2024 ᠣᠨ ᠤ ᠥᠪᠥᠷ ᠮᠣᠩᠭᠤᠯ ᠤᠨ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠤᠨ ᠰᠤᠭᠤᠴᠢᠨ | ᠪᠠᠶᠢᠴᠠᠭᠠᠯᠲᠠ ᠪᠣᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠳᠤᠤᠷ᠎ᠠ᠂ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠵᠤ | ᠬᠡᠷᠡᠭᠵᠢᠭᠦᠯᠦᠭᠰᠡᠨ ᠨᠢᠭᠡ ᠵᠦᠢᠯ ᠤᠨ ᠣᠷᠣᠨ ᠤ ᠪᠠᠶᠢᠳᠠᠯ ᠣᠷᠣᠨ ᠤ ᠬᠦᠴᠦᠨ ᠤ ᠴᠢᠬᠤᠯᠠ ᠪᠠᠶᠢᠴᠠᠭᠠᠯᠲᠠ ᠪᠣᠯᠤᠨ᠎ᠠ᠃ | ᠲᠣᠰ ᠤᠳᠠᠭᠠᠨ ᠤ ᠪᠠᠶᠢᠴᠠᠭᠠᠯᠲᠠ ᠳᠤ 2024 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠢᠶᠠᠷ | ᠪᠠᠶᠢᠴᠠᠭᠠᠯᠲᠠ ᠶᠢᠨ ᠪᠠᠷᠢᠮᠵᠢᠶᠠᠲᠤ ᠴᠠᠭ ᠪᠣᠯᠭᠠᠵᠤ᠂ ᠣᠯᠠᠨ ᠱᠠᠲᠤ ᠦᠶ᠎ᠡ᠂ ᠲᠠᠰ ᠳᠠᠪᠬᠤᠷᠭ᠎ᠠ᠂ | ᠲᠣᠬᠢᠶᠠᠯᠳᠤᠮᠵᠢ ᠶᠢᠨ ᠬᠠᠷᠢᠴᠠᠯ ᠢᠶᠠᠷ ᠥᠯᠢᠭᠡᠷ ᠠᠪᠬᠤ ᠠᠷᠭ᠎ᠠ ᠶᠢ ᠠᠪᠴᠤ᠂ ᠪᠥᠬᠦ ᠣᠷᠣᠨ ᠠᠴᠠ ᠨᠡᠶᠢᠲᠡ 862 | ᠲᠣᠰᠬᠤᠨ ᠤ ᠲᠠᠰ ᠤᠨ ᠥᠯᠢᠭᠡᠷ ᠬᠡᠪ ᠢ ᠰᠣᠩᠭᠤᠵᠤ᠂ 4.7 ᠲᠦᠮᠡᠨ ᠰᠠᠭᠤᠭᠠᠯᠢ ᠡᠷᠦᠬᠡ ᠶᠢ ᠪᠠᠶᠢᠴᠠᠭᠠᠨ | ᠳᠡᠩᠰᠡᠯᠡᠨ᠎ᠡ᠃ ᠣᠳᠣ ᠲᠤᠰ ᠤᠳᠠᠭᠠᠨ ᠤ ᠪᠠᠶᠢᠴᠠᠭᠠᠯᠲᠠ ᠪᠠᠷ ᠲᠥᠰᠦᠭᠡᠯᠡᠨ ᠪᠣᠳᠣᠭᠰᠠᠨ ᠬᠥᠮᠦᠨ ᠠᠮᠠ ᠶᠢᠨ ᠭᠤᠣᠯ | ᠲᠤᠭ᠎ᠠ ᠪᠠᠷᠢᠮᠲᠠ ᠶᠢ ᠦᠨᠳᠦᠰᠦᠯᠡᠨ ᠳᠣᠣᠷᠠᠬᠢ ᠮᠡᠲᠦ ᠨᠡᠶᠢᠲᠡᠯᠡᠶ᠎ᠡ᠄ | ᠨᠢᠭᠡ᠂ ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠢ ᠬᠡᠮᠵᠢᠶ᠎ᠡ | 2024 ᠣᠨ ᠤ ᠡᠴᠦᠰ ᠲᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 2388 ᠲᠦᠮᠡ | ᠪᠠᠶᠢᠵᠤ᠂ 2023 ᠣᠨ ᠤ ᠬᠢ ᠠᠴᠠ 8 ᠲᠦᠮᠡ ᠪᠠᠭᠠᠰᠴᠤ᠂ 0.33% ᠪᠠᠷ ᠪᠠᠭᠤᠷᠠᠪᠠ᠃ | ᠬᠤᠶᠠᠷ᠂ ᠬᠤᠳᠠ ᠲᠣᠰᠬᠤᠨ ᠤ ᠪᠦᠲᠦᠴᠡ | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠤ ᠬᠥᠮᠦᠨ ᠠᠮᠠ | 1689 ᠲᠦᠮᠡ ᠪᠠᠶᠢᠵᠤ᠂ 2023 ᠣᠨ ᠤ ᠬᠢ ᠠᠴᠠ 21.9 ᠲᠦᠮᠡ ᠨᠡᠮᠡᠭᠳᠡᠵᠡᠶ︔ ᠬᠥᠳᠡᠭᠡ ᠲᠣᠰᠬᠤᠨ ᠤ | ᠬᠥᠮᠦᠨ ᠠᠮᠠ 699 ᠲᠦᠮᠡ ᠪᠠᠶᠢᠵᠤ᠂ 2023 ᠣᠨ ᠤ ᠬᠢ ᠠᠴᠠ 29.9 ᠲᠦᠮᠡ ᠪᠠᠭᠠᠰᠪᠠ᠃ ᠪᠠᠶᠢᠩᠭᠤ | ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 70.73% ᠳᠤ ᠬᠦᠷᠴᠦ᠂ 2023 | ᠣᠨ ᠤ ᠬᠢ ᠠᠴᠠ 1.15 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠭᠤᠷᠪᠠ᠂ ᠨᠠᠰᠤᠨ ᠤ ᠪᠦᠷᠢᠯᠳᠦᠯ | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ 0-15 ᠨᠠᠰᠤᠨ ᠤ ᠬᠥᠮᠦᠨ ᠠᠮᠠ | 322 ᠲᠦᠮᠡ ᠪᠠᠶᠢᠵᠤ᠂ ᠪᠥᠬᠦ ᠬᠥᠮᠦᠨ ᠠᠮᠠ ᠶᠢᠨ 13.48% ᠶᠢ ᠡᠵᠡᠯᠡᠪᠡ︔ 16 - 59 ᠨᠠᠰᠤᠨ ᠤ ᠬᠥᠮᠦᠨ | ᠠᠮᠠ 1496 ᠲᠦᠮᠡ ᠪᠠᠶᠢᠵᠤ᠂ 62.65% ᠶᠢ ᠡᠵᠡᠯᠡᠪᠡ︔ 60 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠨ ᠤ ᠬᠥᠮᠦᠨ ᠠᠮᠠ 570 ᠲᠦᠮᠡ ᠪᠠᠶᠢᠵᠤ᠂ 23.87% ᠶᠢ ᠡᠵᠡᠯᠡᠪᠡ᠃ ᠡᠭᠦᠨ ᠳᠤ᠂ 65 ᠨᠠᠰᠤ ᠵᠢᠴᠢ | ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 383 ᠲᠦᠮᠡ ᠪᠠᠶᠢᠵᠤ᠂ 16.04% ᠶᠢ ᠡᠵᠡᠯᠡᠪᠡ᠃ | 2023 ᠣᠨ ᠲᠠᠢ ᠬᠠᠷᠢᠴᠠᠭᠤᠯᠪᠠᠯ᠂ 0-15 ᠨᠠᠰᠤᠨ ᠤ ᠬᠥᠮᠦᠨ ᠠᠮᠠ 9.1 ᠲᠦᠮᠡ ᠪᠠᠭᠠᠰᠴᠤ᠂ ᠬᠤᠪᠢ ᠶᠢᠨ | ᠵᠢᠩ ᠨᠢ 0.34 ᠵᠠᠭᠤᠨ ᠤ ᠬᠤᠪᠢ ᠶᠢᠨ ᠴᠡᠭ ᠪᠠᠭᠤᠷᠠᠪᠠ︔ 16 - 59 ᠨᠠᠰᠤᠨ ᠤ ᠬᠥᠮᠦᠨ ᠠᠮᠠ 22.5 | ᠲᠦᠮᠡ ᠪᠠᠭᠠᠰᠴᠤ᠂ ᠬᠤᠪᠢ ᠶᠢᠨ ᠵᠢᠩ ᠨᠢ 0.73 ᠵᠠᠭᠤᠨ ᠤ ᠬᠤᠪᠢ ᠶᠢᠨ ᠴᠡᠭ ᠪᠠᠭᠤᠷᠠᠪᠠ︔ 60 ᠨᠠᠰᠤ ᠵᠢᠴᠢ | ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 23.6 ᠲᠦᠮᠡ ᠨᠡᠮᠡᠭᠳᠡᠵᠦ᠂ ᠬᠤᠪᠢ ᠶᠢᠨ ᠵᠢᠩ ᠨᠢ 1.07 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ | ᠬᠥᠮᠦᠨ ᠠᠮᠠ 12.7 ᠲᠦᠮᠡ ᠨᠡᠮᠡᠭᠳᠡᠵᠦ᠂ ᠬᠤᠪᠢ ᠶᠢᠨ ᠵᠢᠩ ᠨᠢ 0.59 ᠵᠠᠭᠤᠨ ᠤ ᠬᠤᠪᠢ ᠶᠢᠨ ᠴᠡᠭ | ᠳᠡᠭᠡᠭᠰᠢᠯᠡᠪᠡ᠃ | ᠳᠥᠷᠪᠡ᠂ ᠴᠢᠨᠠᠷ ᠤᠨ ᠢᠯᠭᠠᠯ ᠤᠨ ᠪᠦᠷᠢᠯᠳᠦᠯ | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠡᠷᠡᠭᠲᠡᠶ ᠬᠥᠮᠦᠨ ᠠᠮᠠ 1221 | ᠲᠦᠮᠡ ᠪᠠᠶᠢᠵᠤ᠂ ᠪᠥᠬᠦ ᠬᠥᠮᠦᠨ ᠠᠮᠠ ᠶᠢᠨ 51.13% ᠶᠢ ᠡᠵᠡᠯᠡᠪᠡ︔ ᠡᠮᠡᠭᠲᠡᠶ ᠬᠥᠮᠦᠨ ᠠᠮᠠ 1167 | ᠲᠦᠮᠡ ᠪᠠᠶᠢᠵᠤ᠂ 48.87% ᠶᠢ ᠡᠵᠡᠯᠡᠪᠡ᠃ ᠪᠥᠬᠦ ᠬᠥᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ | 104.63 ᠪᠣᠯᠵᠣ᠂ 