ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠵᠣᠬᠢᠶᠠᠮᠠᠯ ᠣᠶᠣᠨ ᠤ ᠬᠡᠷᠡᠭᠯᠡᠭᠡᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/4/14
    ᠲᠤᠭ᠎ᠠ ᠪᠦᠷᠢᠳᠭᠡᠯ ᠤᠨ ᠠᠵᠢᠯ ᠤᠨ ᠣᠶᠤᠨᠴᠢᠯᠠᠭᠰᠠᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠵᠣᠬᠢᠶᠠᠮᠠᠯ ᠣᠶᠣᠨ ᠤ ᠮᠡᠷᠭᠡᠵᠢᠯ ᠬᠢᠭᠡᠳ ᠲᠤᠭ᠎ᠠ ᠪᠦᠷᠢᠳᠭᠡᠯ ᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ ᠵᠣᠬᠢᠶᠠᠮᠠᠯ ᠣᠶᠣᠨ ᠤ Deepseek ᠤᠨ ᠬᠡᠷᠡᠭᠯᠡᠭᠡᠨ ᠤ ᠪᠣᠯᠪᠠᠰᠣᠷᠠᠯ ᠢ ᠵᠣᠬᠢᠶᠠᠨ ᠪᠠᠢᠭᠤᠯᠤᠨ ᠥᠷᠨᠢᠭᠦᠯᠪᠡ᠃    ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠳᠤ ᠮᠡᠳᠡᠭᠡ ᠵᠠᠩᠭᠢᠵᠢᠯᠲᠠ ᠶᠢᠨ ᠬᠦᠷᠢᠶᠡᠨ ᠤ ᠲᠤᠰᠬᠠᠶ ᠮᠡᠷᠭᠡᠵᠢᠯᠲᠡᠨ᠂ ᠥᠪᠥᠷ ᠮᠣᠩᠭᠤᠯ ᠤᠨ ᠤᠶᠤᠨᠯᠢᠭ ᠬᠦᠬᠡᠬᠤᠳᠠ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠢᠤᠸᠠᠨ ᠰᠢᠨ ᠢ ᠤᠷᠢᠵᠤ ᠬᠢᠴᠢᠶᠡᠯ ᠣᠷᠣᠭᠤᠯᠤᠨ᠂ ᠪᠥᠬᠦ ᠬᠤᠲᠠ ᠶᠢᠨ Deepseek ᠤᠨ ᠬᠡᠷᠡᠭᠡᠯᠡᠭᠡᠨ ᠤ ᠠᠬᠤᠶ ᠪᠠᠶᠢᠳᠠᠯ᠂ ᠵᠣᠷᠢᠯᠭ᠎ᠠ᠂ ᠬᠡᠷᠡᠭᠯᠡᠭᠡᠨ ᠤ ᠣᠳᠣᠬᠢ ᠪᠠᠶᠢᠳᠠᠯ᠂ ᠢᠷᠡᠭᠡᠳᠦᠶ ᠶᠢᠨ ᠬᠥᠭᠵᠢᠯᠲᠡ ᠶᠢᠨ ᠬᠠᠨᠳᠤᠰᠢ᠂ ᠬᠤᠪᠢ ᠶᠢᠨ ᠪᠠ ᠲᠤᠰᠬᠠᠶ ᠮᠡᠷᠭᠡᠵᠢᠯ ᠤᠨ  ᠬᠡᠷᠡᠭᠴᠡᠭᠡ ᠶᠢᠨ ᠢᠯᠭᠠᠭ᠎ᠠ᠂ ᠪᠡᠶᠡᠯᠡᠭᠦᠯᠬᠦ ᠠᠷᠭ᠎ᠠ ᠵᠠᠮ ᠵᠢᠴᠢ Deepseek ᠤᠨ ᠪᠣᠳᠠᠲᠠᠶ ᠬᠡᠷᠡᠭᠯᠡᠯᠲᠡ ᠶᠢᠨ ᠲᠣᠭᠤᠷᠢᠨ ᠳᠤ ᠬᠢᠴᠢᠶᠡᠯ ᠥᠷᠨᠢᠭᠦᠯᠪᠡ᠃    ᠪᠣᠯᠪᠠᠰᠤᠷᠠᠯ ᠢᠶᠠᠷ ᠳᠡᠮᠵᠢᠨ᠂ ᠥᠷᠭᠡᠨ ᠣᠯᠠᠨ ᠲᠤᠭ᠎ᠠ ᠪᠦᠷᠢᠳᠬᠡᠯ ᠤᠨ ᠺᠠᠳ᠋ᠷ ᠵᠣᠬᠢᠶᠠᠮᠠᠯ ᠣᠶᠤᠨ ᠤ ᠲᠣᠮᠣ ᠵᠠᠭᠪᠤᠷ ᠤᠨ ᠬᠡᠷᠡᠭᠯᠡᠯᠲᠡ ᠶᠢᠨ ᠲᠤᠬᠠᠶ ᠨᠠᠩ ᠲᠣᠳᠣᠷᠬᠠᠶ ᠣᠶᠢᠯᠠᠭᠠᠯᠲᠠ ᠲᠠᠢ ᠪᠣᠯᠵᠣ᠂   ᠲᠤᠭ᠎ᠠ ᠪᠦᠷᠢᠳᠬᠡᠯ ᠤᠨ ᠠᠵᠢᠯ ᠳᠤ ᠬᠡᠷᠬᠢᠨ Deeeek ᠶᠡᠭᠡ ᠵᠠᠭᠪᠤᠷ ᠬᠡᠷᠡᠭᠯᠡᠬᠦ ᠵᠢᠴᠢ ᠲᠤᠭ᠎ᠠ ᠪᠠᠷᠢᠮᠲᠠ ᠴᠤᠭᠯᠠᠭᠤᠯᠬᠤ᠂ᠰᠢᠢᠳᠪᠦᠷᠢᠯᠡᠬᠦ᠂ ᠵᠠᠳᠠᠯᠬᠤ᠂  ᠵᠠᠳᠠᠯᠬᠤ ᠪᠠ  ᠰᠢᠢᠳᠪᠦᠷᠢᠳᠦ ᠪᠣᠳᠣᠯᠭ᠎ᠠ ᠲᠣᠭᠲᠠᠭᠠᠬᠤ ᠪᠥᠬᠦ ᠬᠡᠯᠬᠢᠶ᠎ᠡ ᠳᠤ ᠦᠢᠯᠡᠴᠢᠯᠡᠬᠦᠯᠬᠦ ᠲᠤᠬᠠᠢ ᠰᠢᠨ᠎ᠡ ᠪᠣᠳᠣᠯᠬᠢᠯᠠᠯ ᠪᠠ ᠲᠠᠨᠢᠯᠲᠠ ᠲᠠᠢ ᠪᠣᠯᠵᠣ᠂ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号