2024 ᠣᠨ ᠳᠤ ᠥᠪᠥᠷ ᠮᠣᠩᠭᠤᠯ ᠤᠨ ᠪᠠᠶᠢᠩᠭᠤ ᠰᠠᠭᠤᠭ᠎ᠠ ᠬᠥᠮᠦᠨ ᠠᠮᠠ ᠦᠷᠬᠦᠯᠵᠢᠯᠡᠨ ᠪᠠᠭᠠᠰᠴᠦ  ᠲᠦᠷᠦᠭᠰᠡᠨ ᠬᠥᠮᠦᠨ ᠠᠮᠠ ᠳᠡᠭᠡᠭᠰᠢᠯᠡᠪᠠ
ᠨᠡᠶᠢᠲᠡᠯᠡᠭᠰᠡᠨ ᠴᠠᠭ᠄
2025/4/12
    2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠥᠮᠦᠨ ᠠᠮᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠲᠠᠢ ᠨᠢᠭᠲᠠ ᠤᠶᠠᠯᠳᠤᠭᠤᠯᠤᠨ᠂ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠪᠠ᠃ ᠪᠥᠬᠦ ᠣᠷᠣᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠥᠯᠢᠭᠡᠷ ᠠᠪᠴᠤ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ 2024 ᠣᠨ ᠳᠤ ᠥᠪᠥᠷ ᠮᠣᠩᠭᠤᠯ ᠤᠨ ᠪᠠᠶᠢᠩᠭᠤ ᠰᠠᠭᠤᠭ᠎ᠠ ᠬᠥᠮᠦᠨ ᠠᠮᠠ ᠪᠠᠭᠠᠰᠴᠤ᠂ ᠲᠥᠷᠥᠭᠰᠡᠨ ᠬᠥᠮᠦᠨ ᠠᠮᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠨ᠂ ᠬᠤᠲᠠ ᠪᠠᠯᠭᠠᠰᠤᠵᠢᠯᠲᠠ ᠶᠢᠨ ᠲᠦᠪᠰᠢᠨ ᠢᠯᠡᠳᠲᠡᠳᠡᠭᠡᠭᠰᠢᠯᠡᠪᠡ᠃    ᠨᠢᠬᠡ᠂ ᠬᠦᠮᠦᠨ ᠠᠮᠠ ᠶᠢᠨ ᠬᠡᠪᠴᠢᠶᠡᠵᠢᠯ ᠠᠳᠠᠯᠢ ᠬᠤᠭᠤᠴᠠᠭᠠᠨ ᠤ ᠬᠢ ᠠᠴᠠ ᠪᠠᠭᠠᠰᠴᠤ᠂ ᠳᠦᠷᠦᠭᠰᠡᠨ ᠬᠦᠮᠦᠨ ᠠᠮᠠ ᠡᠳᠦᠢ ᠳᠡᠳᠦᠢ ᠳᠡᠬᠡᠭᠰᠢᠯᠡᠪᠡ     2024 ᠣᠨ ᠤ ᠡᠴᠦᠰ ᠲᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 2388 ᠲᠦᠮᠡ ᠪᠠᠶᠢᠵᠤ᠂ ᠳᠡᠭᠡᠷ᠎ᠡ ᠵᠢᠯ ᠤᠨ ᠬᠢ ᠠᠴᠠ 8 ᠲᠦᠮᠡᠨ ᠬᠥᠮᠦᠨ ᠬᠠᠰᠤᠭᠳᠠᠵᠤ᠂ 0.33% ᠪᠠᠷ ᠪᠠᠭᠤᠷᠠᠪᠠ᠃ ᠡᠭᠦᠨ ᠤ ᠳᠣᠲᠣᠷ᠎ᠠ᠂ ᠬᠥᠮᠦᠨ ᠠᠮᠠ ᠠᠶᠠᠨᠳᠠᠭᠠᠨ 6.8 ᠲᠦᠮᠡ ᠪᠠᠭᠠᠰᠴᠤ᠂ ᠶᠡᠷᠦᠩᠬᠡᠶ ᠬᠥᠮᠦᠨ ᠠᠮᠠ ᠬᠠᠰᠤᠭᠳᠠᠭᠰᠠᠨ ᠭᠤᠤᠯ ᠰᠢᠯᠲᠠᠭᠠᠨ ᠪᠣᠯᠤᠨ᠎ᠠ᠃ ᠢᠯᠠᠩᠭᠤᠶ᠎ᠠ ᠬᠥᠮᠦᠨ ᠠᠮᠠ ᠶᠢᠨ ᠨᠠᠰᠤᠵᠢᠯᠲᠠ ᠶᠢᠨ ᠦᠷᠭᠦᠯᠵᠢᠯᠡᠭᠰᠡᠨ ᠨᠥᠯᠥᠭᠡ ᠪᠠᠷ 2024 ᠣᠨ ᠳᠤ ᠪᠥᠬᠦ ᠣᠷᠣᠨ ᠤ ᠦᠭᠦᠭᠰᠡᠨ ᠬᠥᠮᠦᠨ ᠠᠮᠠ 20.0 ᠲᠦᠮᠡ ᠳᠤ ᠬᠦᠷᠴᠦ᠂ ᠦᠬᠦᠯᠲᠡ ᠶᠢᠨ ᠨᠣᠷᠮ᠎ᠠ 8.36‰ ᠳᠤ ᠬᠦᠷᠴᠡᠶ᠃ ᠭᠡᠪᠡᠴᠦ ᠬᠢᠵᠢᠭ ᠤᠨ ᠪᠠᠶᠢᠳᠠᠯ ᠤᠨ ᠳᠠᠷᠠᠭ᠎ᠠ ᠬᠥᠩᠭᠡᠵᠢᠬᠦ ᠬᠦᠰᠡᠯ ᠡᠷᠡᠮᠡᠯᠵᠡᠯ  ᠲᠠᠢ ᠬᠦᠮᠦᠰ ᠤᠯᠠᠰᠢᠷᠠᠭᠰᠠᠨ ᠪᠠ ᠯᠤᠤ ᠵᠢᠯ ᠤᠨ ᠲᠥᠷᠥᠭᠰᠡᠨ ᠬᠥᠮᠦᠨ ᠠᠮᠠ ᠤᠯᠠᠰᠢᠷᠠᠭᠰᠠᠨ ᠵᠡᠷᠭᠡ ᠬᠦᠴᠦᠨ ᠵᠦᠢᠯ ᠠᠴᠠ ᠪᠤᠯᠵᠤ ᠪᠦᠬᠦ ᠤᠷᠤᠨ ᠤ ᠲᠦᠷᠦᠭᠰᠡᠨ ᠬᠦᠮᠦᠨ ᠠᠮᠠ ᠠᠳᠠᠯᠢ ᠬᠤᠭᠤᠴᠠᠭᠠᠨ ᠤ ᠬᠢ ᠠᠴᠠ 1.2 ᠲᠦᠮᠡᠨ ᠬᠥᠮᠦᠨ ᠨᠡᠮᠡᠭᠳᠡᠵᠦ᠂ 2017 ᠣᠨ ᠠᠴᠠ ᠨᠠᠰᠢᠬᠢ ᠬᠥᠮᠦᠨ ᠠᠮᠠ ᠶᠢᠨ ᠦᠷᠭᠦᠯᠵᠢᠯᠡᠨ ᠪᠠᠭᠤᠷᠠᠬᠤ ᠬᠠᠨᠳᠤᠰᠢ ᠶᠢ ᠡᠴᠦᠰᠯᠡᠭᠦᠯᠪᠡ᠃ 2024 ᠣᠨ ᠳᠤ ᠪᠥᠬᠦ ᠣᠷᠣᠨ ᠳᠤ 13.2 ᠲᠦᠮᠡᠨ ᠬᠥᠮᠦᠨ ᠲᠦᠷᠦᠵᠦ᠂ ᠲᠥᠷᠥᠭᠰᠡᠨ ᠨᠣᠷᠮ᠎ᠠ ᠨᠢ 5.52‰᠂ ᠠᠳᠠᠯᠢ ᠬᠤᠭᠤᠴᠠᠭᠠᠨ ᠤ ᠬᠢ ᠠᠴᠠ 0.52 ᠮᠢᠩᠭᠠᠨ ᠤ ᠬᠤᠪᠢ ᠶᠢᠨ ᠴᠡᠭ ᠳᠡᠭᠡᠭᠰᠢᠯᠡᠪᠡ᠃    ᠬᠤᠶᠠᠷ᠂ ᠬᠤᠲᠠ ᠪᠠᠯᠭᠠᠰᠤᠵᠢᠯᠠᠬᠤ ᠠᠬᠢᠴᠠ ᠢᠯᠡᠳᠲᠡ ᠲᠦᠷᠭᠡᠳᠴᠦ᠂ ᠳᠣᠯᠣᠭᠠᠨ ᠬᠤᠪᠢ ᠠᠴᠠ ᠳᠡᠭᠡᠭᠰᠢᠬᠢ ᠬᠥᠮᠦᠨ ᠠᠮᠠ ᠬᠤᠲᠠ ᠪᠠᠯᠭᠠᠰᠤᠨ ᠳᠤ ᠰᠠᠭᠤᠷᠢᠰᠢᠭᠰᠠᠨ ᠪᠠᠶᠢᠨ᠎ᠠ    ᠪᠦᠬᠦ ᠣᠷᠣᠨ ᠤ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ ᠳᠡᠰ ᠳᠡᠪᠰᠢᠭᠦᠯᠬᠦ ᠪᠠ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠲᠦᠷᠭᠡᠳᠬᠦ ᠶᠢ ᠳᠠᠭᠠᠯᠳᠤᠨ᠂ ᠬᠥᠮᠦᠨ ᠠᠮᠠ ᠦᠷᠭᠦᠯᠵᠢᠯᠡᠨ ᠲᠦᠷᠭᠡᠨ ᠬᠤᠷᠳᠤᠴᠠ ᠪᠠᠷ ᠬᠤᠲᠠ ᠶᠢᠨ ᠴᠤᠭᠯᠠᠷᠠᠯ᠂ ᠲᠣᠮᠣ ᠬᠤᠲᠠ ᠲᠣᠭᠤᠷᠢᠭ ᠲᠡᠰᠢ ᠲᠥᠪᠯᠡᠷᠡᠵᠦ᠂ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠬᠡᠮᠵᠢᠶ᠎ᠡ ᠲᠠᠰᠤᠷᠠᠯᠲᠠ ᠤᠢᠭᠡᠢ ᠳᠡᠭᠡᠭᠰᠢᠯᠡᠪᠡ᠃ 2024 ᠣᠨ ᠤ ᠡᠴᠦᠰ ᠲᠤ᠂ ᠪᠥᠬᠦ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠦᠨ ᠠᠮᠠ 1689 ᠲᠦᠮᠡᠪᠠᠶᠢᠵᠤ᠂ ᠳᠡᠭᠡᠷ᠎ᠡ ᠵᠢᠯ ᠤᠨ ᠬᠢ ᠠᠴᠠ 21.9 ᠲᠦᠮᠡ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠦᠨ ᠠᠮᠠ 699 ᠲᠦᠮᠡ ᠪᠠᠶᠢᠵᠤ᠂ ᠳᠡᠭᠡᠷ᠎ᠡ ᠵᠢᠯ ᠤᠨ ᠬᠢ ᠠᠴᠠ 29.9 ᠲᠦᠮᠡ ᠬᠠᠰᠤᠭᠳᠠᠪᠠ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠠᠩᠬ᠎ᠠ ᠤᠳᠠᠭ᠎ᠠ 70% ᠢ ᠳᠠᠪᠠᠵᠤ᠂ 70.73% ᠳᠤ ᠬᠦᠷᠴᠦ᠂ ᠳᠡᠭᠡᠷ᠎ᠡ ᠵᠢᠯ ᠤᠨ ᠬᠢ ᠠᠴᠠ 1.15 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ 3.73 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 0.31 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠬᠤᠲᠠ ᠪᠠᠯᠭᠠᠰᠤᠵᠢᠯᠲᠠ ᠶᠢᠨ ᠨᠣᠷᠮ᠎ᠠ ᠪᠦᠬᠦ ᠤᠯᠤᠰ ᠲᠤ 10 ᠳ᠋ᠤᠭᠠᠷ ᠲᠤ ᠪᠠᠶᠢᠷᠢᠯᠠᠨ᠂ 5 ᠴᠦᠬᠡᠨ ᠲᠤᠭᠠᠳᠤ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠳᠤ ᠲᠡᠷᠢᠬᠦᠨ ᠳᠤ ᠪᠠᠶᠢᠷᠢᠯᠠᠪᠠ᠃   ᠭᠤᠷᠪᠠ᠂ ᠬᠥᠮᠥᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠤᠯᠠᠮ ᠨᠢᠭᠡ ᠠᠯᠬᠤᠮ ᠭᠦᠨᠵᠡᠭᠡᠶᠢᠷᠡᠵᠦ᠂ ᠬᠥᠳᠡᠯᠮᠦᠷᠢ ᠶᠢᠨ ᠬᠦᠴᠦᠨ ᠤ ᠡᠬᠢ ᠪᠠᠶᠠᠯᠢᠭ ᠪᠠᠰᠠ ᠨᠡᠯᠢᠶᠡᠳ ᠪᠠᠶᠠᠯᠢᠭ ᠪᠠᠶᠢᠭᠰᠠᠭᠠᠷ     2022 ᠣᠨ ᠳᠤ ᠥᠪᠥᠷ ᠮᠣᠩᠭᠤᠯ ᠳᠤᠮᠳᠠ ᠲᠦᠪᠰᠢᠨ ᠤ ᠨᠠᠰᠤᠵᠢᠯᠳᠠ ᠶᠢᠨ ᠨᠡᠶᠢᠭᠡᠮ ᠳᠤ ᠣᠷᠣᠭᠰᠠᠨ ᠠᠴᠠ ᠨᠠᠭᠠᠰᠢ᠂ ᠪᠦᠬᠦ ᠣᠷᠣᠨ ᠤ ᠨᠠᠰᠤᠵᠢᠯ ᠤᠨ ᠠᠬᠢᠴᠠ ᠦᠷᠭᠦᠯᠵᠢᠯᠡᠨ ᠲᠦᠷᠭᠡᠳᠴᠦ᠂  ᠨᠠᠰᠤᠵᠢᠯ ᠤᠨ ᠠᠰᠠᠭᠤᠳᠠᠯ ᠠᠯᠬᠤᠮ ᠠᠯᠬᠤᠮ ᠢᠶᠠᠷ ᠲᠤᠪᠤᠶᠢᠮ᠎ᠠ ᠪᠣᠯᠪᠠ᠃ 2024 ᠣᠨ ᠤ ᠡᠴᠦᠰ ᠲᠤ᠂ ᠪᠥᠬᠦ ᠣᠷᠣᠨ ᠤ 0 - 14 ᠨᠠᠰᠤᠨ ᠤ ᠬᠥᠮᠦᠨ ᠠᠮᠠ 298 ᠲᠦᠮᠡ ᠪᠠᠶᠢᠵᠤ᠂ 12.48% ᠶᠢ ᠡᠵᠡᠯᠡᠪᠡ︔ 15-64 ᠨᠠᠰᠤᠨ ᠤ ᠬᠥᠮᠦᠨ ᠠᠮᠠ 1707 ᠲᠦᠮᠡ ᠪᠠᠶᠢᠵᠤ᠂ 71.48% ᠶᠢ ᠡᠵᠡᠯᠡᠪᠡ︔ 65 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ 383 ᠲᠦᠮᠡ ᠪᠠᠶᠢᠵᠤ᠂ 16.04% ᠶᠢ ᠡᠵᠡᠯᠡᠪᠡ᠃ 2023 ᠣᠨ ᠲᠠᠢ ᠬᠠᠷᠢᠴᠠᠭᠤᠯᠪᠠᠯ᠂ 0-14 ᠨᠠᠰᠣᠨ ᠤ ᠬᠥᠮᠦᠨ ᠠᠮᠠ ᠶᠢᠨ ᠡᠵᠡᠯᠡᠬᠦ ᠬᠠᠷᠢᠴᠠᠯ ᠲᠣᠰ ᠲᠣᠰ 0.4 ᠪᠠ 0.19 ᠵᠠᠭᠤᠨ ᠤ ᠬᠤᠪᠢ ᠶᠢᠨ ᠴᠡᠭ ᠪᠠᠭᠤᠷᠠᠵᠤ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠦᠨ ᠠᠮᠠ ᠶᠢᠨ ᠡᠵᠡᠯᠡᠬᠦ ᠬᠠᠷᠢᠴᠠᠯ 0.59 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠡᠳᠦ᠋ᠢᠪᠡᠷ ᠬᠥᠮᠦᠨ ᠠᠮᠠ ᠶᠢᠨ ᠨᠠᠰᠤᠨ ᠤ ᠪᠦᠲᠦᠴᠡ ᠳᠤ ︽ᠬᠤᠶᠠᠷ ᠪᠠᠭᠤᠷᠠᠵᠤ ᠨᠢᠭᠡ ᠨᠡᠮᠡᠭᠳᠡᠬᠦ︾ ᠬᠠᠨᠳᠤᠰᠢ ᠢᠯᠡᠷᠡᠭᠰᠡᠨ ᠪᠣᠯᠪᠠᠴᠤ ᠮᠠᠨ ᠤ ᠣᠷᠣᠨ ᠤ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠡᠵᠡᠯᠡᠬᠦ ᠬᠠᠷᠢᠴᠠᠯ ᠮᠥᠨ ᠬᠦ 70% ᠶᠢᠳᠠᠪᠠᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 2.91 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂ ᠪᠥᠬᠦ ᠤᠯᠤᠰ ᠤᠨ ᠵᠢᠷᠭᠤᠳᠤᠭᠠᠷ ᠲᠤ ᠣᠷᠣᠵᠤ᠂ ᠬᠥᠳᠡᠯᠮᠦᠷᠢᠯᠡᠬᠦ ᠨᠠᠰᠤᠨ ᠤ ᠬᠥᠮᠦᠨ ᠠᠮᠠ ᠮᠥᠨ ᠬᠦ ᠨᠡᠯᠢᠶᠡᠳ ᠭᠦᠢᠴᠡᠳ ᠪᠠᠶᠢᠭᠰᠠᠭᠠᠷ᠃    ᠳᠦᠷᠪᠡ᠂ ᠪᠦᠬᠦ ᠤᠷᠤᠨ ᠤ ᠬᠦᠮᠦᠨ ᠠᠮᠠ ᠪᠠᠭ᠎ᠠ ᠬᠡᠮᠵᠢᠶ᠎ᠡ ᠪᠠᠷ ᠭᠠᠳᠠᠭᠰᠢ ᠭᠠᠷᠴᠦ᠂ ᠤᠷᠤᠨ ᠤ ᠳᠤᠳᠤᠷᠠᠬᠢ ᠬᠦᠮᠦᠨ ᠠᠮᠠ ᠨᠢ ᠬᠦᠬᠡᠬᠤᠳᠠ ᠪᠤᠭᠤᠳᠤ ᠤᠷᠳᠤᠰ ᠲᠤ ᠴᠤᠭᠯᠠᠷᠠᠪᠠ    2024 ᠣᠨ ᠳᠤ᠂ ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 1.2 ᠲᠦᠮᠡ ᠭᠠᠷᠴᠦ᠂ 2021 ᠣᠨ ᠠᠴᠠ ᠨᠠᠭᠠᠰᠢᠬᠢ ᠪᠦᠬᠦ ᠣᠷᠣᠨ ᠤ ᠬᠥᠮᠦᠨ ᠠᠮᠠ ᠶᠢᠨ ᠪᠤᠴᠠᠵᠤ ᠢᠷᠡᠬᠦ ᠬᠠᠨᠳᠤᠰᠢ ᠶᠢ ᠦᠷᠭᠦᠯᠵᠢᠯᠡᠭᠦᠯᠦᠭᠡ ᠦᠭᠡᠢ᠃ ᠤᠷᠲᠤ ᠬᠤᠭᠤᠴᠠᠭᠠᠨ ᠤ ᠲᠤᠷᠰᠢ᠂ ᠬᠥᠮᠥᠨ ᠠᠮᠠ ᠨᠢ ᠠᠵᠤ ᠠᠬᠤᠢ ᠨᠡᠩ ᠬᠥᠭᠵᠢᠭᠰᠡᠨ᠂ ᠠᠵᠢᠯ ᠣᠯᠬᠤ ᠲᠣᠬᠢᠶᠠᠯ ᠣᠯᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠭᠠᠵᠠᠷ ᠣᠷᠣᠨ ᠲᠡᠰᠢ ᠰᠢᠯᠵᠢᠬᠦ ᠬᠠᠨᠳᠤᠰᠢ ᠮᠥᠨ ᠦᠷᠭᠦᠯᠵᠢᠯᠡᠭᠰᠡᠭᠡᠷ ᠪᠠᠶᠢᠨ᠎ᠠ᠃ ᠣᠷᠣᠨ ᠤ ᠳᠣᠲᠣᠷᠠᠬᠢ ᠬᠥᠮᠦᠨ ᠠᠮᠠ ᠶᠢᠨ ᠲᠠᠷᠬᠠᠯᠲᠠ ᠠᠴᠠ ᠦᠵᠡᠪᠡᠯ᠂ 