ᠥᠪᠥᠷ ᠮᠣᠩᠭᠤᠯ ᠪᠥᠬᠦ ᠤᠯᠤᠰ ᠤᠨ ᠨᠡᠶᠢᠳᠡᠮ ᠪᠠᠶᠢᠴᠠᠭᠠᠯᠲᠠ ᠶᠢᠨ ᠲᠥᠪ ᠤᠨ ᠰᠢᠰᠲ᠋ᠧᠮ ᠤᠨ ᠠᠵᠢᠯ ᠤᠨ ᠬᠤᠷᠠᠯ ᠳᠤ ᠨᠡᠶᠢᠲᠡᠯᠢᠭ ᠲᠦᠯᠦᠭᠡᠯᠡᠭᠴᠢ ᠶᠢᠨ ᠬᠤᠪᠢ ᠪᠠᠷ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/4/16
    4 ᠰᠠᠷ᠎ᠠ ᠶᠢᠨ 1 ᠤ ᠡᠳᠦᠷ᠂ ᠪᠦᠬᠦ ᠤᠯᠤᠰ ᠤᠨ ᠨᠡᠶᠢᠳᠡᠮ ᠪᠠᠶᠢᠴᠠᠭᠠᠯᠲᠠ ᠶᠢᠨ ᠲᠥᠪ ᠤᠨ ᠰᠢᠰᠲ᠋ᠧᠮ ᠤᠨ ᠠᠵᠢᠯ ᠤᠨ ᠬᠤᠷᠠᠯ ᠠᠨᠾᠦ᠋ᠢ ᠮᠤᠵᠢ ᠶᠢᠨ ᠾᠧᠹᠸᠢ ᠬᠤᠲᠠ ᠳᠤ ᠬᠤᠷᠠᠯᠳᠤᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠩᠭᠡᠷᠡᠭᠰᠡᠨ ᠨᠢᠭᠡ ᠵᠢᠯ ᠤᠨ ᠨᠡᠶᠢᠳᠡᠮ ᠪᠠᠶᠢᠴᠠᠭᠠᠯᠲᠠ ᠶᠢᠨ ᠲᠥᠪ ᠤᠨ ᠰᠢᠰᠲ᠋ᠧᠮ ᠤᠨ ᠠᠵᠢᠯ ᠢ ᠳ᠋ᠦᠩᠨᠡᠵᠦ᠂ ᠣᠳᠣᠬᠠᠨ ᠤ ᠪᠠᠶᠢᠳᠠᠯ ᠤᠨ ᠠᠵᠠ ᠲᠣᠬᠢᠶᠠᠯ ᠢ ᠰᠤᠳᠤᠯᠤᠨ ᠮᠠᠭᠠᠳᠯᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠲᠢᠶᠠᠨ ᠰᠢᠨ ᠿᠤ᠋ ᠲᠥᠯᠥᠭᠡᠯᠡᠭᠴᠢ ᠶᠢᠨ ᠬᠤᠪᠢ ᠪᠠᠷ ︽ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠲᠤᠭ᠎ᠠ ᠪᠦᠷᠢᠳᠬᠡᠯ ᠤᠨ ᠡᠭᠦᠯᠡᠨ ᠨᠡᠷᠡᠰ ᠤᠨ ᠬᠥᠮᠥᠷᠭᠡ ᠶᠢᠨ ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃    2020 ᠣᠨ ᠠᠴᠠ ᠨᠠᠭᠠᠰᠢ᠂ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠲᠣᠪᠴᠢᠶ᠎ᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠥᠮᠥᠷᠭᠡ ᠶᠢᠨ ᠪᠠᠶᠢᠭᠤᠯᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠷᠡᠰ ᠤᠨ ᠬᠥᠮᠥᠷᠭᠡ ᠶᠢᠨ ᠬᠥᠳᠡᠯᠦᠩᠭᠦᠶ ᠬᠠᠮᠠᠭᠠᠯᠠᠵᠤ ᠰᠢᠨᠡᠳᠬᠡᠬᠦ ᠲᠣᠭᠲᠠᠴᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠳᠤ ᠬᠤᠶᠠᠷ ᠵᠢᠯ ᠳᠠᠷᠠᠭᠠᠯᠠᠨ ᠢᠳᠡᠪᠬᠢᠲᠡᠶ ᠣᠷᠣᠯᠴᠠᠬᠤ ᠶᠢᠨ ᠬᠠᠮᠲᠤ ᠪᠥᠬᠦ ᠣᠷᠣᠨ ᠳᠤ ᠤᠷᠢᠳᠠᠪᠠᠷ ︽ᠨᠡᠷᠡᠰ ᠤᠨ ᠬᠥᠮᠥᠷᠭᠡ ᠶᠢᠨ ᠬᠥᠳᠡᠯᠦᠩᠭᠦᠶ ᠬᠠᠮᠠᠭᠠᠯᠠᠵᠤ ᠰᠢᠨᠡᠳᠬᠡᠬᠦ ᠲᠣᠭᠲᠠᠴᠠ ᠶᠢᠨ ᠬᠡᠷᠡᠭᠯᠡᠭᠡᠨ ᠤ ᠲᠤᠬᠠᠶᠢᠯᠠᠭᠰᠠᠨ ᠠᠵᠢᠯ ᠤᠨ ᠲᠥᠰᠦᠯ︾ ᠢ ᠬᠡᠷᠡᠭᠵᠢᠭᠦᠯᠵᠦ᠂ ︽ᠲᠣᠭᠲᠠᠴᠠ ᠶᠢ ᠲᠡᠭᠦᠯᠳᠡᠷᠵᠢᠭᠦᠯᠬᠦ᠂ ᠬᠡᠷᠡᠭᠯᠡᠯᠲᠡ ᠶᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯ ᠤᠨ ᠰᠡᠳᠬᠢᠮᠵᠢ ᠶᠢᠨ ᠲᠣᠭᠤᠷᠢᠨ ᠳᠤ᠂ ᠦᠨᠳᠦᠰᠦᠨ ᠨᠢᠭᠡᠴᠡ ᠶᠢᠨ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠨᠡᠷᠡᠰ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠪᠣᠯ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠮᠥᠨ᠂ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠬ᠎ᠠ ᠳᠡᠭᠦᠦ ᠮᠤᠵᠢ ᠬᠤᠲᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠣᠯᠭᠠᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠷᠡᠰ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠰᠢᠨ᠎ᠡ ᠶᠢ ᠡᠭᠦᠳᠦᠨ ᠴᠢᠩᠭᠠᠳᠬᠠᠵᠤ᠂ ᠨᠡᠷᠡᠰ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠥᠪᠥᠷ ᠮᠣᠩᠭᠤᠯ ᠤᠨ ᠨᠡᠷᠡᠰ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠢᠳᠡᠪᠬᠢᠲᠡᠶ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号