2023 ᠣᠨ ᠤ ᠬᠢ ᠠᠴᠠ 0.34 ᠪᠠᠭᠤᠷᠠᠪᠠ᠃ | ᠲᠠᠪᠤ᠂ ᠬᠥᠮᠦᠨ ᠠᠮᠠ ᠶᠢᠨ ᠠᠶᠠᠨᠳᠠᠭᠠᠨ ᠨᠡᠮᠡᠭᠳᠡᠯ | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠲᠥᠷᠥᠭᠰᠡᠨ ᠬᠥᠮᠦᠨ ᠠᠮᠠ 13.2 | ᠲᠦᠮᠡ ᠪᠠᠶᠢᠵᠤ᠂ 2023 ᠣᠨ ᠤ ᠬᠢ ᠠᠴᠠ 1.2 ᠲᠦᠮᠡ ᠨᠡᠮᠡᠭᠳᠡᠵᠡᠶ︔ ᠬᠥᠮᠦᠨ ᠠᠮᠠ ᠶᠢᠨ ᠳᠦᠷᠦᠯᠲᠡ ᠶᠢᠨ | ᠨᠤᠷᠮ᠎ᠠ 5.52 ‰ ᠳᠤ ᠬᠦᠷᠴᠦ᠂ 2023 ᠣᠨ ᠤ ᠬᠢ ᠠᠴᠠ 0.52 ᠮᠢᠩᠭᠠᠨ ᠤ ᠬᠤᠪᠢ ᠶᠢᠨ ᠴᠡᠭ | ᠳᠡᠭᠡᠭᠰᠢᠯᠡᠪᠡ︔ 20.0 ᠲᠦᠮᠡᠨ ᠬᠥᠮᠦᠨ ᠦᠬᠦᠵᠦ᠂ 2023 ᠣᠨ ᠤ ᠬᠢ ᠠᠴᠠ 0.2 ᠲᠦᠮᠡᠨ ᠬᠥᠮᠦᠨ | ᠬᠠᠰᠤᠭᠳᠠᠪᠠ︔ ᠬᠥᠮᠦᠨ ᠠᠮᠠ ᠶᠢᠨ ᠦᠬᠦᠯᠲᠡ ᠶᠢᠨ ᠨᠣᠷᠮ᠎ᠠ 8.36 ‰ ᠪᠣᠯᠵᠣ᠂ 2023 ᠣᠨ ᠤ ᠬᠢ ᠠᠴᠠ | 0.06 ᠮᠢᠩᠭᠠᠨ ᠬᠤᠪᠢ ᠶᠢᠨ ᠴᠡᠭ ᠪᠠᠭᠤᠷᠠᠪᠠ︔ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠣᠷᠮ᠎ᠠ - 2.84 | ‰ ᠪᠣᠯᠵᠣ᠂ 2023 ᠣᠨ ᠤ ᠬᠢ ᠠᠴᠠ 0.58 ᠮᠢᠩᠭᠠᠨ ᠤ ᠬᠤᠪᠢ ᠶᠢᠨ ᠴᠡᠭ ᠳᠡᠭᠡᠭᠰᠢᠯᠡᠪᠡ᠃ | ᠵᠢᠷᠭᠤᠭ᠎ᠠ᠂ ᠭᠠᠵᠠᠷ ᠤᠷᠤᠨ ᠤ ᠲᠠᠷᠬᠠᠯᠲᠠ | | | | | ᠲᠠᠶᠢᠯᠪᠤᠷᠢ᠄ | ᠪᠠᠶᠢᠩᠭᠤ ᠰᠠᠭᠤᠭ᠎ᠠ ᠬᠥᠮᠦᠨ ᠠᠮᠠ᠄ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ | ᠪᠥᠭᠡᠳ ᠡᠷᠦᠬᠡ ᠠᠮᠠ ᠨᠢ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠪᠤᠶᠤ ᠡᠷᠦᠬᠡ ᠠᠮᠠ ᠶᠢᠨ ᠳᠠᠩᠰᠠ ᠪᠠᠨ | ᠲᠣᠭᠲᠠᠭᠠᠭᠠᠳᠤᠶ ᠬᠥᠮᠦᠨ ᠪᠠᠭᠲᠠᠨ᠎ᠠ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ | ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠠᠴᠠ ᠪᠠᠨ ᠰᠠᠯᠤᠭᠰᠠᠨ ᠰᠢᠶᠠᠩ ᠪᠠᠯᠭᠠᠰᠤ ᠶᠢᠨ ᠵᠡᠭᠡᠯᠢ | ᠭᠤᠳᠤᠮᠵᠢ ᠶᠢᠨ ᠬᠠᠭᠠᠰ ᠵᠢᠯ ᠠᠴᠠ ᠳᠡᠭᠡᠭᠰᠢ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ ᠵᠡᠭᠡᠯᠢ | ᠭᠤᠳᠤᠮᠵᠢ ᠳᠤ ᠪᠠᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ ᠭᠠᠳᠠᠨ᠎ᠠ | ᠠᠵᠢᠯᠯᠠᠵᠤ ᠰᠤᠷᠤᠯᠴᠠᠵᠤ ᠪᠠᠢᠭ᠎ᠠ ᠬᠥᠮᠦᠨ᠃ | ᠬᠤᠲᠠ ᠪᠠᠯᠭᠠᠰᠤᠨ ᠤ ᠬᠥᠮᠦᠨ ᠠᠮᠠ ᠪᠠ ᠬᠥᠳᠡᠭᠡ ᠲᠣᠰᠬᠤᠨ ᠤ ᠬᠥᠮᠦᠨ ᠠᠮᠠ᠄ ᠬᠤᠲᠠ ᠪᠠᠯᠭᠠᠰᠤᠨ ᠤ | ᠬᠥᠮᠦᠨ ᠠᠮᠠ ᠭᠡᠳᠡᠭ ᠨᠢ ᠬᠤᠲᠠ ᠪᠠᠯᠭᠠᠰᠤᠨ ᠤ ᠬᠡᠪᠴᠢᠶᠡᠨ ᠳᠣᠲᠣᠷᠠᠬᠢ ᠪᠦᠬᠦ ᠪᠠᠶᠢᠩᠭᠤ ᠰᠠᠭᠤᠭ᠎ᠠ ᠬᠥᠮᠦᠨ | ᠠᠮᠠ ᠶᠢ ᠵᠢᠭᠠᠵᠤ ᠪᠤᠶ︔ ᠬᠥᠳᠡᠭᠡ ᠲᠣᠰᠬᠤᠨ ᠤ ᠬᠥᠮᠦᠨ ᠠᠮᠠ ᠪᠣᠯ ᠳᠡᠭᠡᠷ᠎ᠡ ᠳᠤᠷᠠᠳᠤᠭᠰᠠᠨ ᠬᠥᠮᠦᠨ ᠠᠮᠠ ᠠᠴᠠ | ᠭᠠᠳᠠᠨᠠᠬᠢ ᠪᠦᠬᠦ ᠬᠥᠮᠦᠨ ᠠᠮᠠ ᠮᠥᠨ᠃ | ᠴᠢᠨᠠᠷ ᠤᠨ ᠢᠯᠭᠠᠯ ᠤᠨ ᠬᠠᠷᠢᠴᠠᠯ᠄ ᠡᠷᠡᠭᠲᠡᠶ ᠬᠥᠮᠦᠨ ᠤ ᠬᠥᠮᠦᠨ ᠠᠮᠠ ᠶᠢᠨ ᠲᠤᠭ᠎ᠠ ᠪᠣᠯᠤᠨ ᠡᠮᠡᠭᠲᠡᠶ ᠬᠥᠮᠦᠨ | ᠠᠮᠠ ᠶᠢᠨ ᠲᠣᠭᠠᠨ ᠤ ᠬᠠᠷᠢᠴᠠᠯ ᠢ ᠵᠢᠭᠠᠵᠤ ᠪᠠᠶᠢᠨ᠎ᠠ᠂ ᠶᠡᠷᠦ ᠳᠡᠭᠡᠨ 100 ᠡᠮᠡᠭᠲᠡᠶ ᠬᠥᠮᠦᠨ ᠠᠮᠠ ᠶᠢᠨ | ᠵᠣᠬᠢᠴᠠᠩᠭᠤᠶ ᠪᠠᠷ ᠬᠡᠳᠦᠶ ᠡᠷᠡᠭᠲᠡᠶ ᠬᠥᠮᠦᠨ ᠠᠮᠠ ᠪᠠᠶᠢᠬᠤ ᠶᠢ ᠢᠯᠡᠳᠬᠡᠳᠡᠭ᠃ |