2024 ᠣᠨ ᠳᠤ ᠪᠥᠬᠦ ᠣᠷᠣᠨ ᠤ ᠵᠡᠭᠦᠨ ᠬᠡᠰᠡᠭ ᠤᠨ ᠭᠠᠵᠠᠷ ᠣᠷᠣᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠭᠠᠵᠠᠷ ᠣᠷᠣᠨ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠥᠮᠦᠨ ᠠᠮᠠ ᠶᠢᠨ ᠡᠵᠡᠯᠡᠬᠦ ᠬᠠᠷᠢᠴᠠᠯ ᠨᠢ ᠲᠣᠰ ᠲᠣᠰ 47.45%᠂ 42.85% ᠪᠠ 9.7% ᠪᠠᠶᠢᠵᠤ᠂ 2023 ᠣᠨ ᠲᠠᠢ ᠬᠠᠷᠢᠴᠠᠭᠤᠯᠪᠠᠯ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠥᠮᠦᠨ ᠠᠮᠠ ᠶᠢᠨ ᠡᠵᠡᠯᠡᠬᠦ ᠬᠠᠷᠢᠴᠠᠯ ᠲᠣᠰ ᠲᠣᠰ 0.3 ᠪᠠ 0.02 ᠵᠠᠭᠤᠨ ᠤ ᠬᠤᠪᠢ ᠶᠢᠨ ᠴᠡᠭ ᠪᠠᠭᠤᠷᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠥᠮᠦᠨ ᠠᠮᠠ ᠶᠢᠨ ᠡᠵᠡᠯᠡᠬᠦ ᠬᠠᠷᠢᠴᠠᠯ 0.32 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠬᠥᠬᠡᠬᠤᠲᠠ ᠪᠤᠭᠤᠲᠤ ᠣᠷᠳᠣᠰ 3 ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠠᠳᠠᠯᠢ ᠬᠤᠭᠤᠴᠠᠭᠠᠨ ᠤ ᠬᠢ ᠠᠴᠠ 6.59 ᠲᠦᠮᠡ ᠨᠡᠮᠡᠭᠳᠡᠵᠦ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠬᠢ ᠠᠴᠠ 0.39 ᠵᠠᠭᠤᠨ ᠤ ᠬᠤᠪᠢ ᠶᠢᠨ ᠴᠡᠭ ᠣᠷᠴᠢᠮ ᠳᠡᠭᠡᠭᠰᠢᠯᠡᠵᠦ᠂ ᠬᠥᠮᠦᠨ ᠠᠮᠠ ᠨᠢ ᠡᠬᠢ ᠪᠠᠶᠠᠯᠢᠭ ᠤᠨ ᠡᠯᠧᠮᠧᠨ᠋ᠲ ᠲᠥᠪᠯᠡᠷᠡᠭᠰᠡᠨ ᠭᠠᠵᠠᠷ ᠣᠷᠣᠨ ᠲᠡᠶᠢᠰᠢ ᠰᠢᠯᠵᠢᠬᠦ ᠬᠠᠨᠳᠤᠰᠢ ᠤᠯᠠᠮ ᠨᠢᠭᠡ ᠠᠯᠬᠤᠮ ᠲᠣᠪᠤᠶᠢᠮ᠎ᠠ ᠪᠣᠯᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号