ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠣᠯᠭᠤᠯᠲᠠ ᠶᠢ | ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠡᠮᠡᠭᠲᠡᠶᠢᠴᠦᠳ ᠤᠨ ᠠᠵᠢᠯ | ᠣᠯᠵᠤ ᠦᠢᠯᠡᠰ ᠪᠦᠳᠦᠭᠡᠬᠦ ᠠᠵᠢᠯ ᠢ ᠦᠷᠭᠦᠯᠵᠢᠯᠡᠨ ᠠᠬᠢᠭᠤᠯᠵᠤ᠂ ᠡᠮᠡᠭᠲᠡᠶᠢᠴᠦᠳ ᠤᠨ ᠠᠵᠢᠯ ᠣᠯᠭᠤᠯᠲᠠ ᠶᠢᠨ | ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠥᠬᠦ ᠣᠷᠣᠨ ᠤ ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | 2019 - 2023 ᠣᠨ ᠳᠤ ᠪᠥᠬᠦ ᠣᠷᠣᠨ ᠤ ᠡᠮᠡᠭᠲᠡᠶᠢᠴᠦᠳ ᠤᠨ ᠠᠵᠢᠯ ᠣᠯᠭᠤᠯᠲᠠ ᠶᠢᠨ ᠬᠡᠪᠴᠢᠶ᠎ᠡ | ᠲᠠᠰᠤᠷᠠᠯᠲᠠ ᠥᠬᠡᠶ ᠥᠷᠭᠡᠳᠴᠦ᠂ ᠡᠮᠡᠭᠲᠡᠶᠢᠴᠦᠳ ᠤᠨ ᠠᠵᠢᠯ ᠣᠯᠤᠭᠰᠠᠳ ᠤᠨ ᠡᠵᠡᠯᠡᠬᠦ ᠬᠠᠷᠢᠴᠠᠯ | ᠲᠣᠭᠲᠠᠭᠤᠨ ᠢᠶᠠᠷ ᠳᠡᠭᠡᠭᠰᠢᠯᠡᠨ᠂ ᠠᠵᠢᠯ ᠣᠯᠭᠤᠯᠲᠠ ᠶᠢᠨ ᠴᠢᠨᠠᠷ ᠤᠨ ᠢᠯᠭᠠᠯ ᠤᠨ ᠵᠥᠷᠢᠶ᠎ᠡ ᠲᠠᠰᠤᠷᠠᠯᠲᠠ ᠥᠬᠡᠶ | ᠪᠠᠭᠠᠰᠴᠤ᠂ ᠠᠵᠢᠯ ᠣᠯᠭᠤᠯᠲᠠ ᠶᠢᠨ ᠪᠦᠲᠦᠴᠡ ᠤᠯᠠᠮ ᠰᠢᠯᠢᠳᠡᠭᠵᠢᠪᠡ᠃ | 2023 ᠣᠨ ᠤ ᠰᠡᠭᠦᠯᠴᠢ ᠪᠠᠷ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ | ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ 549.0 ᠲᠦᠮᠡᠨ ᠬᠥᠮᠦᠨ ᠪᠣᠯᠪᠠ᠂ | ᠡᠭᠦᠨ ᠳᠤ ᠡᠮᠡᠭᠲᠡᠶ ᠠᠵᠢᠯ ᠡᠷᠭᠢᠯᠡᠭᠰᠡᠳ 212.5 ᠲᠦᠮᠡᠨ ᠬᠥᠮᠦᠨ ᠪᠠᠶᠢᠵᠤ᠂ ᠪᠥᠬᠦ ᠠᠵᠢᠯ ᠡᠷᠭᠢᠯᠡᠭᠰᠡᠳ ᠤᠨ | 38.7% ᠶᠢ ᠡᠵᠡᠯᠡᠵᠦ᠂ 2018 ᠣᠨ ᠤ ᠰᠡᠭᠦᠯᠴᠢ ︵2018 ᠣᠨ ᠳᠤ ᠳᠥᠷᠪᠡᠳᠦᠭᠡᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠣᠨ︶ ᠠᠴᠠ 30.0 ᠲᠦᠮᠡᠨ ᠬᠥᠮᠦᠨ ᠨᠡᠮᠡᠭᠳᠡᠨ᠂ | 16.5% ᠪᠠᠷ ᠨᠡᠮᠡᠭᠳᠡᠵᠦ᠂ ᠡᠵᠡᠯᠡᠬᠦ ᠬᠠᠷᠢᠴᠠᠯ ᠨᠢ 0.5 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠬᠤᠶᠠᠳᠤᠭᠠᠷ ᠠᠵᠤ ᠦᠢᠯᠡᠰ ᠤᠨ ᠡᠮᠡᠭᠲᠡᠶ ᠠᠵᠢᠯᠯᠠᠭᠴᠢᠳ 38.7 ᠲᠦᠮᠡ ᠪᠣᠯᠵᠣ᠂ ᠬᠤᠶᠠᠳᠤᠭᠠᠷ ᠠᠵᠤ | ᠦᠢᠯᠡᠰ ᠤᠨ ᠠᠵᠢᠯᠯᠠᠭᠴᠢᠳ ᠤᠨ 23.0% ᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠡᠮᠡᠭᠲᠡᠶ | ᠠᠵᠢᠯᠯᠠᠭᠴᠢ 173.7 ᠲᠦᠮᠡᠨ ᠬᠥᠮᠦᠨ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠠᠵᠢᠯᠯᠠᠭᠴᠢᠳ ᠤᠨ 45. | 6% ᠶᠢ ᠡᠵᠡᠯᠡᠪᠡ᠃ 2018 ᠣᠨ ᠤ ᠡᠴᠦᠰ ᠲᠠᠢ ᠬᠠᠷᠢᠴᠠᠭᠤᠯᠪᠠᠯ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠡᠮᠡᠭᠲᠡᠶ ᠠᠵᠢᠯᠲᠠᠨ ᠤ ᠲᠤᠭ᠎ᠠ ᠲᠣᠰ ᠲᠣᠰ 4.8 ᠲᠦᠮᠡ ᠪᠠ 25.2 ᠲᠦᠮᠡ ᠨᠡᠮᠡᠭᠳᠡᠵᠡᠶ᠃ | 2023 ᠣᠨ ᠤ ᠡᠴᠦᠰ ᠲᠤ᠂ ᠪᠥᠬᠦ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠬᠠᠤᠯᠢ ᠶᠢᠨ ᠡᠷᠬᠡᠲᠡᠨ ᠤ ᠨᠢᠭᠡᠴᠡ ᠶᠢᠨ ᠡᠮᠡᠭᠲᠡᠶ ᠠᠵᠢᠯᠲᠠᠨ ᠤ ᠬᠠᠷᠢᠴᠠᠯ ᠨᠢ 18.2᠄ 81.8 ᠪᠠᠶᠢᠵᠤ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠪᠥᠬᠦ ᠠᠵᠢᠯᠲᠠᠨ | 30.7᠄ 69.3 ᠪᠠᠶᠢᠬᠤ ᠲᠠᠢ ᠬᠠᠷᠢᠴᠠᠭᠤᠯᠪᠠᠯ᠂ ᠪᠥᠬᠦ ᠣᠷᠣᠨ ᠤ ᠡᠮᠡᠭᠲᠡᠶᠢᠴᠦᠳ ᠤᠨ ᠭᠤᠷᠪᠠᠳᠤᠭᠠᠷ ᠠᠵᠤ | ᠦᠢᠯᠡᠰ ᠲᠤ ᠠᠵᠢᠯ ᠣᠯᠤᠭᠰᠠᠨ ᠪᠠᠶᠢᠳᠠᠯ ᠨᠠᠩ ᠲᠥᠪᠯᠡᠷᠡᠩᠭᠦᠶ ᠪᠣᠯᠵᠠᠶ᠃ ᠡᠮᠡᠭᠲᠡᠶ ᠠᠵᠢᠯᠲᠠᠨ ᠤ ᠠᠵᠢᠯ | ᠣᠯᠭᠤᠯᠲᠠ ᠶᠢᠨ ᠠᠵᠢᠯ ᠲᠥᠷᠥᠯ ᠠᠴᠠ ᠦᠵᠡᠪᠡᠯ᠂ ᠡᠮᠡᠭᠲᠡᠶ ᠠᠵᠢᠯᠲᠠᠨ ᠤ ᠡᠵᠡᠯᠡᠬᠦ ᠬᠠᠷᠢᠴᠠᠯ ᠨᠡᠯᠢᠶᠡᠳ ᠶᠡᠭᠡ | ᠠᠵᠢᠯ ᠲᠥᠷᠥᠯ ᠳᠤ ᠭᠤᠤᠯᠳᠠᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠮᠥᠩᠭᠦᠨ | ᠭᠦᠢᠯᠭᠡᠭᠡᠨ ᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠡᠮᠡᠭᠲᠡᠶ ᠠᠵᠢᠯᠲᠠᠨ ᠤ ᠡᠵᠡᠯᠡᠬᠦ | ᠬᠠᠷᠢᠴᠠᠯ ᠲᠣᠰ ᠲᠣᠰ 68.8%᠂ 68.0%᠂ 57.9% ᠪᠠ 57.8% ᠪᠠᠶᠢᠵᠤ᠂ ᠴᠥᠮ ᠬᠠᠭᠠᠰ | ᠲᠤᠭ᠎ᠠ ᠶᠢ ᠳᠠᠪᠠᠵᠤ᠂ ᠡᠮᠡᠭᠲᠡᠶ ᠠᠵᠢᠯᠲᠠᠨ ᠤ ᠠᠵᠢᠯ ᠣᠯᠭᠤᠯᠲᠠ ᠨᠢ ᠦᠢᠯᠡᠴᠢᠯᠡᠭᠡᠨ ᠤ ᠬᠦᠷᠢᠶᠡᠨ ᠳᠤ ᠨᠠᠩ | ᠢᠯᠡᠭᠦᠦ ᠬᠡᠯᠪᠠᠶᠢᠵᠦ ᠪᠠᠶᠢᠨ᠎ᠠ᠃ ᠠᠵᠢᠯ ᠣᠯᠭᠤᠯᠲᠠ ᠶᠢᠨ ᠭᠠᠵᠠᠷ ᠣᠷᠣᠨ ᠤ ᠲᠠᠷᠬᠠᠯᠲᠠ ᠠᠴᠠ ᠦᠵᠡᠪᠡᠯ᠂ ᠪᠥᠬᠦ | ᠣᠷᠣᠨ ᠤ ᠬᠠᠭᠠᠰ ᠠᠴᠠ ᠳᠡᠭᠡᠭᠰᠢᠬᠢ ᠲᠣᠭᠠᠨ ᠤ ᠡᠮᠡᠭᠲᠡᠶ ᠠᠵᠢᠯᠲᠠᠨ ᠳᠤᠮᠳᠠ ᠬᠡᠰᠡᠭ ᠤᠨ ᠭᠠᠵᠠᠷ ᠣᠷᠣᠨ ᠳᠤ | ᠲᠠᠷᠬᠠᠵᠤ ᠪᠠᠶᠢᠨ᠎ᠠ᠂ 2023 ᠣᠨ ᠤ ᠡᠴᠦᠰ ᠲᠤ᠂ ᠬᠥᠬᠡᠬᠤᠲᠠ ᠪᠤᠭᠤᠲᠤ ᠣᠷᠳᠣᠰ ᠦᠬᠠᠶ ᠣᠷᠣᠨ ᠤ ᠡᠮᠡᠭᠲᠡᠶ | ᠠᠵᠢᠯᠲᠠᠨ 111.3 ᠲᠦᠮᠡ ᠪᠣᠯᠵᠣ᠂ ᠪᠥᠬᠦ ᠡᠮᠡᠭᠲᠡᠶ ᠠᠵᠢᠯᠲᠠᠨ ᠤ 52.4% ᠶᠢ ᠡᠵᠡᠯᠡᠵᠦ᠂ 2018 ᠣᠨ ᠤ | ᠡᠴᠦᠰ ᠤᠨ ᠬᠢ ᠠᠴᠠ 31.2 ᠲᠦᠮᠡ ᠨᠡᠮᠡᠭᠳᠡᠵᠡᠶ︔ ᠵᠡᠭᠦᠨ ᠬᠡᠰᠡᠭ ᠤᠨ ᠭᠠᠵᠠᠷ ᠣᠷᠣᠨ ᠤ ᠠᠵᠢᠯ | ᠣᠯᠭᠤᠯᠲᠠ ᠶᠢᠨ ᠬᠡᠪᠴᠢᠶ᠎ᠡ ᠬᠠᠷᠢᠴᠠᠩᠭᠤᠶ ᠲᠣᠭᠲᠠᠭᠤᠨ ᠪᠣᠯᠪᠠᠴᠤ ᠡᠮᠡᠭᠲᠡᠶ ᠠᠵᠢᠯᠲᠠᠨ ᠨᠡᠯᠢᠶᠡᠳ ᠥᠨᠳᠥᠷ ᠪᠠᠶᠢᠨ᠎ᠠ᠃ | ᠡᠭᠦᠨ ᠳᠤ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠪᠠ ᠬᠥᠯᠥᠨ ᠪᠤᠶᠢᠷ ᠬᠤᠲᠠ ᠶᠢᠨ | ᠡᠮᠡᠭᠲᠡᠶ ᠠᠵᠢᠯᠯᠠᠭᠰᠠᠳ ᠤᠨ ᠲᠤᠬᠠᠶ ᠶᠢᠨ ᠭᠠᠵᠠᠷ ᠤᠨ ᠪᠥᠬᠦ ᠠᠵᠢᠯᠯᠠᠭᠰᠠᠳ ᠲᠤ ᠡᠵᠡᠯᠡᠬᠦ ᠬᠤᠪᠢ ᠶᠢᠨ ᠵᠢᠩ ᠨᠢ | ᠲᠣᠰ ᠲᠣᠰ 43.3%᠂ 42.0%᠂ 41.5% ᠪᠠ 40.3% ᠪᠠᠶᠢᠵᠤ᠂ ᠴᠥᠮ ᠪᠥᠬᠦ ᠣᠷᠣᠨ ᠤ ᠳᠤᠮᠳᠠᠴᠢ | ᠬᠢᠷᠢ ᠲᠦᠪᠰᠢᠨ ᠠᠴᠠ ᠳᠠᠪᠠᠪᠠ︔ ᠪᠠᠷᠠᠭᠤᠨ ᠬᠡᠰᠡᠭ ᠤᠨ ᠭᠠᠵᠠᠷ ᠣᠷᠣᠨ ᠤ ᠡᠮᠡᠭᠲᠡᠶ ᠠᠵᠢᠯᠲᠠᠨ ᠤ ᠨᠡᠮᠡᠭᠳᠡᠯ ᠤᠨ | ᠬᠤᠷᠳᠤᠴᠠ ᠨᠡᠯᠢᠶᠡᠳ ᠲᠦᠷᠭᠡᠨ ᠪᠠᠶᠢᠵᠤ᠂ ᠪᠠᠶᠠᠨᠨᠠᠭᠤᠷ ᠬᠤᠲᠠ᠂ ᠠᠯᠠᠱᠠ ᠠᠶᠢᠮᠠᠭ ᠪᠠ ᠦᠬᠠᠶ ᠬᠤᠲᠠ ᠶᠢᠨ | ᠡᠮᠡᠭᠲᠡᠶ ᠠᠵᠢᠯᠲᠠᠨ ᠤ ᠨᠡᠮᠡᠭᠳᠡᠯ ᠤᠨ ᠬᠤᠷᠳᠤᠴᠠ ᠲᠣᠰ ᠲᠣᠰ 2018 ᠣᠨ ᠤ ᠡᠴᠦᠰ ᠤᠨ ᠬᠢ ᠠᠴᠠ 27.2%᠂ | 25.8% ᠪᠠ 22.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠳᠤᠮᠳᠠᠴᠢ ᠬᠢᠷᠢ | ᠲᠦᠪᠰᠢᠨ ᠠᠴᠠ ᠲᠦᠷᠭᠡᠨ ᠪᠣᠯᠪᠠ᠃ | |