ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠠᠵᠢᠯ ᠢ ᠲᠤᠬᠠᠶ ᠶᠢᠨ ᠭᠠᠵᠠᠷ ᠲᠤᠨᠢ ᠥᠷᠨᠢᠭᠦᠯᠪᠡ
ᠨᠡᠶᠢᠲᠡᠯᠡᠭᠰᠡᠨ ᠴᠠᠭ᠄
2025/4/17
   ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ 15 ᠤ ᠡᠳᠦᠷ ᠤᠨ ᠦᠳᠡ ᠶᠢᠨ ᠬᠤᠶᠢᠨ᠎ᠠ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠨᠢ ᠬᠠᠶᠢᠯᠠᠷ ᠲᠣᠭᠤᠷᠢᠭ ᠲᠤ ᠬᠦᠷᠴᠦ ᠨᠢᠭᠡᠳᠦᠭᠡᠷ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ᠂ ᠶᠡᠷᠦ ᠪᠤᠰᠤ ᠶᠢᠨ ᠴᠠᠭ ᠠᠭᠤᠷ ᠠᠴᠠ ᠪᠡᠯᠡᠳᠬᠡᠮᠵᠢᠲᠦ ᠲᠠᠷᠢᠶᠠᠯᠠᠩ ᠢ ᠨᠥᠯᠥᠭᠡᠯᠡᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
呼伦贝尔市统计局实地开展农牧统计数据质量核查1.png
    4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠬᠠᠶᠢᠯᠠᠷ ᠤᠨ ᠪᠥᠲᠥᠭᠡᠨ ᠪᠠᠶᠢᠭᠤᠯᠤᠯᠲᠠ ᠶᠢᠨ ᠵᠡᠭᠡᠯᠢ ᠭᠤᠳᠤᠮᠵᠢ ᠶᠢᠨ ᠰᠢᠶᠤᠤ ᠯᠢᠶᠠᠩ ᠲᠠᠷᠢᠶᠠᠯᠠᠩ ᠤᠨ ᠲᠠᠯᠠᠪᠠᠢ ᠳᠤ ᠲᠤᠬᠠᠶ ᠶᠢᠨ ᠭᠠᠵᠠᠷ ᠲᠤ ᠨᠢ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠳᠡᠭᠡᠭᠰᠢ ᠮᠡᠳᠡᠬᠦᠯᠬᠦ ᠵᠢᠮᠢᠰ ᠢᠳᠡᠰᠢᠨ ᠨᠣᠭᠤᠭ᠎ᠠ ᠶᠢᠨ ᠲᠥᠷᠥᠯ ᠵᠦᠢᠯ᠂ ᠳᠠᠷᠢᠬᠤ ᠬᠡᠪᠴᠢᠶ᠎ᠡ ᠵᠢᠴᠢ ᠭᠠᠷᠤᠯᠲᠠ ᠶᠢᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠣᠶᠢᠷ᠎ᠠ ᠶᠢᠨ ᠡᠳᠦᠷ ᠤᠨ ᠶᠡᠷᠦ ᠪᠤᠰᠤ ᠶᠢᠨ ᠴᠠᠭ ᠠᠭᠤᠷ ᠤᠨ ᠨᠥᠯᠥᠭᠡ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠪᠠᠶᠢᠳᠠᠯ ᠢ ᠣᠶᠢᠯᠠᠭᠠᠪᠠ᠃ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠲᠠᠷᠢᠶᠠᠯᠠᠩ ᠤᠨ ᠲᠠᠯᠠᠪᠠᠢ ᠶᠢᠨ ᠬᠦᠯᠡᠮᠵᠢ ᠳᠤ ᠣᠶᠤᠨᠴᠢᠯᠠᠭᠰᠠᠨ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠰᠢᠰᠲ᠋ᠧᠮ ᠲᠣᠬᠢᠷᠠᠭᠤᠯᠵᠤ᠂ ᠬᠡᠷᠡᠯ ᠤᠨ ᠲᠤᠰᠤᠯᠲᠠ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠣᠷᠴᠢᠨ ᠲᠣᠭᠤᠷᠢᠨ ᠤ ᠪᠣᠯᠵᠣᠯᠲᠤ ᠲᠤᠭ᠎ᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠶᠡᠷᠦ ᠪᠤᠰᠤ ᠶᠢᠨ ᠴᠠᠭ ᠠᠭᠤᠷ ᠤᠨ ᠲᠥᠬᠦᠭᠡᠷᠦᠮᠵᠢ ᠶᠢᠨ ᠨᠥᠯᠥᠭᠡ ᠶᠢ ᠡᠵᠡᠮᠳᠡᠵᠦ ᠪᠣᠯᠬᠤ ᠪᠥᠭᠡᠳ ᠵᠢᠮᠢᠰ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠳᠤ ᠢᠯᠡᠳᠲᠡ ᠬᠡᠯᠪᠡᠯᠵᠡᠯ ᠭᠠᠷᠤᠭᠰᠠᠨ ᠥᠬᠡᠶ ᠪᠠᠶᠢᠬᠤ ᠶᠢ ᠣᠶᠢᠯᠠᠭᠠᠪᠠ᠃ ᠲᠠᠷᠢᠮᠠᠯ ᠤᠨ ᠪᠥᠬᠦ ᠶᠠᠪᠤᠴᠠ ᠳᠤ ᠣᠷᠭᠠᠨᠢᠭ ᠰᠠᠭᠤᠷᠢ ᠪᠣᠷᠲᠣᠭᠤᠷ ᠢ ᠬᠡᠷᠡᠭᠯᠡᠵᠦ᠂ ᠦᠢᠯᠡᠳᠬᠦᠨ ᠤ ᠡᠵᠡᠮᠰᠢᠯ ᠨᠢ ᠨᠡᠯᠢᠶᠡᠳ ᠰᠠᠶᠢᠨ᠃ ᠲᠠᠷᠢᠶᠠᠯᠠᠩ ᠤᠨ ᠲᠠᠯᠠᠪᠠᠢ ᠳᠤ ᠪᠠᠰᠠ ᠢᠩᠲᠣᠣᠷ᠂ ᠭᠠᠯ ᠯᠤᠤ ᠶᠢᠨ ᠵᠢᠮᠢᠰ᠂ ᠰᠢᠷ᠎ᠠ ᠲᠤᠭᠤᠷ᠂ ᠤᠯᠠᠭᠠᠨ ᠭᠦᠢᠯᠡᠰᠦ ᠵᠡᠷᠭᠡ ᠡᠮᠦᠨᠡᠲᠦ ᠣᠷᠣᠨ ᠤ ᠵᠢᠮᠢᠰ ᠲᠠᠷᠢᠵᠤ᠂ ᠦᠢᠯᠡᠳᠪᠦᠷᠢᠯᠡᠯ ᠤᠨ ᠦᠷ᠎ᠡ ᠠᠰᠢᠭ ᠨᠢ ᠢᠯᠡᠷᠬᠡᠶ᠃
呼伦贝尔市统计局实地开展农牧统计数据质量核查2.png
    15 ᠤ ᠡᠳᠦᠷ ᠤᠨ ᠦᠳᠡ ᠶᠢᠨ ᠬᠤᠶᠢᠨ᠎ᠠ ᠤᠷᠢᠳ ᠢᠶᠠᠷ ᠬᠠᠶᠢᠯᠠᠷ ᠲᠣᠭᠤᠷᠢᠭ ᠤᠨ ᠹᠧᠨ ᠳ᠋ᠧᠦ ᠪᠠᠯᠭᠠᠰᠤ ᠳᠤ ᠬᠦᠷᠴᠦ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠯᠣᠭᠢᠭ ᠤᠨ ᠬᠤᠯᠪᠣᠭᠳᠠᠯᠳᠤ ᠴᠢᠨᠠᠷ ᠵᠢᠴᠢ ᠠᠳᠠᠯᠢ ᠬᠤᠭᠤᠴᠠᠭᠠᠨ ᠤ ᠬᠢ᠂ ᠭᠠᠷᠠᠬᠠᠨ ᠬᠠᠷᠢᠴᠠᠯ ᠤᠨ ᠬᠤᠪᠢᠷᠠᠯᠲᠠ ᠶᠢᠨ ᠬᠠᠨᠳᠤᠰᠢ ᠶᠢᠨ ᠵᠦᠶ ᠶᠣᠰᠣᠴᠢ ᠴᠢᠨᠠᠷ ᠢ ᠬᠠᠷᠭᠤᠭᠤᠯᠤᠨ ᠪᠠᠶᠢᠴᠠᠭᠠᠪᠠ᠃ ᠳᠠᠷᠠᠭ᠎ᠠ ᠨᠢ ᠾᠧ ᠫᠢᠩ ᠲᠣᠰᠬᠤᠨ ᠤ ᠨᠢᠭᠡᠳᠦᠭᠡᠷ ᠤᠯᠠᠷᠢᠯ ᠤᠨ ᠢᠳᠡᠰᠢᠨ ᠨᠣᠭᠤᠭ᠎ᠠ ᠳᠠᠷᠢᠬᠤ ᠵᠢᠴᠢ ᠰᠣᠩᠭᠢᠨ᠎ᠠ ᠰᠠᠷᠢᠮᠰᠠᠭ ᠤᠨ ᠭᠠᠷᠤᠯᠲᠠ ᠶᠢᠨ ᠲᠤᠭ᠎ᠠ ᠪᠠᠷᠢᠮᠲᠠ ᠳᠤ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠵᠦ᠂ ᠢᠳᠡᠰᠢᠨ ᠨᠣᠭᠤᠭ᠎ᠠ ᠳᠠᠷᠢᠬᠤ ᠲᠠᠷᠢᠶᠠᠴᠢᠨ ᠲᠠᠢ ᠰᠣᠯᠢᠯᠴᠠᠬᠤ ᠪᠠᠷ ᠳᠡᠮᠵᠢᠨ᠂ ᠲᠤᠬᠠᠶ ᠶᠢᠨ ᠭᠠᠵᠠᠷ ᠤᠨ ᠲᠠᠷᠢᠮᠠᠯ ᠤᠨ ᠪᠠᠶᠢᠳᠠᠯ ᠨᠢ ᠪᠣᠳᠠᠲᠠᠶ ᠳᠤ ᠨᠡᠶᠢᠴᠡᠬᠦ ᠶᠢ ᠣᠶᠢᠯᠠᠭᠠᠪᠠ᠃
呼伦贝尔市统计局实地开展农牧统计数据质量核查3.png
    ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠣᠶᠢᠯᠠᠭᠠᠵᠤ ᠬᠠᠷᠭᠤᠭᠤᠯᠤᠨ ᠪᠠᠶᠢᠴᠠᠭᠠᠭᠰᠠᠨ᠂ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠭᠠᠷᠭᠠᠬᠤ ᠶᠢᠨ ᠬᠠᠮᠲᠤ᠂ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠲᠣᠬᠢᠷᠠᠭᠤᠯᠤᠯᠲᠠ ᠪᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠠᠵᠢᠯ ᠤᠨ ᠲᠥᠯᠥᠪᠯᠡᠭᠡ ᠶᠣᠰᠣᠭᠠᠷ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠤᠯᠠᠮ ᠴᠢᠩᠭᠠᠷᠠᠭᠤᠯᠵᠤ᠂ ᠦᠨᠳᠦᠰᠦᠨ ᠱᠠᠲᠤᠨ ᠤ ᠰᠠᠭᠤᠷᠢ ᠠᠵᠢᠯ ᠢ ᠪᠠᠬᠢᠵᠢᠭᠦᠯᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠨ᠎ᠠ᠃
 
ᠢᠷᠡᠯᠲᠡ᠄ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号