ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ︵2025 ᠣᠨ ᠤ 4 ᠰᠠᠷ᠎ᠠ ᠶᠢᠨ 2 ᠤᠨ ᠡᠳᠦᠷ︶ | 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠴᠢᠩᠭ᠎ᠠ ᠡᠵᠡᠮᠳᠡᠵᠦ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠰᠠᠶᠢᠲᠤᠷ ᠠᠳᠬᠤᠵᠤ᠂ ᠪᠥᠬᠦ ᠵᠢᠯ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ | ᠤᠷᠤᠭᠰᠢᠯᠠᠨ ᠳᠡᠪᠰᠢᠵᠦ᠂ ᠡᠯ᠎ᠡ ᠬᠦᠷᠢᠶᠡᠨ ᠤ ᠠᠵᠢᠯ ᠴᠢᠬᠤᠯᠠ ᠦᠷ᠎ᠡ ᠪᠦᠲᠦᠭᠡᠯ ᠪᠠ ᠢᠳᠡᠪᠬᠢᠲᠡᠶ ᠠᠬᠢᠴᠠ ᠲᠠᠢ | ᠪᠣᠯᠵᠣ᠂ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ ᠬᠠᠷᠠᠯᠲᠠ ᠪᠤᠳᠠᠳᠠᠢ ᠠᠬᠢᠴᠠ ᠲᠠᠢ | ᠪᠤᠯᠵᠠᠢ᠃ | ᠨᠢᠭᠡ᠂ ᠬᠤᠷᠢᠶᠠᠩᠭᠤᠶᠢᠯᠠᠯ | ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ᠂ ᠪᠥᠬᠦ ᠵᠢᠯ ᠤᠨ ᠣᠷᠣᠨ ᠨᠤᠲᠤᠭ ᠤᠨ ᠦᠢᠯᠡᠳᠪᠦᠷᠢᠯᠡᠯ | [2] ᠤᠨ ᠶᠡᠷᠦᠩᠬᠡᠶ ᠥᠷᠲᠡᠭ 26314.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠬᠢ ᠠᠴᠠ 5.8% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ | 2872.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.6% ᠪᠠᠷ ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 11604.4 ᠳ᠋ᠦᠩᠰᠢᠭᠤᠷ ᠲᠥᠭᠦᠷᠢᠭ ᠲᠤ ᠬᠦᠷᠴᠦ᠂ 7. | 0% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ11837.6 ᠳ᠋ᠦᠩᠰᠢᠭᠤᠷ | ᠲᠥᠭᠦᠷᠢᠭ ᠲᠤ ᠬᠦᠷᠴᠦ᠂ 4.9% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 10.9᠄ 44. | 1᠄ 45.0᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ | ᠲᠣᠰ 10.7%᠂ 47.4% ᠪᠠ 41.9% ᠪᠣᠯᠤᠨ᠎ᠠ᠃ ᠪᠥᠬᠦ ᠵᠢᠯ ᠤᠨ ᠬᠥᠮᠦᠨ ᠳᠤᠮᠳᠠᠴᠢ ᠶᠢᠨ ᠤᠷᠤᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 110011 ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠬᠢ ᠠᠴᠠ 6.1% ᠪᠠᠷ ᠨᠡᠮᠡᠭᠳᠡᠪᠡ᠃ | | | | | ᠵᠢᠯ ᠤᠨ ᠡᠴᠦᠰ ᠤᠨ ᠪᠠᠶᠢᠩᠭᠤ ᠰᠠᠭᠤᠭ᠎ᠠ ᠬᠥᠮᠦᠨ ᠠᠮᠠ [3] 2388 ᠲᠦᠮᠡᠨ ᠬᠥᠮᠦᠨ᠃ ᠡᠭᠦᠨ ᠳᠤ | ᠬᠤᠲᠠ ᠪᠠᠯᠭᠠᠰᠤᠨ ᠤ ᠬᠥᠮᠦᠨ ᠠᠮᠠ 1689 ᠲᠦᠮᠡ᠂ ᠬᠥᠳᠡᠭᠡ ᠲᠣᠰᠬᠤᠨ ᠤ ᠬᠥᠮᠦᠨ ᠠᠮᠠ 699 ᠲᠦᠮᠡ | ᠪᠠᠶᠢᠨ᠎ᠠ᠃ ᠡᠷᠡᠭᠲᠡᠶ ᠬᠥᠮᠦᠨ ᠠᠮᠠ 1221 ᠲᠦᠮᠡ᠂ ᠡᠮᠡᠭᠲᠡᠶ ᠬᠥᠮᠦᠨ ᠠᠮᠠ 1167 ᠲᠦᠮᠡ ᠪᠠᠶᠢᠨ᠎ᠠ᠃ ᠪᠥᠬᠦ | ᠵᠢᠯ ᠤᠨ ᠲᠥᠷᠥᠭᠰᠡᠨ ᠬᠥᠮᠦᠨ ᠠᠮᠠ 13.2 ᠲᠦᠮᠡ ᠪᠠᠶᠢᠵᠤ᠂ ᠲᠥᠷᠥᠭᠰᠡᠨ ᠨᠣᠷᠮ᠎ᠠ ᠨᠢ 5.52‰ ᠪᠣᠯᠤᠨ᠎ᠠ︔ | ᠥᠭᠦᠭᠰᠡᠨ ᠬᠥᠮᠦᠨ ᠠᠮᠠ 20.0 ᠲᠦᠮᠡ ᠪᠠᠶᠢᠵᠤ᠂ ᠥᠭᠦᠭᠰᠡᠨ ᠨᠣᠷᠮ᠎ᠠ ᠨᠢ 8.36 ‰ ᠪᠣᠯᠤᠨ᠎ᠠ᠃ | ᠪᠥᠬᠦ ᠵᠢᠯ ᠳᠤ ᠬᠤᠲᠠ ᠪᠠᠯᠭᠠᠰᠤᠨ ᠤ 20.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠪᠠ[4]᠃ | ᠠᠵᠢᠯ ᠠᠯᠳᠠᠭᠰᠠᠳ 6.8 ᠲᠦᠮᠡᠨ ᠬᠥᠮᠦᠨ ᠳᠤ ᠳᠠᠬᠢᠨ ᠠᠵᠢᠯ ᠣᠯᠭᠤᠪᠠ᠃ | ᠬᠦᠰᠦᠨᠦᠭᠲᠦ 1 2024 ᠤᠨ ᠤ ᠵᠢᠯ ᠤᠨ ᠰᠡᠭᠦᠯᠴᠢ ᠪᠠᠶᠢᠩᠭᠤ ᠰᠠᠭᠤᠭ᠎ᠠ ᠬᠦᠮᠦᠨ ᠠᠮᠠ ᠶᠢᠨ ᠲᠤᠭ᠎ᠠ ᠵᠢᠴᠢ | ᠲᠡᠭᠦᠨ ᠤ ᠪᠦᠷᠢᠯᠳᠦᠯ | | | ᠪᠦᠬᠦ ᠵᠢᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠳᠡᠭᠡᠷ᠎ᠡ ᠵᠢᠯ ᠤᠨ ᠬᠢ ᠠᠴᠠ 0.2% | ᠨᠡᠮᠡᠭᠳᠡᠪᠡ᠃ ᠪᠦᠬᠦ ᠵᠢᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ | ᠦᠨ᠎ᠡ ᠲᠦᠷᠦᠭᠦᠦ ᠵᠢᠯ ᠤᠨ ᠬᠢ ᠠᠴᠠ 3.4% ᠪᠠᠷ ᠪᠠᠭᠤᠷᠠᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ ᠤᠨ ᠬᠢ ᠠᠴᠠ 2.9% ᠪᠠᠷ | ᠪᠠᠭᠤᠷᠠᠵᠠᠢ᠃ | | | | | | | | ᠬᠦᠰᠦᠨᠦᠭᠲᠦ 2 2024 ᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠳᠡᠭᠡᠷ᠎ᠡ ᠵᠢᠯ ᠤᠨ | ᠬᠢ ᠠᠴᠠ ᠦᠰᠴᠦ ᠪᠠᠭᠤᠷᠠᠭᠰᠠᠨ ᠬᠡᠮᠵᠢᠶ᠎ᠡ | | | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠠᠨᠳᠤᠰᠢ ᠨᠡᠯᠢᠶᠡᠳ ᠰᠠᠶᠢᠨ ᠪᠠᠶᠢᠨ᠎ᠠ᠃ | ᠪᠦ᠋ᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ [7] ᠶᠢᠨ ᠳᠣᠲᠣᠷ᠎ᠠ᠂ ᠨᠡᠭᠦᠷᠡᠰᠦᠨ ᠤ ᠪᠤᠰᠤ | ᠠᠵᠤ ᠦᠢᠯᠡᠰ ᠤᠨ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 8.2% ᠢᠶᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠵᠡᠯᠡᠬᠦ ᠬᠤᠪᠢ ᠶᠢᠨ ᠵᠢᠩ ᠨᠢ | 62.4% ᠪᠠᠶᠢᠪᠠ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ [8] ᠤᠨ | ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 11.3% ᠪᠠᠷ ᠨᠡᠮᠡᠭᠳᠡᠪᠡ︔ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ[9] ᠤᠨ ᠨᠡᠮᠡᠭᠳᠡᠯ ᠦᠷᠳᠡᠭ 29.4% ᠪᠠᠷ ᠨᠡᠮᠡᠭᠳᠡᠪᠡ︔ ᠲᠣᠨᠣᠭᠯᠠᠯ ᠦᠢᠯᠡᠳᠬᠦ ᠦᠢᠯᠡᠰ ᠤᠨ [ 10 ] | ᠨᠡᠮᠡᠭᠳᠡᠯ ᠦᠷᠳᠡᠭ 42.5% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ | ᠦᠢᠯᠡᠰ ᠤᠨ ᠨᠡᠮᠡᠭᠳᠡᠯ ᠥᠷᠲᠡᠭ 42.4% ᠪᠠᠷ ᠨᠡᠮᠡᠭᠳᠡᠪᠡ᠃ | ᠬᠤᠳᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠯᠠᠪᠳᠠᠭᠤᠨ ᠢᠶᠠᠷ | ᠠᠬᠢᠪᠠ᠃ ᠵᠢᠯ ᠤᠨ ᠡᠴᠦᠰ ᠲᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ | 70.73% ᠬᠦᠷᠴᠦ᠂ ᠲᠦᠷᠦᠭᠦᠦ ᠵᠢᠯ ᠤᠨ ᠡᠴᠦᠰ ᠤᠨ ᠬᠢ ᠠᠴᠠ 1.15 ᠵᠠᠭᠤᠨ ᠤ ᠬᠤᠪᠢ ᠶᠢᠨ ᠴᠡᠭ | ᠳᠡᠭᠡᠭᠰᠢᠯᠡᠵᠡᠶ᠃ ᠣᠷᠣᠨ ᠪᠦᠰᠡ ᠬᠤᠪᠢᠶᠠᠨ ᠠᠪᠴᠤ ᠦᠵᠡᠪᠡᠯ [11]᠂ ᠪᠦᠬᠦ ᠵᠢᠯ ᠤᠨ ᠵᠡᠭᠦᠨ ᠬᠡᠰᠡᠭ ᠤᠨ ᠣᠷᠣᠨ | ᠨᠤᠲᠤᠭ ᠤᠨ ᠦᠢᠯᠡᠳᠪᠦᠷᠢᠯᠡᠯ ᠤᠨ ᠪᠦ᠋ᠬᠦ ᠦᠷᠳᠡᠭ 7782.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠬᠢ ᠠᠴᠠ 4.1% ᠪᠠᠷ ᠨᠡᠮᠡᠭᠳᠡᠵᠡᠢ︔ ᠳᠤᠮᠳᠠ ᠬᠡᠰᠡᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ | ᠪᠦᠬᠦ ᠦᠷᠳᠡᠭ 16259.4 ᠳ᠋ᠦᠩᠰᠢᠭᠤᠷ ᠲᠥᠭᠦᠷᠢᠭ ᠲᠤ ᠬᠦᠷᠴᠦ᠂ 6.7% ᠪᠠᠷ ᠨᠡᠮᠡᠭᠳᠡᠪᠡ︔ ᠪᠠᠷᠠᠭᠤᠨ | ᠬᠡᠰᠡᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠪᠦᠬᠦ ᠦᠷᠳᠡᠭ 2251.5 ᠳ᠋ᠦᠩᠰᠢᠭᠤᠷ ᠲᠥᠭᠦᠷᠢᠭ ᠲᠤ | ᠬᠦᠷᠴᠦ᠂ 5.3% ᠪᠠᠷ ᠨᠡᠮᠡᠭᠳᠡᠪᠡ᠃ | | | | ᠬᠤᠶᠠᠷ᠂ ᠲᠠᠷᠢᠶᠠᠯᠠᠩ ᠮᠠᠯ ᠠᠵᠤ ᠠᠬᠤᠶ | ᠪᠥᠬᠦ ᠵᠢᠯ ᠤᠨ ᠲᠠᠷᠢᠮᠠᠯ ᠤᠨ ᠶᠡᠷᠦᠩᠬᠡᠶ ᠲᠠᠯᠠᠪᠠᠶ 893.5 ᠲᠦᠮᠡᠨ ᠾᠧᠺᠲ᠋ᠠᠷ ᠲᠤ ᠬᠥᠷᠪᠡ᠃ ᠡᠭᠦᠨ ᠳᠤ᠂ | ᠠᠮᠤ ᠪᠤᠳᠠᠭᠠᠨ ᠤ ᠲᠠᠷᠢᠮᠠᠯ ᠤᠨ ᠲᠠᠯᠠᠪᠠᠶ 701.2 ᠲᠦᠮᠡᠨ ᠾᠧᠺᠲ᠋ᠠᠷ ᠲᠤ ᠬᠦᠷᠴᠦ᠂ ᠳᠡᠭᠡᠷ᠎ᠡ ᠵᠢᠯ ᠤᠨ ᠬᠢ ᠠᠴᠠ | 0.4% ᠪᠠᠷ ᠨᠡᠮᠡᠭᠳᠡᠪᠡ᠃ ᠠᠮᠤ ᠪᠤᠳᠠᠭᠠᠨ ᠤ ᠤᠨᠠᠯᠲᠠ 4100.5 ᠲᠦᠮᠡᠨ ᠲᠣᠨ ᠳᠤ ᠬᠦᠷᠴᠦ᠂ ᠲᠦᠷᠦᠭᠦᠦ | ᠵᠢᠯ ᠤᠨ ᠬᠢ ᠠᠴᠠ 3.6% ᠪᠠᠷ ᠨᠡᠮᠡᠭᠳᠡᠪᠡ᠃ ᠡᠭᠦᠨ ᠳᠤ᠂ ᠡᠷᠳᠡᠨᠢ ᠰᠢᠰᠢ ᠶᠢᠨ ᠭᠠᠷᠤᠯᠲᠠ 3276.2 ᠲᠦᠮᠡᠨ | ᠲᠣᠨ ᠳᠤ ᠬᠦᠷᠴᠦ᠂ 3.0% ᠢᠶᠠᠷ ᠨᠡᠮᠡᠭᠳᠡᠪᠡ︔ ᠰᠢᠷ᠎ᠠ ᠪᠤᠷᠴᠠᠭ ᠤᠨ ᠭᠠᠷᠤᠯᠲᠠ 248.1 ᠲᠦᠮᠡᠨ ᠲᠣᠨ ᠳᠤ | ᠬᠦᠷᠴᠦ᠂ 1.5% ᠪᠠᠷ ᠨᠡᠮᠡᠭᠳᠡᠪᠡ︔ ᠲᠥᠮᠥᠰᠥᠨ ᠤ ᠲᠥᠷᠥᠯ ︵ᠠᠮᠤ ᠪᠤᠳᠠᠭ᠎ᠠ ᠪᠠᠷ ᠨᠤᠭᠤᠯᠵᠤ ᠪᠤᠳᠤᠪᠠᠯ︶ | 169.8 ᠲᠦᠮᠡᠨ ᠲᠣᠨ ᠳᠤ ᠬᠦᠷᠴᠦ᠂ 30.5% ᠪᠠᠷ ᠨᠡᠮᠡᠭᠳᠡᠪᠡ᠃ | | | | ᠪᠥᠬᠦ ᠵᠢᠯ ᠤᠨ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 300.8 ᠲᠦᠮᠡᠨ ᠲᠣᠨ ᠳᠤ | ᠬᠦᠷᠴᠦ᠂ ᠲᠦᠷᠦᠭᠦᠦ ᠵᠢᠯ ᠤᠨ ᠬᠢ ᠠᠴᠠ 5.4% ᠪᠠᠷ ᠨᠡᠮᠡᠭᠳᠡᠪᠡ᠃ ᠡᠭᠦᠨ ᠤ ᠳᠣᠲᠣᠷ᠎ᠠ ᠭᠠᠭ᠋ᠠᠢ ᠶᠢᠨ ᠮᠢᠬᠠᠨ ᠤ | ᠭᠠᠷᠤᠯᠲᠠ 80.6 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 6.5% ᠪᠠᠷ ᠨᠡᠮᠡᠭᠳᠡᠵᠡᠢ︔ | ᠦᠬᠡᠷ ᠤᠨ ᠮᠢᠬᠠᠨ ᠤ ᠭᠠᠷᠤᠯᠲᠠ 89.1 ᠲᠦᠮᠡᠨ ᠲᠣᠨ ᠳᠤ ᠬᠦᠷᠴᠦ᠂ 14.5% ᠪᠠᠷ ᠨᠡᠮᠡᠭᠳᠡᠪᠡ︔ ᠬᠤᠨᠢᠨ | ᠮᠢᠬᠠᠨ ᠤ ᠭᠠᠷᠤᠯᠲᠠ 105.9 ᠲᠦᠮᠡᠨ ᠲᠣᠨ ᠳᠤ ᠬᠦᠷᠴᠦ᠂ 2.7% ᠪᠠᠷ ᠪᠠᠭᠤᠷᠠᠪᠠ︔ ᠵᠢᠭᠦᠷᠲᠡᠨ ᠤ ᠮᠢᠬᠠᠨ ᠤ | ᠭᠠᠷᠤᠯᠲᠠ 25.3 ᠲᠦᠮᠡᠨ ᠲᠣᠨ ᠳᠤ ᠬᠦᠷᠴᠦ᠂ 9.6% ᠪᠠᠷ ᠨᠡᠮᠡᠭᠳᠡᠪᠡ᠃ ᠵᠢᠭᠦᠷᠲᠡᠨ ᠤ ᠥᠨᠳᠡᠭᠡ ᠶᠢᠨ | ᠭᠠᠷᠤᠯᠲᠠ 64.0 ᠲᠦᠮᠡᠨ ᠲᠣᠨ ᠪᠠᠶᠢᠵᠤ᠂ 4.8% ᠪᠠᠷ ᠪᠠᠭᠤᠷᠠᠪᠠ᠃ ᠦᠨᠢᠶᠡᠨ ᠰᠦ ᠶᠢᠨ ᠭᠠᠷᠤᠯᠲᠠ 776. | 7 ᠲᠦᠮᠡᠨ ᠲᠣᠨ ᠳᠤ ᠬᠦᠷᠴᠦ᠂ 2.0% ᠢᠶᠠᠷ ᠪᠠᠭᠤᠷᠠᠪᠠ᠃ ᠵᠢᠯ ᠤᠨ ᠡᠴᠦᠰ ᠤᠨ ᠭᠠᠭ᠋ᠠᠶ ᠶᠢᠨ ᠲᠤᠭ᠎ᠠ 663.1 | ᠲᠦᠮᠡ ᠳᠤ ᠬᠦᠷᠴᠦ᠂ ᠲᠦᠷᠦᠭᠦᠦ ᠵᠢᠯ ᠤᠨ ᠡᠴᠦᠰ ᠤᠨ ᠬᠢ ᠠᠴᠠ 5.3% ᠪᠠᠷ ᠨᠡᠮᠡᠭᠳᠡᠪᠡ︔ 938.3 ᠲᠦᠮᠡᠨ | ᠦᠬᠡᠷ ᠲᠡᠵᠢᠭᠡᠵᠦ᠂ 1.0% ᠢᠶᠠᠷ ᠪᠠᠭᠤᠷᠠᠪᠠ︔ 6108.2 ᠲᠦᠮᠡᠨ ᠬᠤᠨᠢ ᠲᠡᠵᠢᠭᠡᠵᠦ᠂ 1.2% ᠢᠶᠠᠷ | ᠪᠠᠭᠤᠷᠠᠪᠠ︔ ᠬᠡᠷ ᠤᠨ ᠵᠢᠭᠦᠷᠲᠡᠨ ᠤ ᠲᠤᠭ᠎ᠠ 5341.2 ᠲᠦᠮᠡ ᠳᠤ ᠬᠦᠷᠴᠦ᠂ 9.9% ᠪᠠᠷ ᠪᠠᠭᠤᠷᠠᠪᠠ᠃ | ᠬᠦᠰᠦᠨᠦᠭᠲᠦ 3 2024 ᠤᠨ ᠤ ᠭᠤᠤᠯ ᠪᠤᠯᠬᠤ ᠬᠦᠳᠡᠭᠡ ᠠᠵᠤ ᠠᠬᠤᠢ ᠶᠢᠨ ᠪᠦᠳᠦᠭᠡᠭᠳᠡᠭᠦᠨ ᠤ | ᠭᠠᠷᠤᠯᠲᠠ ᠪᠠ ᠮᠠᠯ ᠤᠨᠤᠭᠠᠨ ᠤ ᠲᠤᠭ᠎ᠠ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | | ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | ᠪᠦᠬᠦ ᠵᠢᠯ ᠤᠨ ᠠᠵᠤ ᠦᠢᠯᠡᠳᠪᠦᠷᠢ ᠶᠢᠨ ᠪᠦᠬᠦ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 6. | 7% ᠪᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 6.8% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ᠂ ᠠᠵᠤ ᠠᠬᠤᠶ ᠶᠢᠨ ᠲᠥᠷᠥᠯ | ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ 5.8% ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 6.8% ᠪᠠᠷ ᠨᠡᠮᠡᠭᠳᠡᠵᠦ᠂ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠠᠯᠠ ᠣᠷᠣᠭᠤᠯᠤᠭᠰᠠᠨ ᠠᠵᠤ | ᠠᠬᠤᠶᠢᠯᠠᠯ 5.7% ᠪᠠᠷ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ 4. | 7% ᠪᠠᠷ ᠨᠡᠮᠡᠭᠳᠡᠵᠦ᠂ ᠦᠢᠯᠡᠳᠬᠦ ᠦᠢᠯᠡᠰ 9.3% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ | ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8.1% ᠪᠠᠷ | ᠨᠡᠮᠡᠭᠳᠡᠪᠡ᠃ | ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠨᠡᠭᠦᠷᠡᠰᠦ ᠮᠠᠯᠲᠠᠬᠤ ᠪᠠ | ᠤᠬᠢᠶᠠᠵᠤ ᠰᠢᠯᠢᠬᠦ ᠦᠢᠯᠡᠰ ᠲᠦᠷᠦᠭᠦᠦ ᠵᠢᠯ ᠤᠨ ᠬᠢ ᠠᠴᠠ 5.1% ᠪᠠᠷ ᠨᠡᠮᠡᠭᠳᠡᠵᠦ᠂ ᠢᠳᠡᠭᠡᠨ ᠤ ᠵᠦᠢᠯ ᠤᠨ | ᠦᠢᠯᠡᠳᠬᠦ ᠦᠢᠯᠡᠰ 4.5% ᠪᠠᠷ ᠨᠡᠮᠡᠭᠳᠡᠵᠦ᠂ ᠴᠢᠯᠠᠭᠤᠨ ᠲᠤᠰᠤ᠂ ᠨᠡᠭᠦᠷᠡᠰᠦ ᠵᠢᠴᠢ ᠪᠤᠰᠤᠳ ᠲᠦᠯᠡᠰᠢ | ᠪᠣᠯᠪᠠᠰᠤᠷᠠᠭᠤᠯᠬᠤ ᠦᠢᠯᠡᠰ 7.6% ᠪᠠᠷ ᠨᠡᠮᠡᠭᠳᠡᠵᠦ᠂ ᠬᠢᠮᠢ ᠶᠢᠨ ᠲᠦᠭᠦᠬᠡᠢ ᠡᠳ᠋ ᠪᠠ ᠬᠢᠮᠢ ᠶᠢᠨ ᠦᠢᠯᠡᠳᠬᠦᠨ ᠤ | ᠦᠢᠯᠡᠳᠬᠦ ᠦᠢᠯᠡᠰ 7.5% ᠪᠠᠷ ᠨᠡᠮᠡᠭᠳᠡᠵᠦ᠂ ᠲᠡᠮᠦᠷᠯᠢᠭ ᠪᠤᠰᠤ ᠡᠷᠦᠳᠡᠰᠦ ᠶᠢᠨ ᠦᠢᠯᠡᠳᠬᠦᠨ ᠤ ᠦᠢᠯᠡᠰ 1. | 3% ᠪᠠᠷ ᠨᠡᠮᠡᠭᠳᠡᠵᠦ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠩᠭᠠᠬᠤ ᠪᠣᠯᠪᠠᠰᠤᠷᠠᠭᠤᠯᠬᠤ | ᠦᠢᠯᠡᠰ 12.8% ᠪᠠᠷ ᠨᠡᠮᠡᠭᠳᠡᠵᠦ᠂ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ 2.9% ᠪᠠᠷ | ᠪᠠᠭᠤᠷᠠᠵᠤ᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ 41.3% ᠪᠠᠷ ᠨᠡᠮᠡᠭᠳᠡᠵᠦ᠂ | ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ 58.6% ᠪᠠᠷ | ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8. | 2% ᠢᠶᠠᠷ ᠨᠡᠮᠡᠭᠳᠡᠪᠡ᠃ | ᠬᠦᠰᠦᠨᠦᠭᠲᠦ 4 2024 ᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ | ᠪᠤᠯᠬᠤ ᠠᠵᠢᠯ ᠲᠦᠷᠦᠯ ᠤᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ | | | | ᠪᠦᠬᠦ ᠵᠢᠯ ᠤᠨ ᠨᠡᠭᠦᠷᠡᠰᠦᠨ ᠤ ᠭᠠᠷᠤᠯᠲᠠ [12] 129991.1 ᠲᠦᠮᠡᠨ ᠲᠣᠨ ᠳᠤ ᠬᠦᠷᠴᠦ᠂ ᠲᠦᠷᠦᠭᠦᠦ | ᠵᠢᠯ ᠤᠨ ᠬᠢ ᠠᠴᠠ 4.7% ᠪᠠᠷ ᠨᠡᠮᠡᠭᠳᠡᠵᠡᠢ︔ ᠴᠠᠬᠢᠯᠭᠠᠨ ᠭᠠᠷᠭᠠᠭᠰᠠᠨ ᠬᠡᠮᠵᠢᠶ᠎ᠡ 8344.0 ᠳ᠋ᠦᠩᠰᠢᠭᠤᠷ | ᠺᠢᠯᠤᠸᠠᠲ ᠴᠠᠭ ᠲᠤ ᠬᠦᠷᠴᠦ᠂ 9.4% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠳᠣᠲᠣᠷ᠎ᠠ᠂ ᠬᠡᠦᠷᠡᠰᠦ ᠶᠢᠨ ᠭᠠᠷᠤᠯᠲᠠ 5022.5 | ᠲᠦᠮᠡᠨ ᠲᠣᠨ ᠪᠠᠶᠢᠵᠤ᠂ 1.0% ᠢᠶᠠᠷ ᠪᠠᠭᠤᠷᠠᠪᠠ︔ ᠲᠠᠩ ᠲᠠᠯᠠᠰᠲᠤ ᠴᠠᠬᠢᠭᠤᠷ ᠤᠨ ᠭᠠᠷᠤᠯᠲᠠ 92.1 ᠲᠦᠮᠡᠨ | ᠲᠣᠨ ᠳᠤ ᠬᠦᠷᠴᠦ᠂ 55.2% ᠢᠶᠠᠷ ᠨᠡᠮᠡᠭᠳᠡᠪᠡ︔ ᠪᠤᠯᠤᠳ ᠮᠠᠲ᠋ᠧᠷᠢᠶᠠᠯ ᠤᠨ ᠭᠠᠷᠤᠯᠲᠠ 3442.4 ᠲᠦᠮᠡᠨ | ᠲᠣᠨ ᠳᠤ ᠬᠦᠷᠴᠦ᠂ 1.6% ᠪᠠᠷ ᠨᠡᠮᠡᠭᠳᠡᠪᠡ︔ ᠬᠥᠩᠭᠡᠨ ᠴᠠᠭᠠᠨ ᠤ ᠭᠠᠷᠤᠯᠲᠠ 668.4 ᠲᠦᠮᠡᠨ ᠲᠣᠨ ᠳᠤ | ᠬᠦᠷᠴᠦ᠂ 5.5% ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 461.9 ᠲᠦᠮᠡᠨ ᠲᠣᠨ ᠳᠤ ᠬᠦᠷᠴᠦ᠂ 2. | 8% ᠪᠠᠷ ᠪᠠᠭᠤᠷᠠᠪᠠ᠃ | ᠬᠦᠰᠦᠨᠦᠭᠲᠦ 5 2024 ᠤᠨ ᠤ ᠭᠤᠤᠯ ᠪᠤᠯᠬᠤ ᠠᠵᠤ ᠦᠢᠯᠡᠳᠪᠦᠷᠢ ᠶᠢᠨ ᠪᠦᠳᠦᠭᠡᠭᠳᠡᠭᠦᠨ ᠤ ᠭᠠᠷᠤᠯᠲᠠ | ᠵᠢᠴᠢ ᠲᠡᠭᠦᠨ ᠤ ᠨᠡᠮᠡᠭᠳᠡᠯ ᠤᠨ ᠬᠤᠷᠳᠤᠴᠠ | | | | | | | ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 29000.8 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ | 0.7% ᠪᠠᠷ ᠨᠡᠮᠡᠭᠳᠡᠪᠡ᠃ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠵᠠᠷᠤᠳᠠᠯ ᠨᠢ 7.3 | ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 0.4 ᠲᠥᠭᠦᠷᠢᠭ ᠨᠡᠮᠡᠭᠳᠡᠪᠡ︔ ᠵᠠᠭᠤᠨ ᠲᠥᠭᠦᠷᠢᠭ | ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠥᠪᠡᠷ ᠤᠨ ᠥᠷᠲᠡᠭ ᠨᠢ 80.4 ᠲᠥᠭᠦᠷᠢᠭ ᠪᠠᠶᠢᠵᠤ᠂ 0.9 | ᠲᠥᠭᠦᠷᠢᠭ ᠨᠡᠮᠡᠭᠳᠡᠪᠡ᠃ ᠵᠢᠯ ᠤᠨ ᠡᠴᠦᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 57.5% ᠪᠠᠶᠢᠵᠤ᠂ ᠲᠦᠷᠦᠭᠦᠦ ᠵᠢᠯ ᠤᠨ | ᠡᠴᠦᠰ ᠤᠨ ᠬᠢ ᠠᠴᠠ 0.4 ᠵᠠᠭᠤᠨ ᠤ ᠬᠤᠪᠢ ᠶᠢᠨ ᠴᠡᠭ ᠨᠡᠮᠡᠭᠳᠡᠪᠡ᠃ ᠪᠥᠬᠦ ᠵᠢᠯ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 96. | 9% ᠪᠣᠯᠪᠠ᠃ | ᠵᠢᠯ ᠤᠨ ᠡᠴᠦᠰ ᠲᠤ ᠪᠥᠬᠦ ᠣᠷᠣᠨ ᠤ 6000 ᠺᠢᠯᠤᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠤ | ᠦᠢᠯᠡᠳᠪᠦᠷᠢ ᠶᠢᠨ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 25975. | 4 ᠲᠦᠮᠡᠨ ᠺᠢᠯᠤᠸᠠᠲ ᠲᠤ ᠬᠦᠷᠴᠦ᠂ ᠳᠡᠭᠡᠷ᠎ᠡ ᠵᠢᠯ ᠤᠨ ᠡᠴᠦᠰ ᠤᠨ ᠬᠢ ᠠᠴᠠ 21.2% ᠢᠶᠠᠷ ᠨᠡᠮᠡᠭᠳᠡᠪᠡ᠃ | ᠡᠭᠦᠨ ᠳᠤ [13]᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 12100.8 ᠲᠦᠮᠡᠨ | ᠺᠢᠯᠤᠸᠠᠲ ᠲᠤ ᠬᠦᠷᠴᠦ᠂ 2.4% ᠪᠠᠷ ᠨᠡᠮᠡᠭᠳᠡᠪᠡ︔ ᠤᠰᠤᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ 241.7 ᠲᠦᠮᠡᠨ ᠺᠢᠯᠤᠸᠠᠲ ᠲᠤ ᠬᠦᠷᠴᠦ᠂ 1.5% ᠪᠠᠷ ᠨᠡᠮᠡᠭᠳᠡᠪᠡ︔ ᠰᠠᠯᠬᠢᠨ ᠬᠦᠴᠦᠨ ᠤ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 8588.0 ᠲᠦᠮᠡᠨ ᠺᠢᠯᠤᠸᠠᠲ ᠲᠤ ᠬᠦᠷᠴᠦ᠂ 23. | 5% ᠪᠠᠷ ᠨᠡᠮᠡᠭᠳᠡᠪᠡ︔ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ | 4517.3 ᠲᠦᠮᠡᠨ ᠺᠢᠯᠤᠸᠠᠲ ᠲᠤ ᠬᠦᠷᠴᠦ᠂ 106.2% ᠢᠶᠠᠷ ᠨᠡᠮᠡᠭᠳᠡᠪᠡ᠃ | ᠪᠥᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 8.3% ᠪᠠᠷ | ᠨᠡᠮᠡᠭᠳᠡᠪᠡ᠃ ᠵᠢᠯ ᠤᠨ ᠡᠴᠦᠰ ᠲᠤ ᠪᠥᠬᠦ ᠣᠷᠣᠨ ᠤ ᠬᠢᠷᠢ ᠬᠡᠮ ᠤᠨ ᠵᠡᠷᠭᠡ ᠳᠡᠰ ᠲᠠᠢ ᠶᠡᠷᠦᠩᠬᠡᠶ ᠳᠠᠭᠠᠭᠠᠴᠢᠯᠠᠯᠲᠠ | ᠪᠠ ᠲᠤᠰᠬᠠᠶ ᠳᠠᠭᠠᠭᠠᠴᠢᠯᠠᠯᠲᠠ ᠶᠢᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ 1496 ᠪᠠᠶᠢᠵᠤ᠂ ᠬᠡᠷ | ᠪᠠᠶᠢᠰᠢᠩ ᠤᠨ ᠪᠠᠷᠢᠯᠭ᠎ᠠ ᠶᠢᠨ ᠲᠠᠯᠠᠪᠠᠶ 6381 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠦᠷᠦᠭᠦᠦ | ᠵᠢᠯ ᠤᠨ ᠬᠢ ᠠᠴᠠ 7.1% ᠪᠠᠷ ᠪᠠᠭᠤᠷᠠᠪᠠ︔ ᠬᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠲᠠᠯᠠᠪᠠᠶ 1212 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 9.3% ᠪᠠᠷ ᠪᠠᠭᠤᠷᠠᠪᠠ︔ ᠭᠡᠷ ᠪᠠᠷᠢᠯᠭ᠎ᠠ ᠶᠢᠨ ᠠᠵᠢᠯ | ᠳᠠᠭᠤᠰᠤᠭᠰᠠᠨ ᠨᠣᠷᠮ᠎ᠠ ᠨᠢ 19.0%᠃ | ᠳᠥᠷᠪᠡ᠂ ᠦᠢᠯᠡᠴᠢᠯᠡᠭᠡᠨ ᠤ ᠦᠢᠯᠡᠰ | ᠪᠥᠬᠦ ᠵᠢᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ | 2083.8 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 7.1% ᠪᠠᠷ ᠨᠡᠮᠡᠭᠳᠡᠪᠡ︔ | ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ | 1582.7 ᠳ᠋ᠦᠩᠰᠢᠭᠤᠷ ᠲᠥᠭᠦᠷᠢᠭ ᠲᠤ ᠬᠦᠷᠴᠦ᠂ 5.5% ᠪᠠᠷ ᠨᠡᠮᠡᠭᠳᠡᠪᠡ︔ ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 395.5 ᠳ᠋ᠦᠩᠰᠢᠭᠤᠷ ᠲᠥᠭᠦᠷᠢᠭ ᠲᠤ ᠬᠦᠷᠴᠦ᠂ 4.0% ᠢᠶᠠᠷ | ᠨᠡᠮᠡᠭᠳᠡᠪᠡ︔ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ 946.6 ᠳ᠋ᠦᠩᠰᠢᠭᠤᠷ ᠲᠥᠭᠦᠷᠢᠭ ᠲᠤ | ᠬᠦᠷᠴᠦ᠂ 2.5% ᠪᠠᠷ ᠨᠡᠮᠡᠭᠳᠡᠪᠡ︔ ᠭᠡᠷ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ1031.7 | ᠳ᠋ᠦᠩᠰᠢᠭᠤᠷ ᠲᠥᠭᠦᠷᠢᠭ ᠲᠤ ᠬᠦᠷᠴᠦ᠂ 1.4% ᠪᠠᠷ ᠨᠡᠮᠡᠭᠳᠡᠪᠡ᠃ ᠪᠦ᠋ᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ [14] ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠲᠦᠷᠦᠭᠦᠦ | ᠵᠢᠯ ᠤᠨ ᠬᠢ ᠠᠴᠠ 8.0% ᠨᠡᠮᠡᠭᠳᠡᠪᠡ᠃ | | | | | ᠪᠥᠬᠦ ᠵᠢᠯ ᠤᠨ ᠡᠳ᠋ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ [15] 25.1 ᠳ᠋ᠦᠩᠰᠢᠭᠤᠷ ᠲᠣᠨ ᠳᠤ | ᠬᠦᠷᠴᠦ᠂ ᠲᠦᠷᠦᠭᠦᠦ ᠵᠢᠯ ᠤᠨ ᠬᠢ ᠠᠴᠠ 6.0% ᠢᠶᠠᠷ ᠨᠡᠮᠡᠭᠳᠡᠪᠡ᠃ ᠡᠳ᠋ ᠪᠠᠷᠠᠭᠠᠨ ᠤ ᠲᠡᠭᠡᠭᠡᠪᠦᠷᠢ ᠶᠢᠨ | ᠡᠷᠭᠢᠯᠲᠡ ᠶᠢᠨ ᠬᠡᠮᠵᠢᠶ᠎ᠡ 5688.8 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ 5.9% ᠪᠠᠷ ᠨᠡᠮᠡᠭᠳᠡᠪᠡ᠃ | ᠬᠦᠰᠦᠨᠦᠭᠲᠦ 6 2024 ᠤᠨ ᠤ ᠡᠯ᠎ᠡ ᠲᠦᠷᠦᠯ ᠤᠨ ᠵᠦᠭᠡᠭᠡᠪᠦᠷᠢ ᠶᠢᠨ ᠠᠷᠭ᠎ᠠ ᠮᠠᠶ᠋ᠢᠭ ᠤᠨ | ᠪᠡᠶᠡᠯᠡᠬᠦᠯᠦᠭᠰᠡᠨ ᠪᠠᠷᠠᠭᠠᠨ ᠤ ᠵᠦᠭᠡᠭᠡᠪᠦᠷᠢ ᠶᠢᠨ ᠬᠡᠮᠵᠢᠶ᠎ᠡ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | | | | | ᠪᠥᠬᠦ ᠵᠢᠯ ᠤᠨ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ [16] 25802.8 ᠲᠦᠮᠡᠨ | ᠬᠥᠮᠦᠨ ᠳᠤ ᠬᠦᠷᠴᠦ᠂ ᠲᠦᠷᠦᠭᠦᠦ ᠵᠢᠯ ᠤᠨ ᠬᠢ ᠠᠴᠠ 1.7% ᠪᠠᠷ ᠪᠠᠭᠠᠰᠪᠠ᠃ ᠠᠶᠠᠨᠴᠢᠳ ᠤᠨ | ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 273.9 ᠳ᠋ᠦᠩᠰᠢᠭᠤᠷ ᠬᠥᠮᠦᠨ ᠺᠢᠯᠣᠮᠧᠲᠷ ᠲᠤ ᠬᠦᠷᠴᠦ᠂ 8. | 3% ᠪᠠᠷ ᠨᠡᠮᠡᠭᠳᠡᠪᠡ᠃ | ᠬᠦᠰᠦᠨᠦᠭᠲᠦ 7 2024 ᠤᠨ ᠤ ᠡᠯ᠎ᠡ ᠲᠦᠷᠦᠯ ᠤᠨ ᠵᠦᠭᠡᠭᠡᠪᠦᠷᠢ ᠶᠢᠨ ᠠᠷᠭ᠎ᠠ ᠮᠠᠶ᠋ᠢᠭ ᠤᠨ | ᠪᠡᠶᠡᠯᠡᠬᠦᠯᠦᠭᠰᠡᠨ ᠠᠶᠠᠨᠴᠢᠨ ᠤ ᠵᠦᠭᠡᠭᠡᠪᠦᠷᠢ ᠶᠢᠨ ᠬᠡᠮᠵᠢᠶ᠎ᠡ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | | | | | ᠵᠢᠯ ᠤᠨ ᠡᠴᠦᠰ ᠤᠨ ᠠᠷᠠᠳ ᠤᠨ ᠬᠡᠷᠡᠭᠯᠡᠭᠡᠨ ᠤ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 798.7 | ᠲᠦᠮᠡ ᠳᠤ ᠬᠦᠷᠴᠦ ︵ᠭᠤᠷᠪᠠᠨ ᠬᠦᠷᠳᠦᠲᠦ ᠮᠠᠰᠢᠨ ᠲᠡᠷᠭᠡ ᠪᠠ ᠳᠣᠣᠷ᠎ᠠ ᠬᠤᠷᠳᠤᠴᠠᠲᠤ ᠪᠠᠷᠠᠭᠠᠨ ᠤ ᠲᠡᠷᠭᠡ 6.1 | ᠲᠦᠮᠡ ᠪᠠᠭᠲᠠᠨ᠎ᠠ︶᠂ ᠲᠦᠷᠦᠭᠦᠦ ᠵᠢᠯ ᠤᠨ ᠡᠴᠦᠰ ᠤᠨ ᠬᠢ ᠠᠴᠠ 5.5% ᠪᠠᠷ ᠨᠡᠮᠡᠭᠳᠡᠪᠡ᠃ ᠡᠭᠦᠨ ᠳᠤ᠂ | ᠬᠤᠪᠢ ᠬᠥᠮᠦᠨ ᠤ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 732.6 ᠲᠦᠮᠡ ᠳᠤ ᠬᠦᠷᠴᠦ᠂ 5.3% ᠪᠠᠷ | ᠨᠡᠮᠡᠭᠳᠡᠪᠡ︔ ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 32.1 ᠲᠦᠮᠡ ᠳᠤ | ᠬᠦᠷᠴᠦ᠂ 126.8% ᠪᠠᠷ ᠨᠡᠮᠡᠭᠳᠡᠪᠡ᠃ ᠠᠷᠠᠳ ᠤᠨ ᠬᠡᠷᠡᠭᠯᠡᠭᠡᠨ ᠤ ᠰᠠᠭᠤᠳᠠᠯ ᠤᠨ ᠮᠠᠰᠢᠨ 428.9 ᠲᠦᠮᠡ | ᠪᠠᠶᠢᠵᠤ᠂ 2.4% ᠪᠠᠷ ᠨᠡᠮᠡᠭᠳᠡᠪᠡ᠃ ᠡᠭᠦᠨ ᠳᠤ᠂ ᠬᠤᠪᠢ ᠬᠥᠮᠦᠨ ᠤ ᠮᠠᠰᠢᠨ ᠲᠡᠷᠭᠡᠨ ᠤ ᠬᠠᠳᠠᠭᠠᠯᠠᠯᠲᠠ ᠶᠢᠨ | ᠬᠡᠮᠵᠢᠶ᠎ᠡ 410.9 ᠲᠦᠮᠡ ᠳᠤ ᠬᠦᠷᠴᠦ᠂ 2.1% ᠪᠠᠷ ᠨᠡᠮᠡᠭᠳᠡᠪᠡ᠃ | ᠪᠥᠬᠦ ᠵᠢᠯ ᠳᠤ ᠰᠢᠤᠳᠠᠨ ᠤ ᠦᠢᠯᠡᠰ ᠤᠨ ᠬᠢᠨ 335.0 ᠲᠦᠮᠡᠨ ᠬᠤᠪᠢ ᠵᠠᠬᠢᠳᠠᠯ ᠴᠢᠮᠡᠭᠡ᠂ 43.2 ᠲᠦᠮᠡᠨ | ᠬᠤᠪᠢ ᠪᠣᠭᠤᠳᠠᠯ᠂ 57749.8 ᠲᠦᠮᠡᠨ ᠬᠤᠪᠢ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠢ | ᠪᠡᠶᠡᠯᠡᠭᠦᠯᠵᠦ᠂ 79.3 ᠳ᠋ᠦᠩᠰᠢᠭᠤᠷ ᠲᠥᠭᠦᠷᠢᠭ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ | ᠣᠷᠣᠯᠭ᠎ᠠ ᠤᠯᠪᠠ᠃ ᠪᠦ᠋ᠬᠦ ᠵᠢᠯ ᠳᠤ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ | [17] ᠶᠢ 315.0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 10.7% ᠪᠠᠷ | ᠨᠡᠮᠡᠭᠳᠡᠪᠡ᠃ ᠵᠢᠯ ᠤᠨ ᠡᠴᠦᠰ ᠤᠨ ᠰᠢᠯᠵᠢᠮᠡᠯ ᠳ᠋ᠢᠶᠠᠩᠬᠤᠸᠠ ᠶᠢᠨ ᠬᠡᠷᠡᠭᠯᠡᠭᠴᠢ ᠶᠢᠨ ᠪᠦᠬᠦ ᠲᠤᠭ᠎ᠠ 3084.6 | ᠲᠦᠮᠡᠨ ᠡᠷᠦᠬᠡ᠃ ᠡᠭᠦᠨ ᠳᠤ᠂ 5G ᠰᠢᠯᠵᠢᠮᠡᠯ ᠤᠲᠠᠰᠤ ᠬᠡᠷᠡᠭᠯᠡᠭᠴᠢ 1762.8 ᠲᠦᠮᠡᠨ ᠡᠷᠦᠬᠡ ᠪᠣᠶ᠃ | ᠲᠣᠭᠲᠠᠮᠠᠯ ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠭᠰᠠᠨ ᠬᠡᠷᠡᠭᠯᠡᠭᠴᠢ [18] 978.8 ᠲᠦᠮᠡᠨ ᠡᠷᠦᠬᠡ | ᠪᠣᠯᠵᠣ᠂ ᠲᠦᠷᠦᠭᠦᠦ ᠵᠢᠯ ᠤᠨ ᠡᠴᠦᠰ ᠤᠨ ᠬᠢ ᠠᠴᠠ 30.3 ᠲᠦᠮᠡᠨ ᠡᠷᠦᠬᠡ ᠨᠡᠮᠡᠭᠳᠡᠵᠡᠶ︔ ᠰᠢᠯᠵᠢᠮᠡᠯ ᠢᠨᠲ᠋ᠧᠷ | ᠰᠦᠯᠵᠢᠶᠡᠨ ᠤ ᠬᠡᠷᠡᠭᠯᠡᠭᠴᠢ 2661.2 ᠲᠦᠮᠡᠨ ᠡᠷᠦᠬᠡ ᠪᠠᠶᠢᠵᠤ᠂ 0.3 ᠲᠦᠮᠡᠨ ᠡᠷᠦᠬᠡ ᠬᠠᠰᠤᠭᠳᠠᠪᠠ᠃ ᠪᠥᠬᠦ | ᠵᠢᠯ ᠤᠨ ᠰᠢᠯᠵᠢᠮᠡᠯ ᠢᠨᠲ᠋ᠧᠷ ᠰᠦᠯᠵᠢᠶᠡᠨ ᠤ ᠤᠷᠤᠰᠴᠠ 537134.8 ᠲᠦᠮᠡᠨ GB ᠳᠤ ᠬᠦᠷᠴᠦ᠂ ᠲᠦᠷᠦᠭᠦᠦ | ᠵᠢᠯ ᠤᠨ ᠬᠢ ᠠᠴᠠ 6.6% ᠪᠠᠷ ᠨᠡᠮᠡᠭᠳᠡᠪᠡ᠃ | | | | | | ᠲᠠᠪᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ | ᠪᠦᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5615.3 | ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.5% ᠪᠠᠷ ᠨᠡᠮᠡᠭᠳᠡᠵᠡᠢ᠃ | ᠡᠵᠡᠩᠨᠡᠯᠲᠡ ᠶᠢᠨ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ 4949.9 ᠳ᠋ᠦᠩᠰᠢᠭᠤᠷ ᠲᠥᠭᠦᠷᠢᠭ ᠲᠤ ᠬᠦᠷᠴᠦ᠂ 4.4% ᠪᠠᠷ ᠨᠡᠮᠡᠭᠳᠡᠪᠡ︔ | ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 665.4 ᠳ᠋ᠦᠩᠰᠢᠭᠤᠷ | ᠲᠥᠭᠦᠷᠢᠭ ᠲᠤ ᠬᠦᠷᠴᠦ᠂ 4.8% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 4907.2 ᠳ᠋ᠦᠩᠰᠢᠭᠤᠷ ᠲᠥᠭᠦᠷᠢᠭ ᠲᠤ ᠬᠦᠷᠴᠦ᠂ 4. | 2% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 708.1 ᠳ᠋ᠦᠩᠰᠢᠭᠤᠷ ᠲᠥᠭᠦᠷᠢᠭ ᠲᠤ ᠬᠦᠷᠴᠦ᠂ 6. | 3% ᠪᠠᠷ ᠨᠡᠮᠡᠭᠳᠡᠪᠡ᠃ ᠣᠷᠣᠨ ᠪᠦᠰᠡ ᠬᠤᠪᠢᠶᠠᠨ ᠦᠵᠡᠪᠡᠯ᠂ ᠵᠡᠭᠦᠨ ᠬᠡᠰᠡᠭ ᠤᠨ ᠭᠠᠵᠠᠷ ᠣᠷᠣᠨ ᠤ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2.8% ᠪᠠᠷ ᠨᠡᠮᠡᠭᠳᠡᠵᠦ᠂ ᠳᠤᠮᠳᠠ ᠬᠡᠰᠡᠭ ᠤᠨ | ᠭᠠᠵᠠᠷ ᠣᠷᠣᠨ 5.6% ᠪᠠᠷ ᠨᠡᠮᠡᠭᠳᠡᠵᠦ᠂ ᠪᠠᠷᠠᠭᠤᠨ ᠬᠡᠰᠡᠭ ᠤᠨ ᠭᠠᠵᠠᠷ ᠣᠷᠣᠨ 3.1% ᠪᠠᠷ ᠨᠡᠮᠡᠭᠳᠡᠵᠡᠢ᠃ | ᠪᠥᠬᠦ ᠵᠢᠯ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠶᠢᠨ ᠳᠣᠲᠣᠷ᠎ᠠ᠂ ᠠᠮᠤ ᠲᠣᠰᠣ᠂ ᠢᠳᠡᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ | ᠵᠢᠯ ᠤᠨ ᠬᠢ ᠠᠴᠠ 14.0% ᠢᠶᠠᠷ ᠨᠡᠮᠡᠭᠳᠡᠵᠦ᠂ ᠤᠮᠳᠠᠭᠠᠨ ᠤ ᠲᠥᠷᠥᠯ 21.9% ᠪᠠᠷ ᠨᠡᠮᠡᠭᠳᠡᠵᠦ᠂ ᠠᠷᠢᠬᠢ | ᠲᠠᠮᠠᠬᠢ ᠶᠢᠨ ᠲᠥᠷᠥᠯ 6.5% ᠪᠠᠷ ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭᠠᠶ᠂ ᠨᠡᠬᠡᠮᠡᠯ ᠤᠨ ᠵᠦᠢᠯ ᠤᠨ | ᠲᠥᠷᠥᠯ 3.7% ᠪᠠᠷ ᠪᠠᠭᠤᠷᠠᠵᠤ᠂ ᠵᠠᠰᠠᠯ ᠴᠢᠮᠡᠭ ᠤᠨ ᠡᠳ᠋ ᠤᠨ ᠲᠥᠷᠥᠯ 12.7% ᠪᠠᠷ ᠪᠠᠭᠤᠷᠠᠵᠤ᠂ ᠠᠯᠲᠠ | ᠮᠥᠩᠭᠦ ᠰᠤᠪᠤᠳ ᠡᠷᠳᠡᠨᠢ ᠶᠢᠨ ᠲᠥᠷᠥᠯ 11.0% ᠪᠠᠷ ᠪᠠᠭᠤᠷᠠᠵᠤ᠂ ᠡᠳᠦᠷ ᠲᠤᠲᠤᠮ ᠤᠨ ᠬᠡᠷᠡᠭᠯᠡᠭᠡᠨ ᠤ | ᠵᠦᠢᠯ ᠤᠨ ᠲᠥᠷᠥᠯ 13.4% ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠶᠢᠨ ᠪᠠᠭᠠᠵᠢ | ᠬᠡᠷᠡᠭᠰᠡᠯ ᠤᠨ ᠲᠥᠷᠥᠯ 0.4% ᠪᠠᠷ ᠪᠠᠭᠤᠷᠠᠵᠤ᠂ ᠬᠢᠲᠠᠳ ᠧᠦ᠋ᠷᠣᠫᠠ ᠡᠮ ᠤᠨ ᠲᠥᠷᠥᠯ 1.0% ᠪᠠᠷ ᠨᠡᠮᠡᠭᠳᠡᠨ᠂ | ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ 74.6% ᠪᠠᠷ ᠨᠡᠮᠡᠭᠳᠡᠵᠦ᠂ ᠮᠠᠰᠢᠨ ᠲᠡᠷᠭᠡᠨ ᠤ | ᠲᠥᠷᠥᠯ 14.8% ᠪᠠᠷ ᠨᠡᠮᠡᠭᠳᠡᠪᠡ᠃ | ᠵᠢᠷᠭᠤᠭ᠎ᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ᠪᠥᠬᠦ ᠵᠢᠯ ᠤᠨ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠦᠷᠦᠭᠦᠦ | ᠵᠢᠯ ᠤᠨ ᠬᠢ ᠠᠴᠠ 13.0% ᠢᠶᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ 13.6% ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠶᠢᠨ ᠳᠣᠲᠣᠷ᠎ᠠ᠂ ᠣᠷᠣᠨ ᠪᠦᠰᠡ ᠬᠤᠪᠢᠶᠠᠵᠤ | ᠦᠵᠡᠪᠡᠯ᠂ ᠵᠡᠭᠦᠨ ᠬᠡᠰᠡᠭ ᠤᠨ ᠭᠠᠵᠠᠷ ᠣᠷᠣᠨ ᠤ ᠪᠠᠯᠠ ᠣᠷᠣᠭᠤᠯᠤᠯᠲᠠ ᠲᠦᠷᠦᠭᠦᠦ ᠵᠢᠯ ᠤᠨ ᠬᠢ ᠠᠴᠠ 12. | 2% ᠢᠶᠠᠷ ᠨᠡᠮᠡᠭᠳᠡᠵᠦ᠂ ᠳᠤᠮᠳᠠ ᠬᠡᠰᠡᠭ ᠤᠨ ᠭᠠᠵᠠᠷ ᠣᠷᠣᠨ ᠤ ᠪᠠᠯᠠ ᠣᠷᠣᠭᠤᠯᠤᠯᠲᠠ 18.3% ᠪᠠᠷ | ᠨᠡᠮᠡᠭᠳᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠪᠠᠯᠠ ᠣᠷᠣᠭᠤᠯᠤᠯᠲᠠ 3.4% ᠪᠠᠷ ᠨᠡᠮᠡᠭᠳᠡᠪᠡ᠃ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠶᠢᠨ | ᠳᠣᠲᠣᠷ᠎ᠠ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠲᠦᠷᠦᠭᠦᠦ ᠵᠢᠯ ᠤᠨ ᠬᠢ ᠠᠴᠠ 73.6% ᠪᠠᠷ | ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 15.4% ᠪᠠᠷ ᠨᠡᠮᠡᠭᠳᠡᠵᠦ᠂ ᠭᠤᠷᠪᠠᠳᠤᠭᠠᠷ | ᠠᠵᠤ ᠦᠢᠯᠡᠰ ᠤᠨ ᠪᠠᠯᠠ ᠣᠷᠣᠭᠤᠯᠤᠯᠲᠠ 5.1% ᠪᠠᠷ ᠨᠡᠮᠡᠭᠳᠡᠪᠡ᠃ ᠰᠠᠭᠤᠷᠢ ᠲᠥᠬᠦᠭᠡᠷᠦᠮᠵᠢ ᠶᠢᠨ ᠪᠡᠯᠡ | ᠣᠷᠣᠭᠤᠯᠤᠯᠲᠠ [19] ᠲᠦᠷᠦᠭᠦᠦ ᠵᠢᠯ ᠤᠨ ᠬᠢ ᠠᠴᠠ 23.8% ᠪᠠᠷ ᠨᠡᠮᠡᠭᠳᠡᠪᠡ᠃ ᠦᠢᠯᠡᠳᠬᠦ ᠦᠢᠯᠡᠰ ᠤᠨ | ᠪᠠᠯᠠ ᠣᠷᠣᠭᠤᠯᠤᠯᠲᠠ ᠲᠦᠷᠦᠭᠦᠦ ᠵᠢᠯ ᠤᠨ ᠬᠢ ᠠᠴᠠ ᠪᠠᠨ 0.7% ᠪᠠᠷ ᠪᠠᠭᠤᠷᠠᠪᠠ᠃ ᠠᠷᠠᠳ ᠤᠨ ᠪᠡᠯᠡ | ᠣᠷᠣᠭᠤᠯᠤᠯᠲᠠ [20] ᠲᠦᠷᠦᠭᠦᠦ ᠵᠢᠯ ᠤᠨ ᠬᠢ ᠠᠴᠠ 1.6% ᠪᠠᠷ ᠨᠡᠮᠡᠭᠳᠡᠵᠦ᠂ ᠭᠡᠷ ᠪᠠᠶᠢᠰᠢᠩ ᠭᠠᠵᠠᠷ | ᠰᠢᠷᠣᠢ ᠶᠢᠨ ᠬᠦ᠋ᠷᠦᠩᠭᠡ ᠶᠢᠨ ᠪᠡᠯᠡ ᠣᠷᠣᠭᠤᠯᠤᠯᠲᠠ᠂ ᠠᠷᠠᠳ ᠤᠨ ᠪᠡᠯᠡ ᠣᠷᠣᠭᠤᠯᠤᠯᠲᠠ 6.6% ᠪᠠᠷ | ᠨᠡᠮᠡᠭᠳᠡᠪᠡ᠃ | ᠬᠦᠰᠦᠨᠦᠭᠲᠦ 8 2024 ᠤᠨ ᠤ ᠭᠤᠤᠯ ᠪᠤᠯᠬᠤ ᠠᠵᠢᠯ ᠲᠦᠷᠦᠯ ᠤᠨ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠶᠢᠨ ᠨᠡᠮᠡᠭᠳᠡᠯ ᠤᠨ ᠬᠤᠷᠳᠤᠴᠠ | | | | | ᠪᠥᠬᠦ ᠵᠢᠯ ᠳᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 937.4 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠲᠦᠷᠦᠭᠦᠦ ᠵᠢᠯ ᠤᠨ ᠬᠢ ᠠᠴᠠ [22] 7.2% ᠢᠶᠠᠷ | ᠪᠠᠭᠤᠷᠠᠪᠠ᠃ ᠡᠭᠦᠨ ᠳᠤ᠂ ᠣᠷᠣᠨ ᠰᠠᠭᠤᠴᠠ ᠶᠢᠨ ᠪᠠᠯᠠ ᠣᠷᠣᠭᠤᠯᠤᠯᠲᠠ 715.3 ᠳ᠋ᠦᠩᠰᠢᠭᠤᠷ ᠲᠥᠭᠦᠷᠢᠭ ᠲᠤ | ᠬᠦᠷᠴᠦ᠂ 9.2% ᠢᠶᠠᠷ ᠪᠠᠭᠤᠷᠠᠪᠠ︔ ᠠᠯᠪᠠᠨ ᠠᠰᠠᠷ ᠤᠨ ᠪᠡᠯᠡ ᠣᠷᠣᠭᠤᠯᠤᠯᠲᠠ 10.9 ᠳ᠋ᠦᠩᠰᠢᠭᠤᠷ | ᠲᠥᠭᠦᠷᠢᠭ᠂ 2.5% ᠨᠡᠮᠡᠭᠳᠡᠪᠡ︔ ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠬᠦ ᠬᠡᠷ ᠪᠠᠶᠢᠰᠢᠩ ᠤᠨ ᠪᠠᠯᠠ | ᠣᠷᠣᠭᠤᠯᠤᠯᠲᠠ 78.7 ᠳ᠋ᠦᠩᠰᠢᠭᠤᠷ ᠲᠥᠭᠦᠷᠢᠭ ᠲᠤ ᠬᠦᠷᠴᠦ᠂ 0.6% ᠪᠠᠷ ᠨᠡᠮᠡᠭᠳᠡᠪᠡ᠃ ᠲᠠᠸᠠᠷ ᠤᠨ ᠭᠡᠷ | ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠢ [23] 1408.8 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | 8.8% ᠪᠠᠷ ᠪᠠᠭᠤᠷᠠᠪᠠ᠃ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 927.8 | ᠳ᠋ᠦᠩᠰᠢᠭᠤᠷ ᠲᠥᠭᠦᠷᠢᠭ ᠲᠤ ᠬᠦᠷᠴᠦ᠂ 9.0% ᠢᠶᠠᠷ ᠪᠠᠭᠤᠷᠠᠪᠠ᠃ | ᠲᠤᠯᠤᠭ᠎ᠠ᠂ ᠭᠠᠳᠠᠭᠠᠳᠤ ᠠᠵᠤ ᠠᠬᠤᠢ | ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ | ᠲᠤᠭ᠎ᠠ 2073.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.8% ᠪᠠᠷ | ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ 852.8 ᠳ᠋ᠦᠩᠰᠢᠭᠤᠷ ᠲᠥᠭᠦᠷᠢᠭ ᠲᠤ ᠬᠦᠷᠴᠦ᠂ 9. | 2% ᠢᠶᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ 1220.8 ᠳ᠋ᠦᠩᠰᠢᠭᠤᠷ ᠲᠥᠭᠦᠷᠢᠭ ᠲᠤ ᠬᠦᠷᠴᠦ᠂ 3. | 6% ᠪᠠᠷ ᠨᠡᠮᠡᠭᠳᠡᠪᠡ᠃ ᠭᠤᠤᠯ ᠪᠣᠯᠬᠤ ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 1303.4 ᠳ᠋ᠦᠩᠰᠢᠭᠤᠷ ᠲᠥᠭᠦᠷᠢᠭ ᠲᠤ | ᠬᠦᠷᠴᠦ᠂ 7.0% ᠢᠶᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ | ᠲᠤᠭ᠎ᠠ ᠳᠤ ᠡᠵᠡᠯᠡᠬᠦ ᠬᠤᠪᠢ ᠶᠢᠨ ᠵᠢᠩ ᠨᠢ 62.9% ᠪᠣᠯᠵᠠᠶ︔ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 292.9 ᠳ᠋ᠦᠩᠰᠢᠭᠤᠷ ᠲᠥᠭᠦᠷᠢᠭ ᠲᠤ | ᠬᠦᠷᠴᠡᠶ︔ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ 64.2 ᠳ᠋ᠦᠩᠰᠢᠭᠤᠷ ᠲᠥᠭᠦᠷᠢᠭ ᠲᠤ ᠬᠦᠷᠴᠡᠢ᠃ ︽ᠨᠢᠭᠡ ᠪᠦᠰᠡ ᠨᠢᠭᠡ ᠵᠠᠮ︾ [24] ᠢ ᠬᠠᠮᠲᠤ ᠪᠠᠷ | ᠪᠦᠳᠦᠭᠡᠨ ᠪᠠᠶᠢᠭᠤᠯᠬᠤ 1679.3 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 9. | 6% ᠪᠠᠷ ᠨᠡᠮᠡᠭᠳᠡᠪᠡ᠃ | ᠬᠦᠰᠦᠨᠦᠭᠳᠦ 9 2024 ᠤᠨ ᠤ ᠭᠠᠳᠠᠭᠠᠳᠤ ᠠᠷᠠᠯᠵᠢᠶᠠᠨ ᠤ ᠤᠷᠤᠭᠤᠯᠤᠯᠳᠠ ᠭᠠᠷᠭᠠᠯᠲᠠ ᠶᠢᠨ ᠶᠡᠷᠦᠩᠭᠡᠢ | ᠲᠤᠭ᠎ᠠ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | | | | | ᠪᠥᠬᠦ ᠵᠢᠯ ᠳᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰ ᠤᠨ ᠲᠤᠭ᠎ᠠ 5.2 ᠳ᠋ᠦᠩᠰᠢᠭᠤᠷ | ᠳ᠋ᠣᠯᠯᠠᠷ ᠲᠤ ᠬᠦᠷᠴᠦ᠂ ᠲᠦᠷᠦᠭᠦᠦ ᠵᠢᠯ ᠤᠨ ᠬᠢ ᠠᠴᠠ 35.2% ᠢᠶᠠᠷ ᠪᠠᠭᠤᠷᠠᠪᠠ᠃ ᠰᠢᠨ᠎ᠡ ᠪᠠᠷ ᠪᠠᠶᠢᠭᠤᠯᠤᠭᠰᠠᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 190 ᠪᠤᠯᠵᠤ᠂ ᠲᠦᠷᠦᠭᠦᠦ | ᠵᠢᠯ ᠤᠨ ᠬᠢ ᠠᠴᠠ 23 ᠨᠡᠮᠡᠭᠳᠡᠵᠡᠢ᠃ | ᠨᠠᠢᠮᠠ᠂ ᠡᠳ᠋ ᠤᠨ ᠵᠠᠰᠠᠭ ᠮᠥᠩᠭᠦᠨ ᠭᠦᠢᠯᠭᠡᠭᠡ | ᠪᠥᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3150.3 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 2.2% ᠢᠶᠠᠷ ᠨᠡᠮᠡᠭᠳᠡᠵᠦ᠂ ᠨᠢᠭᠡ ᠤᠳᠠᠭ᠎ᠠ ᠶᠢᠨ | ᠴᠢᠨᠠᠷᠲᠠᠶ ᠣᠨᠴᠠᠭᠠᠶ ᠬᠦᠴᠦᠨ ᠵᠦᠢᠯ ᠤᠨ ᠨᠥᠯᠥᠭᠡ ᠶᠢ ᠭᠠᠷᠭᠠᠪᠠᠯ᠂ ᠠᠳᠠᠯᠢ ᠪᠠᠷᠢᠮᠵᠢᠶ᠎ᠠ ᠪᠠᠷ 7.2% ᠢᠶᠠᠷ | ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 2212.1 ᠳ᠋ᠦᠩᠰᠢᠭᠤᠷ ᠲᠥᠭᠦᠷᠢᠭ ᠲᠤ ᠬᠦᠷᠴᠦ᠂ 5. | 1% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠤ ᠡᠵᠡᠯᠡᠬᠦ ᠬᠤᠪᠢ ᠶᠢᠨ | ᠵᠢᠩ ᠨᠢ 70.2% ᠪᠣᠯᠵᠠᠶ᠃ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 6928.0 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 1.3% ᠪᠠᠷ ᠨᠡᠮᠡᠭᠳᠡᠪᠡ᠃ | ᠵᠢᠯ ᠤᠨ ᠡᠴᠦᠰ ᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠣᠨ ᠤ | ᠬᠠᠳᠠᠭᠠᠯᠠᠮᠵᠢ ᠶᠢᠨ ᠦᠯᠡᠳᠡᠪᠦᠷᠢ 39040.9 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ | ᠡᠴᠦᠰ ᠤᠨ ᠬᠢ ᠠᠴᠠ 7.5% ᠪᠠᠷ ᠨᠡᠮᠡᠭᠳᠡᠵᠡᠢ᠃ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ | ᠦᠯᠡᠳᠡᠪᠦᠷᠢ ᠲᠤᠭ᠎ᠠ 25102.1 ᠳ᠋ᠦᠩᠰᠢᠭᠤᠷ ᠲᠥᠭᠦᠷᠢᠭ ᠲᠤ ᠬᠦᠷᠴᠦ᠂ 9.6% ᠪᠠᠷ ᠨᠡᠮᠡᠭᠳᠡᠪᠡ︔ | ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ 7497.5 ᠳ᠋ᠦᠩᠰᠢᠭᠤᠷ | ᠲᠥᠭᠦᠷᠢᠭ ᠲᠤ ᠬᠦᠷᠴᠦ᠂ 0.3% ᠪᠠᠷ ᠪᠠᠭᠤᠷᠠᠪᠠ︔ ᠪᠠᠶᠢᠭᠤᠯᠭ᠎ᠠ ᠪᠦᠯᠬᠦᠮ ᠤᠨ ᠬᠠᠳᠠᠭᠠᠯᠠᠮᠵᠢ ᠶᠢᠨ ᠦᠯᠡᠳᠡᠪᠦᠷᠢ | 4561.2 ᠳ᠋ᠦᠩᠰᠢᠭᠤᠷ ᠲᠥᠭᠦᠷᠢᠭ ᠲᠤ ᠬᠦᠷᠴᠦ᠂ 2.9% ᠪᠠᠷ ᠨᠡᠮᠡᠭᠳᠡᠪᠡ᠃ ᠵᠢᠯ ᠤᠨ ᠡᠴᠦᠰ ᠲᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 31794.1 | ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠡᠴᠦᠰ ᠤᠨ ᠬᠢ ᠠᠴᠠ 5.8% ᠪᠠᠷ ᠨᠡᠮᠡᠭᠳᠡᠵᠦ᠂ | ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠭᠠᠳᠬᠠᠯ ᠵᠡᠷᠭᠡ ᠨᠢᠭᠡ | ᠤᠳᠠᠭ᠎ᠠ ᠶᠢᠨ ᠴᠢᠨᠠᠷᠲᠠᠶ ᠣᠨᠴᠠᠭᠠᠶ ᠨᠥᠯᠥᠭᠡᠯᠡᠬᠦ ᠬᠦᠴᠦᠨ ᠵᠦᠢᠯ ᠢ ᠬᠠᠰᠤᠭᠰᠠᠨ ᠤ ᠳᠠᠷᠠᠭ᠎ᠠ᠂ ᠠᠳᠠᠯᠢ | ᠪᠠᠷᠢᠮᠵᠢᠶ᠎ᠠ ᠪᠠᠷ 8% ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ | 10053.8 ᠳ᠋ᠦᠩᠰᠢᠭᠤᠷ ᠲᠥᠭᠦᠷᠢᠭ ᠲᠤ ᠬᠦᠷᠴᠦ᠂ 7.1% ᠪᠠᠷ ᠨᠡᠮᠡᠭᠳᠡᠪᠡ︔ ᠠᠵᠤ ᠠᠬᠤᠶᠢᠯᠠᠯ ︵ᠠᠵᠢᠯ | ᠦᠢᠯᠡᠰ︶ ᠤᠨ ᠨᠢᠭᠡᠴᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 21664.4 ᠳ᠋ᠦᠩᠰᠢᠭᠤᠷ ᠲᠥᠭᠦᠷᠢᠭ | ᠪᠠᠶᠢᠵᠤ᠂ 4.9% ᠪᠠᠷ ᠨᠡᠮᠡᠭᠳᠡᠪᠡ᠃ | ᠪᠥᠬᠦ ᠵᠢᠯ ᠤᠨ ᠳᠠᠭᠠᠳᠬᠠᠯ ᠤᠨ ᠦᠢᠯᠡᠰ ᠨᠢ ᠤᠤᠯ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ [25] | 860.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 2.5% ᠪᠠᠷ ᠨᠡᠮᠡᠭᠳᠡᠪᠡ︔ | ᠲᠥᠯᠥᠪᠦᠷᠢ ᠶᠢᠨ ᠵᠠᠷᠤᠯᠭ᠎ᠠ 362.3 ᠳ᠋ᠦᠩᠰᠢᠭᠤᠷ ᠲᠥᠭᠦᠷᠢᠭ ᠲᠤ ᠬᠦᠷᠴᠦ᠂ 14.0% ᠢᠶᠠᠷ ᠨᠡᠮᠡᠭᠳᠡᠪᠡ᠃ | ᠡᠭᠦᠨ ᠳᠤ᠂ ᠬᠥᠮᠦᠨ ᠤ ᠪᠡᠶ᠎ᠡ ᠶᠢᠨ ᠳᠠᠭᠠᠳᠬᠠᠯ ᠤᠨ ᠤᠤᠯ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ 606.2 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠥᠯᠥᠪᠦᠷᠢ ᠶᠢᠨ ᠵᠠᠷᠤᠯᠭ᠎ᠠ 180.8 ᠳ᠋ᠦᠩᠰᠢᠭᠤᠷ ᠲᠥᠭᠦᠷᠢᠭ ᠲᠤ | ᠬᠦᠷᠴᠡᠶ︔ ᠡᠳ᠋ ᠬᠦᠷᠦᠩᠭᠡ ᠶᠢᠨ ᠳᠠᠭᠠᠳᠬᠠᠯ ᠤᠨ ᠤᠤᠯ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ 254.5 | ᠳ᠋ᠦᠩᠰᠢᠭᠤᠷ ᠲᠥᠭᠦᠷᠢᠭ᠂ ᠲᠥᠯᠥᠪᠦᠷᠢ ᠶᠢᠨ ᠵᠠᠷᠤᠯᠭ᠎ᠠ 181.6 ᠳ᠋ᠦᠩᠰᠢᠭᠤᠷ ᠲᠥᠭᠦᠷᠢᠭ ᠲᠤ ᠬᠦᠷᠴᠡᠢ᠃ | ᠶᠢᠰᠦ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ ᠪᠠ ᠨᠡᠶᠢᠭᠡᠮ ᠤᠨ ᠪᠠᠲᠤᠯᠠᠭ᠎ᠠ | ᠪᠦᠬᠦ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 40077 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.1% ᠨᠡᠮᠡᠭᠳᠡᠪᠡ᠃ ᠪᠠᠶᠢᠩᠭᠤ ᠰᠠᠭᠤᠭ᠎ᠠ | ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 50888 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.5% ᠪᠠᠷ ᠨᠡᠮᠡᠭᠳᠡᠪᠡ᠃ | ᠭᠤᠤᠯ ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 31384 ᠲᠥᠭᠦᠷᠢᠭ ᠲᠤ | ᠬᠦᠷᠴᠦ᠂ 5.5% ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 9542 ᠲᠥᠭᠦᠷᠢᠭ ᠲᠤ ᠬᠦᠷᠴᠦ᠂ 2. | 9% ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 2583 ᠲᠥᠭᠦᠷᠢᠭ ᠲᠤ ᠬᠦᠷᠴᠦ᠂ 2. | 1% ᠪᠠᠷ ᠪᠠᠭᠤᠷᠠᠪᠠ︔ ᠰᠢᠯᠵᠢᠭᠦᠯᠦᠭᠰᠡᠨ ᠴᠡᠪᠡᠷ ᠣᠷᠣᠯᠭ᠎ᠠ 7379 ᠲᠥᠭᠦᠷᠢᠭ ᠲᠤ ᠬᠦᠷᠴᠦ᠂ 5.3% ᠪᠠᠷ | ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 22543 ᠲᠥᠭᠦᠷᠢᠭ ᠲᠤ ᠬᠦᠷᠴᠦ᠂ 6.2% ᠢᠶᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠶᠢᠨ | ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 4407 ᠲᠥᠭᠦᠷᠢᠭ ᠲᠤ ᠬᠦᠷᠴᠦ᠂ 7.9% ᠪᠠᠷ | ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 12161 ᠲᠥᠭᠦᠷᠢᠭ ᠲᠤ ᠬᠦᠷᠴᠦ᠂ 4.8% ᠪᠠᠷ ᠨᠡᠮᠡᠭᠳᠡᠪᠡ︔ | ᠡᠳ᠋ ᠬᠥᠷᠥᠩᠭᠡ ᠶᠢᠨ ᠴᠡᠪᠡᠷ ᠣᠷᠣᠯᠭ᠎ᠠ 664 ᠲᠥᠭᠦᠷᠢᠭ ᠲᠤ ᠬᠦᠷᠴᠦ᠂ 14.6% ᠪᠠᠷ ᠨᠡᠮᠡᠭᠳᠡᠪᠡ︔ | ᠰᠢᠯᠵᠢᠭᠦᠯᠦᠭᠰᠡᠨ ᠴᠡᠪᠡᠷ ᠣᠷᠣᠯᠭ᠎ᠠ 5311 ᠲᠥᠭᠦᠷᠢᠭ ᠲᠤ ᠬᠦᠷᠴᠦ᠂ 7.3% ᠪᠠᠷ ᠨᠡᠮᠡᠭᠳᠡᠪᠡ᠃ | ᠪᠦᠬᠦ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ | 28113 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.0% ᠨᠡᠮᠡᠭᠳᠡᠪᠡ᠃ ᠪᠠᠶᠢᠩᠭᠤ ᠰᠠᠭᠤᠭ᠎ᠠ | ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 33342 ᠲᠥᠭᠦᠷᠢᠭ ᠲᠤ ᠬᠦᠷᠴᠦ᠂ 3.4% ᠪᠠᠷ ᠨᠡᠮᠡᠭᠳᠡᠪᠡ᠃ | ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ | ᠵᠠᠷᠤᠯᠭ᠎ᠠ 19631 ᠲᠥᠭᠦᠷᠢᠭ ᠲᠤ ᠬᠦᠷᠴᠦ᠂ 5.3% ᠪᠠᠷ ᠨᠡᠮᠡᠭᠳᠡᠪᠡ᠃ ᠪᠥᠬᠦ ᠰᠠᠭᠤᠭᠠᠯᠢ ᠠᠷᠠᠳ ᠤᠨ | ᠡᠩᠭᠧᠯ ᠤᠨ ᠢᠯᠡᠳᠬᠡᠮᠵᠢ ᠨᠢ 28.7% ᠪᠣᠯᠤᠨ᠎ᠠ᠃ ᠡᠭᠦᠨ ᠳᠤ᠂ ᠬᠤᠲᠠ ᠪᠠᠯᠭᠠᠰᠤ 28.1%᠂ ᠮᠠᠯᠵᠢᠬᠤ | ᠲᠠᠷᠢᠶᠠᠯᠠᠬᠤ ᠣᠷᠣᠨ 30.3% ᠪᠣᠯᠤᠨ᠎ᠠ᠃ | | | ᠪᠥᠬᠦ ᠵᠢᠯ ᠳᠤ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠡᠷᠭᠦᠨ ᠲᠡᠵᠢᠭᠡᠭᠰᠡᠨ | ᠬᠥᠮᠦᠨ ᠤ ᠲᠤᠭ᠎ᠠ 1.8 ᠲᠦᠮᠡ ᠳᠤ ᠬᠥᠷᠪᠡ᠃ ᠨᠡᠶᠢᠲᠡ 160.2 ᠲᠦᠮᠡᠨ ᠬᠥᠮᠦᠨ ᠤᠯᠤᠰ ᠤᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠡᠳᠬᠦᠮᠵᠢ ᠭᠥᠷᠳᠡᠪᠡ᠃ ᠨᠡᠶᠢᠭᠡᠮ ᠤᠨ ᠠᠰᠠᠷᠠᠮᠵᠢ ᠶᠢᠨ ᠪᠠᠯᠠ | ᠮᠥᠩᠭᠦ ᠶᠢ 13.5 ᠳ᠋ᠦᠩᠰᠢᠭᠤᠷ ᠲᠥᠭᠦᠷᠢᠭ ᠴᠤᠭᠯᠠᠭᠤᠯᠵᠤ᠂ ᠨᠡᠶᠢᠭᠡᠮ ᠤᠨ ᠠᠰᠠᠷᠠᠮᠵᠢ ᠶᠢᠨ ᠱᠠᠩᠨᠠᠯᠲᠤ | ᠰᠤᠭᠤᠯᠤᠭ᠎ᠠ ᠶᠢ 44.0 ᠳ᠋ᠦᠩᠰᠢᠭᠤᠷ ᠲᠥᠭᠦᠷᠢᠭ ᠪᠣᠷᠣᠯᠠᠭᠤᠯᠪᠠ᠃ | ᠵᠢᠯ ᠤᠨ ᠡᠴᠦᠰ ᠲᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 958.4 ᠲᠦᠮᠡ ᠳᠤ ᠬᠦᠷᠴᠦ᠂ ᠲᠦᠷᠦᠭᠦᠦ | ᠵᠢᠯ ᠤᠨ ᠬᠢ ᠠᠴᠠ 2.8% ᠪᠠᠷ ᠨᠡᠮᠡᠭᠳᠡᠵᠡᠶ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 814.6 ᠲᠦᠮᠡ ᠳᠤ ᠬᠦᠷᠴᠦ᠂ | ᠲᠦᠷᠦᠭᠦᠦ ᠵᠢᠯ ᠤᠨ ᠬᠢ ᠠᠴᠠ 0.1% ᠪᠠᠷ ᠪᠠᠭᠤᠷᠠᠪᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ 2164.0 ᠲᠦᠮᠡ ᠳᠤ ᠬᠦᠷᠴᠦ᠂ ᠲᠦᠷᠦᠭᠦᠦ ᠵᠢᠯ ᠤᠨ ᠬᠢ ᠠᠴᠠ 0. | 2% ᠢᠶᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 626.0 ᠲᠦᠮᠡ ᠳᠤ ᠬᠦᠷᠴᠦ᠂ 3.2% ᠢᠶᠠᠷ | ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ 1538.0 ᠲᠦᠮᠡ ᠳᠤ ᠬᠦᠷᠴᠦ᠂ 0.9% ᠪᠠᠷ ᠪᠠᠭᠤᠷᠠᠪᠠ᠃ ᠠᠵᠢᠯ | ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 333.8 ᠲᠦᠮᠡ ᠳᠤ ᠬᠦᠷᠴᠦ᠂ ᠲᠦᠷᠦᠭᠦᠦ | ᠵᠢᠯ ᠤᠨ ᠬᠢ ᠠᠴᠠ 1.4% ᠪᠠᠷ ᠨᠡᠮᠡᠭᠳᠡᠪᠡ︔ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠨᠡᠶᠢᠲᠡ 8. | 0 ᠲᠦᠮᠡᠨ ᠬᠥᠮᠦᠨ ᠠᠪᠤᠭᠰᠠᠨ ᠪᠠᠶᠢᠨ᠎ᠠ᠃ | ᠠᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ | ᠪᠥᠬᠦ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠣᠲᠣᠷ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ 52 ᠵᠦᠢᠯ ᠢ ᠰᠢᠨ᠎ᠡ ᠪᠠᠷ ᠲᠣᠭᠲᠠᠭᠠᠵᠤ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ ᠨᠡᠶᠢᠲᠡ 1117 ᠵᠦᠢᠯ ᠲᠣᠬᠢᠷᠠᠭᠤᠯᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠤᠰᠬᠠᠢ ᠪᠡᠯᠡ ᠮᠥᠩᠭᠦ ᠶᠢᠨ ᠶᠡᠷᠦᠩᠬᠡᠢ ᠬᠡᠪᠴᠢᠶ᠎ᠡ 6 | 4 ᠳ᠋ᠦᠩᠰᠢᠭᠤᠷ ᠲᠥᠭᠦᠷᠢᠭ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ 59᠃ ᠪᠥᠬᠦ ᠵᠢᠯ ᠤᠨ ᠲᠤᠰᠬᠠᠶ ᠠᠰᠢᠭ ᠤᠨ ᠡᠷᠬᠡ ᠣᠯᠭᠤᠭᠰᠠᠨ ᠬᠡᠮᠵᠢᠶ᠎ᠡ 25828 ᠬᠤᠪᠢ | ᠪᠠᠶᠢᠵᠤ᠂ ᠲᠦᠷᠦᠭᠦᠦ ᠵᠢᠯ ᠤᠨ ᠬᠢ ᠠᠴᠠ 16.0% ᠢᠶᠠᠷ ᠨᠡᠮᠡᠭᠳᠡᠪᠡ᠃ ᠲᠦᠮᠡᠨ ᠬᠥᠮᠦᠨ ᠠᠮᠠ ᠪᠦᠷᠢ ᠳᠤ 6.7 | ᠡᠭᠦᠳᠦᠯᠲᠡ ᠶᠢᠨ ᠲᠤᠰᠬᠠᠶ ᠠᠰᠢᠭ ᠲᠠᠢ᠃ ᠪᠥᠬᠦ ᠵᠢᠯ ᠳᠤ ᠪᠥᠬᠦ ᠣᠷᠣᠨ ᠤ ᠮᠠᠭᠠᠳᠯᠠᠨ ᠲᠣᠭᠲᠠᠭᠠᠵᠤ ᠳᠡᠩᠰᠡᠯᠡᠨ | ᠲᠡᠮᠳᠡᠭᠯᠡᠬᠦ ᠮᠡᠷᠭᠡᠵᠢᠯ ᠤᠨ ᠭᠡᠷ᠎ᠡ 2412 ᠪᠣᠶ᠃ ᠡᠭᠦᠨ ᠳᠤ᠂ ᠣᠷᠣᠨ ᠤ ᠳᠣᠲᠣᠷᠠᠬᠢ ᠠᠷᠠᠯᠵᠢᠶ᠎ᠠ ᠪᠦᠲᠦᠭᠰᠡᠨ | ᠮᠡᠷᠭᠡᠵᠢᠯ ᠤᠨ ᠭᠡᠷ᠎ᠡ ᠶᠢ ᠳᠠᠩᠰᠠᠯᠠᠭᠰᠠᠨ ᠨᠢ 1943 ᠪᠠᠶᠢᠵᠤ᠂ 6.9% ᠪᠠᠷ ᠨᠡᠮᠡᠭᠳᠡᠪᠡ᠃ ᠪᠥᠬᠦ ᠵᠢᠯ ᠳᠤ ᠪᠥᠬᠦ | ᠣᠷᠣᠨ ᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 82.5 ᠳ᠋ᠦᠩᠰᠢᠭᠤᠷ | ᠲᠥᠭᠦᠷᠢᠭ ᠲᠤ ᠬᠥᠷᠪᠡ᠃ ᠡᠭᠦᠨ ᠳᠤ᠂ ᠣᠷᠣᠨ ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ ᠤᠨ ᠭᠡᠷ᠎ᠡ ᠶᠢᠨ | ᠵᠣᠭᠤᠰ ᠤᠨ ᠲᠤᠭ᠎ᠠ 60.7 ᠳ᠋ᠦᠩᠰᠢᠭᠤᠷ ᠲᠥᠭᠦᠷᠢᠭ ᠲᠤ ᠬᠦᠷᠴᠦ᠂ 7.7% ᠪᠠᠷ ᠨᠡᠮᠡᠭᠳᠡᠪᠡ᠃ | ᠵᠢᠯ ᠤᠨ ᠡᠴᠦᠰ ᠲᠤ ᠪᠥᠬᠦ ᠣᠷᠣᠨ ᠳᠤ ᠠᠰᠫᠢᠷᠠᠨᠲ ᠬᠥᠮᠦᠵᠢᠭᠦᠯᠬᠦ ᠨᠢᠭᠡᠴᠡ ᠨᠡᠶᠢᠲᠡ 12᠂ ᠰᠣᠷᠣᠭᠴᠢ | ᠡᠯᠰᠡᠬᠦ ︵ᠪᠦᠬᠦᠯᠢ ᠡᠳᠦᠷ ᠤᠨ ᠪᠤᠰᠤ ᠲᠦᠷᠢᠮ ᠪᠠᠭᠲᠠᠨ᠎ᠠ︶ 1.5 ᠲᠦᠮᠡᠨ ᠬᠥᠮᠦᠨ᠂ ᠰᠤᠷᠤᠯᠴᠠᠵᠤ ᠪᠠᠶᠢᠭ᠎ᠠ | ᠠᠰᠫᠢᠷᠠᠨᠲ ︵ᠪᠦᠬᠦᠯᠢ ᠡᠳᠦᠷ ᠤᠨ ᠪᠤᠰᠤ ᠲᠦᠷᠢᠮ ᠪᠠᠭᠲᠠᠨ᠎ᠠ︶ 4.3 ᠲᠦᠮᠡᠨ ᠬᠥᠮᠦᠨ ᠪᠠᠶᠢᠵᠤ᠂ ᠲᠦᠷᠦᠭᠦᠦ | ᠵᠢᠯ ᠤᠨ ᠬᠢ ᠠᠴᠠ 6.6% ᠪᠠᠷ ᠨᠡᠮᠡᠭᠳᠡᠪᠡ᠃ ᠡᠩ ᠤᠨ ᠳᠡᠭᠡᠳᠦ ᠰᠤᠷᠭᠠᠭᠤᠯᠢ 54 ᠪᠠᠶᠢᠵᠤ᠂ 17.6 ᠲᠦᠮᠡᠨ | ᠰᠣᠷᠣᠭᠴᠢ ᠡᠯᠰᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ 55.3 ᠲᠦᠮᠡ᠂ ᠲᠡᠭᠦᠰᠬᠦ ᠰᠣᠷᠣᠭᠴᠢ 15.4 | ᠲᠦᠮᠡ ᠪᠠᠶᠢᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ 171 | ᠪᠠᠶᠢᠵᠤ᠂ 5.9 ᠲᠦᠮᠡᠨ ᠰᠤᠷᠤᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠤᠷᠤᠭᠴᠢ 17.7 ᠲᠦᠮᠡᠨ ᠬᠥᠮᠦᠨ᠂ | ᠲᠡᠭᠦᠰᠬᠦ ᠰᠤᠷᠤᠭᠴᠢ 6.1 ᠲᠦᠮᠡᠨ ᠬᠥᠮᠦᠨ ᠪᠠᠶᠢᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | 323 ᠪᠠᠶᠢᠵᠤ᠂ 14.9 ᠲᠦᠮᠡᠨ ᠰᠤᠷᠤᠭᠴᠢ ᠡᠯᠰᠡᠨ᠂ ᠰᠤᠷᠭᠠᠭᠤᠯᠢ ᠳᠤ ᠪᠠᠢᠭ᠎ᠠ ᠰᠤᠷᠤᠭᠴᠢ 43.7 ᠲᠦᠮᠡᠨ | ᠬᠥᠮᠦᠨ᠂ ᠲᠡᠭᠦᠰᠦᠭᠰᠡᠨ ᠰᠤᠷᠤᠭᠴᠢ 13.8 ᠲᠦᠮᠡᠨ ᠬᠥᠮᠦᠨ ᠪᠠᠶᠢᠨ᠎ᠠ᠃ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ 709 ᠪᠠᠶᠢᠵᠤ᠂ 23.4 ᠲᠦᠮᠡᠨ ᠰᠤᠷᠤᠭᠴᠢ ᠡᠯᠰᠡᠨ᠂ ᠰᠤᠷᠭᠠᠭᠤᠯᠢ ᠳᠤ ᠪᠠᠶᠢᠭ᠎ᠠ ᠰᠤᠷᠤᠭᠴᠢ 67. | 7 ᠲᠦᠮᠡᠨ ᠬᠥᠮᠦᠨ᠂ ᠰᠤᠷᠭᠠᠭᠤᠯᠢ ᠲᠡᠭᠦᠰᠦᠭᠰᠡᠳ 22.1 ᠲᠦᠮᠡᠨ ᠬᠥᠮᠦᠨ ᠪᠤᠶ᠃ ᠪᠠᠭ᠎ᠠ ᠰᠤᠷᠭᠠᠭᠤᠯᠢ 1597 | ᠪᠠᠶᠢᠵᠤ᠂ 20.0 ᠲᠦᠮᠡᠨ ᠰᠤᠷᠤᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠤᠷᠤᠭᠴᠢ 137.4 ᠲᠦᠮᠡᠨ | ᠬᠥᠮᠦᠨ᠂ ᠲᠡᠭᠦᠰᠦᠭᠰᠡᠨ ᠰᠤᠷᠤᠭᠴᠢ 23.4 ᠲᠦᠮᠡᠨ ᠬᠥᠮᠦᠨ ᠪᠠᠶᠢᠨ᠎ᠠ᠃ ᠬᠡᠦᠬᠡᠳ ᠤᠨ ᠴᠡᠴᠡᠷᠯᠢᠭ ᠤᠨ | ᠴᠡᠴᠡᠷᠯᠢᠭ ᠲᠤ ᠪᠠᠶᠢᠭ᠎ᠠ ᠬᠡᠦᠬᠡᠳ 50.0 ᠲᠦᠮᠡ ᠪᠣᠶ᠃ | | | | | ᠠᠷᠪᠠᠨ ᠨᠢᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠪᠡᠶ᠎ᠡ ᠶᠢᠨ ᠲᠠᠮᠢᠷ | ᠵᠢᠯ ᠤᠨ ᠡᠴᠦᠰ ᠲᠤ ᠪᠥᠬᠦ ᠣᠷᠣᠨ ᠤ ᠤᠷᠠᠯᠢᠭ ᠤᠨ ᠲᠣᠭᠯᠠᠯᠲᠠ ᠶᠢᠨ ᠪᠦᠯᠬᠦᠮ ᠨᠡᠶᠢᠲᠡ 92 ᠪᠣᠶ᠃ | ᠡᠭᠦᠨ ᠳᠤ᠂ ᠤᠯᠠᠭᠠᠨᠮᠥ᠋ᠴᠢᠷ 75 ᠪᠣᠶ᠃ ᠨᠡᠶᠢᠲᠡ 118 ᠰᠣᠶᠣᠯ ᠤᠨ ᠣᠷᠳᠣᠨ᠂ 117 ᠣᠯᠠᠨ ᠨᠡᠶᠢᠲᠡ ᠶᠢᠨ | ᠨᠣᠮ ᠤᠨ ᠰᠠᠩ᠂ ᠮᠦᠽᠧᠶ [26] 118 ᠪᠣᠶ᠃ ᠵᠢᠯ ᠤᠨ ᠡᠴᠦᠰ ᠲᠤ ᠪᠥᠬᠦ ᠣᠷᠣᠨ ᠤ ᠷᠠᠳᠢᠣ᠋ | ᠨᠡᠪᠲᠡᠷᠡᠭᠦᠯᠭᠡ ᠶᠢᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.8% | ᠪᠠᠶᠢᠵᠤ᠂ ᠲᠧᠯᠸᠢᠰ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.8% | ᠪᠠᠶᠢᠪᠠ᠃ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠬᠤᠶᠠᠷ ᠱᠠᠲᠤ ᠪᠠᠷ ᠢᠶᠠᠨ ᠡᠯ᠎ᠡ ᠲᠥᠷᠥᠯ ᠤᠨ | ᠰᠣᠨᠢᠨ ᠢ 17939 ᠲᠦᠮᠡᠨ ᠬᠤᠪᠢ ᠬᠡᠪᠯᠡᠵᠦ᠂ ᠡᠯ᠎ᠡ ᠲᠥᠷᠥᠯ ᠤᠨ ᠬᠤᠭᠤᠴᠠᠭᠠᠲᠤ ᠰᠡᠳᠬᠦᠯ ᠢ 828 ᠲᠦᠮᠡᠨ | ᠳᠡᠪᠲᠡᠷ ᠬᠡᠪᠯᠡᠵᠦ᠂ ᠨᠣᠮ ᠪᠢᠴᠢᠭ ᠢ 5786 ᠲᠦᠮᠡᠨ ᠳᠡᠪᠲᠡᠷ ᠬᠡᠪᠯᠡᠪᠡ᠃ | ᠪᠥᠬᠦ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 2.73 ᠳ᠋ᠦᠩᠰᠢᠭᠤᠷ ᠬᠥᠮᠦᠨ ᠤᠳᠠᠭ᠎ᠠ | ᠭᠥᠯᠢᠶᠡᠨ ᠠᠪᠴᠤ᠂ ᠲᠦᠷᠦᠭᠦᠦ ᠵᠢᠯ ᠤᠨ ᠬᠢ ᠠᠴᠠ 18.6% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ | ᠵᠢᠭᠤᠯᠴᠢᠯᠠᠯ ᠤᠨ ᠣᠷᠣᠯᠭ᠎ᠠ ᠶᠢ 4140 ᠳ᠋ᠦᠩᠰᠢᠭᠤᠷ ᠲᠥᠭᠦᠷᠢᠭ ᠪᠡᠶᠡᠯᠡᠭᠦᠯᠵᠦ᠂ 23.4% ᠪᠠᠷ ᠨᠡᠮᠡᠭᠳᠡᠪᠡ᠃ | ᠵᠢᠯ ᠤᠨ ᠡᠴᠦᠰ ᠲᠤ ᠪᠥᠬᠦ ᠣᠷᠣᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ | 26740 ᠪᠣᠶ᠃ ᠡᠭᠦᠨ ᠳᠤ ᠡᠮᠨᠡᠯᠭᠡ ᠶᠢᠨ ᠬᠤᠷᠢᠶ᠎ᠠ 861 ᠪᠠᠶᠢᠨ᠎ᠠ︔ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ 25480 ᠪᠠᠶᠢᠵᠤ᠂ ᠡᠭᠦᠨ ᠳᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ 1217᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ | ᠥᠷᠲᠡᠭᠡ︶ 1321᠂ ᠡᠭᠦᠳᠡᠨ ᠡᠮᠨᠡᠯᠭᠡ ᠶᠢᠨ ᠬᠡᠯᠲᠡᠰ 1190᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ | 12772 ᠪᠠᠶᠢᠨ᠎ᠠ︔ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠢ ᠪᠠᠶᠢᠭᠤᠯᠤᠮᠵᠢ 323 ᠪᠤᠢ᠂ ᠡᠭᠦᠨ ᠳᠤ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 118 ᠪᠤᠢ᠃ ᠡᠷᠡᠭᠦᠯ ᠬᠠᠮᠠᠭᠠᠯᠠᠯ ᠤᠨ ᠮᠡᠷᠭᠡᠵᠢᠯ ᠤᠨ | ᠠᠵᠢᠯᠲᠠᠨ 249187 ᠬᠥᠮᠦᠨ ᠪᠠᠶᠢᠵᠤ᠂ ᠡᠭᠦᠨ ᠳᠤ ᠠᠵᠢᠯ ᠡᠷᠬᠢᠯᠡᠬᠦ ᠡᠮᠴᠢ ᠪᠠ ᠠᠵᠢᠯ ᠡᠷᠬᠢᠯᠡᠬᠦ ᠲᠤᠰᠠᠯᠠᠭᠴᠢ | ᠡᠮᠴᠢ 100570 ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 106855 ᠬᠥᠮᠦᠨ ᠪᠠᠶᠢᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠲᠡᠨ ᠤ ᠣᠷᠣ 173628 ᠪᠠᠶᠢᠨ᠎ᠠ᠃ ᠡᠭᠦᠨ ᠤ ᠳᠣᠲᠣᠷ᠎ᠠ | ᠡᠮᠨᠡᠯᠭᠡ ᠶᠢᠨ ᠬᠤᠷᠢᠶ᠎ᠠ 139133᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 21581 | ᠪᠠᠶᠢᠨ᠎ᠠ᠃ | | | | | ᠪᠥᠬᠦ ᠵᠢᠯ ᠳᠤ ᠪᠥᠬᠦ ᠣᠷᠣᠨ ᠳᠤ ᠨᠡᠶᠢᠲᠡ 4080 ᠬᠥᠮᠦᠨ ᠤᠳᠠᠭ᠎ᠠ ᠣᠯᠠᠨ ᠤᠯᠤᠰ ᠤᠨ ᠪᠠ ᠤᠯᠤᠰ ᠤᠨ | ᠳᠣᠲᠣᠭᠠᠳᠤ ᠶᠢᠨ 231 ᠤᠷᠤᠯᠳᠤᠭᠠᠨ ᠳᠤ ᠣᠷᠣᠯᠴᠠᠵᠤ᠂ 154 ᠠᠯᠲᠠᠨ ᠮᠧᠳᠠᠯ᠂ 161 ᠮᠥᠩᠭᠦᠨ ᠮᠧᠳᠠᠯ᠂ | 174 ᠬᠦᠷᠡᠯ ᠮᠧᠳᠠᠯ ᠣᠯᠵᠠᠶ᠃ | ᠠᠷᠪᠠᠨ ᠬᠤᠶᠠᠷ᠂ ᠡᠬᠢ ᠪᠠᠶᠠᠯᠢᠭ᠂ ᠣᠷᠴᠢᠨ ᠲᠣᠭᠤᠷᠢᠨ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ | ᠪᠥᠬᠦ ᠵᠢᠯ ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 189.9 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠲᠦᠷᠦᠭᠦᠦ ᠵᠢᠯ ᠤᠨ ᠬᠢ ᠠᠴᠠ 6.4% ᠪᠠᠷ ᠪᠠᠭᠤᠷᠠᠪᠠ᠃ ᠡᠭᠦᠨ ᠳᠤ ᠠᠮᠢᠳᠤᠷᠠᠯ ᠤᠨ | ᠬᠡᠷᠡᠭᠯᠡᠬᠦ ᠤᠰᠤ 0.6% ᠨᠡᠮᠡᠭᠳᠡᠵᠦ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ 13.1% ᠨᠡᠮᠡᠭᠳᠡᠵᠦ᠂ | ᠲᠠᠷᠢᠶᠠᠯᠠᠩ ᠤᠨ ᠬᠡᠷᠡᠭᠯᠡᠬᠦ ᠤᠰᠤ 10.1% ᠪᠠᠭᠤᠷᠠᠵᠤ᠂ ᠠᠮᠢ ᠠᠬᠤᠶ ᠶᠢᠨ ᠬᠡᠷᠡᠭᠯᠡᠬᠦ ᠤᠰᠤ 2.7% ᠨᠡᠮᠡᠭᠳᠡᠪᠡ᠃ | ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ᠂ ᠲᠦᠮᠡᠨ ᠲᠥᠭᠦᠷᠢᠭ ᠤᠨ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ︵ᠲᠣᠰ ᠵᠢᠯ ᠤᠨ ᠦᠨ᠎ᠡ︶ ᠤᠨ ᠤᠰᠤ ᠬᠡᠷᠡᠭᠯᠡᠬᠦ ᠬᠡᠮᠵᠢᠶ᠎ᠡ 72.2 | ᠪᠣᠰᠤᠭ᠎ᠠ ᠳᠥᠷᠪᠡᠯᠵᠢᠨ ᠮᠧᠲᠷ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ︵ᠲᠣᠰ | ᠵᠢᠯ ᠤᠨ ᠦᠨ᠎ᠡ︶ ᠤᠨ ᠤᠰᠤ ᠬᠡᠷᠡᠭᠯᠡᠬᠦ ᠬᠡᠮᠵᠢᠶ᠎ᠡ 16.7 ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ | ᠪᠥᠬᠦ ᠵᠢᠯ ᠳᠤ ᠣᠶᠢᠵᠢᠭᠤᠯᠤᠭᠰᠠᠨ ᠲᠠᠯᠠᠪᠠᠶ 57.6 ᠲᠦᠮᠡᠨ ᠾᠧᠺᠲ᠋ᠠᠷ ᠲᠤ ᠬᠥᠷᠪᠡ᠃ ᠡᠭᠦᠨ ᠳᠤ᠂ 17.2 | ᠲᠦᠮᠡᠨ ᠾᠧᠺᠲ᠋ᠠᠷ ᠬᠥᠮᠦᠨ ᠤ ᠬᠦᠴᠦ ᠪᠠᠷ ᠣᠶᠢᠵᠢᠭᠤᠯᠵᠤ᠂ 5.3 ᠲᠦᠮᠡᠨ ᠾᠧᠺᠲ᠋ᠠᠷ ᠠᠭᠤᠯᠠ ᠶᠢ ᠪᠢᠲᠡᠭᠦᠮᠵᠢᠯᠡᠨ | ᠣᠶᠢᠵᠢᠭᠤᠯᠵᠤ᠂ 21.4 ᠲᠦᠮᠡᠨ ᠾᠧᠺᠲ᠋ᠠᠷ ᠮᠠᠭᠤᠳᠠᠭᠰᠠᠨ ᠣᠶ ᠶᠢ ᠵᠠᠰᠠᠨ ᠰᠡᠷᠭᠦᠭᠡᠵᠦ᠂ 13.6 ᠲᠦᠮᠡᠨ | ᠾᠧᠺᠲ᠋ᠠᠷ ᠵᠤᠯᠵᠠᠭ᠎ᠠ ᠮᠣᠳᠣ ᠪᠤᠶᠢᠵᠢᠭᠤᠯᠬᠤ ︵ᠠᠵᠢᠯᠯᠠᠬᠤ︶ ᠲᠠᠯᠠᠪᠠᠶ ᠶᠢ ᠪᠠᠭᠲᠠᠭᠠᠵᠠᠶ᠃ | ᠪᠥᠬᠦ ᠣᠷᠣᠨ ᠳᠤ ᠨᠡᠶᠢᠲᠡ 217 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠠᠢ᠃ ᠡᠭᠦᠨ ᠳᠤ᠂ | ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 29᠂ ᠥᠪᠡᠷᠲᠡᠭᠡᠨ ᠵᠠᠰᠠᠬᠤ ᠣᠷᠣᠨ ᠤ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 65 ᠪᠣᠶ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠢ | 1294 . 8 ᠲᠦᠮᠡᠨ ᠾᠧᠺᠲ᠋ᠠᠷ᠃ ᠡᠭᠦᠨ ᠳᠤ᠂ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠲᠠᠯᠠᠪᠠᠶ 426.1 ᠲᠦᠮᠡᠨ ᠾᠧᠺᠲ᠋ᠠᠷ ᠪᠣᠶ᠃ | ᠪᠥᠬᠦ ᠣᠷᠣᠨ ᠤ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠶᠢᠨ ᠳᠤᠮᠳᠠᠴᠢ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ 89.6% ᠳᠤ ᠬᠦᠷᠴᠡᠢ᠃ ᠵᠢᠵᠢᠭ ᠮᠥᠬᠦᠯᠢᠭᠲᠦ ᠪᠣᠳᠠᠰ ︵PM 2.5︶ ᠤᠨ | ᠳᠤᠮᠳᠠᠴᠢ ᠥᠳᠬᠡᠴᠡ ᠨᠢ 23 ᠮᠢᠺᠷᠥᠭᠷᠠᠮ / ᠺᠦᠪ ᠮᠧᠲᠷ ᠪᠠᠶᠢᠵᠤ᠂ ᠳᠡᠭᠡᠷ᠎ᠡ ᠵᠢᠯ ᠤᠨ ᠬᠢ ᠲᠠᠢ ᠲᠡᠩᠴᠡᠭᠦᠦ | ᠪᠠᠶᠢᠳᠠᠭ᠃ | ᠪᠦᠬᠦ ᠵᠢᠯ ᠳᠤ ᠡᠯ᠎ᠡ ᠲᠦᠷᠦᠯ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠳᠤ 471 ᠬᠥᠮᠦᠨ ᠦᠬᠦᠵᠦ᠂ | ᠲᠦᠷᠦᠭᠦᠦ ᠵᠢᠯ ᠤᠨ ᠬᠢ ᠠᠴᠠ [27] 25.4% ᠪᠠᠷ ᠪᠠᠭᠤᠷᠠᠵᠤ᠂ ᠦᠢᠯᠡᠳᠪᠦᠷᠢ ᠠᠭᠤᠷᠬᠠᠢ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠤᠨ ᠬᠥᠮᠦᠰ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠳᠤ 217 | ᠬᠥᠮᠦᠨ ᠦᠬᠦᠵᠦ᠂ ᠲᠦᠷᠦᠭᠦᠦ ᠵᠢᠯ ᠤᠨ ᠬᠢ ᠠᠴᠠ 29.3% ᠪᠠᠷ ᠪᠠᠭᠤᠷᠠᠪᠠ᠃ ᠳ᠋ᠦᠩᠰᠢᠭᠤᠷ ᠲᠥᠭᠦᠷᠢᠭ ᠤᠨ | ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠦᠢᠯᠡᠳᠪᠦᠷᠢᠯᠡᠯ ᠤᠨ ᠠᠶᠤᠯᠭᠦᠶ ᠶᠢᠨ | ᠠᠳᠡᠯ ᠤᠨ ᠦᠬᠦᠯ ᠤᠨ ᠨᠣᠷᠮ᠎ᠠ 0.0179 ᠪᠣᠯᠪᠠ᠃ ᠵᠠᠮ ᠬᠠᠷᠢᠯᠴᠠᠭᠠᠨ ᠤ ᠠᠳᠡᠯ ᠳᠤ ᠲᠦᠮᠡ ᠭᠠᠷᠤᠶ ᠬᠥᠮᠦᠨ | ᠠᠳᠡᠵᠦ᠂ ᠲᠦᠷᠦᠭᠦᠦ ᠵᠢᠯ ᠤᠨ ᠬᠢ ᠠᠴᠠ 9.4% ᠪᠠᠷ ᠪᠠᠭᠤᠷᠠᠪᠠ᠃ | ᠲᠠᠶᠢᠯᠪᠤᠷᠢ᠄ | ﹇1﹈ ᠲᠤᠰ ᠠᠯᠪᠠᠨ ᠮᠡᠳᠡᠭᠡ ᠳᠠᠬᠢ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ ᠪᠦᠷᠢᠳᠬᠡᠭᠰᠡᠨ | ᠲᠤᠭ᠎ᠠ ᠪᠣᠯᠤᠨ᠎ᠠ᠃ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ᠰᠢᠯᠲᠠᠭᠠᠨ ᠠᠴᠠ | ᠪᠣᠯᠵᠣ᠂ ᠶᠡᠷᠦᠩᠬᠡᠶ ᠲᠤᠭ᠎ᠠ ᠪᠠ ᠬᠤᠪᠢᠶᠠᠷᠢ ᠵᠦᠢᠯ ᠨᠢ ᠨᠡᠶᠢᠯᠡᠭᠡᠳ ᠠᠳᠠᠯᠢ ᠪᠤᠰᠤ ᠪᠠᠶᠢᠳᠠᠯ ᠣᠷᠣᠰᠢᠵᠤ ᠪᠠᠶᠢᠨ᠎ᠠ᠃ | ﹇2﹈ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠭᠤᠷᠪᠠᠳᠤᠭᠠᠷ ᠠᠵᠤ ᠦᠢᠯᠡᠰ | ᠵᠢᠴᠢ ᠬᠠᠮᠢᠶ᠎ᠠ ᠪᠥᠬᠦᠶ ᠠᠵᠢᠯ ᠲᠥᠷᠥᠯ ᠤᠨ ᠨᠡᠮᠡᠭᠳᠡᠯ ᠥᠷᠲᠡᠭ᠂ ᠬᠥᠮᠦᠨ ᠳᠤᠮᠳᠠᠴᠢ ᠶᠢᠨ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠬᠠᠷᠢᠴᠠᠯᠠᠰᠢᠭᠦᠶ ᠲᠤᠭ᠎ᠠ ᠶᠢ ᠣᠲᠣ ᠶᠢᠨ ᠦᠨ᠎ᠡ ᠬᠠᠩᠰᠢ ᠪᠠᠷ | ᠪᠤᠳᠤᠵᠤ᠂ ᠨᠡᠮᠡᠭᠳᠡᠯ ᠤᠨ ᠬᠤᠷᠳᠤᠴᠠ ᠶᠢ ᠥᠯᠥ ᠬᠤᠪᠢᠰᠬᠤ ᠦᠨ᠎ᠡ ᠬᠠᠩᠰᠢ ᠪᠠᠷ ᠪᠤᠳᠤᠪᠠ᠃ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ | ᠦᠨᠳᠦᠰᠦᠯᠡᠬᠦ ᠶᠢᠨ ᠬᠠᠮᠲᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠥᠪᠡᠷ ᠤᠨ ᠣᠷᠣᠨ ᠰᠠᠭᠤᠴᠠ ᠶᠢᠨ | ᠦᠢᠯᠡᠴᠢᠯᠡᠭᠡᠨ ᠤ ᠬᠠᠷᠭᠤᠭᠤᠯᠤᠨ ᠪᠤᠳᠤᠬᠤ ᠠᠷᠭ᠎ᠠ ᠶᠢᠨ ᠥᠭᠡᠷᠡᠴᠢᠯᠡᠯᠲᠡ ᠶᠢ ᠵᠡᠷᠭᠡ ᠳᠤᠨᠢ ᠬᠡᠷᠡᠭᠵᠢᠭᠦᠯᠵᠦ᠂ ᠤᠷᠤᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠭᠤᠷᠪᠠᠳᠤᠭᠠᠷ ᠠᠵᠤ ᠦᠢᠯᠡᠰ ᠵᠢᠴᠢ ᠬᠠᠮᠢᠶ᠎ᠠ ᠪᠥᠬᠦᠶ | ᠠᠵᠢᠯ ᠲᠥᠷᠥᠯ ᠤᠨ ᠨᠡᠮᠡᠭᠳᠡᠯ ᠥᠷᠲᠡᠭ ᠵᠡᠷᠭᠡ ᠲᠡᠦᠬᠡᠨ ᠲᠤᠭ᠎ᠠ ᠪᠠᠷᠢᠮᠲᠠ ᠳᠤ ᠵᠠᠰᠠᠪᠤᠷᠢ ᠣᠷᠣᠭᠤᠯᠪᠠ᠃ | ﹇3﹈ ᠪᠠᠶᠢᠩᠭᠤ ᠰᠠᠭᠤᠭ᠎ᠠ ᠬᠥᠮᠦᠨ ᠠᠮᠠ᠄ ᠲᠣᠰ ᠰᠢᠶᠠᠩ ᠪᠠᠯᠭᠠᠰᠤᠨ ᠤ ᠵᠡᠭᠡᠯᠢ ᠭᠤᠳᠤᠮᠵᠢ ᠳᠤ ᠰᠠᠭᠤᠵᠤ | ᠪᠠᠶᠢᠭ᠎ᠠ ᠮᠥᠷᠲᠡᠭᠡᠨ ᠲᠣᠰ ᠰᠢᠶᠠᠩ ᠪᠠᠯᠭᠠᠰᠤᠨ ᠤ ᠵᠡᠭᠡᠯᠢ ᠭᠤᠳᠤᠮᠵᠢ ᠳᠤ ᠪᠠᠶᠢᠭ᠎ᠠ ᠪᠤᠶᠤ ᠡᠷᠦᠬᠡ ᠠᠮᠠ ᠨᠢ | ᠲᠣᠭᠲᠠᠭᠠᠳᠤᠶ ᠬᠥᠮᠦᠨ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠪᠥᠭᠡᠳ | ᠡᠷᠦᠬᠡ ᠠᠮᠠ ᠳᠠᠩᠰᠠᠯᠠᠭᠤᠯᠤᠭᠰᠠᠨ ᠭᠠᠵᠠᠷ ᠠᠴᠠ ᠪᠠᠨ ᠰᠠᠯᠤᠭᠰᠠᠨ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠶᠢᠨ | ᠬᠠᠭᠠᠰ ᠵᠢᠯ ᠠᠴᠠ ᠳᠡᠭᠡᠭᠰᠢ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ ᠵᠡᠭᠡᠯᠢ ᠭᠤᠳᠤᠮᠵᠢ ᠳᠤ ᠪᠠᠢᠬᠤ | ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ ᠭᠠᠳᠠᠨ᠎ᠠ ᠠᠵᠢᠯᠯᠠᠵᠤ | ᠰᠤᠷᠤᠯᠴᠠᠵᠤ ᠪᠠᠢᠭ᠎ᠠ ᠬᠥᠮᠦᠨ᠃ | ﹇4﹈ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ ᠭᠡᠵᠦ ᠮᠡᠳᠡᠭᠦᠯᠦᠯᠲᠡ ᠶᠢᠨ | ᠬᠤᠭᠤᠴᠠᠭᠠᠨ ᠳᠤ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ ᠪᠣᠯᠤᠨ ᠠᠶᠠᠨᠳᠠᠭᠠᠨ | ᠬᠠᠰᠤᠭᠳᠠᠭᠰᠠᠨ ᠬᠥᠮᠦᠨ ᠤ ᠲᠣᠭᠠᠨ ᠤ ᠵᠦᠷᠢᠶ᠎ᠡ ᠶᠢ ᠬᠡᠯᠡᠵᠦ ᠪᠠᠶᠢᠨ᠎ᠠ᠃ | ﹇5﹈ 2024 ᠣᠨ ᠤ ᠰᠡᠭᠦᠯᠴᠢ ᠪᠠᠷ᠂ ᠪᠥᠬᠦ ᠣᠷᠣᠨ ᠤ 0 -14 ᠨᠠᠰᠤ ︵ᠪᠦᠬᠦᠯᠢ 15 ᠨᠠᠰᠤ | ᠬᠦᠷᠦᠭᠡᠳᠦᠢ ᠶᠢ ᠪᠠᠭᠲᠠᠭᠠᠨ᠎ᠠ︶ ᠶᠢᠨ ᠬᠥᠮᠦᠨ ᠠᠮᠠ 298 ᠲᠦᠮᠡ ᠪᠠᠶᠢᠵᠤ᠂ 15-64 ᠨᠠᠰᠤ ︵ᠪᠦᠬᠦᠯᠢ 65 | ᠨᠠᠰᠤ ᠬᠦᠷᠦᠭᠡᠳᠦᠢ ᠶᠢ ᠪᠠᠭᠲᠠᠭᠠᠨ᠎ᠠ︶ ᠶᠢᠨ ᠬᠥᠮᠦᠨ ᠠᠮᠠ 1707 ᠲᠦᠮᠡ ᠪᠣᠯᠤᠨ᠎ᠠ᠃ | ﹇6﹈ ᠣᠷᠣᠨ ᠰᠠᠭᠤᠴᠠ ᠶᠢᠨ ᠲᠥᠷᠥᠯ ᠤᠨ ᠦᠨ᠎ᠡ ᠬᠠᠩᠰᠢ ᠳᠤ ᠲᠦᠷᠢᠶᠡᠰᠦᠨ ᠬᠡᠷ ᠤᠨ ᠲᠦᠷᠢᠶᠡᠰᠦ᠂ | ᠣᠷᠣᠨ ᠰᠠᠭᠤᠴᠠ ᠶᠢ ᠠᠷᠠᠴᠢᠯᠠᠨ ᠬᠠᠮᠠᠭᠠᠯᠠᠬᠤ ᠵᠢᠴᠢ ᠬᠠᠮᠢᠶᠠᠷᠤᠯᠲᠠ᠂ ᠤᠰᠤ ᠴᠠᠬᠢᠯᠭᠠᠨ ᠲᠦᠯᠡᠰᠢ᠂ ᠥᠪᠡᠷ ᠤᠨ | ᠣᠷᠣᠨ ᠰᠠᠭᠤᠴᠠ ᠶᠢᠨ ᠦᠢᠯᠡᠴᠢᠯᠡᠭᠡᠨ ᠤ ᠦᠨ᠎ᠡ ᠬᠠᠩᠰᠢ ᠪᠠᠭᠲᠠᠨ᠎ᠠ᠃ | ﹇7﹈ 2024 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠠᠮᠢᠶ᠎ᠠ ᠪᠥᠬᠦᠶ | ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠵᠢᠴᠢ ᠬᠤᠪᠢᠷᠠᠯᠲᠠ ᠶᠢ ᠬᠠᠷᠢᠴᠠᠭᠤᠯᠵᠤ ᠪᠣᠯᠬᠤ | ᠪᠠᠷᠢᠮᠵᠢᠶ᠎ᠠ ᠪᠠᠷ ᠪᠤᠳᠤᠨ᠎ᠠ᠃ | ﹇8﹈ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠲᠤ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠂ ᠳᠡᠭᠡᠳᠦ ᠲᠠᠰ ᠤᠨ | ᠲᠣᠨᠣᠭᠯᠠᠯ ᠦᠢᠯᠡᠳᠬᠦ ᠠᠵᠤ ᠦᠢᠯᠡᠰ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠠᠮᠢᠳᠤ ᠪᠣᠳᠠᠰ ᠤᠨ ᠠᠵᠤ | ᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ᠂ | ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ᠂ ᠠᠭᠠᠷ ᠠᠶᠠᠯᠠᠯ ᠰᠠᠨᠰᠠᠷ ᠠᠶᠠᠯᠠᠯ ᠤᠨ | ᠠᠵᠤ ᠦᠢᠯᠡᠰ᠂ ᠲᠡᠯᠡᠶ ᠲᠠᠩᠭᠢᠰ ᠤᠨ ᠲᠣᠨᠣᠭᠯᠠᠯ ᠤᠨ ᠠᠵᠤ ᠦᠢᠯᠡᠰ ᠲᠠᠬᠢ ᠠᠵᠤ ᠦᠢᠯᠡᠳᠪᠦᠷᠢ ᠶᠢᠨ ᠬᠠᠮᠢᠶ᠎ᠠ | ᠪᠥᠬᠦᠶ ᠠᠵᠢᠯ ᠲᠥᠷᠥᠯ ᠪᠠᠭᠲᠠᠨ᠎ᠠ᠃ ᠠᠵᠤ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ | ᠪᠠᠷᠢᠮᠵᠢᠶ᠎ᠠ ᠪᠠᠷ ᠪᠤᠳᠤᠨ᠎ᠠ᠃ | ﹇9﹈ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠲᠤ ᠡᠮ ᠡᠮᠨᠡᠯᠭᠡ ᠶᠢᠨ ᠦᠢᠯᠡᠳᠬᠦ ᠦᠢᠯᠡᠰ᠂ ᠠᠭᠠᠷ ᠤᠨ | ᠠᠶᠠᠯᠠᠯ᠂ ᠰᠠᠨᠰᠠᠷ ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠦᠢᠯᠡᠰ᠂ ᠡᠯᠧᠺᠲᠷᠣᠨ ᠵᠢᠴᠢ ᠴᠢᠮᠡᠭᠡ | ᠬᠤᠯᠪᠣᠭᠠᠨ ᠤ ᠲᠥᠬᠦᠭᠡᠷᠦᠮᠵᠢ ᠦᠢᠯᠡᠳᠬᠦ ᠦᠢᠯᠡᠰ᠂ ᠺᠣᠮᠫᠢᠦ᠋ᠲ᠋ᠧᠷ ᠵᠢᠴᠢ ᠠᠯᠪᠠᠯᠠᠬᠤ ᠲᠥᠬᠦᠭᠡᠷᠦᠮᠵᠢ ᠦᠢᠯᠡᠳᠬᠦ | ᠦᠢᠯᠡᠰ᠂ ᠡᠮᠴᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠵᠢᠴᠢ ᠬᠡᠮᠵᠢᠭᠦᠷᠯᠢᠭ ᠤᠨ ᠦᠢᠯᠡᠳᠬᠦ ᠦᠢᠯᠡᠰ᠂ ᠮᠡᠳᠡᠭᠡ | ᠵᠠᠩᠭᠢᠵᠢᠯᠲᠠ ᠶᠢᠨ ᠬᠢᠮᠢ ᠶᠢᠨ ᠦᠢᠯᠡᠳᠬᠦᠨ ᠦᠢᠯᠡᠳᠬᠦ ᠦᠢᠯᠡᠰ ᠪᠠᠭᠲᠠᠨ᠎ᠠ᠃ | ﹇10﹈ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠲᠤ ᠲᠡᠮᠦᠷᠯᠢᠭ ᠤᠨ ᠦᠢᠯᠡᠳᠬᠦᠨ ᠤ ᠦᠢᠯᠡᠰ᠂ | ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ | ᠦᠢᠯᠡᠰ᠂ ᠮᠠᠰᠢᠨ ᠲᠡᠷᠭᠡ ᠦᠢᠯᠡᠳᠬᠦ ᠦᠢᠯᠡᠰ᠂ ᠲᠡᠮᠦᠷ ᠵᠠᠮ᠂ ᠣᠩᠭᠤᠴᠠ ᠰᠠᠯ᠂ ᠠᠭᠠᠷ ᠤᠨ ᠠᠶᠠᠯᠠᠯ ᠰᠠᠨᠰᠠᠷ ᠤᠨ | ᠠᠶᠠᠯᠠᠯ ᠪᠠ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠦᠢᠯᠡᠳᠬᠦ ᠦᠢᠯᠡᠰ᠂ ᠴᠠᠬᠢᠯᠭᠠᠨ ᠮᠧᠬᠠᠨᠢᠭ ᠪᠠ ᠪᠠᠭᠠᠵᠢ | ᠬᠡᠷᠡᠭᠰᠡᠯ ᠦᠢᠯᠡᠳᠬᠦ ᠦᠢᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ | ᠦᠢᠯᠡᠳᠬᠦ ᠦᠢᠯᠡᠰ᠂ ᠬᠡᠮᠵᠢᠭᠦᠷᠯᠢᠭ ᠦᠢᠯᠡᠳᠬᠦ ᠦᠢᠯᠡᠰ ᠪᠠᠭᠲᠠᠨ᠎ᠠ᠃ | ﹇11﹈ ᠵᠡᠭᠦᠨ ᠬᠡᠰᠡᠭ ᠤᠨ ᠭᠠᠵᠠᠷ ᠣᠷᠣᠨ ᠭᠡᠳᠡᠭ ᠨᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠢ ᠵᠢᠭᠠᠵᠤ ᠪᠣᠶ︔ ᠳᠤᠮᠳᠠ ᠬᠡᠰᠡᠭ | ᠭᠠᠵᠠᠷ ᠣᠷᠣᠨ ᠭᠡᠳᠡᠭ ᠨᠢ ᠬᠥᠬᠡᠬᠤᠲᠠ᠂ ᠪᠤᠭᠤᠲᠤ ᠬᠤᠲᠠ᠂ ᠣᠷᠳᠣᠰ ᠬᠤᠳᠠ᠂ ᠤᠯᠠᠭᠠᠨᠴᠠᠪ ᠬᠤᠲᠠ ᠶᠢ | ᠵᠢᠭᠠᠵᠤ ᠪᠤᠶ︔ ᠪᠠᠷᠠᠭᠤᠨ ᠬᠡᠰᠡᠭ ᠣᠨ ᠭᠠᠵᠠᠷ ᠣᠷᠣᠨ ᠭᠡᠳᠡᠭ ᠨᠢ ᠪᠠᠶᠠᠨᠨᠠᠭᠤᠷ ᠬᠤᠳᠠ᠂ ᠦᠬᠠᠢ ᠬᠤᠳᠠ᠂ | ᠠᠯᠠᠱᠠ ᠠᠶᠢᠮᠠᠭ ᠢ ᠵᠢᠭᠠᠵᠤ ᠪᠤᠢ᠃ | ﹇12﹈ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠳᠣᠲᠣᠷ᠎ᠠ᠂ | ᠨᠡᠭᠦᠷᠡᠰᠦᠨ ᠤ ᠭᠠᠷᠤᠯᠲᠠ ᠠᠴᠠ ᠭᠠᠳᠠᠨ᠎ᠠ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ ᠪᠦᠬᠦ ᠰᠢᠰᠲ᠋ᠧᠮ ᠤᠨ ᠲᠤᠭ᠎ᠠ | ᠪᠠᠷᠢᠮᠲᠠ ᠪᠠᠶᠢᠵᠤ᠂ ᠪᠤᠰᠤᠳ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠰᠢᠰᠲ᠋ᠧᠮ ᠤᠨ ᠲᠤᠭ᠎ᠠ ᠪᠠᠷᠢᠮᠲᠠ ᠪᠣᠯᠤᠨ᠎ᠠ᠃ | ﹇13﹈ ᠪᠠᠭ᠎ᠠ ᠬᠡᠮᠵᠢᠶᠡᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ︵ᠵᠢᠱᠢᠶᠡᠯᠡᠪᠡᠯ | ᠭᠠᠵᠠᠷ ᠤᠨ ᠢᠯᠴᠢ ᠵᠡᠷᠭᠡ︶ ᠶᠢ ᠠᠯᠪᠠᠨ ᠮᠡᠳᠡᠭᠡ ᠳᠤ ᠵᠢᠭᠰᠠᠭᠠᠭᠰᠠᠨ ᠦᠭᠡᠢ᠃ | ﹇14﹈ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠦᠷᠢᠳᠬᠡᠬᠦ ᠬᠡᠪᠴᠢᠶ᠎ᠡ ᠳᠤ᠄ | ᠣᠨ ᠤ ᠡᠵᠡᠩᠨᠡᠯᠲᠡ ᠶᠢᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠵᠠᠮ | ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ ᠮᠡᠳᠡᠭᠡ ᠵᠠᠩᠭᠢ ᠶᠢᠨ | ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ | ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ᠂ | ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠬᠠᠤᠯᠢ ᠶᠢᠨ ᠡᠷᠬᠡᠲᠡᠨ ᠤ ᠨᠢᠭᠡᠴᠡ ᠪᠠᠭᠲᠠᠨ᠎ᠠ︔ ᠣᠨ ᠤ | ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠡᠵᠡᠩᠨᠡᠯᠲᠡ ᠪᠠᠭᠲᠠᠬᠤ | ᠦᠭᠡᠶ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ | ᠰᠤᠳᠤᠯᠤᠯ ᠪᠣᠯᠤᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ ᠤᠨ ᠠᠵᠢᠯ ᠲᠥᠷᠥᠯ ᠤᠨ | ᠬᠠᠤᠯᠢ ᠶᠢᠨ ᠡᠷᠬᠡᠲᠡᠨ ᠤ ᠨᠢᠭᠡᠴᠡ︔ ᠵᠢᠴᠢ ᠵᠢᠯ ᠤᠨ ᠡᠵᠡᠩᠨᠡᠯᠲᠡ ᠶᠢᠨ ᠣᠷᠣᠯᠭ᠎ᠠ ᠨᠢ 500 ᠲᠦᠮᠡᠨ ᠲᠥᠭᠦᠷᠢᠭ | ᠵᠢᠴᠢ ᠲᠡᠭᠦᠨ ᠠᠴᠠ ᠳᠡᠭᠡᠭᠰᠢᠬᠢ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ | ᠦᠢᠯᠡᠴᠢᠯᠡᠭᠡᠨ ᠤ ᠦᠢᠯᠡᠰ᠂ ᠰᠣᠶᠣᠯ᠂ ᠪᠡᠶ᠎ᠡ ᠶᠢᠨ ᠲᠠᠮᠢᠷ ᠪᠣᠯᠤᠨ ᠵᠤᠭ᠎ᠠ ᠴᠡᠩᠭᠡᠯ ᠤᠨ ᠦᠢᠯᠡᠰ᠂ ᠨᠡᠶᠢᠭᠡᠮ ᠤᠨ | ᠠᠵᠢᠯ ᠤᠨ ᠠᠵᠢᠯ ᠲᠥᠷᠥᠯ ᠤᠨ ᠬᠠᠤᠯᠢ ᠶᠢᠨ ᠡᠷᠬᠡᠲᠡᠨ ᠤ ᠨᠢᠭᠡᠴᠡ᠃ 2024 ᠣᠨ ᠤ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠭᠦᠢᠴᠡᠳᠭᠡᠯ | ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠨ᠎ᠠ᠃ | ﹇15﹈ ᠡᠳ᠋ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠵᠢᠴᠢ ᠡᠷᠭᠢᠯᠲᠡ ᠶᠢᠨ ᠬᠡᠮᠵᠢᠶ᠎ᠡ ᠳᠤ ᠲᠡᠮᠦᠷ | ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠭᠤᠷᠪᠠᠨ ᠵᠦᠢᠯ ᠤᠨ ᠲᠡᠭᠡᠭᠡᠪᠦᠷᠢ ᠶᠢᠨ ᠠᠷᠭ᠎ᠠ | ᠮᠠᠶ᠋ᠢᠭ ᠤᠨ ᠪᠡᠶᠡᠯᠡᠭᠦᠯᠦᠭᠰᠡᠨ ᠬᠡᠮᠵᠢᠶ᠎ᠡ ᠪᠠᠭᠲᠠᠨ᠎ᠠ᠂ 2024 ᠣᠨ ᠤ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ | ᠪᠣᠯᠬᠤ ᠪᠠᠷᠢᠮᠵᠢᠶ᠎ᠠ ᠪᠠᠷ ᠪᠤᠳᠤᠨ᠎ᠠ᠃ | ﹇16﹈ 2024 ᠣᠨ ᠤ 1 ᠳ᠋ᠤᠭᠡᠷ ᠰᠠᠷ᠎ᠠ ᠠᠴᠠ ᠡᠬᠢᠯᠡᠨ᠂ ᠵᠠᠰᠠᠮᠠᠯ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢ | ᠪᠦᠷᠢᠳᠬᠡᠬᠦ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠭᠡᠯᠵᠢ ᠶᠢᠨ ᠲᠡᠷᠭᠡ ᠳᠠᠭᠠᠭᠠᠴᠢᠯᠠᠭᠰᠠᠨ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ᠂ ᠣᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡ ᠶᠢᠨ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ᠂ ᠲᠦᠷᠢᠶᠡᠰᠦᠨ ᠮᠠᠰᠢᠨ ᠲᠡᠷᠭᠡ ︵ᠲᠣᠭᠤᠷᠢᠨ ᠴᠠᠭᠳᠠᠬᠤ ᠲᠦᠷᠢᠶᠡᠰᠦᠨ | ᠮᠠᠰᠢᠨ ᠲᠡᠷᠭᠡ᠂ ᠰᠦᠯᠵᠢᠶ᠎ᠡ ᠪᠠᠷ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠪᠠᠭᠲᠠᠨ᠎ᠠ︶ ᠶᠢᠨ ᠬᠤᠲᠠ | ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠶᠢ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ | ᠬᠡᠮᠵᠢᠶ᠎ᠡ ᠶᠢᠨ ᠪᠦᠷᠢᠳᠬᠡᠯ ᠳᠤ ᠣᠷᠣᠭᠤᠯᠵᠤ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ | ᠬᠡᠮᠵᠢᠶ᠎ᠡ ᠶᠢ ᠪᠦᠷᠢᠳᠬᠡᠬᠦ ᠲᠥᠷᠥᠯ ᠳᠤ ᠵᠣᠬᠢᠴᠠᠩᠭᠤᠶ ᠲᠣᠬᠢᠷᠠᠭᠤᠯᠤᠯᠲᠠ ᠬᠢᠪᠡ᠃ 2024 ᠣᠨ ᠤ ᠠᠶᠠᠨᠴᠢᠳ ᠤᠨ | ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ᠂ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ᠂ ᠵᠠᠰᠠᠮᠠᠯ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ | ᠡᠷᠭᠢᠯᠲᠡ ᠶᠢᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠨ᠎ᠠ᠃ | ﹇17﹈ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ ᠶᠢ ᠲᠦᠷᠦᠭᠦᠦ ᠵᠢᠯ ᠤᠨ | ᠦᠨ᠎ᠡ ᠪᠠᠷ ᠪᠤᠳᠤᠨ᠎ᠠ᠃ | ﹇18﹈ ᠲᠣᠭᠲᠠᠮᠠᠯ ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠬᠤ ᠬᠡᠷᠡᠭᠯᠡᠭᠴᠢ ᠭᠡᠳᠡᠭ ᠪᠣᠯ | ᠮᠡᠳᠡᠭᠦᠯᠦᠯᠲᠡ ᠶᠢᠨ ᠬᠤᠭᠤᠴᠠᠭᠠᠨ ᠡᠴᠦᠰ ᠲᠤ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠪᠦᠷᠢᠳᠬᠡᠭᠦᠯᠦᠨ | ᠳᠠᠩᠰᠠᠯᠠᠭᠤᠯᠵᠤ᠂ xDSL᠂ FTTx + LAN᠂ FTTH / O ᠵᠢᠴᠢ ᠪᠤᠰᠤᠳ ᠥᠷᠭᠡᠨ ᠪᠦᠰᠡ | ᠵᠠᠯᠭᠠᠬᠤ ᠠᠷᠭ᠎ᠠ ᠮᠠᠶ᠋ᠢᠭ ᠪᠠ ᠡᠩ ᠤᠨ ᠲᠤᠰᠬᠠᠶ ᠤᠲᠠᠰᠤ ᠪᠠᠷ ᠳᠠᠮᠵᠢᠭᠤᠯᠤᠨ ᠣᠯᠠᠨ ᠨᠡᠶᠢᠲᠡ ᠶᠢᠨ ᠢᠨᠲ᠋ᠧᠷ | ᠰᠦᠯᠵᠢᠶᠡᠨ ᠤ ᠬᠡᠷᠡᠭᠯᠡᠭᠴᠢ ᠶᠢ ᠵᠢᠭᠠᠵᠤ ᠪᠠᠶᠢᠨ᠎ᠠ᠃ | ﹇19 ﹈ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠳᠤ ᠴᠠᠬᠢᠯᠭᠠᠨ ᠬᠦᠴᠦᠨ᠂ ᠢᠯᠴᠢ ᠶᠢᠨ | ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠰᠢᠲᠠᠮᠠᠬᠠᠶ ᠬᠡᠶ ᠶᠢᠨ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠲᠡᠮᠦᠷ ᠵᠠᠮ ᠤᠨ | ᠲᠡᠭᠡᠭᠡᠪᠦᠷᠢ ᠶᠢᠨ ᠦᠢᠯᠡᠰ᠂ ᠵᠠᠮ ᠲᠡᠭᠡᠭᠡᠪᠦᠷᠢ ᠶᠢᠨ ᠦᠢᠯᠡᠰ᠂ ᠤᠰᠤᠨ ᠲᠡᠭᠡᠭᠡᠪᠦᠷᠢ ᠶᠢᠨ ᠦᠢᠯᠡᠰ᠂ ᠠᠭᠠᠷ ᠤᠨ | ᠲᠡᠭᠡᠭᠡᠪᠦᠷᠢ ᠶᠢᠨ ᠦᠢᠯᠡᠰ᠂ ᠬᠤᠭᠤᠯᠠᠶ ᠶᠢᠨ ᠲᠡᠭᠡᠭᠡᠪᠦᠷᠢ ᠶᠢᠨ ᠦᠢᠯᠡᠰ᠂ ᠣᠯᠠᠨ ᠬᠡᠯᠪᠡᠷᠢ ᠶᠢᠨ ᠬᠤᠯᠪᠣᠭᠠᠯᠠᠨ | ᠲᠡᠭᠡᠭᠡᠪᠦᠷᠢᠯᠡᠬᠦ ᠪᠠ ᠲᠡᠭᠡᠭᠡᠪᠦᠷᠢ ᠶᠢ ᠣᠷᠣᠯᠠᠨ ᠭᠦᠢᠴᠡᠳᠭᠡᠬᠦ ᠦᠢᠯᠡᠰ᠂ ᠠᠴᠢᠶᠠᠯᠠᠵᠤ ᠪᠠᠭᠤᠯᠭᠠᠬᠤ ᠲᠡᠭᠡᠭᠡᠪᠦᠷᠢ ᠶᠢᠨ | ᠦᠢᠯᠡᠰ᠂ ᠰᠢᠤᠳᠠᠨ ᠤ ᠦᠢᠯᠡᠰ᠂ ᠴᠠᠬᠢᠯᠭᠠᠨ ᠬᠤᠯᠪᠣᠭ᠎ᠠ ᠷᠠᠳᠢᠣ᠋ ᠲᠧᠯᠸᠢᠰ ᠪᠠ ᠳᠠᠭᠠᠭᠤᠯᠢ ᠣᠳᠣᠨ ᠤ | ᠳᠠᠮᠵᠢᠭᠤᠯᠬᠤ ᠦᠢᠯᠡᠴᠢᠯᠡᠭᠡᠨ ᠤ ᠦᠢᠯᠡᠰ᠂ ᠢᠨᠲ᠋ᠧᠷ ᠰᠦᠯᠵᠢᠶ᠎ᠡ ᠪᠠ ᠬᠠᠮᠢᠶ᠎ᠠ ᠪᠥᠬᠦᠶ ᠦᠢᠯᠡᠴᠢᠯᠡᠭᠡᠨ ᠤ ᠦᠢᠯᠡᠰ᠂ | ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠦᠢᠯᠡᠰ᠂ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ | ᠲᠣᠭᠤᠷᠢᠨ ᠤ ᠵᠠᠰᠠᠯᠲᠠ ᠶᠢᠨ ᠦᠢᠯᠡᠰ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ ᠤᠨ | ᠪᠠᠯᠠ ᠣᠷᠣᠭᠤᠯᠤᠯᠲᠠ ᠪᠠᠭᠲᠠᠨ᠎ᠠ᠃ | ﹇20﹈ ᠠᠷᠠᠳ ᠤᠨ ᠪᠠᠯᠠ ᠣᠷᠣᠭᠤᠯᠤᠯᠲᠠ ᠭᠡᠳᠡᠭ ᠨᠢ ᠬᠠᠮᠲᠤ ᠨᠡᠶᠢᠲᠡ᠂ ᠬᠤᠪᠢ ᠶᠢᠨ ᠡᠵᠡᠩᠨᠡᠭᠰᠡᠨ᠂ | ᠬᠤᠪᠢ ᠬᠥᠮᠦᠨ ᠤ ᠰᠢᠨᠵᠢ ᠴᠢᠨᠠᠷ ᠲᠠᠢ ᠳᠣᠲᠣᠭᠠᠳᠤ ᠪᠠᠯᠠ ᠶᠢᠨ ᠠᠵᠤ ᠠᠬᠤᠶᠢᠯᠠᠯ ︵ᠠᠵᠢᠯ ᠦᠢᠯᠡᠰ︶ ᠤᠨ | ᠨᠢᠭᠡᠴᠡ ᠵᠢᠴᠢ ᠲᠡᠭᠦᠨ ᠤ ᠬᠤᠪᠢ ᠡᠵᠡᠮᠳᠡᠭᠰᠡᠨ ︵ᠬᠠᠷᠢᠴᠠᠯᠠᠰᠢᠭᠦᠶ ᠬᠤᠪᠢ ᠡᠵᠡᠮᠳᠡᠭᠰᠡᠨ ᠪᠠ ᠬᠠᠷᠢᠴᠠᠩᠭᠤᠶ ᠬᠤᠪᠢ | ᠡᠵᠡᠮᠳᠡᠭᠰᠡᠨ ᠪᠠᠭᠲᠠᠨ᠎ᠠ︶ ᠠᠵᠤ ᠠᠬᠤᠶᠢᠯᠠᠯ ᠤᠨ ᠨᠢᠭᠡᠴᠡ ᠠᠴᠠ ᠪᠠᠶᠢᠭᠤᠯᠤᠭᠰᠠᠨ ᠪᠤᠶᠤ ᠬᠤᠳᠠᠯᠳᠤᠨ ᠠᠪᠤᠭᠰᠠᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠵᠢᠭᠠᠵᠤ ᠪᠣᠶ᠃ | ﹇21﹈ ᠭᠡᠷ ᠪᠠᠶᠢᠰᠢᠩ ᠭᠠᠵᠠᠷ ᠰᠢᠷᠣᠢ ᠶᠢᠨ ᠬᠦ᠋ᠷᠦᠩᠭᠡ ᠶᠢᠨ ᠦᠢᠯᠡᠰ ᠤᠨ ᠪᠡᠯᠡ ᠣᠷᠣᠭᠤᠯᠤᠯᠲᠠ ᠳᠤ ᠭᠡᠷ | ᠪᠠᠶᠢᠰᠢᠩ ᠭᠠᠵᠠᠷ ᠰᠢᠷᠣᠢ ᠶᠢᠨ ᠬᠦ᠋ᠷᠦᠩᠭᠡ ᠶᠢᠨ ᠪᠡᠯᠡ ᠣᠷᠣᠭᠤᠯᠤᠯᠲᠠ ᠠᠴᠠ ᠭᠠᠳᠠᠨ᠎ᠠ᠂ ᠪᠠᠰᠠ ᠪᠦ᠋ᠲᠦᠭᠡᠨ | ᠪᠠᠶᠢᠭᠤᠯᠬᠤ ᠨᠢᠭᠡᠴᠢ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠵᠢᠴᠢ ᠠᠳᠠᠯ ᠠᠬᠤᠢ ᠶᠢᠨ ᠬᠠᠮᠢᠶᠠᠷᠤᠯᠲᠠ᠂ | ᠵᠠᠭᠤᠴᠢ ᠦᠢᠯᠡᠴᠢᠯᠡᠭᠡ ᠪᠠ ᠪᠤᠰᠤᠳ ᠭᠡᠷ ᠪᠠᠶᠢᠰᠢᠩ ᠭᠠᠵᠠᠷ ᠰᠢᠷᠣᠢ ᠶᠢᠨ ᠬᠦ᠋ᠷᠦᠩᠭᠡ ᠶᠢᠨ ᠪᠡᠯᠡ ᠣᠷᠣᠭᠤᠯᠤᠯᠲᠠ | ᠪᠠᠭᠲᠠᠨ᠎ᠠ᠃ | ﹇22﹈ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ᠂ ᠰᠢᠨ᠎ᠡ ᠪᠠᠷ | ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠪᠣᠷᠣᠯᠠᠭᠤᠯᠬᠤ ᠵᠡᠷᠭᠡ ᠭᠦᠢᠴᠡᠳᠭᠡᠯ ᠲᠤᠭ᠎ᠠ ᠶᠢᠨ ᠲᠡᠦᠬᠡᠨ ᠲᠤᠭ᠎ᠠ | ᠪᠠᠷᠢᠮᠲᠠ ᠳᠤ ᠵᠠᠰᠠᠪᠤᠷᠢ ᠣᠷᠣᠭᠤᠯᠵᠤ᠂ 2024 ᠣᠨ ᠤ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ | ᠪᠠᠷᠢᠮᠵᠢᠶ᠎ᠠ ᠪᠠᠷ ᠪᠤᠳᠤᠨ᠎ᠠ᠃ | ﹇23﹈ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠢ ᠭᠡᠳᠡᠭ ᠨᠢ ᠮᠡᠳᠡᠭᠦᠯᠦᠯᠲᠡ ᠶᠢᠨ | ᠬᠤᠭᠤᠴᠠᠭᠠᠨ ᠳᠤ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ | ᠬᠤᠳᠠᠯᠳᠤᠭᠰᠠᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠭᠡᠷ᠎ᠡ ᠶᠢᠨ ᠶᠡᠷᠦᠩᠬᠡᠢ ᠲᠠᠯᠠᠪᠠᠢ ᠶᠢ | ᠵᠢᠭᠠᠵᠤ ᠪᠠᠶᠢᠨ᠎ᠠ᠃ | ﹇24﹈ ︽ᠨᠢᠭᠡ ᠪᠦᠰᠡ ᠨᠢᠭᠡ ᠵᠠᠮ︾ ᠭᠡᠳᠡᠭ ᠨᠢ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠪᠠ | ︽21 ᠳ᠋ᠤᠭᠡᠷ ᠵᠠᠭᠤᠨ ᠤ ᠲᠠᠯᠠᠢ ᠳᠡᠭᠡᠷᠡᠬᠢ ᠲᠣᠷᠭᠠᠨ ᠵᠠᠮ︾ ᠢ ᠵᠢᠭᠠᠵᠤ ᠪᠠᠶᠢᠨ᠎ᠠ᠃ | ﹇25﹈ ᠤᠤᠯ ᠳᠠᠭᠠᠳᠬᠠᠯ ᠤᠨ ᠵᠠᠷᠤᠳᠠᠯ ᠤᠨ ᠣᠷᠣᠯᠭ᠎ᠠ ᠭᠡᠳᠡᠭ ᠨᠢ ᠳᠠᠭᠠᠳᠬᠠᠯ ᠤᠨ ᠠᠵᠤ ᠠᠬᠤᠶᠢᠯᠠᠯ ᠤᠨ | ᠨᠤᠲᠠᠯᠠᠨ ᠲᠣᠭᠲᠠᠭᠠᠭᠰᠠᠨ ᠤᠤᠯ ᠳᠠᠭᠠᠳᠬᠠᠯ ᠤᠨ ᠭᠡᠷ᠎ᠡ ᠶᠢᠨ ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢ ᠵᠢᠭᠠᠵᠤ | ᠪᠠᠶᠢᠨ᠎ᠠ᠃ | ﹇26﹈ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠱᠠᠭᠠᠷᠳᠠᠯᠭ᠎ᠠ ᠶᠢ | ᠦᠨᠳᠦᠰᠦᠯᠡᠪᠡᠯ᠂ ᠮᠦᠽᠧᠢ ᠶᠢᠨ ᠪᠦᠷᠢᠳᠬᠡᠯ ᠤᠨ ᠪᠠᠷᠢᠮᠵᠢᠶ᠎ᠠ ᠶᠢ ᠤᠤᠯ ᠤᠨ ᠤᠯᠤᠰ ᠤᠨ ᠥᠮᠴᠢᠯᠡᠯ ᠤᠨ ᠮᠦᠽᠧᠢ᠂ | ᠤᠯᠤᠰ ᠤᠨ ᠥᠮᠴᠢᠯᠡᠯ ᠤᠨ ᠪᠤᠰᠤ ᠮᠦᠽᠧᠢ ᠪᠠᠶᠢᠭᠰᠠᠨ ᠠᠴᠠ ᠠᠯᠬᠤᠮ ᠠᠯᠬᠤᠮ ᠢᠶᠠᠷ ᠤᠯᠤᠰ ᠤᠨ ᠥᠮᠴᠢᠯᠡᠯ ᠤᠨ | ᠮᠦᠽᠧᠢ ᠪᠣᠯᠭᠠᠨ ᠬᠤᠪᠢᠷᠠᠭᠤᠯᠬᠤ ᠮᠥᠷᠲᠡᠭᠡᠨ ᠬᠡᠰᠡᠭ ᠮᠦᠽᠧᠢ ᠶᠢ ᠨᠡᠶᠢᠯᠡᠭᠦᠯᠵᠦ᠂ ᠳᠠᠩᠰᠠᠯᠠᠭᠤᠯᠬᠤ ᠶᠢ | ᠵᠣᠭᠰᠣᠭᠠᠬᠤ ᠦᠵᠡᠭᠳᠡᠯ ᠣᠷᠣᠰᠢᠵᠤ ᠪᠠᠶᠢᠨ᠎ᠠ᠃ 2024 ᠣᠨ ᠳᠤ᠂ ᠪᠥᠬᠦ ᠣᠷᠣᠨ ᠤ ᠮᠦᠽᠧᠶ ᠶᠢᠨ ᠲᠤᠭ᠎ᠠ | ᠬᠡᠮᠵᠢᠶ᠎ᠡ ᠳᠡᠭᠡᠷ᠎ᠡ ᠵᠢᠯ ᠤᠨ ᠬᠢ ᠠᠴᠠ ᠪᠠᠭᠤᠷᠠᠪᠠ᠃ | ﹇27﹈ 2023 ᠣᠨ ᠳᠤ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢᠶᠠᠷ | ᠥᠭᠦᠭᠰᠡᠨ ᠬᠥᠮᠦᠨ ᠤ ᠲᠤᠭ᠎ᠠ ᠶᠢ 2024 ᠣᠨ ᠳᠤ ᠳᠠᠬᠢᠨ ᠰᠢᠨ᠎ᠡ ᠪᠠᠷ ᠵᠠᠰᠠᠵᠤ᠂ 540 ᠬᠥᠮᠦᠨ | ᠪᠠᠶᠢᠭᠰᠠᠨ ᠠᠴᠠ 631 ᠬᠥᠮᠦᠨ ᠪᠣᠯᠭᠠᠨ ᠲᠣᠬᠢᠷᠠᠭᠤᠯᠪᠠ᠃ | ᠮᠠᠲ᠋ᠧᠷᠢᠶᠠᠯ ᠤᠨ ᠢᠷᠡᠯᠲᠡ᠄ | ᠲᠤᠰ ᠠᠯᠪᠠᠨ ᠮᠡᠳᠡᠭᠡ ᠳᠠᠬᠢ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ | ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠢᠷᠡᠯᠲᠡ ᠲᠠᠢ︔ ᠦᠨ᠎ᠡ ᠬᠠᠩᠰᠢ ᠶᠢᠨ ᠵᠢᠭᠠᠯᠲᠠ ᠲᠤᠭ᠎ᠠ᠂ ᠰᠠᠭᠤᠭᠠᠯᠢ ᠠᠷᠠᠳ ᠤᠨ | ᠣᠷᠣᠯᠭ᠎ᠠ ᠶᠢᠨ ᠬᠡᠷᠡᠭᠯᠡᠭᠡ᠂ ᠠᠮᠤ ᠪᠤᠳᠠᠭ᠎ᠠ ᠳᠠᠷᠢᠬᠤ ᠲᠠᠯᠠᠪᠠᠶ᠂ ᠠᠮᠤ ᠪᠤᠳᠠᠭᠠᠨ ᠤ ᠤᠨᠠᠯᠲᠠ᠂ ᠭᠠᠭ᠋ᠠᠶ ᠦᠬᠡᠷ ᠬᠤᠨᠢ | ᠵᠢᠭᠦᠷᠲᠡᠨ ᠤ ᠮᠢᠬᠠᠨ ᠤ ᠭᠠᠷᠤᠯᠲᠠ᠂ ᠵᠢᠭᠦᠷᠲᠡᠨ ᠤ ᠥᠨᠳᠡᠭᠡᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ᠂ | ᠭᠠᠭ᠋ᠠᠶ ᠦᠬᠡᠷ ᠬᠤᠨᠢ ᠵᠢᠭᠦᠷᠲᠡᠨ ᠤ ᠲᠤᠭ᠎ᠠ ᠪᠠᠷᠢᠮᠲᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠠᠴᠠ ᠢᠷᠡᠯᠲᠡ ᠲᠠᠢ︔ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢᠨ ᠲᠤᠭ᠎ᠠ ᠪᠠᠷᠢᠮᠲᠠ ᠨᠢ ᠴᠠᠬᠢᠯᠭᠠᠨ ᠬᠦᠴᠦᠨ ᠤ ᠠᠵᠢᠯ ᠲᠥᠷᠥᠯ ᠤᠨ | ᠨᠡᠶᠢᠭᠡᠮᠯᠢᠭ ᠠᠴᠠ ᠢᠷᠡᠯᠲᠡ ᠲᠠᠢ︔ ᠭᠠᠳᠠᠭᠠᠳᠤ ᠠᠷᠠᠯᠵᠢᠶᠠᠨ ᠤ ᠲᠤᠭ᠎ᠠ ᠪᠠᠷᠢᠮᠲᠠ ᠨᠢ ᠬᠥᠬᠡᠬᠤᠲᠠ ᠪᠣᠭᠤᠮᠲᠠ ᠠᠴᠠ | ᠢᠷᠡᠯᠲᠡ ᠲᠠᠢ︔ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠲᠤᠭ᠎ᠠ ᠪᠠᠷᠢᠮᠲᠠ ᠨᠢ ᠬᠤᠳᠠᠯᠳᠤᠭᠠᠨ ᠤ | ᠶᠠᠪᠤᠳᠠᠯ ᠤᠨ ᠲᠢᠩᠬᠢᠮ ᠠᠴᠠ ᠢᠷᠡᠯᠲᠡ ᠲᠠᠢ︔ ᠲᠤᠰᠬᠠᠶ ᠠᠰᠢᠭ ᠤᠨ ᠲᠤᠭ᠎ᠠ ᠪᠠᠷᠢᠮᠲᠠ ᠨᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ ᠲᠤᠭ᠎ᠠ ᠪᠠᠷᠢᠮᠲᠠ ᠨᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠡᠮᠦᠷ ᠵᠠᠮ ᠤᠨ ᠰᠠᠯᠠᠭ᠎ᠠ ᠮᠥᠴᠢᠷ ᠪᠣᠯᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠢᠷᠡᠯᠲᠡ ᠲᠠᠢ︔ ᠠᠷᠠᠳ ᠤᠨ ᠬᠡᠷᠡᠭᠯᠡᠭᠡᠨ ᠤ ᠮᠠᠰᠢᠨ ᠲᠡᠷᠭᠡ᠂ ᠵᠠᠮ | ᠬᠠᠷᠢᠯᠴᠠᠭᠠᠨ ᠤ ᠠᠳᠡᠯ ᠤᠨ ᠲᠤᠭ᠎ᠠ ᠪᠠᠷᠢᠮᠲᠠ ᠨᠢ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠢᠷᠡᠯᠲᠡ ᠲᠠᠢ︔ | ᠴᠠᠬᠢᠯᠭᠠᠨ ᠬᠤᠯᠪᠣᠭᠠᠨ ᠤ ᠲᠤᠭ᠎ᠠ᠂ ᠳ᠋ᠢᠶᠠᠩᠬᠤᠸᠠ ᠶᠢᠨ ᠲᠤᠭ᠎ᠠ᠂ ᠰᠢᠯᠵᠢᠮᠡᠯ ᠢᠨᠲ᠋ᠧᠷ ᠰᠦᠯᠵᠢᠶᠡᠨ ᠤ ᠲᠤᠭ᠎ᠠ ᠨᠢ | ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ ᠰᠢᠤᠳᠠᠨ ᠤ ᠠᠵᠢᠯ᠂ ᠲᠦᠷᠭᠡᠨ | ᠬᠦᠷᠭᠡᠬᠦ ᠠᠵᠢᠯ ᠤᠨ ᠲᠤᠭ᠎ᠠ ᠪᠠᠷᠢᠮᠲᠠ ᠨᠢ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ | ᠤᠷᠠᠯᠢᠭ ᠤᠨ ᠲᠣᠭᠯᠠᠯᠲᠠ ᠶᠢᠨ ᠪᠦᠯᠬᠦᠮ᠂ ᠰᠣᠶᠣᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ | ᠮᠦᠽᠧᠶ᠂ ᠵᠢᠭᠤᠯᠴᠢᠯᠠᠯ ᠤᠨ ᠲᠤᠭ᠎ᠠ ᠪᠠᠷᠢᠮᠲᠠ ᠨᠢ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠢᠷᠡᠯᠲᠡ ᠲᠠᠢ︔ | ᠡᠳ᠋ ᠤᠨ ᠵᠠᠰᠠᠭ ᠤᠨ ᠲᠤᠭ᠎ᠠ ᠪᠠᠷᠢᠮᠲᠠ ᠨᠢ ᠡᠳ᠋ ᠤᠨ ᠵᠠᠰᠠᠭ ᠤᠨ ᠲᠢᠩᠬᠢᠮ ᠠᠴᠠ ᠢᠷᠡᠯᠲᠡ ᠲᠠᠢ︔ ᠮᠥᠩᠭᠦᠨ | ᠭᠦᠢᠯᠭᠡᠭᠡᠨ ᠤ ᠲᠤᠭ᠎ᠠ ᠪᠠᠷᠢᠮᠲᠠ ᠨᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠠᠴᠠ ᠢᠷᠡᠯᠲᠡ ᠲᠠᠢ︔ ᠳᠠᠭᠠᠳᠬᠠᠯ ᠤᠨ ᠲᠤᠭ᠎ᠠ ᠪᠠᠷᠢᠮᠲᠠ ᠨᠢ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ ᠡᠮᠴᠢᠯᠡᠭᠡᠨ ᠤ ᠪᠠᠲᠤᠯᠠᠭ᠎ᠠ ᠶᠢᠨ | ᠲᠤᠭ᠎ᠠ ᠪᠠᠷᠢᠮᠲᠠ ᠨᠢ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠢᠷᠡᠯᠲᠡ ᠲᠠᠢ︔ ᠰᠤᠷᠭᠠᠨ ᠬᠥᠮᠦᠵᠢᠯ ᠤᠨ | ᠲᠤᠭ᠎ᠠ ᠪᠠᠷᠢᠮᠲᠠ ᠨᠢ ᠰᠤᠷᠭᠠᠨ ᠬᠥᠮᠦᠵᠢᠯ ᠤᠨ ᠲᠢᠩᠬᠢᠮ ᠠᠴᠠ ᠢᠷᠡᠯᠲᠡ ᠲᠠᠢ︔ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠪᠠᠷᠢᠮᠲᠠ ᠨᠢ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠠᠴᠠ ᠢᠷᠡᠯᠲᠡ ᠲᠠᠢ︔ ᠲᠧᠯᠸᠢᠰ᠂ ᠷᠠᠳᠢᠣ᠋ ᠨᠡᠪᠲᠡᠷᠡᠭᠦᠯᠭᠡ ᠶᠢᠨ ᠲᠤᠭ᠎ᠠ | ᠪᠠᠷᠢᠮᠲᠠ ᠨᠢ ᠷᠠᠳᠢᠣ᠋ ᠲᠧᠯᠸᠢᠰ ᠤᠨ ᠲᠣᠪᠴᠢᠶ᠎ᠠ ᠠᠴᠠ ᠢᠷᠡᠯᠲᠡ ᠲᠠᠢ︔ ᠬᠡᠪᠯᠡᠯ ᠤᠨ ᠲᠤᠭ᠎ᠠ ᠪᠠᠷᠢᠮᠲᠠ ᠨᠢ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ᠢᠷᠡᠯᠲᠡ ᠲᠠᠢ︔ ᠪᠡᠶ᠎ᠡ ᠶᠢᠨ ᠲᠠᠮᠢᠷ ᠤᠨ ᠲᠤᠭ᠎ᠠ ᠪᠠᠷᠢᠮᠲᠠ ᠨᠢ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠢᠷᠡᠯᠲᠡ ᠲᠠᠢ︔ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠨᠢ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠷᠡᠯᠲᠡ ᠲᠠᠢ︔ ᠠᠰᠠᠷᠠᠮᠵᠢ ᠶᠢᠨ ᠬᠦᠷᠢᠶᠡᠯᠡᠩ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠲᠤᠭ᠎ᠠ ᠪᠠᠷᠢᠮᠲᠠ ᠨᠢ ᠠᠷᠠᠳ ᠤᠨ | ᠶᠠᠪᠤᠳᠠᠯ ᠤᠨ ᠲᠢᠩᠬᠢᠮ ᠠᠴᠠ ᠢᠷᠡᠯᠲᠡ ᠲᠠᠢ︔ ᠤᠰᠤ ᠬᠡᠷᠡᠭᠯᠡᠬᠦ ᠬᠡᠮᠵᠢᠶ᠎ᠡ ᠶᠢᠨ ᠲᠤᠭ᠎ᠠ ᠪᠠᠷᠢᠮᠲᠠ ᠨᠢ ᠤᠰᠤᠨ | ᠠᠰᠢᠭᠯᠠᠯᠲᠠ ᠶᠢᠨ ᠲᠢᠩᠬᠢᠮ ᠠᠴᠠ ᠢᠷᠡᠯᠲᠡ ᠲᠠᠢ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠶ ᠶᠢᠨ | ᠲᠤᠭ᠎ᠠ ᠪᠠᠷᠢᠮᠲᠠ ᠨᠢ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠢᠷᠡᠯᠲᠡ ᠲᠠᠢ︔ ᠦᠢᠯᠡᠳᠪᠦᠷᠢᠯᠡᠯ | ᠤᠨ ᠠᠮᠤᠷ ᠲᠦᠪᠰᠢᠨ ᠤ ᠠᠳᠡᠯ ᠤᠨ ᠲᠤᠭ᠎ᠠ ᠪᠠᠷᠢᠮᠲᠠ ᠨᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠠᠴᠠ ᠢᠷᠡᠯᠲᠡ ᠲᠠᠢ︔ ᠪᠤᠰᠤᠳ ᠲᠤᠭ᠎ᠠ ᠪᠠᠷᠢᠮᠲᠠ ᠨᠢ ᠴᠥᠮ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠢᠷᠡᠯᠲᠡ ᠲᠠᠢ᠃ | |