ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠲᠠ ᠶᠢᠨ ᠰᠠᠭᠤᠭᠠᠯᠢ ᠠᠷᠠᠳ ᠤᠨ ᠨᠣᠮ | ᠤᠩᠰᠢᠵᠤ ᠪᠠᠢᠭ᠎ᠠ ᠣᠳᠣᠬᠢ ᠪᠠᠶᠢᠳᠠᠯ ᠢ ᠭᠦᠨᠵᠡᠭᠡᠢ ᠣᠢᠯᠠᠭᠠᠵᠤ᠂ ᠤᠩᠰᠢᠯᠭ᠎ᠠ ᠶᠢᠨ ᠶᠠᠰᠤ ᠴᠢᠨᠠᠷ ᠪᠠ ᠬᠢᠷᠢ | ᠲᠦᠪᠰᠢᠨ ᠢ ᠳᠡᠭᠡᠭᠰᠢᠯᠡᠭᠦᠯᠵᠦ᠂ ᠪᠦᠬᠦ ᠠᠷᠠᠳ ᠤᠨ ᠨᠣᠮ ᠤᠩᠰᠢᠬᠤ ᠶᠢ ᠤᠯᠠᠮ ᠨᠢᠭᠡ ᠠᠯᠬᠤᠮ ᠰᠠᠨᠠᠭᠠᠴᠢᠯᠠᠵᠤ᠂ | ᠨᠣᠮ ᠤᠨ ᠪᠤᠶᠠᠨᠲᠤ ᠦᠬᠠᠢ ᠶᠢᠨ ᠪᠦᠲᠦᠭᠡᠨ ᠪᠠᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠦᠬᠠᠶ | ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ | ᠪᠠᠶᠢᠴᠠᠭᠠᠯᠲᠠ ᠶᠢᠨ ᠲᠥᠪ ᠪᠥᠬᠦ ᠬᠤᠲᠠ ᠶᠢᠨ ᠬᠡᠪᠴᠢᠶᠡᠨ ᠳᠤ ︽2025 ᠣᠨ ᠤ ᠦᠬᠠᠶ ᠬᠤᠲᠠ ᠶᠢᠨ ᠪᠥᠬᠦ | ᠠᠷᠠᠳ ᠤᠨ ᠤᠩᠰᠢᠯᠭ᠎ᠠ ᠶᠢᠨ ᠪᠠᠶᠢᠳᠠᠯ︾ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃ | ᠲᠣᠰ ᠪᠠᠶᠢᠴᠠᠭᠠᠯᠲᠠ ᠶᠢ ᠺᠣᠮᠫᠢᠦ᠋ᠲ᠋ᠧᠷ ᠤᠨ ᠲᠤᠰᠠᠯᠠᠬᠤ ᠤᠲᠠᠰᠤ ︵CATI︶ ᠪᠠᠷ ᠲᠠᠰᠢᠷᠠᠮ ᠢᠶᠠᠷ ᠰᠤᠭᠤᠯᠬᠤ | ᠠᠷᠭ᠎ᠠ ᠪᠠᠷ ᠬᠢᠵᠦ᠂ ᠪᠠᠶᠢᠴᠠᠭᠠᠬᠤ ᠡᠲᠡᠭᠡᠳ ᠨᠢ ᠪᠥᠬᠦ ᠬᠤᠲᠠ ᠶᠢᠨ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠪᠣᠯᠤᠨ᠎ᠠ᠃ ᠪᠦᠬᠦ ᠬᠤᠲᠠ ᠶᠢᠨ ᠦᠯᠢᠭᠡᠷ ᠤᠨ ᠶᠡᠷᠦᠩᠬᠡᠶ ᠬᠡᠮᠵᠢᠶ᠎ᠡ 1000 ᠬᠤᠪᠢ᠃ | ᠣᠳᠣᠬᠠᠨ ᠳᠤ᠂ ᠲᠣᠰ ᠪᠠᠶᠢᠴᠠᠭᠠᠯᠲᠠ ᠶᠠᠭ ᠶᠠᠪᠤᠭᠳᠠᠵᠤ ᠪᠠᠶᠢᠨ᠎ᠠ᠂ ᠲᠠᠷᠠᠭᠠᠴᠢ ᠶᠢᠨ ᠠᠯᠬᠤᠮ ᠳᠤ ᠲᠣᠰ | ᠤᠳᠠᠭᠠᠨ ᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠭᠦᠨᠵᠡᠭᠡᠶ ᠰᠤᠳᠤᠯᠤᠨ | ᠵᠠᠳᠠᠯᠵᠤ᠂ ᠪᠥᠬᠦ ᠠᠷᠠᠳ ᠤᠨ ᠤᠩᠰᠢᠯᠭ᠎ᠠ ᠶᠢᠨ ᠠᠵᠢᠯ ᠳᠤ ᠯᠠᠪᠯᠠᠯᠲᠠ ᠪᠣᠯᠭᠠᠬᠤ ᠦᠨᠳᠦᠰᠦᠯᠡᠯ ᠬᠠᠩᠭᠠᠬᠤ | ᠪᠣᠯᠤᠨ᠎ᠠ᠃ | | | |