᠰ 184.9 ᠲᠦᠮᠡᠨ ᠬᠥᠮᠦᠨ ᠪᠠ 55.7 | ᠲᠦᠮᠡᠨ ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ ᠲᠣᠰ ᠲᠣᠰ 10.4 ᠲᠦᠮᠡᠨ ᠬᠥᠮᠦᠨ ᠪᠠ 7. | 9 ᠲᠦᠮᠡᠨ ᠬᠥᠮᠦᠨ ᠨᠡᠮᠡᠭᠳᠡᠪᠡ᠃ | |